ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 2016 ᠤᠨ ᠤ ︽ᠠᠷᠪᠠᠨ ᠶᠡᠭᠡ ᠬᠠᠥᠯᠢ ᠪᠠᠷ ᠵᠠᠰᠠᠬᠤ ᠬᠡᠷᠡᠭ ᠶᠠᠪᠤᠳᠠᠯ ᠵᠢᠴᠢ ᠠᠷᠪᠠᠨ ᠰᠢᠯᠢᠳᠡᠭ ᠬᠠᠥᠯᠢ ᠪᠠᠷ ᠵᠠᠰᠠᠬᠤ ᠬᠦᠮᠦᠨ︾ ᠢ ᠨᠡᠶᠢᠳᠡᠯᠡᠪᠡ

2017-01-10 17:32:36
ᠵᠣᠬᠢᠶᠠᠭᠴᠢ
ᠪᠤᠤ ᠡᠾᠦ᠋ᠢ ᠮᠧᠢ


    12 ᠰᠠᠷ᠎ᠠ ᠶᠢᠨ 4 ᠤ ᠦᠳᠡᠰᠢ᠂  2016 ᠤᠨ ᠤ ︽ᠦᠪᠦᠷ ᠮᠤᠩᠭᠤᠯ ᠤᠨ ᠠᠷᠪᠠᠨ ᠶᠡᠭᠡ ᠬᠠᠥᠯᠢ ᠪᠠᠷ ᠵᠠᠰᠠᠬᠤ ᠬᠡᠷᠡᠭ ᠶᠠᠪᠤᠳᠠᠯ ᠵᠢᠴᠢ ᠠᠷᠪᠠᠨ ᠰᠢᠯᠢᠳᠡᠭ ᠬᠠᠥᠯᠢ ᠪᠠᠷ ᠵᠠᠰᠠᠬᠤ ᠬᠦᠮᠦᠨ︾ ᠢ ᠨᠡᠶᠢᠳᠡᠯᠡᠵᠠᠢ᠃ ᠦᠨᠦ ᠵᠢᠯ ᠪᠦᠬᠦ ᠤᠷᠤᠨ ᠪᠠᠶᠢᠴᠠᠭᠠᠬᠤ ᠪᠠᠶᠢᠭᠤᠯᠭ᠎ᠠ ᠠᠮᠵᠢᠯᠳᠠ ᠲᠡᠭᠦᠯᠳᠡᠷ᠂ ᠨᠡᠶᠢᠳᠡ ᠲᠦᠷᠪᠡᠨ ᠬᠡᠷᠡᠭ ᠶᠠᠪᠤᠳᠠᠯ ᠪᠠ ᠨᠢᠭᠡ ᠬᠦᠮᠦᠨ ᠰᠢᠯᠢᠭᠳᠡᠵᠡᠢ᠃

    ᠦᠪᠦᠷ ᠮᠤᠩᠭᠤᠯ ᠤᠨ 2016 ᠤᠨ ᠤ ︽ᠠᠷᠪᠠᠨ ᠶᠡᠭᠡ ᠬᠠᠥᠯᠢ ᠪᠠᠷ ᠵᠠᠰᠠᠬᠤ ᠬᠡᠷᠡᠭ ᠶᠠᠪᠤᠳᠠᠯ︾ ᠳᠤ ᠰᠢᠯᠢᠭᠳᠡᠨ ᠤᠷᠤᠭᠰᠠᠨ ᠪᠠᠶᠢᠴᠠᠭᠠᠬᠤ ᠬᠡᠷᠡᠭ ᠶᠠᠪᠤᠳᠠᠯ ᠨᠢ᠄ ᠦᠪᠦᠷ ᠮᠤᠩᠭᠤᠯ ᠤᠨ ᠠᠩᠬᠠᠳᠤᠭᠠᠷ ᠵᠠᠰᠠᠭ ᠵᠠᠬᠢᠷᠭᠠᠨ ᠤ ᠨᠡᠶᠢᠳᠡ ᠶᠢᠨ  ᠵᠠᠷᠭᠤ ᠶᠢᠨ ᠬᠡᠷᠡᠭ ᠤᠨ ᠰᠢᠬᠦᠨ ᠲᠠᠰᠤᠯᠤᠯᠳᠠ ᠶᠢ ᠲᠤᠬᠠᠢ ᠶᠢᠨ ᠲᠢᠩᠬᠢᠮ ᠳᠤ ᠨᠡᠶᠢᠳᠡᠯᠡᠨ᠂ ᠵᠠᠰᠠᠭ ᠵᠠᠬᠢᠷᠭᠠᠨ ᠤ ᠡᠰᠡ ᠦᠢᠯᠡᠳᠬᠦᠢ ᠠᠵᠢᠯᠯᠠᠭ᠎ᠠ ᠶᠢᠨ ᠬᠠᠷᠢᠭᠤᠴᠠᠯᠭ᠎ᠠ ᠶᠢ ᠬᠠᠥᠯᠢ ᠶᠤᠰᠤᠭᠠᠷ ᠨᠡᠬᠡᠮᠵᠢᠯᠡᠭᠰᠡᠨ᠂ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠰᠡᠷᠡᠮᠵᠢᠯᠡᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠢᠯᠵᠠᠷᠠᠯ ᠢ ᠡᠰᠡᠷᠭᠦᠴᠡᠬᠦ ᠦᠵᠡᠯ ᠰᠠᠨᠠᠭᠠᠨ ᠤ ᠬᠠᠮᠠᠭᠠᠯᠠᠯᠳᠠ ᠶᠢᠨ ᠱᠤᠭᠤᠮ ᠢ ᠪᠠᠶᠢᠭᠤᠯᠤᠭᠰᠠᠨ᠂ 《ᠰᠢᠭᠦᠨ ᠲᠠᠰᠤᠯᠬᠤ ᠪᠠᠷ ᠭᠤᠤᠯ ᠪᠤᠯᠭᠠᠬᠤ 》 ᠳᠤ ᠲᠤᠬᠢᠷᠠᠯᠴᠠᠨ᠂ ᠪᠦᠬᠦ ᠤᠷᠤᠨ ᠤ ᠠᠩᠬᠠᠳᠤᠭᠠᠷ ᠬᠤᠭᠤᠴᠠᠭᠠᠨ ᠤ ᠠᠯᠪᠠᠨ ᠵᠠᠭᠠᠯᠳᠤᠭᠴᠢ ᠪᠠ ᠬᠠᠥᠯᠢᠴᠢ ᠶᠢᠨ ᠴᠡᠴᠡ ᠪᠤᠯᠢᠶᠠᠯᠳᠤᠬᠤ ᠤᠷᠤᠯᠳᠤᠭᠠᠨ ᠶᠠᠪᠤᠭᠤᠯᠵᠦ᠂ ᠪᠤᠯᠪᠠᠰᠤᠷᠠᠯ ᠢᠶᠠᠷ ᠦᠭᠡᠷᠡᠴᠢᠯᠡᠯᠳᠡ ᠶᠢ ᠠᠬᠢᠭᠤᠯᠤᠭᠰᠠᠨ᠂ ᠤᠯᠤᠰ ᠤᠨ ᠬᠠᠥᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠦᠪᠦᠷ ᠮᠤᠩᠭᠤᠯ ᠤᠨ ᠲᠤᠷᠰᠢᠯᠳᠠ ᠶᠢᠨ ᠴᠢᠭ᠋ ᠶᠢᠨ ᠠᠩᠬᠠᠳᠤᠭᠠᠷ ᠪᠦᠯᠦᠭ ᠤᠷᠤᠨ ᠲᠤᠭᠠᠳᠦ ᠰᠢᠭᠦᠬᠦ ᠲᠤᠰᠢᠶᠠᠯᠳᠠᠨ᠂ ᠪᠠᠶᠢᠴᠠᠭᠠᠬᠤ ᠲᠤᠰᠢᠶᠠᠯᠳᠠᠨ ᠠᠵᠢᠯ ᠤᠨ ᠪᠠᠶᠢᠷᠢ ᠳᠤ ᠭᠠᠷᠤᠭᠰᠠᠨ ᠬᠡᠷᠡᠭ ᠶᠠᠪᠤᠳᠠᠯ᠃ ᠦᠪᠦᠷ ᠮᠤᠩᠭᠤᠯ ᠤᠨ 2016 ᠤᠨ ᠤ ︽ᠠᠷᠪᠠᠨ ᠰᠢᠯᠢᠳᠡᠭ ᠬᠠᠥᠯᠢ ᠪᠠᠷ ᠵᠠᠰᠠᠬᠤ ᠬᠦᠮᠦᠨ︾ ᠢᠶᠠᠷ ᠰᠢᠯᠢᠭᠳᠡᠭᠰᠡᠨ ᠪᠠᠶᠢᠴᠠᠭᠠᠬᠤ ᠲᠤᠰᠢᠶᠠᠯᠳᠠᠨ ᠪᠤᠯ᠄ ᠦᠪᠦᠷ ᠮᠤᠩᠭᠤᠯ ᠤᠨ ᠠᠷᠤ ᠬᠤᠷᠴᠢᠨ ᠬᠤᠰᠢᠭᠤᠨ ᠤ ᠪᠠᠶᠢᠴᠠᠭᠠᠬᠤ ᠬᠤᠷᠢᠶᠠᠨ ᠤ ᠲᠡᠳ᠋ ᠪᠠᠶᠢᠴᠠᠭᠠᠬᠤ ᠲᠠᠷᠤᠭ᠎ᠠ ᠴᠧᠨ ᠯᠢ ᠬᠤᠸᠠ᠃


W020161206346981393000.jpg

ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠥᠯᠢ ᠴᠠᠭᠠᠵᠠ ᠶᠢᠨ ᠬᠤᠷᠢᠶ᠎ᠠ ᠶᠢᠨ ᠲᠡᠳ᠋ ᠱᠦᠵᠢ ᠲᠣᠣ ᠵᠢᠶᠠᠨ ᠨᠡᠶᠢᠳᠡᠯᠡᠬᠦ ᠶᠤᠰᠤᠯᠠᠯ ᠳᠤ ᠤᠷᠤᠯᠴᠠᠵᠦ ᠪᠠᠶᠢᠭ᠎ᠠ ᠨᠢ

W020161206346982368268.jpg

ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠲᠡᠳ᠋ ᠪᠠᠶᠢᠴᠠᠭᠠᠬᠤ ᠲᠠᠷᠤᠭ᠎ᠠ ᠯᠢ ᠮᠣᠣ ᠯᠢᠨ ᠨᠡᠶᠢᠳᠡᠯᠡᠬᠦ ᠶᠤᠰᠤᠯᠠᠯ ᠳᠤ ᠤᠷᠤᠯᠴᠠᠵᠦ ᠪᠠᠶᠢᠭ᠎ᠠ ᠨᠢ

W020161206346983110697.jpg

    ᠦᠪᠦᠷ ᠮᠤᠩᠭᠤᠯ ᠤᠨ ᠤᠨ ᠤ ᠬᠠᠥᠯᠢ ᠪᠠᠷ ᠵᠠᠰᠠᠬᠤ ᠬᠡᠷᠡᠭ ᠶᠠᠪᠤᠳᠠᠯ ᠪᠠ ᠬᠠᠥᠯᠢ ᠪᠠᠷ ᠵᠠᠰᠠᠬᠤ ᠬᠦᠮᠦᠨ ᠢ ᠰᠢᠯᠭᠠᠨ ᠰᠤᠩᠭᠤᠬᠤ ᠬᠦᠳᠡᠯᠭᠡᠭᠡᠨ ᠨᠢ ᠤᠳᠠᠭᠠᠨ ᠵᠢᠯ  ᠦᠷᠬᠦᠯᠵᠢᠯᠡᠵᠦ᠂ ᠨᠡᠶᠢᠭᠡᠮ ᠤᠨ ᠡᠯ᠎ᠡ ᠡᠳᠡᠭᠡᠳ ᠠᠴᠠ ᠤᠯᠠᠮ ᠠᠴᠠ ᠤᠯᠠᠮ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠡᠯ᠎ᠡ ᠰᠤᠩᠭᠤᠯᠳᠠ ᠳᠤ ᠤᠷᠤᠯᠴᠠᠭᠰᠠᠨ ᠨᠢᠭᠡᠴᠢ ᠠᠴᠠ ᠬᠠᠥᠯᠢ ᠪᠠᠷ ᠵᠠᠰᠠᠬᠤ ᠪᠠᠶᠢᠭᠤᠯᠤᠯᠳᠠ ᠶᠢ ᠴᠢᠩᠭᠠᠳᠬᠠᠭᠰᠠᠨ᠂ ᠬᠠᠥᠯᠢ ᠶᠤᠰᠤᠭᠠᠷ ᠵᠠᠰᠠᠭ ᠪᠠᠷᠢᠬᠤ ᠶᠢ ᠠᠬᠢᠭᠤᠯᠤᠭᠰᠠᠨ᠂ ᠲᠦᠪ ᠭᠤᠤᠯᠴᠢ ᠪᠠᠷ ᠬᠠᠥᠯᠢ ᠬᠡᠷᠡᠭᠵᠢᠭᠦᠯᠦᠭᠰᠡᠨ ᠪᠠ ᠠᠷᠠᠳ ᠲᠤ ᠬᠠᠥᠯᠢ ᠲᠦᠭᠡᠮᠡᠯᠵᠢᠭᠦᠯᠬᠦ ᠠᠵᠢᠯ ᠢ ᠦᠷᠨᠢᠭᠦᠯᠦᠭᠰᠡᠨ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ᠂ ᠨᠡᠶᠢᠳᠡᠯᠢᠭ ᠵᠢᠱᠢᠶ᠎ᠡ ᠶᠢ ᠢᠳᠡᠪᠬᠢᠳᠠᠢ  ᠰᠤᠩᠭᠤᠨ ᠲᠠᠨᠢᠯᠴᠠᠭᠤᠯᠵᠦ᠂ ᠪᠦᠬᠦ ᠨᠡᠶᠢᠭᠡᠮ ᠤᠨ ᠬᠠᠥᠯᠢ ᠪᠠᠷ ᠵᠠᠰᠠᠬᠤ ᠢᠳᠡᠪᠬᠢᠵᠢᠯ ᠪᠠ ᠰᠠᠨᠠᠭᠠᠴᠢᠯᠭᠠᠳᠦ ᠴᠢᠨᠠᠷ ᠢ ᠴᠢᠩᠭᠠᠳᠬᠠᠵᠠᠢ᠃ ᠲᠤᠰ ᠬᠦᠳᠡᠯᠭᠡᠭᠡᠨ ᠨᠢ ᠦᠪᠦᠷ ᠮᠤᠩᠭᠤᠯ ᠤᠨ ᠠᠷᠠᠳᠴᠢᠯᠠᠭᠰᠠᠨ ᠬᠠᠥᠯᠢ ᠪᠠᠷ ᠵᠠᠰᠠᠬᠤ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠭᠡᠷᠡᠴᠢᠯᠡᠨ ᠲᠡᠮᠳᠡᠭᠯᠡᠵᠦ᠂ ᠦᠪᠡᠷᠳᠡᠭᠡᠨ ᠵᠰᠠᠬᠤ ᠤᠷᠤᠨ ᠤ ᠬᠠᠥᠯᠢ ᠪᠠᠷ ᠵᠠᠰᠠᠬᠤ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠤᠬᠠᠭᠤᠯᠤᠨ᠂ ᠬᠠᠥᠯᠢ ᠪᠠᠷ ᠤᠷᠤᠨ ᠢᠶᠠᠨ ᠵᠠᠰᠠᠬᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠵᠠᠢ᠃

