ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠮᠠ ᠶᠥᠩ ᠱᠧᠩ ᠪᠠᠶᠢᠴᠠᠭᠠᠬᠤ ᠳᠠᠷᠤᠭ᠎ᠠ ᠨᠠᠢᠮᠠᠨ ᠰᠠᠷ᠎ᠠ ᠶᠢᠨ ᠲᠡᠷᠭᠡᠯ ᠤᠨ ᠪᠠᠶᠠᠷ ᠤᠨ ᠠᠮᠠᠷᠠᠯᠳᠠ ᠳᠤ ᠲᠤᠩᠯᠢᠶᠤᠤ ᠬᠤᠳᠠ ᠂ ᠬᠢᠩᠭᠠᠨ ᠠᠶᠢᠮᠠᠭ ᠲᠤ ᠬᠦᠷᠴᠤ ᠪᠠᠶᠢᠴᠠᠭᠠᠨ ᠰᠤᠳᠤᠯᠤᠯᠳᠠ ᠬᠢᠵᠦ᠂ ᠬᠡᠷᠡᠭ ᠰᠢᠳᠭᠡᠬᠦ ᠨᠢᠭᠡᠳᠦᠭᠡᠷ ᠹᠷᠤᠨᠲ ᠶᠢᠨ ᠪᠠᠶᠢᠴᠠᠭᠠᠬᠤ ᠠᠵᠢᠯᠳᠡᠳ ᠢ ᠲᠤᠬᠤᠨᠢᠭᠤᠯᠪᠠ

2016-09-23 11:09:28
ᠵᠣᠬᠢᠶᠠᠭᠴᠢ



    9 ᠰᠠᠷᠠᠶᠢᠨ 15 ᠠᠴᠠ 17 ᠤ ᠡᠳᠦᠷ ᠂  ᠲᠡᠷᠭᠡᠯ ᠤᠨ ᠪᠠᠶᠠᠷ ᠤᠨ ᠡᠳᠥᠷ ᠤᠨ ᠲᠠᠰᠢᠷᠠᠮ ᠢᠶᠠᠷ᠂  ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ  ᠤ ᠨᠠᠮ ᠤᠨ ᠡᠭᠦᠷ ᠤᠨ ᠱᠦᠵᠢ᠂ ᠪᠠᠶᠢᠴᠠᠭᠠᠬᠤ ᠲᠠᠷᠤᠭ᠎ᠠ ᠮᠠ ᠶᠥᠩ ᠱᠧᠩ ᠂  ᠨᠠᠮ ᠤᠨ  ᠤᠳᠤᠷᠢᠳᠬᠤ ᠲᠤᠭᠤᠶᠢᠯᠠᠩ ᠤᠨ ᠭᠡᠰᠢᠭᠦᠨ᠂ ᠲᠡᠳ᠋ ᠪᠠᠶᠢᠴᠠᠭᠠᠬᠤ ᠳᠠᠷᠤᠭ᠎ᠠ ᠂  ᠱᠠᠮᠱᠢᠬᠤ ᠬᠡᠭᠡᠯᠢ  ᠬᠠᠭ᠋ᠤᠤᠯᠢ ᠲᠦᠯᠬᠢᠬᠦ ᠶᠢ ᠡᠰᠡᠷᠭᠦᠴᠡᠬᠦ ᠲᠤᠪᠴᠢᠶ᠎ᠠ ᠶᠢᠨ ᠲᠠᠷᠤᠭ᠎ᠠ᠂ ᠶᠠᠩ ᠸᠧᠢ ᠫᠢᠩ  ᠤᠷᠢᠳ ᠬᠤᠵᠢᠳ  ᠲᠤᠩᠯᠢᠶᠤᠤ ᠬᠤᠳᠠ ᠂ ᠬᠢᠩᠭᠠᠨ ᠠᠶᠢᠮᠠᠭ ᠲᠤ ᠬᠦᠷᠴᠦ  ᠪᠠᠶᠢᠴᠠᠭᠠᠨ ᠰᠣᠳᠤᠯᠤᠯᠲᠠ ᠬᠢᠵᠦ᠂ ᠠᠮᠠᠷᠠᠯᠳᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠳᠦ ᠰᠠᠬᠢᠵᠦ ᠪᠠᠶᠢᠭ᠎ᠠ ᠪᠠᠶᠢᠴᠠᠭᠠᠬᠤ  ᠠᠵᠢᠯᠳᠠᠳ ᠢ ᠲᠤᠬᠤᠨᠢᠭᠤᠯᠪᠠ᠃ 

222.jpg    

    9 ᠰᠠᠷᠠᠶᠢᠨ 15 ᠤ ᠡᠳᠦᠷ᠂ ᠮᠠ ᠶᠥᠩ ᠱᠧᠩ ᠪᠠᠶᠢᠴᠠᠭᠠᠬᠤ ᠳᠠᠷᠤᠭ᠎ᠠ ᠵᠡᠷᠭᠡ ᠬᠦᠮᠦᠰ  ᠲᠤᠩᠯᠢᠶᠤᠤ ᠬᠤᠳᠠ ᠶᠢᠨ ᠠᠷᠠᠳ ᠤᠨ ᠪᠠᠶᠢᠴᠠᠭᠠᠬᠤ  ᠬᠤᠷᠢᠶ᠎ᠠ ᠵᠡᠷᠭᠡ ᠭᠠᠵᠠᠷ ᠬᠦᠷᠴᠦ ᠪᠠᠶᠢᠴᠠᠭᠠᠬᠤ ᠠᠵᠢᠯᠳᠡᠳ ᠲᠠᠢ ᠠᠭᠤᠯᠵᠠᠨ ᠲᠤᠬᠤᠨᠢᠭᠤᠯᠵᠦ ᠂ ᠲᠡᠳᠡᠨ  ᠤ ᠪᠠᠶᠠᠷ ᠤᠨ ᠬᠤᠭᠤᠴᠠᠭᠠᠨ ᠳᠤ  ᠠᠷᠦ ᠭᠡᠷ ᠢᠶᠠᠨ ᠬᠠᠶᠠᠵᠦ᠂ ᠠᠵᠢᠯ ᠤᠨ ᠪᠠᠶᠢᠷᠢ ᠪᠠᠨ ᠪᠠᠳᠦ ᠰᠠᠬᠢᠵᠦ ᠪᠠᠶᠢᠭ᠎ᠠ ᠬᠤᠪᠢ ᠨᠡᠮᠡᠷᠢ ᠦᠵᠡᠭᠦᠯᠬᠦ ᠵᠤᠷᠢᠭ ᠰᠠᠨᠠᠭ᠎ᠠ ᠶᠢ ᠭᠦᠢᠴᠡᠳ ᠨᠤᠳᠠᠯᠠᠭᠰᠠᠨ ᠮᠦᠷᠳᠡᠭᠡᠨ ᠲᠠᠯᠠᠷᠬᠠᠯ ᠤᠨ ᠰᠡᠳᠭᠢᠯᠭᠡ ᠪᠠᠨ ᠢᠯᠡᠳᠭᠡᠭᠰᠡᠨ ᠪᠠᠶᠢᠨ᠎ᠠ᠃ ᠬᠦᠷᠦᠭᠰᠡᠨ ᠭᠠᠵᠠᠷ ᠪᠤᠯᠭᠠᠨ ᠳᠤ᠂ ᠮᠠ ᠶᠥᠩ ᠱᠧᠩ ᠪᠠᠶᠢᠴᠠᠭᠠᠬᠤ ᠲᠠᠷᠤᠭ᠎ᠠ ᠪᠠᠶᠢᠴᠠᠭᠠᠬᠤ ᠲᠤᠰᠢᠶᠠᠯᠳᠠᠨ ᠲᠠᠢ ᠭᠠᠷ ᠠᠳᠬᠤᠨ ᠶᠠᠷᠢᠯᠴᠠᠵᠦ᠂ ᠲᠡᠳᠠᠨᠤᠰ ᠤᠨ ᠭᠡᠷ ᠪᠦᠯᠢ ᠶᠢᠨ ᠬᠢᠨ ᠤ ᠣᠶᠢᠯᠠᠭᠠᠨ ᠳᠡᠮᠵᠢᠵᠦ ᠪᠠᠶᠢᠭ᠎ᠠ ᠳᠤ ᠲᠠᠯᠠᠷᠬᠠᠨ᠂ ᠲᠡᠳᠠᠨᠤᠰ ᠵᠢᠴᠢ ᠭᠡᠷ ᠪᠦᠯᠢ ᠶᠢᠨ ᠬᠢᠨ ᠤ  ᠡᠩᠬᠡ ᠲᠠᠶᠢᠪᠤᠩ᠂ ᠵᠤᠯ ᠵᠢᠷᠭᠠᠯᠳᠠᠢ ᠂ ᠡᠷᠡᠭᠦᠯ ᠴᠢᠬᠢᠷᠠᠭ᠂  ᠪᠠᠶᠠᠷ ᠪᠠᠶᠠᠰᠤᠯ ᠲᠠᠢ ᠪᠠᠶᠢᠬᠤ ᠶᠢ ᠬᠦᠰᠡᠨ ᠵᠦᠩᠨᠡᠵᠠᠢ᠃ ᠲᠤᠩᠯᠢᠶᠤᠤ ᠬᠤᠳᠠ ᠶᠢᠨ ᠨᠠᠮ ᠤᠨ ᠡᠭᠦᠷ ᠤᠨ ᠱᠦᠵᠢ ᠯᠦᠸᠧ ᠶᠥᠩ ᠭᠠᠩ᠂ ᠬᠤᠳᠠ ᠶᠢᠨ ᠨᠠᠮ ᠤᠨ ᠡᠭᠦᠷ ᠤᠨ ᠪᠠᠶᠢᠩᠭᠤ ᠶᠢᠨ ᠬᠤᠷᠢᠶ᠎ᠠ᠂ ᠨᠠᠷᠢᠨ  ᠪᠢᠴᠢᠭ ᠤᠨ  ᠲᠠᠷᠤᠭ᠎ᠠ ᠾᠧ  ᡁᠢ ᠯᠢᠶᠠᠩ᠂ ᠲᠤᠩᠯᠢᠶᠤᠤ ᠬᠤᠳᠠ ᠶᠢᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠦᠬᠡ ᠵᠡᠷᠭᠡ ᠬᠦᠮᠦᠰ ᠪᠠᠷ᠎ᠠ ᠪᠣᠯᠤᠯᠴᠠᠵᠠᠢ᠃

    9 ᠰᠠᠷᠠᠶᠢᠨ 16 ᠤ ᠡᠳᠦᠷ᠂ ᠮᠠ ᠶᠥᠩ ᠱᠧᠩ ᠪᠠᠶᠢᠴᠠᠭᠠᠬᠤ ᠲᠠᠷᠤᠭ᠎ᠠ᠂ ᠶᠠᠩ ᠸᠧᠢ ᠫᠢᠩ ᠲᠡᠳ᠋ ᠪᠠᠶᠢᠴᠠᠭᠠᠬᠤ ᠲᠠᠷᠤᠭ᠎ᠠ ᠵᠡᠷᠭᠡ ᠬᠦᠮᠦᠰ ᠬᠢᠩᠭᠠᠨ ᠠᠶᠢᠮᠠᠭ ᠤᠨ ᠨᠢᠭᠡᠨ ᠭᠢᠨᠳᠡᠨ ᠤ ᠬᠠᠮᠢᠶᠠᠷᠥᠯᠳᠠ ᠤᠨ ᠭᠠᠵᠠᠷ ᠬᠦᠷᠴᠤ᠂ ᠪᠠᠶᠠᠷ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠮᠦᠨ ᠯᠡ ᠨᠢᠭᠡᠳᠤᠭᠡᠷ  ᠹᠠᠷᠤᠨᠲ ᠳᠡᠭᠡᠷ᠎ᠡ ᠴᠢᠷᠮᠠᠶᠢᠨ ᠠᠵᠢᠯᠯᠠᠵᠤ ᠪᠠᠶᠢᠭ᠎ᠠ ᠭᠢᠨᠳᠠᠨ ᠬᠤᠷᠢᠭᠤᠯ ᠪᠠᠶᠢᠴᠠᠭᠠᠬᠤ ᠠᠵᠢᠯᠳᠠᠳ ᠲᠠᠢ ᠠᠭᠤᠯᠵᠠᠨ ᠲᠤᠬᠤᠨᠢᠭᠤᠯᠵᠦ᠂ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃᠂

    ᠳᠠᠷᠠᠭ᠎ᠠ ᠨᠢ᠂ ᠮᠠ ᠶᠥᠩ ᠱᠧᠩ ᠪᠠᠶᠢᠴᠠᠭᠠᠬᠤ ᠲᠠᠷᠤᠭ᠎ᠠ ᠵᠡᠷᠭᠡ ᠬᠦᠮᠦᠰ ᠬᠠᠥᠯᠢ ᠬᠡᠷᠡᠭᠵᠢᠭᠦᠯᠵᠦ ᠬᠡᠷᠡᠭ ᠰᠢᠳᠭᠡᠵᠦ ᠪᠠᠶᠢᠭ᠎ᠠ ᠨᠢᠭᠡᠳᠦᠭᠡᠷ ᠹᠠᠷᠤᠨᠲ ᠶᠢᠨ ᠪᠠᠶᠢᠴᠠᠭᠠᠬᠤ ᠠᠵᠢᠯᠳᠠᠳ ᠲᠠᠢ ᠰᠠᠭᠤᠳᠠᠯ ᠤᠨ ᠬᠤᠷᠠᠯ ᠬᠢᠵᠦ᠂ ᠮᠠ ᠶᠥᠩ ᠱᠧᠩ ᠪᠠᠶᠢᠴᠠᠭᠠᠬᠤ ᠳᠠᠷᠤᠭ᠎ᠠ ᠠᠴᠠ ᠬᠢᠩᠭᠠᠨ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ᠤᠶᠢᠷ᠎ᠠ ᠶᠢᠨ ᠵᠢᠯ ᠤᠳ ᠤᠨ ᠠᠵᠢᠯ ᠤᠨ ᠦᠷ᠎ᠡ ᠪᠦᠳᠦᠮᠵᠢ ᠶᠢ ᠭᠦᠢᠴᠡᠳ ᠨᠤᠳᠠᠯᠠᠪᠠ᠃ ᠲᠡᠷᠡ ᠵᠢᠭᠠᠵᠦ ᠭᠠᠷᠭᠠᠭᠰᠠᠨ ᠨᠢ᠂ ᠬᠢᠩᠭᠠᠨ ᠠᠶᠢᠮᠠᠭ ᠤᠨ ᠪᠠᠶᠢᠴᠠᠭᠠᠬᠤ ᠡᠩᠨᠡᠭᠡ ᠶᠢᠨ ᠤᠯᠤᠰ ᠲᠦᠷᠦ  ᠶᠢᠨ ᠬᠡᠪ ᠴᠢᠨᠠᠷ ᠲᠦᠪ ᠴᠢᠩᠭ᠎ᠠ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠦᠨᠳᠦᠷ᠂  ᠬᠤᠵᠢᠮ ᠪᠠᠶᠢᠴᠠᠭᠠᠬᠤ ᠠᠵᠢᠯ ᠦᠷᠨᠢᠭᠦᠯᠬᠦ ᠳᠤ ᠰᠢ ᠶᠢᠨ ᠫᠢᠩ ᠶᠡᠷᠤᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠦᠵᠡᠯ ᠰᠠᠨᠠᠭ᠎ᠠ ᠲᠠᠢ ᠨᠢᠭᠡᠳᠤᠯᠳᠠᠢ ᠪᠠᠶᠢᠬᠤ ᠶᠢ ᠪᠠᠷᠢᠮᠳᠠᠯᠠᠵᠦ᠂ ᠤᠷᠤᠨ ᠤ ᠪᠠᠶᠢᠴᠠᠭᠠᠬᠤ ᠬᠤᠷᠢᠶᠠᠨ ᠤ  ᠨᠠᠮ ᠤᠨ ᠤᠳᠤᠷᠢᠳᠬᠤ ᠲᠤᠭᠤᠶᠢᠯᠠᠩ ᠤᠨ ᠠᠵᠢᠯᠯᠠᠬᠤ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠴᠤᠴᠠᠯᠳᠠ ᠦᠭᠡᠢ ᠴᠢᠷᠮᠠᠶᠢᠵᠦ᠂ ᠵᠦᠪ ᠤᠨᠤᠪᠴᠢᠳᠠᠢ ᠤᠯᠤᠰ ᠲᠦᠷᠦ ᠶᠢᠨ ᠵᠤᠭᠰᠤᠯᠳᠠ ᠶᠢ ᠭᠤᠶᠢᠪᠢᠰᠢ ᠦᠭᠡᠢ ᠪᠠᠷᠢᠮᠳᠠᠯᠠᠬᠤ ᠬᠡᠷᠡᠭᠳᠠᠢ  ᠭᠡᠪᠡ᠃

 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro