ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠤᠷᠢᠯᠭ᠎ᠠ ᠪᠠᠷ 8 ᠨᠡᠷᠡᠰ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠶᠡᠭᠡ ᠬᠤᠷᠠᠯ ᠤᠨ ᠲᠦᠯᠦᠭᠡᠯᠡᠭᠴᠢ ᠦᠪᠦᠷ ᠮᠤᠩᠭᠤᠯ ᠳᠤ ᠬᠦᠷᠦᠯᠴᠡᠨ ᠢᠷᠡᠵᠦ ᠰᠢᠨᠵᠢᠯᠡᠨ ᠪᠠᠶᠢᠴᠠᠭᠠᠯᠳᠠ ᠬᠢᠪᠡ
9 ᠰᠠᠷ᠎ᠠ ᠶᠢᠨ 19 ᠤ ᠡᠳᠦᠷ᠂ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠤᠷᠢᠯᠭ᠎ᠠ ᠪᠠᠷ᠂ ᠵᠧᠵᠢᠶᠠᠩ ᠶᠢᠨ ᠠᠷᠠᠳ ᠤᠨ ᠲᠦᠯᠦᠭᠡᠯᠡᠭᠴᠢᠳ ᠤᠨ ᠪᠦᠯᠬᠦᠮ ᠤᠨ 8 ᠨᠡᠷᠡᠰ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠶᠡᠭᠡ ᠬᠤᠷᠠᠯ ᠤᠨ ᠲᠦᠯᠦᠭᠡᠯᠡᠭᠴᠢ ᠦᠪᠦᠷ ᠮᠤᠩᠭᠤᠯ ᠳᠤ ᠬᠦᠷᠦᠯᠴᠡᠨ ᠢᠷᠡᠵᠦ᠂ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠠᠵᠢᠯ ᠳᠤ 5 ᠡᠳᠤᠷ ᠤᠨ ᠬᠤᠭᠤᠴᠠᠭ᠎ᠠ ᠲᠠᠢ ᠰᠢᠨᠵᠢᠯᠡᠨ ᠪᠠᠶᠢᠴᠠᠭᠠᠯᠳᠠ ᠬᠢᠪᠡ᠃ ᠦᠪᠦᠷ ᠮᠤᠩᠭᠤᠯ ᠤᠨ ᠪᠠᠶᠢᠴᠠᠭᠠᠬᠤ ᠬᠤᠷᠢᠶᠠᠨ ᠤ ᠨᠠᠮ ᠤᠨ ᠡᠭᠦᠷ ᠤᠨ ᠱᠦᠵᠢ᠂ ᠪᠠᠶᠢᠴᠠᠭᠠᠬᠤ ᠲᠠᠷᠤᠭ᠎ᠠ ᠮᠠ ᠶᠥᠩ ᠱᠧᠩ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠶᠢᠨ ᠱᠠᠮᠰᠢᠬᠤ ᠬᠡᠬᠡᠯᠢ ᠲᠦᠯᠬᠢᠵᠦ ᠬᠠᠭ᠋ᠤᠤᠯᠢ ᠢᠳᠡᠬᠦ ᠶᠢ ᠡᠰᠠᠷᠬᠦᠴᠡᠬᠦ ᠬᠤᠶᠠᠳᠤᠭᠠᠷ ᠲᠤᠪᠴᠢᠶ᠎ᠠ ᠶᠢᠨ ᠲᠡᠳ᠋ ᠲᠤᠪᠴᠢᠶᠠᠨ ᠲᠠᠷᠤᠭ᠎ᠠ ᠯᠢ ᠵᠦᠩ ᠴᠧᠩ᠂ ᠵᠧᠵᠢᠶᠠᠩ ᠮᠤᠵᠢ ᠤᠨ ᠠᠷᠠᠳ ᠤᠨ ᠪᠠᠶᠢᠴᠠᠭᠠᠬᠤ ᠬᠤᠷᠢᠶᠠᠨ ᠤ ᠲᠡᠳ᠋ ᠪᠠᠶᠢᠴᠠᠭᠠᠬᠤ ᠲᠠᠷᠤᠭ᠎ᠠ ᠬᠤᠸᠠᠩ ᠱᠧᠩ ᠯᠢᠨ ᠵᠢᠴᠢ ᠵᠧᠵᠢᠶᠠᠩ ᠮᠤᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠦᠪᠦᠷ ᠮᠤᠩᠭᠤᠯ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠦᠬᠦᠢ ᠬᠦᠮᠦᠰ ᠪᠠᠷ᠎ᠠ ᠪᠤᠯᠤᠯᠴᠠᠪᠠ᠃
ᠲᠤᠰ ᠤᠳᠠᠭᠠᠨ ᠤ ᠰᠢᠨᠵᠢᠯᠡᠨ ᠪᠠᠶᠢᠴᠠᠭᠠᠯᠲᠠ ᠶᠢᠨ ᠭᠤᠤᠯ ᠰᠡᠳᠦᠪ ᠨᠢ ᠲᠤᠰᠢᠶᠠᠯ ᠤᠨ ᠶᠠᠯᠠᠳᠦ ᠬᠡᠷᠡᠭ ᠢ ᠪᠠᠶᠢᠴᠠᠭᠠᠨ ᠰᠢᠳᠭᠡᠬᠦ ᠶᠢ ᠬᠠᠤᠯᠢ ᠶᠤᠰᠤᠭᠠᠷ ᠲᠦᠷᠢᠮᠵᠢᠭᠦᠯᠦᠨ᠂ ᠨᠡᠶᠢᠳᠡ ᠶᠢᠨ ᠪᠤᠰᠤ ᠦᠮᠴᠢᠯᠡᠯ ᠤᠨ ᠠᠵᠦ ᠠᠬᠤᠢ ᠶᠢᠨ ᠬᠦᠭᠵᠢᠯᠳᠡ ᠳᠤ ᠨᠡᠩ ᠰᠠᠶᠢᠨ ᠦᠢᠯᠡᠴᠢᠯᠡᠨ᠂ ᠬᠠᠤᠯᠢ ᠬᠡᠷᠡᠭᠵᠢᠭᠦᠯᠵᠦ ᠬᠡᠷᠡᠭ ᠰᠢᠳᠭᠡᠬᠦ ᠭᠤᠭᠴᠤᠭ᠎ᠠ ᠳᠤ ᠪᠠᠶᠢᠴᠠᠭᠠᠬᠤ ᠶᠠᠪᠤᠳᠠᠯ ᠢ ᠢᠯᠡ ᠪᠠᠶᠢᠯᠠᠭᠠᠬᠤ ᠶᠢ ᠭᠦᠨᠵᠡᠭᠡᠶᠢᠷᠡᠭᠦᠯᠦᠨ᠎ᠡ᠃
ᠲᠤᠰ ᠡᠳᠤᠷ ᠤᠨ ᠦᠳᠡ ᠶᠢᠨ ᠡᠮᠤᠨ᠎ᠡ᠂ ᠲᠦᠯᠦᠭᠡᠯᠡᠭᠴᠢᠳ ᠤᠷᠢᠳᠠᠪᠡᠷ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠪᠠᠶᠢᠴᠠᠭᠠᠬᠤ ᠬᠤᠷᠢᠶᠠᠨ ᠳᠤ ᠢᠷᠡᠵᠦ᠂ ᠦᠪᠦᠷ ᠮᠤᠩᠭᠤᠯ ᠤᠨ ᠪᠠᠶᠢᠴᠠᠭᠠᠬᠤ ᠠᠵᠢᠯ ᠢ ᠲᠡᠮᠲᠡᠭᠯᠡᠭᠰᠡᠨ ᠤᠬᠠᠭᠤᠯᠭ᠎ᠠ ᠶᠢᠨ ᠹᠢᠯᠢᠮ ᠢ ᠦᠵᠡᠪᠡ᠃ ᠤᠷᠤᠨ ᠤ ᠪᠠᠶᠢᠴᠠᠭᠠᠬᠤ ᠬᠤᠷᠢᠶᠠᠨ ᠤ ︽ᠲᠡᠤᠬᠡᠴᠢ ᠡᠭᠦᠷᠭᠡ ᠪᠠᠨ ᠪᠠᠳᠤ ᠴᠡᠭᠡᠵᠢᠯᠡᠨ ᠦᠨᠡᠨᠴᠢ ᠰᠢᠳᠤᠷᠭᠤ ᠪᠠᠷ ᠡᠷᠭᠡ ᠲᠤᠰᠢᠶᠠᠯ ᠢᠶᠠᠨ ᠬᠦᠢᠴᠡᠳᠭᠡᠨ᠂ ᠢᠳᠡᠪᠬᠢᠲᠠᠢ ᠡᠭᠦᠷᠭᠡᠯᠡᠵᠦ᠂ ᠲᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠭᠡᠵᠦ ᠤᠷᠢᠳᠴᠢᠯᠡᠨ ᠰᠡᠷᠭᠡᠶᠢᠯᠡᠬᠦ ᠠᠵᠢᠯ ᠤᠨ ᠰᠢᠨ᠎ᠡ ᠡᠬᠦᠳᠦᠯᠳᠡ ᠬᠦᠭᠵᠢᠯᠳᠠ ᠶᠢ ᠪᠡᠶᠡᠯᠡᠭᠦᠯᠦᠨ᠎ᠡ︾ ᠭᠡᠬᠦ ᠰᠡᠳᠤᠪᠳᠦ ᠠᠷᠪᠠᠨ ᠨᠠᠢᠮᠠᠳᠤᠭᠠᠷ ᠬᠤᠭᠤᠴᠠᠭᠠᠨ ᠤ ᠶᠡᠭᠡ ᠬᠤᠷᠠᠯ ᠠᠴᠠ ᠨᠠᠭᠠᠰᠢᠬᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠭᠡᠵᠦ ᠤᠷᠢᠳᠴᠢᠯᠠᠨ ᠰᠡᠷᠭᠡᠶᠢᠯᠡᠭᠰᠡᠨ ᠠᠵᠢᠯ ᠤᠨ ᠮᠡᠳᠡᠭᠦᠯᠦᠯᠳᠡ ᠶᠢ ᠰᠤᠨᠤᠰᠪᠠ᠃
ᠯᠢ ᠵᠦᠩ ᠴᠧᠩ ᠢᠯᠡᠳᠭᠡᠭᠰᠡᠨ ᠨᠢ ᠄ 《 ᠠᠷᠠᠳ ᠤᠨ ᠲᠦᠯᠦᠭᠡᠯᠡᠭᠴᠢᠳ ᠢ ᠤᠷᠢᠵᠦ ᠪᠠᠶᠢᠴᠠᠭᠠᠬᠤ ᠠᠵᠢᠯ ᠢ ᠪᠠᠶᠢᠴᠠᠭᠠᠨ ᠦᠵᠡᠵᠦ ᠪᠠᠶᠢᠭ᠎ᠠ ᠨᠢ ᠪᠠᠶᠢᠴᠠᠭᠠᠬᠤ ᠪᠠᠶᠢᠭᠤᠯᠭ᠎ᠠ ᠶᠢᠨ ᠠᠷᠠᠳ ᠤᠨ ᠲᠦᠯᠦᠭᠡᠯᠡᠭᠴᠢᠳ ᠲᠠᠢ ᠬᠠᠷᠢᠯᠴᠠᠨ᠂ ᠲᠡᠳᠡᠨᠠᠷ ᠤᠨ ᠬᠢᠨᠠᠯᠳᠠ ᠶᠢ ᠬᠦᠯᠢᠶᠡᠬᠦ ᠴᠢᠬᠤᠯᠠ ᠠᠷᠭ᠎ᠠ ᠵᠠᠮ ᠮᠦᠨ ᠂ ᠠᠷᠠᠳ ᠤᠨ ᠲᠦᠯᠦᠭᠡᠯᠡᠭᠴᠢᠳ ᠪᠠᠶᠢᠴᠠᠭᠠᠬᠤ ᠪᠠᠶᠢᠭᠤᠯᠭ᠎ᠠ ᠪᠠ ᠦᠨᠳᠦᠰᠦᠨ ᠱᠠᠳᠦᠨ ᠳᠤ ᠭᠦᠨᠵᠡᠭᠡᠶᠢᠷᠡᠨ᠂ ᠪᠠᠶᠢᠴᠠᠭᠠᠬᠤ ᠠᠵᠢᠯᠳᠠᠳ ᠲᠠᠢ ᠰᠠᠨᠠᠭ᠎ᠠ ᠪᠠᠨ ᠰᠤᠯᠢᠯᠴᠠᠵᠦ᠂ ᠪᠠᠶᠢᠴᠠᠭᠠᠬᠤ ᠪᠠᠶᠢᠭᠤᠯᠭ᠎ᠠ ᠶᠢᠨ ᠠᠵᠢᠯ ᠢ ᠨᠡᠩ ᠭᠦᠨᠵᠡᠭᠡᠢ ᠣᠶᠢᠯᠠᠭᠠᠵᠤ᠂ ᠪᠠᠶᠢᠴᠠᠭᠠᠬᠤ ᠠᠵᠢᠯ ᠳᠤ ᠨᠡᠩ ᠲᠤᠶᠢᠯᠪᠦᠷᠢᠲᠠᠢ ᠰᠠᠨᠠᠯ ᠰᠠᠨᠠᠭᠤᠯᠭ᠎ᠠ ᠳᠤᠷᠠᠳᠬᠤ ᠳᠤ ᠠᠰᠢᠭᠲᠠᠢ᠃ ᠪᠠᠶᠢᠴᠠᠭᠠᠬᠤ ᠪᠠᠶᠢᠭᠤᠯᠭ᠎ᠠ ᠡᠨᠡᠬᠦ ᠳᠣᠬᠢᠶᠠᠯ ᠢ ᠭᠦᠢᠴᠡᠳ ᠠᠰᠢᠭᠯᠠᠵᠦ᠂ ᠪᠠᠶᠢᠴᠠᠭᠠᠬᠤ ᠠᠵᠢᠯ ᠤᠨ ᠦᠷ᠎ᠡ ᠪᠦᠳᠦᠮᠵᠢ ᠪᠠ ᠪᠠᠶᠢᠴᠠᠭᠠᠬᠤ ᠲᠤᠰᠢᠶᠠᠯᠳᠠᠨ ᠤ ᠴᠤᠭ ᠵᠢᠪᠬᠤᠭ᠎ᠠ ᠪᠠᠨ ᠢᠯᠡᠷᠡᠭᠦᠯᠦᠨ᠂ ᠲᠦᠯᠦᠭᠡᠯᠡᠭᠴᠢᠳ ᠤᠨ ᠨᠠᠨᠳᠢᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠤᠨᠤᠰᠴᠦ᠂ ᠠᠷᠠᠳ ᠤᠨ ᠲᠦᠯᠦᠭᠡᠯᠡᠭᠴᠢᠳ ᠤᠨ ᠬᠢᠨᠠᠯᠳᠠ ᠪᠠ ᠲᠡᠮᠵᠢᠯᠭᠡ ᠳᠤ ᠲᠦᠰᠢᠭᠯᠡᠨ᠂ ᠪᠠᠶᠢᠴᠠᠭᠠᠬᠤ ᠠᠵᠢᠯ ᠢᠶᠠᠨ ᠨᠢᠭᠡᠨ ᠰᠢᠨ᠎ᠡ ᠳᠡᠭᠲᠡᠷ ᠲᠤ ᠭᠠᠷᠭᠠᠬᠤ ᠬᠡᠷᠡᠭᠳᠠᠢ 》ᠭᠡᠪᠡ᠃
ᠲᠠᠷᠠᠭ᠎ᠠ ᠨᠢ᠂ ᠲᠦᠯᠦᠭᠡᠯᠡᠭᠴᠢᠳ ᠬᠦᠬᠡᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠳᠤ ᠬᠦᠷᠴᠦ᠂ ᠲᠤᠰ ᠬᠤᠷᠢᠶᠠᠨ ᠤ ᠠᠷᠠᠳ ᠤᠨ ᠲᠦᠯᠦᠭᠡ ᠪᠠᠶᠢᠴᠠᠭᠠᠬᠤ ᠠᠵᠢᠯ ᠢ ᠦᠷᠨᠢᠭᠦᠯᠬᠦ ᠲᠦᠪ ᠪᠠ ᠲᠤᠰᠢᠶᠠᠯ ᠤᠨ ᠶᠠᠯᠠᠳᠦ ᠬᠡᠷᠡᠭ ᠢ ᠰᠢᠳᠭᠡᠬᠦ ᠰᠠᠭᠤᠷᠢᠨ ᠭᠠᠵᠠᠷ ᠢ ᠪᠠᠶᠢᠴᠠᠭᠠᠨ ᠦᠵᠡᠪᠡ᠃ ᠲᠤᠰ ᠬᠤᠷᠢᠶᠠᠨ ᠤ ᠬᠡᠷᠡᠭ ᠢ ᠢᠯᠡ ᠪᠠᠶᠢᠯᠭᠠᠬᠤ ᠰᠢᠰᠲ᠋ᠧᠮ᠂ ᠪᠠᠶᠢᠴᠠᠭᠠᠨ ᠯᠠᠪᠯᠠᠬᠤ ᠰᠢᠰᠲ᠋ᠧᠮ᠂ 《 ᠬᠤᠶᠠᠷ ᠪᠢᠴᠢᠯ ᠨᠢᠭᠡ ᠦᠷᠲᠡᠭᠡᠨ 》 ᠤ ᠢᠯᠡ ᠪᠠᠶᠢᠯᠭᠠᠬᠤ ᠲᠠᠪᠴᠠᠩ ᠤᠨ ᠠᠵᠢᠯᠯᠠᠵᠦ ᠪᠠᠶᠢᠭ᠎ᠠ ᠪᠠᠶᠢᠳᠠᠯ ᠵᠢᠴᠢ ᠬᠡᠷᠡᠭ ᠰᠢᠳᠭᠡᠬᠦ ᠰᠠᠭᠤᠷᠢᠨ ᠭᠠᠵᠠᠷ ᠤᠨ ᠠᠮᠤᠷ ᠲᠦᠪᠰᠢᠨ ᠢ ᠰᠡᠷᠭᠡᠶᠢᠯᠡᠬᠦ ᠢᠵᠢ ᠲᠦᠭᠦᠭᠡᠷᠤᠮᠵᠢ᠂ ᠭᠡᠷᠡᠴᠢ ᠴᠤᠭᠯᠠᠭᠤᠯᠤᠨ ᠲᠣᠭᠲᠠᠪᠤᠷᠢᠵᠢᠭᠤᠯᠬᠤ ᠰᠢᠰᠲ᠋ᠧᠮ᠂ ᠲᠤᠭᠠᠴᠢᠯᠠᠭᠰᠠᠨ ᠰᠢᠭᠦᠨ ᠠᠰᠠᠭᠤᠬᠤ ᠲᠠᠪᠴᠠᠩ ᠵᠡᠷᠭᠡ ᠰᠢᠰᠲ᠋ᠧᠮ ᠢ ᠣᠶᠢᠯᠠᠭᠠᠵᠤ᠂ ᠬᠦᠬᠡᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠮᠡᠳᠡᠭᠦᠯᠦᠯᠳᠡ ᠶᠢ ᠰᠤᠨᠤᠰᠪᠠ᠃ ᠪᠠᠶᠢᠴᠠᠭᠠᠨ ᠦᠵᠡᠬᠦ ᠶᠠᠪᠤᠴᠠ ᠳᠤ ᠲᠦᠯᠦᠭᠡᠯᠡᠭᠴᠢᠳ ᠲᠠᠶᠢᠯᠪᠤᠷᠢᠯᠠᠨ ᠶᠠᠷᠢᠬᠤ ᠶᠢ ᠨᠠᠷᠢᠨ ᠨᠢᠮᠪᠠᠢ ᠰᠤᠨᠤᠰᠴᠦ᠂ ᠦᠵᠡᠬᠦ ᠶᠢᠨ ᠲᠠᠭᠠᠤ ᠠᠰᠠᠭᠤᠵᠤ᠂ ᠤᠨᠴᠠᠭᠠᠶᠢᠯᠠᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠵᠢᠴᠢ ᠮᠡᠳᠡᠭᠡ ᠵᠠᠩᠭᠢᠴᠢᠯᠠᠯᠳᠠ ᠶᠢ ᠭᠦᠢᠴᠡᠳ ᠨᠤᠳᠠᠯᠠᠪᠠ᠃
ᠬᠤᠸᠠᠩ ᠱᠧᠩ ᠯᠢᠨ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠶᠢ ᠪᠠᠶᠢᠴᠠᠭᠠᠭᠰᠠᠨ ᠦᠵᠡᠭᠰᠡᠨ ᠲᠦᠷᠦᠭᠳᠡᠯ ᠢᠶᠠᠨ ᠲᠤᠭᠳᠤᠯᠤᠭᠰᠠᠨ ᠰᠡᠳᠭᠢᠯ ᠢᠶᠠᠷ ᠶᠠᠷᠢᠪᠠ᠃ ᠲᠡᠭᠦᠨ ᠤ ᠶᠠᠷᠢᠬᠤ ᠪᠠᠷ᠂ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠰᠠᠭᠤᠷᠢ ᠲᠦᠭᠦᠭᠡᠷᠤᠮᠵᠢ ᠪᠠ ᠮᠡᠳᠡᠭᠡ ᠵᠠᠩᠭᠢᠴᠢᠯᠠᠯᠳᠠ ᠶᠢᠨ ᠬᠡᠷᠡᠭᠯᠡᠯᠳᠡ ᠶᠢᠨ ᠲᠠᠯ᠎ᠠ ᠪᠠᠷ ᠵᠧᠵᠢᠶᠠᠩ ᠮᠤᠵᠢ ᠶᠢᠨ ᠡᠮᠦᠨ᠎ᠡ ᠪᠠᠶᠢᠵᠦ᠂ ᠲᠤᠬᠠᠶᠢᠯᠠᠭᠰᠠᠨ ᠠᠵᠢᠯ ᠴᠦ ᠭᠢᠯᠠᠯᠵᠠᠭᠰᠠᠨ ᠲᠠᠯ᠎ᠠ ᠤᠯᠠᠨ ᠪᠠᠶᠢᠵᠦ᠂ ᠬᠤᠶᠠᠷ ᠭᠠᠵᠠᠷ ᠬᠠᠷᠢᠯᠴᠠᠨ ᠲᠤᠷᠰᠢᠯᠭ᠎ᠠ ᠪᠠᠨ ᠲᠤᠯᠢ ᠪᠤᠯᠭᠠᠨ ᠰᠤᠷᠤᠯᠴᠠᠵᠦ᠂ ᠰᠠᠶᠢᠨ ᠲᠠᠯ᠎ᠠ ᠶᠢ ᠨᠢ ᠠᠪᠴᠦ ᠲᠤᠳᠠᠭᠳᠠᠯ ᠲᠠᠢ ᠲᠠᠯ᠎ᠠ ᠪᠠᠨ ᠨᠦᠬᠦᠵᠦ᠂ ᠬᠠᠮᠳᠦᠷᠠᠨ ᠴᠢᠷᠮᠠᠶᠢᠵᠦ ᠪᠠᠶᠢᠴᠠᠭᠠᠬᠤ ᠠᠵᠢᠯ ᠢᠶᠠᠨ ᠪᠠᠰᠠ ᠰᠢᠨ᠎ᠡ ᠨᠢᠭᠡᠨ ᠳᠡᠭᠲᠡᠷ ᠲᠤ ᠭᠠᠷᠭᠠᠬᠤ ᠬᠡᠷᠡᠭᠳᠠᠢ᠃
ᠮᠠ ᠶᠦᠩ ᠱᠧᠩ ᠢᠯᠡᠳᠭᠡᠭᠰᠡᠨ ᠨᠢ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠡᠷᠦᠳᠡᠭᠡᠨ ᠠᠷᠠᠳ ᠤᠨ ᠲᠦᠯᠦᠭᠡᠯᠡᠭᠴᠢᠳ ᠲᠠᠢ ᠬᠠᠷᠢᠯᠴᠠᠬᠤ ᠠᠵᠢᠯ ᠢ ᠴᠢᠬᠤᠯᠠᠴᠢᠯᠠᠬᠤ ᠮᠦᠷᠳᠡᠭᠡᠨ ᠡᠯ᠎ᠡ ᠲᠡᠰ ᠤᠨ ᠪᠠᠶᠢᠴᠠᠭᠠᠬᠤ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠠᠷᠠᠳ ᠤᠨ ᠲᠦᠯᠦᠭᠡᠯᠡᠭᠴᠢᠳ ᠤᠨ ᠬᠢᠨᠠᠯᠳᠠ ᠶᠢ ᠬᠦᠯᠢᠶᠡᠬᠦ ᠶᠢ ᠱᠠᠭᠠᠷᠳᠠᠵᠦ᠂ ᠠᠷᠠᠳ ᠤᠯᠠᠨ ᠤ ᠲᠦᠪ ᠭᠤᠤᠯᠴᠢ ᠬᠠᠤᠯᠢ ᠪᠠᠷᠢᠬᠤ ᠲᠤᠬᠠᠢ ᠬᠦᠰᠡᠯ ᠡᠷᠡᠮᠡᠯᠵᠡᠯ ᠳᠤ ᠢᠳᠡᠪᠬᠢᠳᠠᠢ ᠬᠠᠷᠢᠭᠤᠯᠳᠠ ᠦᠭᠳᠡᠭ᠃ ᠤᠶᠢᠷ᠎ᠠ ᠶᠢᠨ ᠵᠢᠯ ᠳᠤ᠂ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠭᠠᠳᠠᠨᠠᠬᠢ ᠬᠢᠨᠠᠯᠳᠠ᠂ ᠲᠤᠰ ᠪᠡᠶ᠎ᠡ ᠶᠢᠨ ᠬᠢᠨᠠᠯᠳᠠ ᠪᠠ ᠬᠠᠤᠯᠢ ᠴᠠᠭᠠᠵᠠ ᠶᠢᠨ ᠬᠢᠨᠠᠯᠳᠠ ᠶᠢᠨ ᠡᠬᠢ ᠪᠠᠶᠠᠯᠢᠭ ᠢ ᠨᠡᠶᠢᠯᠡᠭᠦᠯᠦᠨ᠂ ᠶᠡᠭᠡ ᠬᠢᠨᠠᠯᠳᠠ ᠶᠢᠨ ᠬᠡᠪ ᠪᠠᠶᠢᠳᠠᠯ ᠢ ᠪᠠᠶᠢᠭᠤᠯᠵᠦ᠂ ᠤᠨᠴᠠᠭᠠᠶᠢᠯᠠᠨ ᠦᠯᠢᠭᠡᠷ ᠠᠪᠴᠦ ᠦᠨᠡᠯᠡᠨ ᠵᠢᠱᠢᠬᠦ ᠶᠢ ᠵᠠᠷᠭᠤ ᠶᠢᠨ ᠬᠢᠨᠠᠯᠳᠠ ᠪᠠ ᠭᠦᠢᠴᠡᠳᠭᠡᠯᠲᠡ ᠶᠢᠨ ᠬᠢᠨᠠᠯᠳᠠ ᠵᠦᠭ ᠤᠷᠲᠤᠳᠬᠠᠵᠦ᠂ ᠰᠠᠶᠢᠨ ᠦᠷ᠎ᠡ ᠪᠦᠳᠦᠮᠵᠢ ᠤᠯᠵᠠᠢ᠃ ᠲᠠᠷᠠᠭᠠᠴᠢ ᠪᠠᠷ ᠲᠦᠯᠦᠭᠡᠯᠡᠭᠴᠢᠳ ᠤᠨ ᠰᠠᠨᠠᠯ ᠢ ᠦᠷᠬᠦᠯᠵᠢᠯᠡᠨ ᠬᠢᠨᠠᠮᠠᠭᠠᠢ ᠰᠣᠨᠤᠰᠴᠤ ᠬᠦᠯᠢᠶᠡᠨ ᠠᠪᠴᠦ᠂ ᠦᠪᠦᠷ ᠮᠤᠩᠭᠤᠯ ᠤᠨ ᠪᠠᠶᠢᠴᠠᠭᠠᠬᠤ ᠠᠵᠢᠯ ᠢ ᠲᠠᠰᠤᠷᠠᠯᠳᠠ ᠦᠭᠡᠢ ᠰᠠᠶᠢᠵᠢᠷᠠᠭᠤᠯᠤᠨ᠎ᠠ᠃