    ᠦᠪᠦᠷ ᠮᠤᠩᠭᠤᠯ ᠤᠨ ᠠᠩᠬᠠᠳᠤᠭᠠᠷ ᠵᠠᠰᠠᠭ ᠵᠠᠬᠢᠷᠭᠠᠨ ᠤ ᠨᠡᠶᠢᠳᠡ ᠶᠢᠨ  ᠵᠠᠷᠭᠤ ᠶᠢᠨ ᠬᠡᠷᠡᠭ ᠤᠨ ᠰᠢᠬᠦᠨ ᠲᠠᠰᠤᠯᠤᠯᠳᠠ ᠶᠢ ᠲᠤᠬᠠᠢ ᠶᠢᠨ ᠲᠢᠩᠬᠢᠮ ᠳᠤ ᠨᠡᠶᠢᠳᠡᠯᠡᠨ᠂ ᠵᠠᠰᠠᠭ ᠵᠠᠬᠢᠷᠭᠠᠨ ᠤ ᠡᠰᠡ ᠦᠢᠯᠡᠳᠬᠦᠢ ᠠᠵᠢᠯᠯᠠᠭ᠎ᠠ ᠶᠢᠨ ᠬᠠᠷᠢᠭᠤᠴᠠᠯᠭ᠎ᠠ ᠶᠢ ᠬᠠᠥᠯᠢ ᠶᠤᠰᠤᠭᠠᠷ ᠨᠡᠬᠡᠮᠵᠢᠯᠡᠵᠠᠢ

W020161206346983566832.jpg        

ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠰᠡᠷᠡᠮᠵᠢᠯᠡᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠢᠯᠵᠠᠷᠠᠯ ᠢ ᠡᠰᠡᠷᠭᠦᠴᠡᠬᠦ ᠦᠵᠡᠯ ᠰᠠᠨᠠᠭᠠᠨ ᠤ ᠬᠠᠮᠠᠭᠠᠯᠠᠯᠳᠠ ᠶᠢᠨ ᠱᠤᠭᠤᠮ ᠢ ᠪᠠᠶᠢᠭᠤᠯᠵᠠᠢ

W020161206346984022277.jpg      

《 ᠰᠢᠭᠦᠨ ᠲᠠᠰᠤᠯᠬᠤ ᠪᠠᠷ ᠭᠤᠤᠯ ᠪᠤᠯᠭᠠᠬᠤ 》 ᠳᠤ ᠲᠤᠬᠢᠷᠠᠯᠴᠠᠨ᠂ ᠪᠦᠬᠦ ᠤᠷᠤᠨ ᠤ ᠠᠩᠬᠠᠳᠤᠭᠠᠷ ᠬᠤᠭᠤᠴᠠᠭᠠᠨ ᠤ ᠠᠯᠪᠠᠨ ᠵᠠᠭᠠᠯᠳᠤᠭᠴᠢ ᠪᠠ ᠬᠠᠥᠯᠢᠴᠢ ᠶᠢᠨ ᠴᠡᠴᠡ ᠪᠤᠯᠢᠶᠠᠯᠳᠤᠬᠤ ᠤᠷᠤᠯᠳᠤᠭᠠᠨ ᠶᠠᠪᠤᠭᠤᠯᠵᠦ᠂ ᠪᠤᠯᠪᠠᠰᠤᠷᠠᠯ ᠢᠶᠠᠷ ᠦᠭᠡᠷᠡᠴᠢᠯᠡᠯᠳᠡ ᠶᠢ ᠠᠬᠢᠭᠤᠯᠵᠠᠢ

W020161206346984532344.jpg

ᠤᠯᠤᠰ ᠤᠨ ᠬᠠᠥᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠦᠪᠦᠷ ᠮᠤᠩᠭᠤᠯ ᠤᠨ ᠲᠤᠷᠰᠢᠯᠳᠠ ᠶᠢᠨ ᠴᠢᠭ᠋ ᠶᠢᠨ ᠠᠩᠬᠠᠳᠤᠭᠠᠷ ᠪᠦᠯᠦᠭ ᠤᠷᠤᠨ ᠲᠤᠭᠠᠳᠦ ᠰᠢᠭᠦᠬᠦ ᠲᠤᠰᠢᠶᠠᠯᠳᠠᠨ᠂ ᠪᠠᠶᠢᠴᠠᠭᠠᠬᠤ ᠲᠤᠰᠢᠶᠠᠯᠳᠠᠨ ᠠᠵᠢᠯ ᠤᠨ ᠪᠠᠶᠢᠷᠢ ᠳᠤ ᠭᠠᠷᠪᠠ

W020161206346985058689.jpg

    ᠤᠶᠢᠯᠠᠭᠠᠯᠳᠠ ᠪᠠᠷ᠂ ᠲᠤᠰ ᠤᠳᠠᠭᠠᠨ ᠤ ᠬᠦᠳᠡᠯᠭᠡᠭᠡᠨ ᠳᠤ ᠬᠠᠮᠢᠶ᠎ᠠ ᠪᠦᠬᠦᠢ ᠠᠵᠢᠯ ᠲᠦᠷᠦᠯ ᠤᠨ ᠰᠢᠰᠲ᠋ᠧᠮ ᠠᠴᠠ ᠨᠡᠶᠢᠳᠡ 50 ᠭᠠᠷᠤᠢ ᠬᠡᠷᠡᠭ ᠶᠠᠪᠤᠳᠠᠯ᠂ 30 ᠭᠠᠷᠤᠢ ᠬᠦᠮᠦᠰ ᠢ ᠠᠩᠬᠠᠨ ᠤ ᠰᠤᠩᠭᠤᠯᠳᠠ ᠳᠤ ᠲᠠᠨᠢᠯᠴᠠᠭᠤᠯᠵᠦ᠂ 5 ᠲᠦᠮᠡ ᠰᠢᠬᠠᠮ ᠤᠯᠠᠨ ᠲᠦᠮᠡᠨ ᠭᠠᠷ ᠤᠳᠠᠰᠤᠨ ᠤ ᠤᠬᠤᠷ ᠮᠡᠳᠡᠭᠡ ᠢᠯᠡᠭᠡᠬᠦ᠂ ᠤᠳᠠᠰᠤᠳᠠᠬᠤ᠂ ᠰᠦᠯᠵᠢᠶᠡᠨ ᠲᠡᠭᠡᠷ᠎ᠡ ᠪᠢᠯᠧᠲ ᠦᠭᠬᠦ ᠵᠡᠷᠭᠡ ᠬᠡᠯᠪᠡᠷᠢ ᠪᠠᠷ ᠪᠢᠯᠧᠲ ᠦᠭᠬᠦ ᠳᠤ ᠤᠷᠤᠯᠴᠠᠵᠠᠢ᠃ ᠠᠩᠬᠠᠨ ᠤ ᠰᠤᠩᠭᠤᠯᠳᠠ ᠲᠠᠭᠤᠰᠤᠭᠰᠠᠨ ᠤ ᠲᠠᠷᠤᠭ᠎ᠠ᠂ ᠬᠠᠥᠯᠢ ᠴᠠᠭᠠᠵᠠ ᠶᠢᠨ ᠮᠡᠷᠭᠡᠵᠢᠯᠳᠡᠨ᠂ ᠵᠠᠭᠤᠴᠢᠯᠠᠭᠤᠷ᠂ ᠤᠯᠠᠨ ᠨᠡᠶᠢᠳᠡ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠢᠶᠠᠷ ᠪᠦᠷᠢᠯᠳᠦᠭᠰᠡᠨ ᠬᠢᠨᠠᠨ ᠲᠤᠭᠳᠠᠭᠠᠬᠤ ᠺᠤᠮᠢᠰ ᠠᠴᠠ ᠲᠠᠬᠢᠨ ᠦᠨᠡᠯᠡᠯᠳᠡ ᠬᠢᠵᠠᠢ᠃ ᠦᠪᠦᠷ ᠮᠤᠩᠭᠤᠯ ᠤᠨ ᠲᠧᠯᠸᠢᠰ ᠬᠤᠷᠢᠶ᠎ᠠ ᠠᠴᠠ ᠲᠤᠰ ᠵᠢᠯ ᠤᠨ ︽ᠠᠷᠪᠠᠨ ᠶᠡᠭᠡ ᠬᠠᠥᠯᠢ ᠪᠠᠷ ᠵᠠᠰᠠᠬᠤ ᠬᠡᠷᠡᠭ ᠶᠠᠪᠤᠳᠠᠯ ᠵᠢᠴᠢ ᠠᠷᠪᠠᠨ ᠰᠢᠯᠢᠳᠡᠭ ᠬᠠᠥᠯᠢ ᠪᠠᠷ ᠵᠠᠰᠠᠬᠤ ᠬᠦᠮᠦᠨ︾ ᠢ ᠦᠵᠡᠭᠦᠯᠦᠨ ᠨᠡᠪᠳᠡᠷᠡᠭᠦᠯᠵᠠᠢ᠃

    ᠦᠪᠦᠷ ᠮᠤᠩᠭᠤᠯ ᠤᠨ ᠠᠷᠤ ᠬᠤᠷᠴᠢᠨ ᠬᠤᠰᠢᠭᠤᠨ ᠤ ᠪᠠᠶᠢᠴᠠᠭᠠᠬᠤ ᠬᠤᠷᠢᠶᠠᠨ ᠤ ᠲᠡᠳ᠋ ᠪᠠᠶᠢᠴᠠᠭᠠᠬᠤ ᠲᠠᠷᠤᠭ᠎ᠠ ᠴᠧᠨ ᠯᠢ ᠬᠤᠸᠠ ᠠᠷᠪᠠᠨ ᠰᠢᠯᠢᠳᠡᠭ ᠬᠠᠥᠯᠢ ᠪᠠᠷ ᠵᠠᠰᠠᠬᠤ ᠬᠦᠮᠦᠨ ᠢᠶᠠᠷ ᠰᠤᠩᠭᠤᠭᠳᠠᠪᠠ

W020161206346985630220.jpg 

ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠳᠠᠨ ᠫᠠᠨ ᡁᠢ ᠷᠥᠩ ᠠᠴᠠ ᠴᠧᠨ ᠯᠢ ᠬᠤᠸᠠ ᠳᠤ ᠱᠠᠩᠨᠠᠯ ᠭᠠᠷᠳᠠᠭᠤᠯᠵᠦ ᠪᠠᠶᠢᠭ᠎ᠠ ᠨᠢ

W020161206346985989354.jpg

    ᠲᠤᠰ ᠤᠳᠠᠭᠠᠨ ᠤ ᠬᠢᠨᠠᠨ ᠰᠤᠩᠭᠤᠬᠤ ᠬᠦᠳᠡᠯᠭᠡᠭᠡᠨ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠤᠯᠤᠰ ᠲᠦᠷᠦ ᠬᠠᠥᠯᠢ ᠴᠠᠭᠠᠵᠠ ᠶᠢᠨ ᠬᠤᠷᠢᠶ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠥᠯᠢ ᠪᠠᠷ ᠤᠷᠤᠨ ᠢᠶᠠᠨ ᠵᠠᠰᠠᠬᠤ ᠤᠳᠤᠷᠢᠳᠬᠤ ᠲᠤᠭᠤᠶᠢᠯᠠᠩ ᠤᠨ ᠠᠯᠪᠠᠨ ᠭᠡᠷ᠂ ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶ᠎ᠠ ᠠᠴᠠ ᠭᠤᠤᠯᠯᠠᠨ ᠡᠷᠬᠢᠯᠡᠵᠠᠢ᠃ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠬᠠᠥᠯᠢ ᠴᠠᠭᠠᠵᠠ ᠶᠢᠨ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠤᠳᠤᠷᠢᠳᠤᠯᠭ᠎ᠠ ᠦᠳᠡᠰᠢᠯᠡᠭᠡ ᠳᠤ ᠤᠷᠤᠯᠴᠠᠵᠠᠢ᠃ ᠪᠠᠶᠢᠴᠠᠭᠠᠬᠤ ᠬᠤᠷᠢᠶ᠎ᠠ᠂ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠲᠤᠳᠤᠭᠠᠳᠤ ᠶᠢ ᠬᠠᠮᠠᠭᠠᠯᠠᠬᠤ ᠲᠢᠩᠬᠢᠮ ᠵᠡᠷᠭᠡ ᠨᠢᠭᠡᠴᠢ ᠵᠢᠭᠰᠠᠭᠠᠯ  ᠪᠠᠶᠢᠭᠤᠯᠤᠨ ᠦᠳᠡᠰᠢᠯᠡᠭᠡ ᠳᠤ ᠤᠷᠤᠯᠴᠠᠵᠠᠢ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro