ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠫᠠᠨ ᡁᠢ ᠷᠥᠩ ᠨᠦᠬᠦᠷ ᠠᠴᠠ CCTV2016 ᠤᠨ ᠤ ᠬᠠᠥᠯᠢ ᠪᠠᠷ ᠵᠠᠰᠠᠬᠤ ᠬᠦᠮᠦᠰ ᠲᠤ ᠰᠤᠩᠭᠤᠭᠳᠠᠪᠠ

2017-01-10 17:47:52
ᠵᠣᠬᠢᠶᠠᠭᠴᠢ
ᠪᠤᠤ ᠡᠾᠦ᠋ᠢ ᠮᠧᠢ

    12 ᠰᠠᠷ᠎ᠠ ᠶᠢᠨ 4 ᠤ ᠡᠳᠦᠷ᠂ 《 ᠦᠨᠳᠦᠰᠦᠨ ᠬᠠᠥᠯᠢ ᠶᠢᠨ ᠵᠤᠷᠢᠭ ᠰᠠᠨᠠᠭ᠎ᠠ᠂ ᠬᠠᠥᠯᠢ ᠪᠠᠷ ᠵᠠᠰᠠᠬᠤ ᠶᠢᠨ ᠬᠦᠴᠦᠨ ᠴᠢᠳᠠᠯ — CCTV 2016 ᠤᠨ ᠤ ᠬᠠᠥᠯᠢ ᠪᠠᠷ ᠵᠠᠰᠠᠬᠤ ᠬᠦᠮᠦᠰ ᠤᠨ ᠱᠠᠩᠨᠠᠯ ᠤᠯᠭᠤᠬᠤ ᠶᠤᠰᠤᠯᠠᠯ 》 ᠲᠦᠪ ᠤᠨ ᠲᠧᠯᠸᠢᠰ ᠬᠤᠷᠢᠶᠠᠨ ᠤ ᠨᠡᠶᠢᠭᠡᠮ ᠪᠤᠯᠤᠨ ᠬᠠᠥᠯᠢ ᠶᠢᠨ ᠰᠤᠪᠠᠭ᠂ ᠶᠡᠷᠦᠩᠬᠡᠢ ᠰᠤᠪᠠᠭ ᠢᠶᠠᠷ ᠨᠡᠪᠳᠡᠷᠡᠭᠦᠯᠵᠠᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠺᠤᠮᠢᠰ ᠤᠨ ᠲᠤᠰᠬᠠᠢ ᠲᠤᠰᠢᠶᠠᠯᠳᠦ ᠭᠡᠰᠢᠭᠦᠨ᠂ ᠮᠠᠨᠳᠤᠯ ᠪᠠᠶᠢᠴᠠᠭᠠᠬᠤ ᠲᠠᠰᠤᠭ ᠪᠠ  ᠰᠢᠷᠠᠮᠦ᠋ᠷᠡᠨ ᠪᠠᠶᠢᠴᠠᠭᠠᠬᠤ ᠲᠠᠰᠤᠭ ᠤᠨ ᠡᠷᠬᠢᠯᠡᠭᠴᠢ ᠫᠠᠨ ᡁᠢ ᠷᠥᠩ᠂ ᠶᠦᠨᠨᠠᠨ ᠮᠤᠵᠢ ᠶᠢᠨ ᠪᠠᠶᠢᠴᠠᠭᠠᠬᠤ ᠬᠤᠷᠢᠶᠠᠨ ᠤ ᠡᠷᠡᠭᠦᠦ ᠶᠢᠨ ᠬᠡᠷᠡᠭ ᠤᠨ ᠭᠤᠮᠤᠳᠠᠯ ᠲᠤᠭᠠᠴᠢᠯᠳᠠ ᠶᠢ ᠪᠠᠶᠢᠴᠠᠭᠠᠬᠤ ᠭᠠᠵᠠᠷ ᠤᠨ ᠲᠡᠳ᠋ ᠲᠠᠷᠤᠭ᠎ᠠ ᠭᠤᠣ ᠵᠢᠶᠧ ᠹᠧᠩ CCTV 2016 ᠤᠨ ᠤ ᠬᠠᠥᠯᠢ ᠪᠠᠷ ᠵᠠᠰᠠᠬᠤ ᠬᠦᠮᠦᠨ ᠢᠶᠠᠷ ᠰᠤᠩᠭᠤᠭᠳᠠᠵᠠᠢ᠃

    ᠦᠩᠭᠡᠷᠡᠭᠰᠡᠨ ᠲᠠᠢ ᠠᠳᠠᠯᠢ ᠦᠭᠡᠢ ᠨᠢ᠂ ᠦᠨᠦ ᠵᠢᠯ ᠤᠨ ᠱᠠᠩᠨᠠᠯ ᠤᠯᠭᠤᠬᠤ ᠶᠤᠰᠤᠯᠠᠯ ᠲᠡᠭᠡᠷ᠎ᠡ ᠠᠷᠪᠠᠨ ᠨᠡᠷᠡᠰ ︵ᠲᠤᠭᠤᠶᠢᠯᠠᠩ︶ CCTV 2016 ᠤᠨ ᠤ  ᠬᠠᠥᠯᠢ ᠪᠠᠷ ᠵᠠᠰᠠᠬᠤ ᠬᠦᠮᠦᠰ ᠲᠤ ᠱᠠᠩᠨᠠᠯ ᠤᠯᠭᠤᠬᠤ  ᠭᠤᠭᠴᠤᠭ᠎ᠠ ᠶᠢ ᠲᠤᠬᠢᠷᠠᠭᠤᠯᠤᠭᠰᠠᠨ ᠠᠴᠠ ᠭᠠᠳᠠᠨ᠎ᠠ᠂ ᠪᠠᠰᠠ CCTV 2016 ᠤᠨ ᠤ ᠰᠦᠯᠵᠢᠶᠡᠨ ᠲᠡᠭᠡᠷ᠎ᠡ ᠨᠦᠯᠦᠭᠡ ᠶᠡᠬᠡᠳᠠᠢ ᠬᠠᠥᠯᠢ ᠪᠠᠷ ᠵᠠᠰᠠᠬᠤ ᠬᠦᠮᠦᠰ ᠲᠤ ᠱᠠᠩᠨᠠᠯ ᠤᠯᠭᠤᠬᠤ ᠭᠤᠭᠴᠤᠭ᠎ᠠ ᠪᠠ ᠤᠨ ᠤ ᠬᠦᠨᠳᠦᠳᠭᠡᠯᠳᠡᠢ ᠪᠠᠭᠠᠲᠤᠷ ᠲᠤ  ᠱᠠᠩᠨᠠᠯ ᠤᠯᠭᠤᠬᠤ ᠭᠤᠭᠴᠤᠭ᠎ᠠ ᠶᠢ ᠤᠨᠴᠠᠭᠠᠶᠢᠯᠠᠨ ᠲᠤᠬᠢᠷᠠᠭᠤᠯᠵᠠᠢ᠃ 

    ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠲᠡᠳ᠋ ᠪᠠᠶᠢᠴᠠᠭᠠᠬᠤ ᠲᠠᠷᠤᠭ᠎ᠠ ᠰᠦᠨ ᠴᠢᠶᠠᠨ ᠱᠠᠩᠨᠠᠯ ᠤᠯᠭᠤᠬᠤ ᠶᠤᠰᠤᠯᠠᠯ ᠳᠤ ᠤᠷᠤᠯᠴᠠᠨ᠂ ᠤᠨ ᠤ ᠬᠠᠥᠯᠢ ᠪᠠᠷ ᠵᠠᠰᠠᠬᠤ ᠬᠦᠮᠦᠰ ᠲᠤ ᠱᠠᠩᠨᠠᠯ ᠤᠯᠭᠤᠵᠠᠢ᠃ ᠲᠤᠰ ᠬᠦᠳᠡᠯᠭᠡᠭᠡᠨ ᠢ ᠪᠦᠬᠦ ᠤᠯᠤᠰ ᠤᠨ ᠬᠠᠥᠯᠢ ᠲᠦᠭᠡᠮᠡᠯᠵᠢᠭᠦᠯᠬᠦ ᠠᠯᠪᠠᠨ ᠭᠡᠷ᠂ ᠬᠠᠥᠯᠢ ᠴᠠᠭᠠᠵᠠ ᠶᠢᠨ ᠶᠠᠮᠦᠨ᠂ ᠲᠦᠪ ᠤᠨ ᠲᠧᠯᠸᠢᠰ ᠬᠤᠷᠢᠶ᠎ᠠ ᠠᠴᠠ ᠭᠤᠤᠯᠯᠠᠨ ᠡᠷᠬᠢᠯᠡᠵᠦ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠪ ᠤᠨ ᠤᠯᠤᠰ ᠲᠦᠷᠦ ᠬᠠᠥᠯᠢ ᠴᠠᠭᠠᠵᠠ ᠶᠢᠨ ᠬᠤᠷᠢᠶ᠎ᠠ᠂ ᠠᠷᠠᠳ ᠤᠨ ᠲᠡᠭᠡᠳᠦ ᠰᠢᠭᠦᠬᠦ ᠬᠤᠷᠢᠶ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ᠂ ᠲᠤᠳᠤᠭᠠᠳᠤ ᠶᠢ ᠬᠠᠮᠠᠭᠠᠯᠠᠬᠤ ᠶᠠᠮᠤᠨ ᠤ ᠬᠦᠴᠦᠳᠠᠢ ᠲᠡᠮᠵᠢᠯᠭᠡ ᠲᠤᠤᠷ᠎ᠠ᠂ ᠲᠦᠪ ᠤᠨ ᠲᠧᠯᠸᠢᠰ ᠬᠤᠷᠢᠶᠠᠨ ᠤ ᠨᠡᠶᠢᠭᠡᠮ ᠪᠤᠯᠤᠨ ᠬᠠᠥᠯᠢ ᠶᠢᠨ ᠰᠤᠪᠠᠭ ᠠᠴᠠ ᠪᠤᠳᠠᠳᠠᠢ ᠲᠠᠭᠠᠭᠠᠨ ᠭᠦᠢᠴᠡᠳᠭᠡᠵᠠᠢ᠃

W020161206349778935721.jpg


         《 ᠤᠨ ᠤ ᠬᠠᠥᠯᠢ ᠪᠠᠷ ᠵᠠᠰᠠᠬᠤ ᠬᠦᠮᠦᠨ 》 ᠫᠠᠨ ᡁᠢ ᠷᠥᠩ

ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠭᠤᠳᠦ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶᠢᠴᠠᠭᠠᠬᠤ ᠬᠤᠷᠢᠶᠠᠨ ᠤ ᠮᠠᠨᠳᠦᠯ ᠪᠤᠭᠤᠮᠳᠠ ᠳᠤ ᠲᠤᠮᠢᠯᠠᠨ ᠰᠠᠭᠤᠭ᠎ᠠ ᠪᠠᠶᠢᠴᠠᠭᠠᠬᠤ ᠲᠠᠰᠤᠭ ᠪᠠ ᠰᠢᠷᠠᠮᠦ᠋ᠷᠡᠨ ᠪᠠᠶᠢᠴᠠᠭᠠᠬᠤ ᠲᠠᠰᠤᠭ ᠤᠨ ᠡᠷᠬᠢᠯᠡᠭᠴᠢ

W020161206349780324433.jpg


    ᠭᠤᠤᠯ ᠦᠢᠯᠡ ᠶᠠᠪᠤᠳᠠᠯ᠄ ᠫᠠᠨ ᡁᠢ ᠷᠥᠩ ᠠᠮᠢᠳᠤᠷᠠᠯ ᠪᠠᠷᠤᠭᠳᠠᠢ᠂ ᠭᠡᠪᠡᠴᠦ ᠮᠠᠯᠴᠢᠨ ᠨᠠᠶᠢᠵᠠ ᠬᠦᠴᠢᠷᠳᠡᠯ ᠲᠠᠢ ᠯᠠ ᠪᠤᠯ᠂ ᠲᠡᠷᠡ ᠦᠴᠦᠬᠡᠨ ᠴᠦ ᠲᠠᠳᠠᠭᠠᠯᠵᠠᠯ ᠦᠭᠡᠢ ᠲᠤᠰᠠᠯᠠᠨ ᠲᠡᠮᠵᠢᠨ᠎ᠡ᠂ ᠫᠠᠨ ᡁᠢ ᠷᠥᠩ ᠨᠠᠷᠢᠨ ᠨᠢᠮᠪᠠᠢ ᠠᠵᠢᠯᠯᠠᠵᠦ᠂ ᠮᠤᠩᠭᠤᠯ ᠦᠭᠡ ᠬᠡᠯᠡ ᠦᠰᠦᠭ ᠪᠢᠴᠢᠭ ᠰᠤᠷᠴᠦ᠂ ᠤᠨᠤᠪᠴᠢᠳᠠᠢ ᠤᠷᠤᠰᠤᠮ᠎ᠠ ᠮᠤᠩᠭᠤᠯ ᠬᠢᠳᠠᠳ ᠬᠤᠤᠰ ᠬᠡᠯᠡ ᠪᠠᠷ  ᠠᠵᠢᠯ ᠢᠶᠠᠨ ᠦᠷᠨᠢᠭᠦᠯᠵᠦ᠂ ᠮᠠᠯᠴᠢᠨ ᠲᠦᠮᠡᠨ ᠤ ᠰᠡᠳᠭᠢᠯ ᠳᠤ ᠭᠦᠨ ᠰᠠᠭᠤᠭᠳᠠᠵᠠᠢ᠂ ᠫᠠᠨ ᡁᠢ ᠷᠦᠩ ᠲᠦᠪ ᠭᠤᠤᠯᠴᠢ ᠪᠠᠷ ᠬᠠᠥᠯᠢ ᠬᠡᠷᠡᠭᠵᠢᠭᠦᠯᠵᠦ᠂ ᠬᠦᠮᠦᠨ ᠤ ᠬᠠᠷᠢᠴᠠᠭ᠎ᠠ ᠠᠷᠦ ᠡᠭᠦᠳᠡ ᠶᠢ ᠲᠡᠪᠴᠢᠬᠦ ᠶᠢᠨ ᠲᠦᠯᠦᠭᠡ᠂ ᠲᠡᠷᠡ ᠭᠡᠷ ᠲᠡᠭᠡᠨ ᠬᠠᠷᠢᠭᠰᠠᠭᠠᠷ ᠯᠠ ᠳ᠋ᠧᠩ ᠢᠶᠠᠨ ᠤᠨᠳᠠᠷᠭᠠᠨ ᠡᠭᠦᠳᠡ ᠪᠠᠨ ᠬᠠᠭᠠᠳᠠᠭ᠂ ᠡᠭᠦᠨ ᠠᠴᠠ ᠪᠤᠯᠵᠦ ᠲᠡᠭᠦᠨ ᠤ ᠡᠬᠡᠨᠠᠷ ᠨᠢ ᠡᠵᠢ ᠲᠠᠢ ᠪᠠᠨ ᠠᠭᠤᠯᠵᠠᠬᠤ ᠬᠠᠮᠤᠭ ᠡᠴᠦᠰ ᠤᠨ ᠲᠤᠬᠢᠶᠠᠯ ᠢᠶᠠᠨ ᠴᠦ ᠠᠯᠳᠠᠵᠠᠢ ᠃ ᠦᠨᠳᠦᠰᠦᠨ ᠱᠠᠳᠤᠨ ᠳᠤ 30 ᠵᠢᠯ ᠠᠵᠢᠯᠯᠠᠨ᠂ 600 ᠭᠠᠷᠤᠢ ᠬᠡᠷᠡᠭ ᠰᠢᠳᠭᠡᠵᠦ᠂ ᠨᠢᠭᠡ ᠴᠦ  ᠠᠯᠳᠠᠭ᠎ᠠ ᠭᠠᠷᠭᠠᠭᠰᠠᠨ ᠦᠭᠡᠢ᠃

    ᠱᠠᠩᠨᠠᠯ ᠤᠯᠭᠤᠬᠤ ᠦᠭᠡᠰ᠄ ᠲᠠᠯ᠎ᠠ ᠨᠤᠳᠤᠭ ᠲᠤ 30 ᠵᠢᠯ ᠰᠠᠭᠤᠷᠢᠰᠢᠨ᠂ 600 ᠭᠠᠷᠤᠢ ᠬᠡᠷᠡᠭ ᠨᠢᠭᠡ ᠴᠦ ᠠᠯᠳᠠᠭ᠎ᠠ ᠦᠭᠡᠢ᠂ ᠲᠡᠷᠡ ᠪᠤᠯ ᠬᠢᠯᠢ ᠬᠢᠵᠠᠭᠠᠷ ᠤᠨ ᠪᠠᠶᠢᠴᠠᠭᠠᠬᠤ ᠬᠤᠷᠢᠶᠠᠨ ᠤ ᠮᠤᠩᠭᠤᠯ ᠬᠢᠳᠠᠳ ᠬᠡᠯᠡᠨ ᠳᠤ ᠨᠡᠪᠳᠡᠷᠡᠭᠰᠡᠨ ᠪᠠᠶᠢᠴᠠᠭᠠᠬᠤ ᠠᠵᠢᠯᠳᠠᠨ᠂ ᠮᠦᠨᠴᠦ ᠠᠷᠠᠳ ᠲᠦᠮᠡᠨ ᠤ ᠲᠡᠷᠭᠡᠳᠡᠬᠢ ᠲᠠᠭᠤᠳᠠᠮᠠᠭᠴᠠ ᠢᠷᠡᠳᠡᠭ ᠨᠠᠶᠢᠵᠠ᠃ ᠲᠡᠷᠡ ᠪᠤᠯ ᠲᠠᠯ᠎ᠠ ᠨᠤᠳᠤᠭ ᠤᠨ ᠮᠠᠯᠴᠢᠨ ᠤ ᠰᠠᠶᠢᠨ ᠠᠨᠳᠠ ᠪᠤᠯᠤᠨ᠎ᠠ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro