ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠤᠷᠪᠠᠨ ᠱᠠᠳᠤᠨ ᠤ ᠪᠠᠶᠢᠴᠠᠭᠠᠬᠤ ᠪᠠᠶᠢᠭᠤᠯᠭ᠎ᠠ ᠪᠠᠶᠢᠴᠠᠭᠠᠬᠤ ᠨᠡᠬᠡᠭᠡᠯᠳᠡ ᠶᠢᠨ ᠡᠳᠦᠷ ᠤᠨ ᠬᠦᠳᠡᠯᠭᠡᠭᠡᠨ ᠢ ᠵᠡᠷᠭᠡᠪᠡᠷ ᠦᠷᠨᠢᠭᠦᠯᠪᠡ

2017-01-10 17:08:48
ᠵᠣᠬᠢᠶᠠᠭᠴᠢ
ᠪᠤᠤ ᠡᠾᠦ᠋ᠢ ᠮᠧᠢ

    11 ᠰᠠᠷ᠎ᠠ ᠶᠢᠨ 29 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠤᠷᠪᠠᠨ ᠱᠠᠳᠤᠨ ᠤ ᠪᠠᠶᠢᠴᠠᠭᠠᠬᠤ ᠪᠠᠶᠢᠭᠤᠯᠭ᠎ᠠ ︽ᠲᠤᠷᠰᠢᠨ ᠪᠠᠶᠢᠴᠠᠭᠠᠯᠲᠠ ᠳᠤ ᠬᠢᠨᠠᠯᠳᠠ ᠲᠠᠯᠪᠢᠬᠤ ᠪᠠᠨ ᠴᠢᠩᠭᠠᠳᠬᠠᠨ᠂ ᠬᠠᠥᠯᠢ ᠴᠠᠭᠠᠵᠠ ᠶᠢᠨ ᠲᠦᠪ ᠭᠤᠤᠯᠴᠢ ᠶᠢ ᠬᠠᠮᠠᠭᠠᠯᠠᠬᠤ︾ ᠢᠶᠠᠷ ᠰᠡᠳᠦᠪ ᠪᠣᠯᠭᠠᠭᠰᠠᠨ ᠪᠠᠶᠢᠴᠠᠭᠠᠬᠤ ᠨᠡᠬᠡᠭᠡᠯᠳᠡ ᠶᠢᠨ ᠡᠳᠦᠷ ᠤᠨ ᠬᠦᠳᠡᠯᠭᠡᠭᠡᠨ ᠢ ᠵᠡᠷᠭᠡᠪᠡᠷ ᠦᠷᠨᠢᠭᠦᠯᠪᠡ᠃ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠠᠴᠠ 18 ᠨᠡᠷᠡᠰ ᠪᠦᠬᠦ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠬᠢᠨᠠᠯᠳᠠ ᠲᠠᠯᠪᠢᠭᠴᠢ᠂ ᠤᠨᠴᠠ ᠤᠷᠢᠭᠰᠠᠨ ᠪᠠᠶᠢᠴᠠᠭᠠᠬᠤ ᠲᠤᠰᠢᠶᠠᠯᠳᠠᠨ ᠢ ᠤᠷᠢᠨ ᠰᠠᠭᠤᠳᠠᠯ ᠤᠨ ᠬᠤᠷᠠᠯ ᠳᠤ ᠤᠷᠤᠯᠴᠠᠭᠤᠯᠪᠠ᠃

    ᠬᠤᠷᠠᠯ ᠲᠡᠭᠡᠷ᠎ᠡ ᠪᠦᠬᠦ ᠤᠷᠤᠨ ᠤ ᠲᠤᠷᠰᠢᠨ ᠪᠠᠶᠢᠴᠠᠭᠠᠯᠳᠠ ᠳᠤ ᠬᠢᠨᠠᠯᠳᠠ ᠲᠠᠯᠪᠢᠬᠤ ᠠᠵᠢᠯ ᠤᠨ ᠪᠠᠶᠢᠳᠠᠯ ᠢ ᠮᠡᠳᠡᠭᠦᠯᠵᠦ᠂ 2014 ᠤᠨ ᠠᠴᠠ ᠨᠠᠰᠢ᠂ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠠᠴᠠ ᠡᠯ᠎ᠡ ᠵᠦᠢᠯ ᠤᠨ ᠡᠷᠡᠭᠦᠦ ᠶᠢᠨ ᠬᠡᠷᠡᠭ ᠤᠨ ᠶᠠᠯ᠎ᠠ ᠬᠢᠭᠰᠡᠨ ᠰᠡᠵᠢᠭᠳᠡᠨ ᠨᠡᠶᠢᠳᠡ 37337 ᠬᠦᠮᠦᠨ ᠢ ᠪᠠᠷᠢᠪᠴᠢᠯᠠᠬᠤ ᠶᠢ ᠵᠦᠪᠰᠢᠶᠡᠷᠡᠵᠦ᠂ 11719 ᠬᠦᠮᠦᠨ ᠢ ᠪᠠᠷᠢᠪᠴᠢᠯᠠᠬᠤ ᠶᠢ ᠦᠯᠦ ᠵᠦᠪᠰᠢᠶᠡᠷᠡᠪᠡ᠃ ᠲᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠳᠤ 1229 ᠬᠡᠷᠡᠭ ᠪᠤᠯᠭᠠᠯᠳᠠ ᠳᠤ ᠬᠢᠨᠠᠯᠳᠠ ᠲᠠᠯᠪᠢᠨ᠂ 826 ᠬᠡᠷᠡᠭ ᠢ ᠬᠦᠴᠦᠨ ᠦᠭᠡᠢ ᠪᠤᠯᠭᠠᠬᠤ ᠶᠢ ᠰᠢᠪᠠᠳᠠᠵᠦ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠪᠠᠶᠢᠭᠤᠯᠭ᠎ᠠ ᠳᠤ 186 ᠶᠠᠯ᠎ᠠ ᠳᠤ ᠬᠤᠯᠪᠤᠭᠳᠠᠬᠤ ᠬᠡᠷᠡᠭ ᠢ ᠰᠢᠯᠵᠢᠭᠦᠯᠬᠦ ᠰᠠᠨᠠᠭᠤᠯᠭ᠎ᠠ ᠲᠤᠷᠠᠳᠴᠠᠢ᠃ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠪᠠᠷᠢᠪᠴᠢᠯᠠᠬᠤ ᠪᠠᠷ ᠲᠡᠪᠰᠢᠭᠦᠯᠦᠭᠰᠡᠨ ᠬᠡᠷᠡᠭ ᠲᠤ᠂ 795 ᠬᠦᠮᠦᠨ ᠤ ᠶᠠᠯ᠎ᠠ ᠪᠦᠷᠢᠯᠳᠦᠭᠦᠯᠦᠭᠰᠡᠨ ᠦᠭᠡᠢ ᠶᠢ ᠪᠠᠶᠢᠴᠠᠭᠠᠨ ᠲᠤᠳᠤᠯᠠᠵᠦ ᠪᠠᠷᠢᠪᠴᠢᠯᠠᠬᠤ ᠶᠢ ᠦᠯᠦ ᠵᠦᠪᠰᠢᠶᠡᠷᠡᠪᠡ᠃ ︽ᠲᠤᠷᠰᠢᠨ ᠪᠠᠶᠢᠴᠠᠭᠠᠯᠳᠠ ᠳᠤ ᠬᠢᠨᠠᠯᠳᠠ ᠲᠠᠯᠪᠢᠬᠤ ᠭᠠᠵᠠᠷ ᠤᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠦᠷᠨᠢᠭᠦᠯᠦᠨ ᠬᠡᠷᠡᠭᠵᠢᠭᠦᠯᠬᠦ ᠲᠦᠰᠦᠯ︾᠂ ︽ᠡᠷᠡᠭᠦᠦ ᠶᠢᠨ ᠬᠡᠷᠡᠭ ᠤᠨ ᠬᠠᠥᠯᠢ ᠴᠠᠭᠠᠵᠠ ᠶᠢᠨ ᠬᠢᠨᠠᠯᠳᠠ ᠲᠠᠯᠪᠢᠬᠤ ᠠᠵᠢᠯ ᠤᠨ ᠦᠨᠡᠯᠡᠨ ᠪᠠᠶᠢᠴᠠᠭᠠᠵᠦ ᠪᠤᠷᠤᠭᠤ ᠶᠢ ᠵᠠᠯᠠᠷᠠᠭᠤᠯᠤᠨ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠢ ᠲᠤᠭᠳᠠᠭᠠᠨ᠂ ᠲᠤᠷᠰᠢᠨ ᠪᠠᠶᠢᠴᠠᠭᠠᠬᠤ ᠳᠤ ᠬᠢᠨᠠᠯᠳᠠ ᠲᠠᠯᠪᠢᠬᠤ ᠠᠵᠢᠯ ᠤᠨ ᠲᠦᠷᠢᠮᠵᠢᠭᠦᠯᠦᠯᠳᠡ ᠶᠢᠨ ᠪᠠᠶᠢᠭᠤᠯᠤᠯᠳᠠ ᠶᠢ ᠭᠦᠨᠵᠡᠭᠡᠶᠢᠷᠡᠭᠦᠯᠦᠨ ᠠᠬᠢᠭᠤᠯᠵᠠᠢ᠃

W020161129666697879182.jpg

    ᠬᠤᠷᠠᠯ ᠳᠤ ᠤᠷᠤᠯᠴᠠᠭᠰᠠᠨ ᠲᠦᠯᠦᠭᠡᠯᠡᠭᠴᠢᠳ᠂ ᠭᠡᠰᠢᠭᠦᠳ᠂ ᠠᠷᠠᠳ ᠤᠨ ᠬᠢᠨᠠᠯᠳᠠ ᠲᠠᠯᠪᠢᠭᠴᠢ ᠪᠤᠯᠤᠨ ᠤᠨᠴᠠ ᠤᠷᠢᠭᠰᠠᠨ ᠪᠠᠶᠢᠴᠠᠭᠠᠬᠤ ᠲᠤᠰᠢᠶᠠᠯᠳᠠᠨ ᠮᠡᠳᠡᠭᠦᠯᠦᠯᠳᠡ ᠶᠢ ᠬᠢᠨᠠᠮᠠᠭᠠᠢ ᠰᠤᠨᠤᠰᠤᠨ᠂ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢ ᠲᠦᠪ ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠲᠤᠤᠷ᠎ᠠ᠂ ᠪᠦᠬᠦ ᠲᠠᠯ᠎ᠠ ᠶᠢ ᠪᠤᠳᠤᠯᠬᠢᠯᠠᠨ᠂ ᠠᠷᠠᠳ ᠤᠨ ᠠᠮᠢᠳᠤᠷᠠᠯ ᠢ ᠲᠡᠭᠡᠳᠦ ᠬᠡᠮᠵᠢᠶ᠎ᠠ ᠪᠠᠷ ᠬᠠᠯᠠᠮᠵᠢᠯᠠᠨ᠂ ᠲᠤᠷᠰᠢᠨ ᠪᠠᠶᠢᠴᠠᠭᠠᠯᠳᠠ ᠳᠤ ᠬᠢᠨᠠᠯᠳᠠ ᠲᠠᠯᠪᠢᠬᠤ ᠭᠤᠷᠪᠠᠨ ᠵᠦᠢᠯ ᠤᠨ ᠡᠭᠦᠷᠭᠡ ᠴᠢᠳᠠᠪᠦᠷᠢ ᠪᠠᠨ ᠬᠠᠥᠯᠢ ᠶᠤᠰᠤᠭᠠᠷ ᠭᠦᠢᠴᠡᠳᠭᠡᠨ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠨ᠂ ᠵᠢᠱᠢᠶ᠎ᠡ ᠦᠵᠡᠭᠦᠯᠦᠨ ᠬᠦᠳᠦᠯᠦᠨ ᠲᠠᠭᠠᠭᠤᠯᠵᠦ᠂ ᠠᠵᠢᠯ ᠤᠨ ᠠᠷᠭ᠎ᠠ ᠬᠡᠮᠵᠢᠶ᠎ᠡ ᠪᠤᠳᠠᠳᠠᠢ᠂ ᠠᠵᠢᠯ ᠤᠨ ᠭᠢᠯᠠᠰ ᠴᠡᠭ ᠤᠯᠠᠨ᠂ ᠠᠵᠢᠯ ᠤᠨ ᠦᠷ᠎ᠡ ᠪᠦᠳᠦᠮᠵᠢ ᠲᠤᠪᠤᠶᠢᠮ᠎ᠠ᠂ ᠠᠮᠤᠷ ᠲᠦᠪᠰᠢᠨ ᠦᠪᠦᠷ ᠮᠤᠩᠭᠤᠯ᠂ ᠬᠠᠥᠯᠢ ᠪᠠᠷ ᠵᠠᠰᠠᠬᠤ ᠦᠪᠦᠷ ᠮᠤᠩᠭᠤᠯ ᠤᠨ ᠪᠠᠶᠢᠭᠤᠯᠤᠯᠳᠠ ᠳᠤ ᠢᠳᠡᠪᠬᠢᠳᠠᠢ ᠤᠷᠤᠯᠴᠠᠨ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠤᠭᠳᠠᠭᠤᠨ ᠢ ᠬᠦᠴᠦᠳᠠᠢ ᠬᠠᠮᠠᠭᠠᠯᠠᠬᠤ ᠲᠠᠯ᠎ᠠ ᠪᠠᠷ ᠲᠤᠪᠤᠶᠢᠮ᠎ᠠ ᠬᠤᠪᠢ ᠨᠡᠮᠡᠷᠢ ᠦᠵᠡᠭᠦᠯᠵᠠᠢ ᠭᠡᠵᠦ ᠨᠢᠭᠡᠳᠦᠯᠳᠠᠢ ᠦᠵᠡᠭᠰᠡᠨ ᠤ ᠬᠠᠮᠳᠦ 25 ᠵᠤᠷᠪᠤᠰ ᠰᠠᠨᠠᠯ ᠪᠠ ᠰᠠᠨᠠᠭᠤᠯᠭ᠎ᠠ ᠲᠤᠷᠠᠳᠪᠠ᠃    

    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠲᠡᠳ᠋ ᠪᠠᠶᠢᠴᠠᠭᠠᠬᠤ ᠲᠠᠷᠤᠭ᠎ᠠ ᠯᠢ ᠮᠣᠣ ᠯᠢᠨ ᠠᠴᠠ ᠲᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠲᠦᠷᠭᠡᠨ ᠬᠤᠷᠢᠶᠠᠩᠭᠤᠶᠢᠯᠠᠵᠦ᠂ ᠵᠤᠬᠢᠴᠠᠭᠤᠯᠤᠨ ᠠᠩᠭᠢᠯᠠᠵᠦ᠂ ᠰᠢᠰᠲ᠋ᠧᠮᠵᠢᠭᠦᠯᠦᠨ ᠰᠢᠢᠳᠪᠦᠷᠢᠯᠡᠵᠦ᠂ ᠪᠤᠳᠠᠳᠠᠢ ᠲᠡᠭᠡᠷ᠎ᠡ ᠲᠤᠤᠱᠯᠠᠭᠤᠯᠤᠨ᠎ᠠ ᠭᠡᠵᠦ ᠢᠯᠡᠳᠭᠡᠭᠰᠡᠨ ᠤ ᠬᠠᠮᠳᠦ᠂ ᠨᠡᠶᠢᠭᠡᠮ ᠤᠨ ᠡᠯ᠎ᠡ ᠡᠳᠡᠭᠡᠳ ᠠᠴᠠ ᠦᠩᠭᠡᠷᠡᠭᠰᠡᠨ ᠲᠠᠢ ᠪᠠᠨ ᠠᠳᠠᠯᠢ ᠪᠠᠶᠢᠴᠠᠭᠠᠬᠤ ᠠᠵᠢᠯ ᠢ ᠠᠩᠬᠠᠷᠤᠨ ᠬᠠᠯᠠᠮᠵᠢᠯᠠᠵᠦ ᠲᠡᠮᠵᠢᠬᠦ ᠳᠤ ᠬᠦᠰᠡᠯ ᠲᠠᠯᠪᠢᠨ᠂ ᠬᠠᠮᠳᠤᠪᠠᠷ ᠬᠠᠥᠯᠢ ᠪᠠᠷ ᠵᠠᠰᠠᠭᠰᠠᠨ ᠦᠪᠦᠷ ᠮᠤᠩᠭᠤᠯ ᠪᠠ ᠨᠡᠶᠢᠭᠡᠮ ᠵᠢᠷᠦᠮᠳᠦ ᠬᠠᠥᠯᠢ ᠪᠠᠷ ᠵᠠᠰᠠᠭᠰᠠᠨ ᠤᠯᠤᠰ ᠢ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠶ᠎ᠡ ᠭᠡᠵᠦ ᠢᠯᠡᠳᠭᠡᠵᠠᠢ᠃

W020161129666698267293.jpg

    ᠬᠤᠷᠠᠯ ᠲᠠᠭᠤᠰᠤᠭᠰᠠᠨ ᠤ ᠲᠠᠷᠠᠭ᠎ᠠ᠂ ᠬᠤᠷᠠᠯ ᠳᠤ ᠤᠷᠤᠯᠴᠠᠭᠰᠠᠨ ᠲᠦᠯᠦᠭᠡᠯᠡᠭᠴᠢᠳ ᠪᠠᠰᠠ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠬᠤᠷᠠᠯ ᠤᠨ ᠮᠡᠳᠡᠭᠦᠯᠦᠯᠳᠡ ᠶᠢᠨ ᠲᠢᠩᠬᠢᠮ᠂ ᠭᠤᠮᠤᠳᠠᠯ ᠵᠠᠭᠠᠯᠳᠤᠯᠭ᠎ᠠ ᠬᠦᠯᠢᠶᠡᠨ ᠠᠪᠬᠤ ᠦᠢᠯᠡᠴᠢᠯᠡᠭᠡᠨ ᠤ ᠲᠢᠩᠬᠢᠮ ᠪᠠ ᠬᠡᠷᠡᠭ ᠬᠠᠮᠢᠶᠠᠷᠬᠤ ᠦᠢᠯᠡᠴᠢᠯᠡᠭᠡᠨ ᠤ ᠲᠢᠩᠬᠢᠮ ᠵᠡᠷᠭᠡ ᠬᠠᠥᠯᠢ ᠬᠡᠷᠡᠭᠵᠢᠭᠦᠯᠵᠦ ᠬᠡᠷᠡᠭ ᠰᠢᠳᠭᠡᠬᠦ ᠲᠠᠯᠠᠪᠦᠷ ᠲᠤ ᠬᠦᠷᠴᠦ ᠦᠵᠡᠭᠦᠯᠦᠯᠭᠡ ᠶᠢ ᠵᠢᠯᠤᠭᠤᠳᠪᠠ᠃

W020161129666700647054.jpg


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro