ᠦᠪᠦᠷ ᠮᠤᠩᠭᠤᠯ ᠤᠨ ᠪᠠᠶᠢᠴᠠᠭᠠᠬᠤ ᠬᠤᠷᠢᠶᠠᠨ ᠤ ᠠᠯᠪᠠᠨ ᠵᠠᠭᠠᠯᠳᠤᠯᠭ᠎ᠠ ᠶᠢᠨ ᠨᠢᠭᠡᠳᠦᠭᠡᠷ ᠭᠠᠵᠠᠷ ᠨᠢ᠌᠌᠌᠌ ︽ᠪᠦᠬᠦ ᠤᠯᠤᠰ ᠤᠨ ᠡᠮᠡᠭᠳᠠᠶᠢᠴᠤᠳ ᠪᠠ ᠬᠡᠤᠬᠡᠳ ᠤᠨ ᠠᠵᠢᠯ ᠢ ᠬᠦᠭᠵᠢᠭᠦᠯᠬᠦ ᠬᠦᠳᠦᠯᠪᠦᠷᠢ ᠶᠢᠨ ᠲᠤᠪᠴᠢ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠳᠦ︾ ᠭᠡᠬᠦ ᠢᠷᠠᠭᠤ ᠠᠯᠳᠠᠷ ᠤᠨ ᠴᠤᠯᠠ ᠬᠦᠷᠳᠡᠪᠡ
2016 ᠤᠨ 11 ᠰᠠᠷ᠎ᠠ ᠶᠢᠨ 10 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠡᠮᠡᠭᠳᠠᠶᠢᠴᠤᠳ ᠪᠠ ᠬᠡᠤᠬᠡᠳ ᠤᠨ ᠠᠵᠢᠯ ᠤᠨ ᠺᠤᠮᠢᠰ ᠠᠴᠠ《ᠪᠦᠬᠦ ᠤᠯᠤᠰ ᠤᠨ ᠡᠮᠡᠭᠳᠠᠶᠢᠴᠤᠳ ᠪᠠ ᠪᠠᠭᠠᠴᠤᠳ ᠬᠡᠤᠬᠡᠳ ᠤᠨ ᠠᠵᠢᠯ ᠢ ᠬᠦᠭᠵᠢᠭᠦᠯᠬᠦ ᠬᠦᠳᠦᠯᠪᠦᠷᠢ ᠶᠢᠨ ᠲᠤᠪᠴᠢ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠳᠦ ᠪᠠ ᠲᠡᠷᠢᠭᠦᠨ ᠤ ᠬᠦᠮᠦᠨ ᠢ ᠰᠠᠶᠢᠰᠢᠶᠠᠨ ᠬᠦᠬᠢᠭᠦᠯᠬᠦ ᠲᠤᠬᠠᠢ ᠲᠤᠭᠳᠠᠭᠠᠯ》 ᠭᠠᠷᠭᠠᠵᠦ᠂ ᠪᠦᠬᠦ ᠤᠯᠤᠰ ᠤᠨ 100 ᠨᠢᠭᠡᠴᠢ ᠳᠤ《ᠪᠦᠬᠦ ᠤᠯᠤᠰ ᠤᠨ ᠡᠮᠡᠭᠳᠠᠶᠢᠴᠤᠳ ᠪᠠ ᠪᠠᠭᠠᠴᠤᠳ ᠬᠡᠤᠬᠡᠳ ᠤᠨ ᠠᠵᠢᠯ ᠢ ᠬᠦᠭᠵᠢᠭᠦᠯᠬᠦ ᠬᠦᠳᠦᠯᠪᠦᠷᠢ ᠶᠢᠨ ᠲᠤᠪᠴᠢ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠳᠦ》 ᠶᠢᠨ ᠢᠷᠠᠭᠤ ᠠᠯᠳᠠᠷ ᠤᠨ ᠴᠤᠯᠠ ᠤᠯᠭᠤᠪᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠠᠯᠪᠠᠨ ᠵᠠᠭᠠᠯᠳᠤᠯᠭ᠎ᠠ ᠶᠢᠨ ᠨᠢᠭᠡᠳᠦᠭᠡᠷ ᠭᠠᠵᠠᠷ ᠨᠢ《ᠪᠦᠬᠦ ᠤᠯᠤᠰ ᠤᠨ ᠡᠮᠡᠭᠳᠠᠶᠢᠴᠤᠳ ᠪᠠ ᠪᠠᠭᠠᠴᠤᠳ ᠬᠡᠤᠬᠡᠳ ᠤᠨ ᠠᠵᠢᠯ ᠢ ᠬᠦᠭᠵᠢᠭᠦᠯᠬᠦ ᠬᠦᠳᠦᠯᠪᠦᠷᠢ ᠶᠢᠨ ᠲᠤᠪᠴᠢ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠳᠦ》 ᠶᠢᠨ ᠴᠤᠯᠠ ᠬᠦᠷᠳᠡᠵᠦ᠂ ᠪᠦᠬᠦ ᠤᠯᠤᠰ ᠤᠨ ᠲᠤᠰ ᠢᠷᠠᠭᠤ ᠠᠯᠳᠠᠷ ᠢ ᠬᠦᠷᠳᠡᠭᠰᠡᠨ ᠬᠤᠶᠠᠷᠬᠠᠨ ᠪᠠᠶᠢᠴᠠᠭᠠᠬᠤ ᠪᠠᠶᠢᠭᠤᠯᠭ᠎ᠠ ᠶᠢᠨ ᠨᠢᠭᠡ ᠨᠢ ᠪᠤᠯᠤᠭᠰᠠᠨ ᠮᠦᠷᠳᠡᠭᠡᠨ ᠪᠦᠬᠦ ᠤᠷᠤᠨ ᠤ ᠢᠷᠠᠭᠤ ᠠᠯᠳᠠᠷ ᠤᠨ ᠴᠤᠯᠠ ᠬᠦᠷᠳᠡᠭᠰᠡᠨ ᠬᠤᠶᠠᠷᠬᠠᠨ ᠬᠠᠮᠳᠦ ᠶᠢᠨ ᠨᠢᠭᠡ ᠨᠢ ᠪᠤᠯᠪᠠ᠃
ᠤᠯᠠᠨ ᠵᠢᠯ ᠦᠨ ᠲᠤᠷᠰᠢ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶᠠᠨ ᠣ ᠠᠯᠪᠠᠨ ᠵᠠᠭᠠᠯᠳᠤᠯᠭ᠎ᠠ ᠶᠢᠨ ᠨᠢᠭᠡᠳᠦᠭᠡᠷ ᠭᠠᠵᠠᠷ ᠡᠴᠡ ᠡᠮᠡᠭᠳᠡᠶᠢᠴᠦᠳ ᠪᠠ ᠪᠠᠭᠠᠴᠤᠳ ᠬᠡᠦᠬᠡᠳ ᠦᠨ ᠡᠷᠬᠡ ᠠᠰᠢᠭ ᠢ ᠬᠠᠮᠠᠭᠠᠯᠠᠬᠤ ᠠᠵᠢᠯ ᠢ ᠲᠡᠭᠡᠳᠦ ᠬᠡᠮᠵᠢᠶ᠎ᠡ ᠪᠡᠷ ᠴᠢᠬᠤᠯᠠᠴᠢᠯᠠᠵᠦ᠂︽ ᠬᠤᠶᠠᠷ ᠬᠦᠳᠦᠯᠪᠦᠷᠢ︾ ᠶᠢᠨ ᠬᠠᠷᠠᠯᠳᠠ ᠪᠠ ᠬᠠᠷᠢᠭᠤᠴᠠᠯᠭ᠎ᠠ ᠶᠢ ᠠᠵᠢᠯ ᠤᠨ ᠶᠡᠷᠦᠩᠬᠡᠢ ᠲᠦᠯᠦᠪᠵᠢᠭᠦᠯᠭᠡ ᠳ᠋ᠡᠭᠡᠨ ᠤᠷᠤᠭᠤᠯᠵᠦ᠂ ᠵᠢᠯ ᠪᠦᠷᠢ ᠲᠤᠬᠢᠷᠠᠭᠤᠯᠭ᠎ᠠ ᠲᠠᠢ᠂ ᠵᠦᠢᠯ ᠪᠦᠷᠢ ᠪᠠᠶᠢᠷᠢᠯᠠᠭᠤᠯᠭᠠ ᠲᠠᠢ᠂︽ ᠬᠤᠶᠠᠷ ᠬᠦᠳᠦᠯᠪᠦᠷᠢ︾ ᠶᠢ ᠦᠨᠡᠨᠬᠦ ᠭᠦᠨᠵᠡᠭᠡᠢ ᠲᠤᠤᠱᠯᠠᠭᠤᠯᠤᠨ ᠬᠡᠷᠡᠭᠵᠢᠭᠦᠯᠵᠦ᠂ ᠦᠪᠡᠷᠳᠡᠭᠡᠨ ᠵᠠᠰᠠᠬᠤ ᠤᠷᠤᠨ ᠣ ᠡᠮᠡᠭᠳᠡᠶᠢᠴᠦᠳ ᠪᠠ ᠪᠠᠭᠠᠴᠤᠳ ᠬᠡᠦᠬᠡᠳ ᠤᠨ ᠬᠠᠥᠯᠢ ᠴᠠᠭᠠᠵᠠ ᠶᠢᠨ ᠬᠠᠮᠠᠭᠠᠯᠠᠯ ᠤᠨ ᠠᠵᠢᠯ ᠳᠤ ᠲᠤᠪᠤᠶᠢᠮ᠎ᠠ ᠦᠢᠯᠡᠳᠦᠯ ᠦᠵᠡᠭᠦᠯᠵᠠᠢ᠃2012 ᠤᠨ ᠳᠤ ᠦᠪᠡᠷᠳᠡᠭᠡᠨ ᠵᠠᠰᠠᠬᠤ ᠤᠷᠤᠨ ᠣ ᠡᠮᠡᠭᠳᠡᠶᠢᠴᠦᠳ ᠦᠨ ᠬᠤᠯᠪᠤᠭ᠎ᠠ ᠳᠤ ︽ᠦᠪᠡᠷᠳᠡᠭᠡᠨ ᠵᠠᠰᠠᠬᠤ ᠤᠷᠤᠨ ᠣ ᠡᠮᠡᠭᠳᠡᠶᠢᠴᠦᠳ ᠦᠨ ᠪᠤᠯᠪᠠᠰᠤᠨ ᠣ ᠠᠵᠢᠯ ᠤᠨ ᠪᠠᠶᠢᠷᠢ︾ ᠪᠠᠷ ᠰᠤᠩᠭᠤᠭᠳᠠᠵᠤ᠂2014 ᠤᠨ ᠳᠤ ᠦᠪᠡᠷᠳᠡᠭᠡᠨ ᠵᠠᠰᠠᠬᠤ ᠤᠷᠤᠨ ᠣ ᠠᠵᠢᠯᠳᠠᠨ ᠣ ᠶᠡᠷᠦᠩᠬᠡᠢ ᠡᠪᠯᠡᠯ ᠡᠴᠡ ︽ ᠲᠠᠪᠦᠨ ᠰᠠᠷ᠎ᠠ ᠶᠢᠨ ᠨᠢᠭᠡᠨ ᠣ ᠡᠮᠡᠭᠳᠡᠶᠢᠴᠦᠳ ᠦᠨ ᠪᠤᠯᠪᠠᠰᠤᠨ ᠣ ᠵᠢᠱᠢᠶᠡᠴᠢ ᠪᠠᠶᠢᠷᠢ︾ ᠶᠢᠨ ᠢᠷᠠᠭᠤ ᠠᠯᠳᠠᠷ ᠤᠨ ᠴᠤᠯᠠ ᠤᠯᠭᠤᠵᠠᠢ᠃
ᠠᠯᠪᠠᠨ ᠵᠠᠭᠠᠯᠳᠤᠯᠭ᠎ᠠ ᠶᠢᠨ ᠡᠭᠦᠷᠭᠡ ᠴᠢᠳᠠᠪᠦᠷᠢ ᠶᠢᠨ ᠵᠤᠭᠰᠤᠴᠠ ᠡᠴᠡ ᠡᠭᠦᠰᠦᠨ᠂ ᠴᠤᠬᠢᠯᠳᠠ ᠦᠭᠬᠦ ᠪᠠ ᠬᠠᠮᠠᠭᠠᠯᠠᠬᠤ ᠶᠢ ᠬᠠᠮᠳᠦᠪᠠᠷ ᠴᠢᠬᠤᠯᠠᠴᠢᠯᠠᠵᠦ᠂ ᠪᠦᠬᠦ ᠬᠦᠴᠦᠨ ᠢᠶᠡᠷ ᠡᠮᠡᠭᠳᠡᠶᠢᠴᠦᠳ ᠪᠠ ᠪᠠᠭᠠᠴᠦᠳ ᠬᠡᠦᠬᠡᠳ ᠦᠨ ᠬᠠᠥᠯᠢ ᠶᠤᠰᠤᠨ ᠣ ᠡᠷᠬᠡ ᠠᠰᠢᠭ ᠢ ᠪᠠᠳᠤᠯᠠᠵᠠᠢ᠃ ᠤᠯᠠᠨ ᠵᠢᠯ ᠦᠨ ᠲᠤᠷᠰᠢ᠂ ᠠᠯᠪᠠᠨ ᠵᠠᠭᠠᠯᠳᠤᠯᠭ᠎ᠠ ᠶᠢᠨ ᠨᠢᠭᠡᠳᠦᠭᠡᠷ ᠭᠠᠵᠠᠷ ᠡᠴᠡ ᠡᠯ᠎ᠡ ᠱᠠᠳᠤᠨ ᠣ ᠬᠤᠷᠢᠶᠠᠨ ᠣ ᠠᠯᠪᠠᠨ ᠵᠠᠭᠠᠯᠳᠤᠯᠭ᠎ᠠ ᠶᠢᠨ ᠰᠠᠯᠠᠭ᠎ᠠ ᠮᠦᠴᠢᠷ ᠦᠨ ᠡᠮᠡᠭᠳᠡᠶᠢᠴᠦᠳ ᠪᠠ ᠪᠠᠭᠠᠴᠤᠳ ᠬᠡᠦᠬᠡᠳ ᠦᠨ ᠡᠷᠬᠡ ᠠᠰᠢᠭ ᠢ ᠬᠠᠮᠠᠭᠠᠯᠠᠬᠤ ᠠᠵᠢᠯ ᠦᠷᠨᠢᠭᠦᠯᠬᠦ ᠶᠢ ᠢᠳᠡᠪᠬᠢᠳᠠᠢ ᠵᠢᠯᠤᠭᠤᠳᠤᠨ ᠠᠬᠢᠭᠤᠯᠵᠠᠢ᠃
ᠰᠠᠨᠠᠯ ᠲᠤᠷᠠᠳᠤᠨ ᠠᠷᠭ᠎ᠠ ᠲᠡᠪᠰᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠢᠳᠡᠪᠬᠢᠳᠠᠢ ᠬᠠᠮᠵᠢᠯᠴᠠᠨ ᠶᠡᠷᠦᠩᠬᠡᠶᠢᠯᠡᠨ ᠰᠡᠷᠭᠡᠶᠢᠯᠡᠬᠦ ᠪᠠᠶᠢᠭᠤᠯᠤᠮᠵᠢ ᠪᠠᠶᠢᠭᠤᠯᠵᠦ᠂ ᠬᠠᠥᠯᠢ ᠪᠡᠷ ᠵᠠᠰᠠᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠲᠡᠭᠡᠷ᠎ᠡ ᠬᠦᠴᠦ ᠤᠷᠤᠭᠤᠯᠵᠠᠢ᠃︽ ᠬᠤᠶᠠᠷ ᠬᠦᠳᠦᠯᠪᠦᠷᠢ︾ ᠶᠢᠨ ᠭᠡᠰᠢᠭᠦᠨ ᠪᠠᠶᠢᠭᠤᠯᠭ᠎ᠠ ᠪᠤᠯᠤᠭᠰᠠᠨ ᠣ ᠬᠤᠪᠢ ᠳᠤ᠂ ᠠᠯᠪᠠᠨ ᠵᠠᠭᠠᠯᠳᠤᠯᠭ᠎ᠠ ᠶᠢᠨ ᠨᠢᠭᠡᠳᠦᠭᠡᠷ ᠭᠠᠵᠠᠷ ᠨᠢ ᠬᠠᠮᠢᠶ᠎ᠠ ᠪᠦᠬᠦᠢ ᠪᠠᠶᠢᠭᠤᠯᠭ᠎ᠠ ᠲᠠᠢ ᠢᠳᠡᠪᠬᠢᠳᠠᠢ ᠬᠠᠮᠵᠢᠯᠴᠠᠨ᠂ ᠡᠮᠡᠭᠳᠡᠶᠢᠴᠦᠳ ᠪᠠ ᠪᠠᠭᠠᠴᠤᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠬᠠᠮᠢᠶ᠎ᠠ ᠪᠦᠬᠦᠢ ᠬᠠᠥᠯᠢ ᠴᠠᠭᠠᠵᠠ ᠬᠠᠥᠯᠢ ᠲᠤᠭᠳᠠᠭᠠᠯ ᠢ ᠲᠡᠭᠦᠯᠳᠡᠷᠵᠢᠭᠦᠯᠬᠦ ᠶᠢ ᠠᠬᠢᠭᠤᠯᠤᠨ᠂ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠨᠡᠶᠢᠭᠡᠮ ᠦᠨ ᠵᠠᠰᠠᠯᠳᠠ ᠳᠤ ᠤᠷᠤᠯᠴᠠᠨ᠂ ᠰᠠᠶᠢᠨ ᠰᠠᠶᠢᠬᠠᠨ ᠬᠠᠥᠯᠢ ᠪᠠᠷ ᠵᠠᠰᠠᠬᠤ ᠤᠷᠴᠢᠨ ᠲᠤᠭᠤᠷᠢᠨ ᠶᠢ ᠪᠠᠶᠢᠭᠤᠯᠵᠠᠢ᠃
ᠨᠠᠰᠤᠨ ᠳᠤ ᠦᠯᠦ ᠬᠦᠷᠦᠭᠰᠡᠳ ᠦᠨ ᠡᠷᠡᠭᠦᠦ ᠶᠢᠨ ᠬᠡᠷᠡᠭ ᠢ ᠪᠠᠶᠢᠴᠠᠭᠠᠬᠤ ᠲᠤᠰᠬᠠᠶᠢᠵᠢᠭᠰᠠᠨ ᠲᠤᠭᠳᠠᠯᠴᠠᠭ᠎ᠠ ᠶᠢ ᠴᠢᠷᠮᠠᠶᠢᠨ ᠪᠠᠶᠢᠭᠤᠯᠵᠠᠢ᠃2013 ᠤᠨ ᠡᠴᠡ ᠨᠠᠰᠢ᠂ ᠨᠠᠰᠤᠨ ᠳᠤ ᠦᠯᠦ ᠬᠦᠷᠦᠭᠰᠡᠳ ᠦᠨ ᠡᠷᠡᠭᠦᠦ ᠶᠢᠨ ᠬᠡᠷᠡᠭ ᠢ ᠪᠠᠶᠢᠴᠠᠭᠠᠬᠤ ᠠᠵᠢᠯ ᠤᠨ ᠲᠤᠰᠬᠠᠶᠢᠵᠢᠭᠰᠠᠨ ᠪᠠᠶᠢᠭᠤᠯᠤᠯᠳᠠ ᠶᠢ ᠠᠬᠢᠭᠤᠯᠬᠤ ᠶᠢᠨ ᠲᠦᠯᠦᠭᠡ ᠪᠦᠬᠦ ᠬᠦᠴᠦᠨ ᠢᠶᠡᠷ ᠴᠢᠷᠮᠠᠶᠢᠵᠦ᠂ ᠨᠠᠰᠤᠨ ᠳᠤ ᠦᠯᠦ ᠬᠦᠷᠦᠭᠰᠡᠳ ᠦᠨ ᠵᠠᠷᠭᠤ ᠶᠢᠨ ᠡᠷᠬᠡ ᠶᠢ ᠨᠡᠩ ᠭᠦᠢᠴᠡᠳ ᠪᠠᠳᠤᠯᠠᠵᠠᠢ᠃