ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠡᠷᠡᠭ ᠬᠠᠮᠢᠶᠠᠷᠤᠯᠲᠠ ᠶᠢᠨ ᠠᠯᠪᠠᠨ ᠭᠡᠷ ᠪᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠲᠤ ᠪᠠᠨ ᠰᠤᠷᠤᠯᠴᠠᠭᠰᠠᠨ ᠲᠤᠷᠰᠢᠯᠭ᠎ᠠ ᠪᠠᠨ ᠲᠠᠨᠢᠯᠴᠠᠭᠤᠯᠪᠠ

2016-08-18 10:52:41
ᠵᠣᠬᠢᠶᠠᠭᠴᠢ
ᠭᠥᠸᠧ ᠮᠧᠢ

    ᠬᠡᠷᠡᠭ  ᠬᠠᠮᠢᠶᠠᠷᠤᠯᠲᠠ ᠶᠢᠨ ᠠᠯᠪᠠᠨ ᠭᠡᠷ ᠤᠨ ᠬᠠᠤᠯᠢ ᠴᠠᠭᠠᠵᠠ  ᠶᠢᠨ ᠦᠭᠡᠷᠡᠴᠢᠯᠡᠯᠲᠡ ᠶᠢᠨ ᠠᠵᠢᠯ ᠳᠤᠮᠳᠠᠬᠢ ᠤᠳᠤᠷᠢᠳᠤᠮᠵᠢ  ᠶᠢᠨ ᠦᠢᠯᠡᠳᠦᠯ ᠢ ᠦᠨᠡᠨᠬᠦ ᠰᠠᠶᠢᠳᠤᠷ ᠪᠠᠳᠤᠯᠠᠵᠦ ᠂ ᠬᠡᠷᠡᠭ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠪᠠᠨ ᠤᠯᠠᠮ ᠨᠢᠭᠡ ᠠᠯᠬᠤᠮ ᠳᠦᠷᠢᠮᠵᠢᠭᠦᠯᠦᠨ ᠂ ᠬᠡᠷᠡᠭ  ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠲᠡᠭᠡᠭᠰᠢᠯᠡᠭᠦᠯᠭᠦ ᠶᠢᠨ ᠲᠦᠯᠦᠭᠡ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ 2016 ᠤᠨ ᠤ 7 ᠰᠠᠷᠠᠶᠢᠨ 27 ᠤ ᠡᠳᠦᠷ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠤᠨ᠂  ᠬᠡᠷᠡᠭ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠪᠦᠬᠦ ᠬᠤᠷᠢᠶᠠᠨ ᠤ ᠺᠠᠳ᠋ᠷ ᠴᠠᠭᠳᠠᠭ᠎ᠠ ᠪᠠᠨ ᠵᠤᠬᠢᠶᠠᠨ ᠪᠠᠶᠢᠭᠤᠯᠵᠤ᠂ ᠬᠡᠷᠡᠭ ᠬᠠᠮᠢᠶᠠᠷᠤᠯᠳᠠ ᠶᠢᠨ ᠠᠵᠢᠯ ᠵᠢᠴᠢ  ᠬᠡᠷᠡᠭ ᠬᠠᠮᠢᠶᠠᠷᠤᠯᠲᠠ ᠶᠢᠨ ᠠᠯᠪᠠᠨ ᠭᠡᠷ ᠤᠨ ᠡᠭᠦᠷᠭᠡ ᠲᠤᠰᠢᠶᠠᠯ ᠤᠨ ᠪᠠᠶᠢᠷᠢ ᠲᠤᠭᠲᠠᠭᠠᠯᠲᠠ ᠶᠢ ᠬᠠᠮᠲᠤᠪᠠᠷ ᠰᠤᠷᠤᠯᠴᠠᠪᠠ᠃  

    ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠬᠡᠷᠡᠭ  ᠬᠠᠮᠢᠶᠠᠷᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠢᠤᠢ ᠲᠠᠩ ᠠᠴᠠ ᠪᠦᠬᠦ ᠬᠤᠷᠢᠶᠠᠨ ᠤ ᠺᠠᠳ᠋ᠷ ᠴᠠᠭᠳᠠᠭ᠎ᠠ ᠳᠤ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠬᠠᠤᠯᠢ  ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢᠨ ᠳᠤᠮᠳᠠᠬᠢ ᠬᠡᠷᠡᠭ ᠬᠠᠮᠢᠶᠠᠷᠤᠯᠳᠠ ᠶᠢᠨ ᠠᠵᠢᠯ  ᠤᠨ ᠰᠢᠨ᠎ᠡ ᠶᠢ ᠡᠭᠦᠳᠬᠦ  ᠶᠢ ᠠᠬᠢᠭᠤᠯᠬᠤ

ᠲᠤᠬᠠᠢ ᠭᠤᠤᠯᠳᠠᠯᠭᠠᠲᠤ ᠠᠵᠢᠯ ᠤᠨ ᠲᠤᠬᠢᠷᠠᠭᠤᠯᠤᠯᠲᠠ ᠶᠢ ᠳᠠᠮᠵᠢᠭᠤᠯᠵᠤ ᠂  ︿ᠬᠡᠷᠡᠭ ᠢ ᠨᠢᠭᠡᠲᠤᠯᠲᠠᠢ ᠬᠦᠯᠢᠶᠡᠨ ᠠᠪᠬᠤ᠂ ᠴᠤᠪᠤᠷᠠᠯ ᠢ ᠬᠢᠨᠠᠨ ᠡᠵᠡᠮᠰᠢᠬᠦ᠂ ᠬᠡᠷᠡᠭ ᠲᠤ ᠬᠤᠯᠪᠤᠭᠳᠠᠭᠰᠠᠨ ᠡᠳ᠋  ᠪᠤᠳᠠᠰ  ᠢ  ᠬᠢᠨᠠᠨ  ᠬᠠᠮᠢᠶᠠᠷᠬᠤ᠂ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠬᠢᠨᠠᠯᠲᠠ ᠲᠠᠯᠪᠢᠬᠤ᠂ ᠬᠡᠷᠡᠭ  ᠤᠨ ᠴᠢᠨᠠᠷ ᠴᠢᠨᠰᠠᠭ᠎ᠠ ᠶᠢ ᠦᠨᠡᠯᠠᠨ ᠪᠠᠶᠢᠴᠠᠭᠠᠬᠤ᠂ ᠲᠤᠭ᠎ᠠ ᠪᠦᠷᠢᠳᠭᠡᠯ ᠢ ᠵᠠᠳᠠᠯᠣᠨ ᠰᠢᠨᠵᠢᠯᠡᠬᠦ᠂᠂ ᠪᠠᠶᠢᠴᠠᠭᠠᠬᠤ  ᠶᠠᠪᠤᠳᠠᠯ ᠢ ᠢᠯᠡ ᠪᠠᠶᠢᠯᠭᠠᠬᠤ﹀ ᠵᠡᠷᠭᠡ ᠬᠡᠷᠡᠭ ᠬᠠᠮᠢᠶᠠᠷᠤᠯᠲᠠ ᠶᠢᠨ ᠪᠤᠲᠠᠲᠠᠢ ᠡᠭᠦᠷᠭᠡ ᠬᠠᠷᠢᠭᠤᠴᠠᠯᠭ᠎ᠠ ᠪᠠ ᠱᠠᠭᠠᠷᠳᠠᠯᠭ᠎ᠠ  ᠶᠢ  ᠨᠠᠷᠢᠨ ᠲᠤᠳᠤᠷᠬᠠᠢ ᠲᠠᠶᠢᠯᠪᠤᠷᠢᠯᠠᠭᠰᠠᠨ ᠮᠥᠷᠳᠡᠭᠡᠨ ᠬᠠᠤᠯᠢ ᠴᠠᠭᠠᠵᠠ  ᠶᠢᠨ ᠦᠭᠡᠷᠡᠴᠢᠯᠡᠯᠲᠡ ᠠᠴᠠ ᠰᠡᠭᠦᠯᠡᠷᠬᠢ ᠪᠠᠶᠢᠴᠠᠭᠠᠬᠤ  ᠪᠠᠶᠢᠭᠤᠯᠭ᠎ᠠ ᠨᠢ ᠨᠢᠭᠡᠲᠦᠯᠲᠡᠢ ᠬᠡᠷᠡᠭᠯᠡᠭᠡᠨ ᠤ ᠰᠢᠰᠲ᠋ᠧᠮ ᠳᠤ ᠲᠦᠰᠢᠭᠯᠡᠨ 《 ᠬᠡᠷᠡᠭ  ᠢ ᠲᠦᠪᠯᠡᠷᠡᠭᠦᠯᠦᠨ  ᠬᠠᠮᠢᠶᠠᠷᠬᠤ 》 ᠶᠢ ᠪᠡᠶᠡᠯᠡᠭᠦᠯᠵᠦ᠂ ᠬᠡᠷᠡᠭ ᠢ ᠭᠦᠢᠴᠡᠳᠭᠡᠬᠦ ᠪᠠ ᠬᠢᠨᠠᠨ ᠬᠠᠮᠢᠶᠠᠷᠬᠤ ᠶᠢᠨ ᠬᠤᠭᠤᠷᠤᠨᠳᠤ ᠤᠷᠤᠰᠢᠵᠤ ᠪᠠᠶᠢᠭ᠎ᠠ ᠬᠤᠪᠢᠰᠤᠩᠭᠤᠢ ᠨᠢᠭᠡᠲᠦᠮᠡᠯ ᠬᠠᠷᠢᠴᠠᠭ᠎ᠠ ᠶᠢ ᠬᠡᠷᠬᠢᠨ ᠰᠢᠢᠳᠪᠤᠷᠢᠯᠠᠬᠦ ᠵᠡᠷᠭᠡ ᠳᠤ ᠭᠦᠨ ᠭᠦᠨᠵᠡᠭᠡᠢ ᠨᠠᠷᠢᠨ ᠨᠢᠭᠲᠠ ᠲᠠᠶᠢᠯᠪᠣᠷᠢᠯᠠᠯᠲᠠ ᠬᠢᠵᠦ᠂ ᠡᠭᠦᠨ ᠤ ᠳᠠᠭᠠᠣ  ᠲᠤᠰ ᠬᠤᠷᠢᠶᠠᠠ ᠤ ᠲᠤᠰ ᠵᠢᠯ ᠤᠨ ᠦᠷᠨᠢᠭᠦᠯᠦᠭᠰᠡᠨ ᠬᠡᠷᠡᠭ  ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠡᠭᠦᠨ ᠠᠴᠠ ᠬᠤᠶᠢᠰᠢᠳᠠ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠠᠴᠠ ᠮᠥᠨ  ᠦᠩᠭᠡᠷᠡᠭᠰᠡᠨ ᠲᠠᠢ ᠠᠳᠠᠯᠢ ᠪᠠᠷ ᠬᠡᠷᠡᠭ  ᠬᠠᠮᠢᠶᠠᠷᠤᠯᠲᠠ ᠶᠢᠨ ᠠᠵᠢᠯ ᠢ ᠬᠠᠪᠰᠤᠷᠤᠨ ᠳᠡᠮᠵᠢᠵᠤ᠂ ᠠᠵᠢᠯ ᠤᠨ ᠳᠣᠮᠳᠠ ᠢᠯᠡᠷᠡᠭᠰᠡᠨ ᠰᠢᠨ᠎ᠡ ᠬᠦᠴᠢᠷᠳᠡᠯ ᠰᠢᠨ᠎ᠡ ᠠᠰᠠᠭᠤᠳᠠᠯ ᠢ ᠬᠠᠮᠳᠤᠪᠠᠷ  ᠰᠣᠳᠤᠯᠤᠨ ᠰᠢᠢᠳᠪᠤᠷᠢᠯᠡᠬᠦ ᠶᠢ ᠬᠦᠰᠡᠵᠤ᠂  ᠬᠡᠷᠡᠭ ᠬᠠᠮᠢᠶᠠᠷᠤᠯᠲᠠ ᠶᠢᠨ ᠡᠷᠬᠡ ᠲᠤᠰᠢᠶᠠᠯ ᠪᠠᠨ ᠭᠦᠢᠴᠡᠳ ᠪᠠᠳᠠᠷᠠᠭᠤᠯᠤᠶ᠎ᠠ ᠭᠡᠪᠡ᠃

    ᠰᠤᠷᠤᠯᠴᠠᠬᠤ ᠪᠠᠷ ᠳᠠᠮᠵᠢᠵᠤ᠂ ᠪᠦᠬᠦ ᠬᠤᠷᠢᠶᠠᠨ ᠤ  ᠺᠠᠳ᠋ᠷ ᠴᠠᠭᠳᠠᠭ᠎ᠠ ᠶᠢᠨ ᠬᠡᠷᠡᠭ ᠬᠠᠮᠢᠶᠠᠷᠤᠯᠲᠠ ᠶᠢᠨ ᠠᠵᠢᠯ  ᠤᠨ ᠲᠤᠬᠠᠢ ᠲᠠᠨᠢᠯᠲᠠ ᠪᠠ ᠤᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠤ᠂ ᠬᠡᠷᠡᠭ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ  ᠤᠨ ᠨᠡᠪᠲᠡᠷᠡᠯᠴᠡᠨ ᠵᠤᠬᠢᠴᠠᠯᠳᠤᠬᠤ ᠶᠢ ᠴᠢᠩᠭᠠᠷᠠᠭᠤᠯᠤᠨ᠂ ᠬᠠᠤᠯᠢ ᠬᠡᠷᠡᠭᠵᠢᠭᠦᠯᠦᠨ ᠬᠡᠷᠡᠭ ᠰᠢᠳᠭᠡᠬᠦ ᠠᠵᠢᠯᠯᠠᠭ᠎ᠠ  ᠤᠨ ᠳᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠳᠤᠲᠤᠭᠠᠲᠤ  ᠳᠠᠭᠠᠨ ᠬᠢᠨᠠᠯᠳᠠ ᠲᠠᠯᠪᠢᠵᠤ ᠬᠢᠵᠠᠭᠠᠷᠯᠠᠬᠤ ᠶᠢ ᠡᠷᠴᠢᠮᠵᠢᠭᠦᠯᠵᠦ᠂ ᠬᠡᠷᠡᠭ ᠰᠢᠳᠭᠡᠬᠦ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠪᠠᠨ  ᠳᠡᠭᠡᠭᠰᠢᠯᠡᠭᠦᠯᠵᠤ᠂ ᠲᠦᠪ ᠭᠤᠤᠯᠴᠢ ᠠᠷᠢᠭᠤᠨ ᠴᠢᠭᠡᠴᠢ ᠪᠠᠷ ᠬᠠᠤᠯᠢ ᠪᠠᠷᠢᠬᠤ ᠶᠢ ᠠᠬᠢᠭᠤᠯᠬᠤ ᠳᠤ ᠪᠠᠲᠦ ᠪᠠᠬᠢ ᠰᠠᠭᠤᠷᠢ ᠶᠢ ᠲᠠᠯᠪᠢᠭᠰᠠᠨ ᠪᠠᠶᠢᠨ᠎ᠡ᠃

ᠢᠷᠡᠯᠲᠡ
ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro