ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠮᠠ ᠶᠦᠩ ᠱᠧᠩ ᠪᠠᠶᠢᠴᠠᠭᠠᠬᠤ ᠲᠠᠷᠤᠭ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠠᠷᠪᠠᠨ ᠬᠤᠶᠠᠳᠤᠭᠠᠷ ᠬᠤᠭᠤᠴᠠᠭᠠᠨ ‍ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠲᠡᠭᠡᠷ᠎ᠡ ᠪᠠᠶᠢᠴᠠᠭᠠᠬᠤ ᠬᠤᠷᠢᠶᠠᠨ ‍ᠣ ᠠᠵᠢᠯ ᠤᠨ ᠮᠡᠳᠡᠭᠦᠯᠦᠯᠳᠡ ᠬᠢᠪᠡ

2017-01-24 11:12:17
ᠵᠣᠬᠢᠶᠠᠭᠴᠢ
ᠪᠤᠤ ᠡᠾᠦ᠋ᠢ ᠮᠧᠢ

ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠠᠷᠪᠠᠨ ᠬᠤᠶᠠᠳᠤᠭᠠᠷ ᠬᠤᠭᠤᠴᠠᠭᠠᠨ ‍ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠦᠪᠦᠷ ᠮᠤᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠭᠤᠷᠪᠠᠳᠤᠭᠠᠷ ᠪᠦᠬᠦᠳᠡ ᠬᠤᠷᠠᠯ ᠢ ᠬᠤᠷᠠᠯᠳᠤᠭᠤᠯᠵᠦ ᠪᠠᠶᠢᠭ᠎ᠠ ᠨᠢ

W020170117623456228649.jpg

ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠶᠡᠬᠡ ᠬᠤᠷᠠᠯ ᠲᠡᠭᠡᠷ᠎ᠡ ︽ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠠᠵᠢᠯ ᠤᠨ ᠮᠡᠳᠡᠭᠦᠯᠦᠯᠳᠡ︾ ᠬᠢᠵᠦ ᠪᠠᠶᠢᠭ᠎ᠠ ᠨᠢ

W020170117623456771049.jpg

    1ᠰᠠᠷ᠎ᠠ ᠶᠢᠨ17 ‍ᠣ ᠦᠳᠡ ᠶᠢᠨ ᠡᠮᠦᠨ᠎ᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠠᠷᠪᠠᠨ ᠬᠤᠶᠠᠳᠤᠭᠠᠷ ᠬᠤᠭᠤᠴᠠᠭᠠᠨ ‍ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠦᠪᠦᠷ ᠮᠤᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠭᠤᠷᠪᠠᠳᠤᠭᠠᠷ ᠪᠦᠬᠦᠳᠡ ᠬᠤᠷᠠᠯ ᠢ ᠬᠤᠷᠠᠯᠳᠤᠭᠤᠯᠵᠦ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠶᠡᠬᠡ ᠬᠤᠷᠠᠯ ᠲᠡᠭᠡᠷ᠎ᠡ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠠᠵᠢᠯ ᠤᠨ ᠮᠡᠳᠡᠭᠦᠯᠦᠯᠳᠡ︾  ᠬᠢᠪᠡ᠃

    ᠮᠠ ᠶᠦᠩ ᠱᠧᠩ ᠪᠠᠶᠢᠴᠠᠭᠠᠬᠤ ᠲᠠᠷᠤᠭ᠎ᠠ ᠠᠵᠦ ᠠᠬᠤᠢ ᠶᠢᠨ ᠦᠷᠬᠦᠯᠵᠢᠯᠡᠨ ᠬᠦᠭᠵᠢᠬᠦ ᠶᠢ ᠪᠠᠳᠤᠯᠠᠬᠤ᠂ ᠲᠤᠰᠢᠶᠠᠯ ᠤᠨ ᠶᠠᠯᠠᠳᠦ ᠬᠡᠷᠡᠭ ᠢ ᠪᠠᠶᠢᠴᠠᠭᠠᠨ ᠰᠢᠳᠭᠡᠬᠦ ᠪᠠ ᠤᠷᠢᠳᠴᠢᠯᠡᠨ ᠰᠡᠷᠭᠡᠶᠢᠯᠡᠬᠦ ᠬᠦᠴᠦᠯᠡᠴᠡ ᠪᠠᠨ ᠨᠡᠮᠡᠭᠳᠡᠭᠦᠯᠬᠦ᠂ ᠵᠠᠷᠭᠤ ᠶᠢᠨ ᠠᠵᠢᠯᠯᠠᠭ᠎ᠠ ᠳᠤ ᠬᠠᠥᠯᠢ ᠴᠠᠭᠠᠵᠠ ᠶᠢᠨ ᠬᠢᠨᠠᠯᠳᠠ ᠲᠠᠯᠪᠢᠬᠤ ᠪᠠᠨ ᠴᠢᠩᠭᠠᠳᠬᠠᠬᠤ᠂ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ ᠴᠠᠭᠠᠷᠠᠵᠤ ᠬᠠᠳᠠᠭᠤᠵᠢᠭᠰᠠᠨ ᠪᠠᠶᠢᠴᠠᠭᠠᠬᠤ ᠡᠩᠨᠡᠭᠡ ᠶᠢ ᠪᠦᠳᠦᠭᠡᠨ ᠪᠠᠶᠢᠭᠤᠯᠬᠤ ᠵᠡᠷᠭᠡ ᠲᠠᠪᠤᠨ ᠲᠠᠯ᠎ᠠ ᠪᠠᠷ 2016 ᠤᠨ ‍ᠣ ᠪᠠᠶᠢᠴᠠᠭᠠᠬᠤ ᠠᠵᠢᠯ ᠢᠶᠠᠨ ᠡᠷᠭᠢᠴᠡᠭᠦᠯᠦᠨ ᠳ᠋ᠦᠩᠨᠡᠪᠡ᠃ 2017 ᠤᠨ ᠳᠦ ᠪᠠᠶᠢᠴᠠᠭᠠᠬᠤ ᠠᠵᠢᠯ ᠤᠨ ᠯᠠᠪᠳᠠᠭᠤᠨ ᠢᠶᠠᠷ ᠤᠷᠤᠭᠰᠢᠯᠠᠬᠤ ᠦᠨᠳᠦᠰᠦᠨ ᠬᠦᠭ ᠠᠶᠠᠰ ᠢ ᠪᠠᠳᠤ ᠡᠵᠡᠮᠰᠢᠵᠦ᠂ ᠬᠠᠥᠯᠢ ᠪᠠᠷᠢᠵᠦ ᠬᠡᠷᠡᠭ ᠰᠢᠳᠭᠡᠬᠦ ᠪᠡᠷ ᠭᠤᠤᠯ ᠪᠤᠯᠭᠠᠵᠦ᠂ ᠦᠨᠳᠦᠰᠦᠨ ᠬᠠᠥᠯᠢ ᠪᠠ ᠬᠠᠥᠯᠢ ᠴᠠᠭᠠᠵᠠ ᠶᠢᠨ ᠤᠯᠭᠤᠭᠰᠠᠨ ᠲᠤᠰᠢᠶᠠᠯ ᠬᠠᠷᠢᠭᠤᠴᠠᠯᠭ᠎ᠠ ᠶᠢ ᠦᠨᠡᠨᠴᠢ ᠰᠢᠳᠤᠷᠭᠤ ᠪᠠᠷ ᠭᠦᠢᠴᠡᠳᠭᠡᠵᠦ᠂ ᠪᠠᠷ᠎ᠠ ᠪᠠᠷ᠎ᠠ ᠪᠠᠨ ᠬᠠᠷᠠᠯᠴᠠᠨ ᠲᠤᠰᠠᠯᠠᠯᠴᠠᠵᠤ᠂ ᠪᠦᠯᠬᠦᠮᠳᠡᠨ ᠲᠡᠮᠡᠴᠡᠵᠦ᠂ ᠪᠤᠴᠠᠯᠳᠠ ᠦᠭᠡᠢ ᠤᠷᠤᠭᠰᠢᠯᠠᠨ᠂ ︽ᠨᠢᠭᠡ ᠶᠡᠷᠦᠩᠬᠡᠢ ᠬᠠᠷᠠᠯᠳᠠ︾᠂ ︽ᠬᠤᠶᠠᠷ ᠬᠠᠯᠬᠠᠪᠴᠢ︾᠂ ︽ᠭᠤᠷᠪᠠᠨ ᠨᠠᠭᠠᠳᠤ ᠵᠠᠬ᠎ᠠ ᠶᠢᠨ ᠪᠠᠷᠢᠮᠵᠢᠶ᠎ᠠ︾᠂ ︽ᠲᠦᠷᠪᠡᠨ ᠦᠨᠳᠦᠷ ᠪᠠᠶᠢᠬᠤ︾᠂ ︽ᠲᠠᠪᠤᠨ ᠵᠤᠬᠢᠴᠠᠩᠭᠤᠢ ᠪᠠᠶᠢᠬᠤ︾᠂ ︽ᠵᠢᠷᠭᠤᠭᠠᠨ ᠶᠡᠬᠡ ᠰᠠᠭᠤᠷᠢᠨ ᠭᠠᠵᠠᠷ︾᠂ ︽ᠲᠤᠯᠤᠭᠠᠨ ᠲᠤᠤᠷ ᠲᠤᠯᠤᠭᠠᠨ ᠦᠢᠯᠡᠰ ᠲᠤᠯᠤᠭᠠᠨ ᠰᠢᠨ᠎ᠡ︾ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢᠨ ᠨᠠᠶᠢᠳᠠᠪᠦᠷᠢᠵᠢᠭᠤᠯᠤᠯᠳᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠦ᠂ ᠪᠠᠶᠢᠴᠠᠭᠠᠬᠤ ᠠᠵᠢᠯ ᠤᠨ  ᠲᠠᠪᠠᠯᠳᠠᠳᠤ ᠮᠠᠶ᠋ᠢᠭ ᠤᠨ ᠬᠦᠭᠵᠢᠯᠳᠡ ᠶᠢᠨ ᠬᠠᠷᠠᠯᠳᠠ ᠵᠦᠭ ᠡᠷᠡᠯᠬᠡᠭᠯᠡᠨ ᠤᠷᠤᠭᠰᠢᠯᠠᠵᠤ᠂ ᠰᠢᠯᠢᠳᠡᠭ ᠦᠷ᠎ᠡ ᠠᠮᠵᠢᠯᠳᠠ ᠪᠡᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ70 ᠵᠢᠯ ᠦᠨ ᠤᠢ ᠶᠢ ᠪᠡᠯᠭᠡᠯᠡᠵᠦ᠂ ᠨᠠᠮ ᠤᠨ ᠠᠷᠪᠠᠨ ᠶᠢᠰᠦᠳᠦᠭᠡᠷ ᠶᠡᠬᠡ ᠬᠤᠷᠠᠯ ᠤᠨ ᠠᠮᠵᠢᠯᠳᠠ ᠲᠠᠢ ᠪᠠᠷ ᠬᠤᠷᠠᠯᠳᠤᠬᠤ ᠶᠢ ᠤᠭᠳᠤᠨ᠎ᠠ᠃

    ᠲᠦᠪ ᠶᠤᠰᠤᠨ ᠤ ᠰᠦᠯᠵᠢᠶ᠎ᠡ᠂ ᠦᠪᠦᠷ ᠮᠤᠩᠭᠤᠯ ᠤᠨ ᠪᠠᠶᠢᠴᠠᠭᠠᠬᠤ ᠠᠯᠪᠠᠨ ‍ᠣ ᠪᠢᠴᠢᠯ ᠪᠦᠷᠬᠡ ᠲᠡᠭᠡᠷ᠎ᠡ ᠠᠵᠢᠯ ᠤᠨ ᠮᠡᠳᠡᠭᠦᠯᠦᠯᠳᠡ ᠶᠢᠨ ᠭᠤᠤᠯ ᠠᠭᠤᠯᠭ᠎ᠠ ᠶᠢ ᠵᠡᠷᠭᠡᠪᠡᠷ ᠰᠢᠭᠤᠳ ᠨᠡᠪᠳᠡᠷᠡᠭᠦᠯᠵᠦ᠂ ᠨᠡᠶᠢᠭᠡᠮ ᠨᠡᠶᠢᠳᠡ ᠳᠦ ᠪᠦᠬᠦ ᠵᠢᠯ ᠦᠨ ᠠᠵᠢᠯ ᠤᠨ ᠪᠠᠶᠢᠳᠠᠯ ᠢᠶᠠᠨ ᠮᠡᠳᠡᠭᠳᠡᠵᠡᠢ᠃

 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro