ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠠᠷᠪᠠᠨ ᠳᠤᠯᠤᠳᠤᠭᠠᠷ ᠤᠳᠠᠭᠠᠨ ᠤ ᠪᠦᠬᠦ ᠤᠷᠤᠨ ᠤ ᠪᠠᠶᠢᠴᠠᠭᠠᠬᠤ ᠠᠵᠢᠯ ᠤᠨ ᠬᠤᠷᠠᠯᠳᠤᠭᠠᠨ ᠠᠮᠵᠢᠯᠲᠠ ᠲᠠᠢ ᠦᠨᠳᠤᠷᠯᠡᠪᠡ

2016-09-01 10:40:39
ᠵᠣᠬᠢᠶᠠᠭᠴᠢ


    8 ᠰᠠᠷ᠎ᠠ ᠶᠢᠨ 25 ᠤ ᠡᠳᠤᠷ ᠤᠨ ᠦᠳᠡ ᠶᠢᠨ ᠡᠮᠤᠨ᠎ᠡ᠂ ᠠᠷᠪᠠᠨ ᠳᠤᠯᠤᠳᠤᠭᠠᠷ ᠤᠳᠠᠭᠠᠨ ᠤ ᠪᠦᠬᠦ ᠤᠷᠤᠨ ᠤ ᠪᠠᠶᠢᠴᠠᠭᠠᠬᠤ ᠠᠵᠢᠯ ᠤᠨ ᠬᠤᠷᠠᠯᠳᠤᠭᠠᠨ ᠡᠯ᠎ᠡ ᠵᠦᠢᠯ ᠤᠨ ᠵᠦᠪᠯᠡᠬᠦ ᠠᠯᠬᠤᠮ ᠪᠠᠨ ᠤᠷᠤᠭᠰᠢᠲᠠᠢ ᠪᠡᠶᠡᠯᠡᠭᠦᠯᠦᠨ ᠠᠮᠵᠢᠯᠲᠠ ᠲᠠᠢ ᠦᠨᠳᠤᠷᠯᠡᠪᠡ᠃ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠳᠡᠳ᠋ ᠪᠠᠶᠢᠴᠠᠭᠠᠬᠤ ᠳᠠᠷᠤᠭ᠎ᠠ ᠸᠧᠢ ᠶᠠ ᠯᠢ ᠬᠤᠷᠠᠯ ᠳᠤ ᠤᠷᠤᠯᠴᠠᠵᠤ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠸᠠᠩ ᡁᠢ ᠴᠢᠶᠠᠩ  ᠠᠩᠬᠠᠳᠤᠭᠠᠷ ᠪᠦᠯᠦᠭ ᠤᠷᠤᠨ    ᠤᠷᠤᠭᠰᠠᠨ  ᠪᠠᠶᠢᠴᠠᠭᠠᠬᠤ ᠲᠤᠰᠢᠶᠠᠯᠲᠠᠨ ᠢ ᠰᠤᠩᠭᠤᠨ ᠲᠤᠮᠢᠯᠠᠬᠤ ᠵᠡᠷᠭᠡ ᠬᠠᠥᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢᠨ ᠠᠵᠢᠯ  ᠤᠨ ᠲᠤᠭᠤᠷᠢᠨ ᠳᠤ ᠲᠠᠶᠢᠯᠪᠤᠷᠢᠯᠠᠯᠲᠠ ᠬᠢᠵᠠᠢ᠃

1.jpg

    ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠳᠡᠳ᠋ ᠪᠠᠶᠢᠴᠠᠭᠠᠬᠤ ᠳᠠᠷᠤᠭ᠎ᠠ ᠸᠧᠢ ᠶᠠ ᠯᠢ  ᠳ᠋ᠦᠩᠨᠡᠯᠲᠡ ᠶᠢᠨ ᠶᠠᠷᠢᠶ᠎ᠠ ᠲᠠᠯᠪᠢᠪᠠ 

2.jpg

    ᠬᠤᠷᠠᠯᠳᠤᠭᠠᠨ ᠳᠤ᠂ ᠪᠤᠭᠤᠲᠤ ᠬᠤᠲᠠ᠂ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠲᠤᠰ ᠲᠤᠰ ᠬᠠᠥᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠲᠤᠷᠰᠢᠯᠭ᠎ᠠ ᠪᠠᠨ ᠲᠠᠨᠢᠯᠴᠠᠭᠤᠯᠪᠠ᠃ ᠬᠤᠷᠠᠯ ᠳᠤ  ᠤᠷᠤᠯᠴᠠᠭᠰᠠᠨ ᠪᠦᠬᠦ ᠨᠦᠬᠦᠳ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠮᠠ ᠶᠦᠩ ᠱᠧᠩ ᠪᠠᠶᠢᠴᠠᠭᠠᠬᠤ ᠳᠠᠷᠤᠭ᠎ᠠ ᠶᠢᠨ ᠠᠵᠢᠯ ᠤᠨ ᠮᠡᠳᠡᠭᠦᠯᠦᠯᠲᠡ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠪᠦᠬᠦ ᠤᠷᠤᠨ ᠤ ᠪᠠᠶᠢᠴᠠᠭᠠᠬᠤ ᠠᠵᠢᠯ ᠤᠨ ᠬᠦᠭᠵᠢᠯᠲᠡ ᠶᠢᠨ ᠲᠦᠯᠦᠪᠵᠢᠭᠦᠯᠭᠡ ᠳᠤ ᠭᠦᠨᠵᠡᠭᠡᠢ ᠶᠠᠷᠢᠯᠴᠠᠨ ᠰᠤᠳᠤᠯᠤᠯᠲᠠ ᠬᠢᠪᠡ᠃

    ᠪᠤᠭᠤᠲᠤ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠬᠤ ᠳᠠᠷᠤᠭ᠎ᠠ ᠸᠠᠩ ᠱᠣᠣ ᠪᠥᠸᠧ᠂ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ  ᠶᠢᠨ ᠪᠠᠶᠢᠴᠠᠭᠠᠬᠤ ᠳᠠᠷᠤᠭ᠎ᠠ ᠯᠢᠶᠠᠩ ᠴᠧᠨ ᠲᠤᠰ ᠲᠤᠰ ᠬᠠᠥᠯᠢ  ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠲᠤᠷᠰᠢᠯᠭ᠎ᠠ  ᠪᠠᠨ ᠲᠠᠨᠢᠯᠴᠠᠭᠤᠯᠪᠠ

3.1.jpg



 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro