ᠸᠠᠩ ᠵᠢᠶᠦ᠋ᠨ ᠠᠷᠪᠠᠨ ᠲᠤᠯᠤᠳᠤᠭᠠᠷ ᠤᠳᠠᠭᠠᠨ ᠤ ᠪᠦᠬᠦ ᠤᠷᠤᠨ ᠤ ᠪᠠᠶᠢᠴᠠᠭᠠᠬᠤ ᠠᠵᠢᠯ ᠤᠨ ᠬᠤᠷᠠᠯᠳᠤᠭᠠᠨ ᠤ ᠲᠦᠯᠦᠭᠡᠯᠡᠭᠴᠢ ᠲᠠᠢ ᠲᠤᠳᠤᠨᠤᠰᠤᠭ ᠢᠶᠠᠷ ᠠᠭᠤᠯᠵᠠᠪᠠ
8 ᠰᠠᠷ᠎ᠠ ᠶᠢᠨ 24 ᠤ ᠡᠳᠦᠷ ᠤᠨ ᠦᠳᠡ ᠶᠢᠨ ᠡᠮᠤᠨ᠎ᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠳᠤ ᠢᠷᠡᠵᠤ᠂ ᠲᠤᠰ ᠡᠳᠦᠷ ᠤᠨ ᠬᠤᠷᠠᠯᠳᠤᠭᠰᠠᠨ ᠠᠷᠪᠠᠨ ᠲᠤᠯᠤᠳᠤᠭᠠᠷ ᠤᠳᠠᠭᠠᠨ ᠤ ᠪᠦᠬᠦ ᠤᠷᠤᠨ ᠤ ᠪᠠᠶᠢᠴᠠᠭᠠᠬᠤ ᠠᠵᠢᠯ ᠤᠨ ᠬᠤᠷᠠᠯᠳᠤᠭᠠᠨ ᠳᠤ ᠤᠷᠤᠯᠴᠠᠭᠰᠠᠨ ᠲᠦᠯᠦᠬᠡᠯᠡᠭᠴᠢᠳ ᠲᠠᠢ ᠲᠤᠳᠤᠨᠤᠰᠤᠭ ᠢᠶᠠᠷ ᠠᠭᠤᠯᠵᠠᠨ ᠲᠤᠷᠠᠰᠬᠠᠯ ᠤᠨ ᠰᠡᠬᠦᠳᠡᠷ ᠲᠠᠳᠠᠪᠠ᠃
ᠸᠠᠩ ᠵᠢᠶᠦ᠋ᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢ ᠲᠦᠯᠦᠭᠡᠯᠡᠨ ᠬᠤᠷᠠᠯ ᠳᠤ ᠤᠷᠤᠯᠴᠠᠭᠰᠠᠳ ᠢ ᠲᠤᠳᠤᠨᠤᠰᠤᠭ ᠢᠶᠠᠷ ᠲᠤᠬᠤᠨᠢᠭᠤᠯᠤᠨ᠂ ᠦᠡᠭᠭᠡᠷᠡᠭᠰᠡᠨ 5 ᠵᠢᠯ ᠤᠨ ᠪᠦᠬᠦ ᠤᠷᠤᠨ ᠤ ᠪᠠᠶᠢᠴᠠᠭᠠᠬᠤ ᠠᠵᠢᠯ ᠤᠨ ᠤᠯᠤᠭᠰᠠᠨ ᠠᠮᠵᠢᠯᠳᠠ ᠶᠢ ᠬᠦᠢᠴᠡᠳ ᠨᠤᠳᠠᠯᠠᠵᠤ᠂ ᠬᠤᠷᠠᠯ ᠳᠤ ᠤᠷᠤᠯᠴᠠᠭᠰᠠᠨ ᠲᠦᠯᠦᠭᠡᠯᠡᠭᠴᠢᠳ ᠪᠠ ᠤᠷᠤᠨ ᠤ ᠪᠦᠬᠦ ᠪᠠᠶᠢᠴᠠᠭᠠᠬᠤ ᠠᠵᠢᠯᠲᠠᠨ ᠨᠠᠷ ᠲᠤ ᠴᠤᠴᠠᠯᠳᠠ ᠦᠭᠡᠢ ᠴᠢᠷᠮᠠᠶᠢᠨ᠂ ᠨᠠᠮ ᠤᠨ ᠠᠷᠪᠠᠨ ᠨᠠᠢᠮᠠᠳᠤᠭᠠᠷ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯ᠂ ᠲᠦᠷᠪᠡᠳᠤᠭᠡᠷ ᠪᠦᠬᠦᠳᠠ ᠬᠤᠷᠠᠯ᠂ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠤᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ᠂ ᠦᠪᠦᠷ ᠮᠤᠩᠭᠤᠯ ᠢ ᠰᠢᠨᠵᠢᠯᠡᠨ ᠪᠠᠶᠢᠴᠠᠭᠠᠬᠤ ᠦᠶ᠎ᠡ ᠳᠠᠬᠢ ᠴᠢᠬᠤᠯᠠ ᠶᠠᠷᠢᠶ᠎ᠠ ᠤᠨ ᠦᠵᠡᠯ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ ᠲᠦᠪ ᠤᠨ ᠬᠠᠮᠢᠶ᠎ᠠ ᠪᠦᠬᠦᠢ ᠪᠠᠶᠢᠷᠢᠯᠠᠭᠤᠯᠤᠯᠳᠠ ᠪᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠤᠰᠤᠭᠠᠷ ᠠᠮᠵᠢᠯᠳᠠ ᠪᠠᠨ ᠪᠦᠬᠦ ᠲᠠᠯ᠎ᠠ ᠪᠠᠷ ᠳ᠋ᠦᠡᠭᠨᠡᠨ᠂ ᠴᠠᠭ ᠦᠶ᠎ᠡ ᠶᠢᠨ ᠪᠠᠶᠢᠳᠠᠯ ᠢ ᠤᠨᠤᠪᠴᠢᠳᠠᠢ ᠰᠤᠳᠤᠯᠤᠨ ᠮᠠᠭᠠᠳᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠪᠦᠬᠦ ᠤᠷᠤᠨ ᠤ ᠪᠠᠶᠢᠴᠠᠭᠠᠬᠤ ᠠᠵᠢᠯ ᠢ ᠰᠠᠶᠢᠳᠤᠷ ᠰᠤᠳᠤᠯᠤᠨ ᠪᠠᠶᠢᠷᠢᠯᠠᠭᠤᠯᠵᠤ᠂ ᠪᠦᠬᠦ ᠤᠷᠤᠨ ᠤ ᠪᠠᠶᠢᠴᠠᠭᠠᠬᠤ ᠠᠵᠢᠯ ᠤᠨ ᠰᠢᠨ᠎ᠡ ᠬᠦᠭᠵᠢᠯᠳᠠ ᠶᠢ ᠪᠡᠶᠡᠯᠡᠬᠦᠯᠬᠦ ᠶᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠳᠤ ᠰᠢᠨ᠎ᠡ ᠠᠮᠵᠢᠯᠳᠠ ᠶᠢ ᠡᠬᠦᠳᠦᠨ ᠪᠦᠳᠦᠬᠡᠵᠤ᠂ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠦ ᠱᠠᠭᠠᠷᠳᠠᠪᠠ᠃
ᠦᠪᠦᠷ ᠮᠤᠩᠭᠤᠯ ᠤᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠲᠠᠷᠤᠭ᠎ᠠ ᠵᠠᠩ ᠶᠤᠸᠠᠨ ᠵᠦᠩ᠂ ᠦᠪᠦᠷ ᠮᠤᠩᠭᠤᠯ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠬᠦᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠬᠤᠷᠴᠠ ᠵᠢᠴᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠮᠠ ᠶᠥᠩ ᠱᠧᠩ ᠵᠡᠷᠭᠡ ᠬᠦᠮᠦᠰ ᠪᠠᠷ᠎ᠠ ᠪᠤᠯᠤᠯᠴᠠᠪᠡ᠃