ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠬᠦᠯᠤᠯᠳᠠ

2017-01-22 10:19:23
ᠵᠣᠬᠢᠶᠠᠭᠴᠢ
ᠮᠠ ᠶᠥᠡᠭ ᠱᠸᠡᠭ

ᠳᠥᠯᠤᠬᠡᠯᠡᠭᠴᠢᠳ ᠡ᠄ 

    ᠤᠳᠤ ᠪᠢ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠡᠮᠤᠨ᠎ᠠ ᠠᠴᠠ ᠶᠡᠭᠡ ᠬᠤᠷᠠᠯ ᠳᠤ ᠠᠵᠢᠯ ᠢᠶᠠᠨ ᠮᠡᠳᠡᠬᠦᠯᠤᠶ᠎ᠠ᠂ ᠬᠢᠨᠠᠨ ᠵᠥᠪᠯᠡᠬᠦ ᠪᠤᠯᠪᠠᠤ᠂ ᠤᠯᠤᠰ ᠳᠥᠷᠤ ᠶᠢᠨ ᠵᠥᠪᠯᠡᠯᠬᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠡᠳ ᠴᠤ ᠰᠠᠨᠠᠯ ᠢᠶᠠᠨ ᠳᠤᠷᠠᠳᠬᠤ ᠪᠤᠯᠪᠠᠤ᠃ 

    2016 ᠤᠨ ᠳᠤ᠂ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠵᠥᠪ ᠤᠳᠤᠷᠢᠳᠤᠯᠭ᠎ᠠ ᠳᠤᠤᠷ᠎ᠠ᠂ ᠥᠪᠡᠷᠳᠡᠬᠡᠨ ᠵᠠᠰᠠᠬᠤ ᠤᠷᠤᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠡᠭᠭᠤ ᠶᠢᠨ ᠬᠤᠷᠢᠶᠠᠨ ᠤ ᠬᠢᠨᠠᠯᠳᠠ ᠪᠠ ᠥᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ᠂ ᠤᠯᠤᠰ ᠳᠥᠷᠤ ᠶᠢᠨ ᠵᠥᠪᠯᠡᠯᠬᠡᠨ ᠵᠢᠴᠢ ᠨᠠᠶᠢᠬᠡᠮ ᠤᠨ ᠡᠯ᠎ᠠ ᠡᠳᠡᠬᠡᠳ ᠤᠨ ᠬᠢᠨ ᠤ ᠬᠠᠯᠠᠮᠵᠢᠯᠠᠯ ᠳᠡᠮᠵᠢᠯᠬᠡ ᠳᠤᠤᠷ᠎ᠠ᠂ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ᠂ ᠠᠷᠪᠡᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠤᠬᠡᠷ᠂ ᠳᠠᠪᠤᠳᠤᠭᠠᠷ᠂ ᠵᠢᠷᠭᠤᠳᠤᠭᠠᠷ ᠪᠥᠬᠦᠳᠠ ᠬᠤᠷᠠᠯᠳᠤᠭᠠᠨ ᠤ ᠵᠤᠷᠢᠭ ᠰᠠᠨᠠᠭ᠎ᠠ ᠪᠠ ᠰᠢ ᠶᠢᠨ ᠫᠢᠡᠭ ᠶᠠᠷᠤᠩᠬᠡᠢ ᠱᠥᠵᠢ ᠶᠢᠨ ᠰᠢᠷᠢᠰ ᠴᠢᠬᠤᠯᠠ ᠶᠠᠷᠢᠶ᠎ᠠ᠂ ᠥᠪᠤᠷ ᠮᠤᠩᠭᠤᠯ ᠢ ᠰᠢᠠᠵᠢᠯᠠᠨ ᠪᠠᠶᠢᠴᠠᠭᠠᠬᠤ ᠥᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠥᠠᠵᠡᠬᠡᠢ ᠰᠤᠷᠤᠯᠴᠠᠨ ᠳᠤᠤᠱᠯᠠᠭᠤᠯᠵᠤ᠂ ᠥᠪᠡᠷᠳᠡᠬᠡᠨ ᠵᠠᠰᠠᠬᠤ ᠤᠷᠤᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠡᠭᠭᠤ ᠶᠢᠨ ᠬᠤᠷᠢᠶᠠᠨ ᠤ ᠰᠢᠢᠳᠪᠤᠷᠢ ᠪᠠ ᠳᠤᠬᠳᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠠᠤᠯᠢ ᠪᠠᠷ ᠵᠠᠰᠠᠬᠤ ᠰᠡᠳᠬᠢᠴᠠ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠠᠵᠢᠯ ᠢᠶᠠᠨ ᠥᠷᠨᠢᠬᠦᠯᠵᠤ᠂ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠳᠤᠰᠢᠶᠠᠯ ᠬᠠᠷᠢᠭᠤᠴᠠᠯᠭ᠎ᠠ ᠪᠠᠨ ᠥᠨᠠᠠᠴᠢ ᠰᠢᠳᠤᠷᠭᠤ ᠪᠠᠷ ᠬᠥᠢᠴᠡᠳᠬᠡᠨ᠂ ᠡᠩᠬᠡ ᠳᠠᠶᠢᠪᠤᠡᠭ ᠥᠪᠤᠷ ᠮᠤᠩᠭᠤᠯ᠂ ᠬᠠᠤᠯᠢ ᠪᠠᠷ ᠵᠠᠰᠠᠬᠤ ᠥᠪᠤᠷ ᠮᠤᠩᠭᠤᠯ ᠤᠨ ᠪᠥᠳᠤᠬᠡᠨ ᠪᠠᠶᠢᠭᠤᠯᠤᠯᠳᠠ ᠶᠢ ᠢᠳᠡᠪᠬᠢᠳᠡᠢ ᠳᠥᠯᠬᠢᠨ ᠠᠬᠢᠭᠤᠯᠤᠭᠠᠳ᠂ ᠡᠯ᠎ᠠ ᠵᠥᠢᠯ ᠤᠨ ᠪᠠᠶᠢᠴᠠᠭᠠᠬᠤ ᠠᠵᠢᠯ ᠴᠥᠮ ᠰᠢᠨ᠎ᠠ ᠥᠷ᠎ᠠ ᠠᠮᠵᠢᠯᠳᠠ ᠤᠯᠪᠠ᠃ 

    ᠨᠢᠬᠡ᠂ ᠡᠯ᠎ᠠ ᠵᠥᠢᠯ ᠤᠨ ᠪᠠᠶᠢᠴᠠᠭᠠᠬᠤ ᠠᠵᠢᠯ ᠤᠨ ᠡᠷᠬᠡ ᠴᠢᠳᠡᠮᠵᠢ ᠶᠢ ᠶᠠᠷᠤᠩᠬᠡᠶᠢᠯᠡᠨ ᠬᠡᠷᠡᠭᠯᠡᠵᠤ᠂ ᠠᠵᠤ ᠠᠬᠤᠢ ᠶᠢᠨ ᠳᠤᠬᠳᠠᠭᠤᠨ ᠪᠥᠬᠡᠳ ᠡᠷᠡᠬᠦᠯ ᠬᠥᠭᠵᠢᠯᠳᠠ᠂ ᠨᠠᠶᠢᠬᠡᠮ ᠤᠨ ᠡᠶ᠎ᠡ ᠵᠤᠬᠢᠴᠡᠯ ᠳᠤᠬᠳᠠᠭᠤᠨ ᠢ  ᠪᠠᠲᠤᠯᠠᠪᠠ 

    ᠪᠦᠬᠦ ᠳᠡᠯ᠎ᠠ ᠳᠤ ᠥᠢᠯᠡᠴᠢᠯᠡᠬᠦ ᠶᠢ ᠪᠠᠷᠢᠮᠳᠠᠯᠠᠵᠤ᠂ ᠥᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠳᠥᠯᠤᠬᠡᠯᠡᠭᠴᠢᠳ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠶᠢᠨ ᠳᠤᠭᠤᠷᠢᠨ ᠳᠤ᠂ ᠤᠳᠤᠬᠢᠴᠢᠯᠠᠬᠰᠠᠨ ᠥᠪᠤᠷ ᠮᠤᠩᠭᠤᠯ ᠤᠨ ᠪᠥᠳᠤᠬᠡᠨ ᠪᠠᠶᠢᠭᠤᠯᠤᠯᠳᠠ ᠳᠤ ᠥᠢᠯᠡᠴᠢᠯᠡᠬᠦ᠂ ᠤᠮᠠᠷᠠᠳᠤ ᠬᠢᠯᠢ ᠶᠢᠨ ᠥᠵᠡᠰᠬᠦᠯᠡᠩᠳᠤ ᠥᠵᠠᠮᠵᠢ ᠶᠢᠨ ᠤᠷᠤᠨ ᠪᠥᠰᠠ ᠶᠢ ᠪᠤᠢ ᠪᠤᠯᠭᠠᠬᠤ ᠳᠤ ᠬᠥᠴᠤᠨ ᠪᠥᠬᠦᠢ ᠬᠠᠤᠯᠢ ᠪᠠᠷᠢᠬᠤ ᠪᠠᠳᠤᠯᠠᠭ᠎ᠠ ᠬᠠᠨᠭ᠍ᠭᠠᠬᠤ ᠪᠤᠳᠠᠳᠠᠢ ᠰᠠᠨᠠᠯ ᠳᠤᠷᠠᠳᠴᠤ᠂ ᠪᠠᠶᠢᠴᠠᠭᠠᠬᠤ ᠠᠵᠢᠯ ᠪᠤᠯᠤᠨ ᠠᠵᠤ ᠠᠬᠤᠢ ᠨᠠᠶᠢᠬᠡᠮ ᠤᠨ ᠬᠥᠭᠵᠢᠯᠳᠠ ᠶᠢᠨ ᠤᠯᠠᠮ ᠨᠢᠬᠳᠠ ᠤᠶᠠᠯᠳᠤᠬᠤ ᠶᠢ ᠳᠥᠯᠬᠢᠨ ᠠᠬᠢᠭᠤᠯᠵᠠᠢ᠃ 

    ᠬᠥᠭᠵᠢᠯᠳᠠ ᠶᠢ ᠳᠠᠷᠢᠬᠦᠨ ᠴᠢᠬᠤᠯᠠ ᠡᠬᠦᠷᠬᠡ ᠪᠤᠯᠭᠠᠬᠤ ᠶᠢ ᠪᠠᠳᠤᠯᠠᠵᠤ᠂ ᠰᠠᠶᠢᠨ ᠰᠠᠶᠢᠬᠠᠨ ᠬᠠᠤᠯᠢ ᠪᠠᠷ ᠵᠠᠰᠠᠬᠤ ᠤᠷᠴᠢᠨ ᠳᠤᠭᠤᠷᠢᠨ ᠢ ᠴᠢᠷᠮᠠᠶᠢᠨ ᠪᠤᠢ ᠪᠤᠯᠭᠠᠪᠠ᠃ ᠴᠢᠬᠤᠯᠠ ᠶᠡᠭᠡ ᠳᠥᠷᠤᠯ ᠵᠥᠢᠯ ᠤᠨ ᠪᠥᠳᠤᠬᠡᠨ ᠪᠠᠶᠢᠭᠤᠯᠤᠯᠳᠠ ᠳᠤ ᠥᠢᠯᠡᠴᠢᠯᠡᠬᠦ ᠶᠢ ᠪᠠᠳᠤᠯᠠᠬᠤ ᠰᠠᠨᠠᠯ ᠭᠠᠷᠭᠠᠵᠤ᠂ ᠳᠥᠷᠤ ᠶᠢᠨ ᠪᠤᠳᠤᠯᠭ᠎ᠠ ᠶᠢᠨ ᠤᠳᠤᠷᠢᠳᠤᠮᠵᠢ ᠶᠢ ᠴᠢᠩᠭᠠᠷᠠᠭᠤᠯᠪᠠ᠃ ᠬᠥᠬᠡᠬᠤᠳᠠ ᠶᠢᠨ ᠳᠤᠭᠤᠷᠢᠯ ᠵᠠᠮ ᠬᠠᠷᠢᠯᠴᠠᠭ᠎ᠠ ᠵᠠᠷᠬᠡ 4 ᠴᠢᠬᠤᠯᠠ ᠶᠡᠭᠡ ᠳᠥᠷᠤᠯ ᠵᠥᠢᠯ ᠢ ᠪᠥᠬᠦ ᠤᠯᠤᠰ ᠤᠨ ᠳᠤᠰᠬᠠᠢ ᠤᠷᠢᠳᠴᠢᠯᠠᠨ ᠰᠠᠷᠬᠡᠶᠢᠯᠡᠬᠦ ᠵᠥᠢᠯ ᠳᠤ ᠮᠡᠳᠡᠬᠦᠯᠤᠨ ᠤᠷᠤᠭᠤᠯᠤᠬᠰᠠᠨ ᠪᠥᠬᠡᠳ ᠪᠠᠯᠠ ᠤᠷᠤᠭᠤᠯᠤᠯᠳᠠ ᠨᠢ ᠳ᠋ᠦᠡᠭᠰᠢᠭᠤᠷ ᠳᠥᠬᠦᠷᠢᠭ ᠢ ᠳᠠᠪᠠᠭᠰᠠᠨ ᠪᠥᠬᠦ ᠤᠷᠤᠨ ᠤ 76 ᠴᠢᠬᠤᠯᠠ ᠶᠡᠭᠡ ᠳᠥᠷᠤᠯ ᠵᠥᠢᠯ ᠤᠨ ᠳᠤᠰᠢᠶᠠᠯ ᠤᠨ ᠶᠠᠯ᠎ᠠ ᠬᠢᠬᠦ ᠶᠢ ᠤᠷᠢᠳᠴᠢᠯᠠᠨ ᠰᠠᠷᠬᠡᠶᠢᠯᠡᠬᠦ ᠠᠵᠢᠯ ᠢ ᠨᠠᠷ᠎ᠠ ᠳᠤᠷᠠᠳᠤᠨ ᠱᠠᠭᠠᠷᠳᠠᠨ ᠪᠠᠶᠢᠴᠠᠭᠠᠵᠤ᠂ ᠪᠠᠷᠢᠯᠭ᠎ᠠ ᠶᠢᠨ ᠰᠢᠯᠢᠳᠡᠭ ᠴᠢᠨᠠᠷ᠂ ᠺᠠᠳ᠋ᠷ ᠤᠨ ᠰᠢᠯᠢᠳᠡᠭ ᠰᠠᠶᠢᠨ ᠪᠠᠶᠢᠬᠤ ᠶᠢ ᠪᠠᠳᠤᠯᠠᠵᠠᠢ᠃ ᠮᠥᠡᠭᠬᠦᠨ ᠬᠥᠢᠯᠬᠡᠬᠡᠨ ᠤ ᠬᠢᠬᠠᠨ ᠮᠡᠬᠡᠯᠡᠭᠰᠡᠨ᠂ ᠬᠡᠷ᠎ᠠ ᠪᠠᠷ ᠬᠢᠬᠠᠨ ᠮᠡᠬᠡᠯᠡᠭᠰᠡᠨ᠂ ᠳᠤᠳᠤᠷ ᠠᠷᠠᠯᠵᠢᠶ᠎ᠠ᠂ ᠬᠠᠤᠯᠢ ᠪᠤᠰᠤ ᠪᠠᠷ ᠪᠠᠯᠠ ᠮᠥᠡᠭᠬᠦ ᠴᠤᠬᠯᠠᠭᠤᠯᠤᠬᠰᠠᠨ ᠵᠠᠷᠬᠡ ᠬᠥᠠᠳᠤ ᠨᠤᠴᠢᠳᠡᠢ ᠠᠵᠤ ᠠᠬᠤᠢ ᠶᠢᠨ ᠶᠠᠯᠠᠳᠤ ᠬᠡᠷᠡᠭ ᠢ ᠬᠠᠤᠯᠢ ᠶᠤᠰᠤᠭᠠᠷ ᠵᠠᠯᠬᠠᠭᠠᠨ ᠰᠢᠳᠬᠡᠵᠤ᠂ ᠵᠠᠬ᠎ᠠ ᠳᠡᠯᠬᠡᠬᠦᠷ ᠤᠨ ᠠᠵᠤ ᠠᠬᠤᠢ ᠶᠢᠨ ᠡᠮᠬᠢ ᠳᠢᠭᠯᠢᠮ ᠢ ᠡᠪᠳᠡᠭᠰᠡᠨ ᠶᠠᠯ᠎ᠠ ᠬᠢᠭᠰᠡᠨ 1678 ᠬᠥᠮᠤᠨ ᠢ ᠵᠠᠭᠠᠯᠳᠤᠪᠠ᠃ ᠠᠶᠤᠯᠬᠦᠢ ᠥᠢᠯᠡᠳᠪᠤᠷᠢᠯᠡᠯ ᠤᠨ ᠬᠥᠷᠢᠶ᠎ᠠ ᠬᠡᠪᠴᠢᠶᠠᠨ ᠳᠤ ᠭᠠᠷᠤᠬᠰᠠᠨ ᠶᠠᠯᠠᠳᠤ ᠬᠡᠷᠡᠭ ᠢ ᠬᠠᠤᠯᠢ ᠶᠤᠰᠤᠭᠠᠷ ᠵᠠᠯᠬᠠᠭᠠᠨ ᠰᠢᠳᠬᠡᠵᠤ᠂ ᠬᠥᠠᠳᠤ ᠶᠡᠭᠡ ᠠᠮᠤᠷ ᠳᠥᠪᠰᠢᠨ ᠤ ᠠᠳᠡᠭᠳᠡᠯ ᠤᠨ ᠪᠠᠶᠢᠴᠠᠭᠠᠯᠳᠠ ᠳᠤ ᠵᠠᠷᠬᠡᠪᠡᠷ ᠤᠷᠤᠯᠴᠠᠬᠤ ᠳᠤᠬᠳᠠᠴᠠ ᠶᠢ ᠪᠥᠷᠢᠠᠰᠢᠬᠦᠯᠤᠨ᠂ ᠬᠥᠠᠳᠤ ᠶᠡᠭᠡ ᠬᠠᠷᠢᠭᠤᠴᠠᠯᠭ᠎ᠠ ᠶᠢᠨ ᠠᠳᠡᠭᠳᠡᠯ ᠤᠨ ᠶᠠᠯ᠎ᠠ ᠬᠢᠭᠰᠡᠨ 135 ᠬᠥᠮᠤᠨ ᠢ ᠵᠠᠭᠠᠯᠳᠤᠵᠤ᠂ ᠠᠳᠡᠭᠳᠡᠯ ᠳᠤ ᠬᠤᠯᠪᠤᠬᠳᠠᠬᠰᠠᠨ ᠳᠤᠰᠢᠶᠠᠯ ᠤᠨ ᠶᠠᠯ᠎ᠠ ᠬᠢᠭᠰᠡᠨ 81 ᠬᠥᠮᠤᠨ ᠢ ᠪᠠᠶᠢᠴᠠᠭᠠᠨ ᠰᠢᠳᠬᠡᠪᠡ᠃ ᠤᠯᠠᠭᠠᠠᠬᠠᠳᠠ ᠬᠤᠳᠠ ᠶᠢᠨ ᠪᠤᠤᠮᠠ ᠠᠭᠤᠷᠬᠠᠢ ᠶᠢᠨ ᠥᠢᠯᠠᠰ ᠤᠨ ᠭᠠᠰ ᠳᠡᠯᠪᠡᠷᠡᠭᠰᠡᠨ ᠠᠭᠤᠷᠬᠠᠢ ᠶᠢᠨ ᠠᠳᠡᠭᠳᠡᠯ ᠭᠠᠷᠤᠬᠰᠠᠨ ᠤ ᠳᠠᠷᠠᠭ᠎ᠠ᠂ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠤᠭᠤᠢᠢᠯᠠᠩ ᠲᠠᠢ ᠢᠳᠡᠪᠬᠢᠳᠡᠢ ᠤᠶᠠᠯᠳᠤᠨ ᠪᠠᠶᠢᠴᠠᠭᠠᠯᠳᠠ ᠬᠢᠵᠤ᠂ ᠳᠤᠰᠢᠶᠠᠯ ᠢᠶᠠᠨ ᠤᠮᠳᠤᠭᠠᠢᠢᠯᠠᠵᠤ ᠬᠠᠷᠢᠭᠤᠴᠠᠯᠭ᠎ᠠ ᠪᠠᠨ ᠠᠯᠳᠠᠬᠰᠠᠨ ᠶᠠᠯ᠎ᠠ ᠪᠠᠷ 6 ᠬᠥᠮᠤᠨ ᠢ ᠬᠡᠷᠡᠭ ᠪᠤᠯᠭᠠᠨ ᠪᠠᠶᠢᠴᠠᠭᠠᠨ ᠰᠢᠳᠬᠡᠵᠤ᠂ ᠬᠥᠠᠳᠤ ᠶᠡᠭᠡ ᠬᠠᠷᠢᠭᠤᠴᠠᠯᠭ᠎ᠠ ᠶᠢᠨ ᠠᠳᠡᠭᠳᠡᠯ ᠤᠨ ᠶᠠᠯ᠎ᠠ᠂ ᠬᠠᠤᠯᠢ ᠪᠤᠰᠤ ᠪᠠᠷ ᠠᠭᠤᠷᠬᠠᠢ ᠮᠠᠯᠳᠠᠬᠰᠠᠨ ᠶᠠᠯ᠎ᠠ ᠪᠠᠷ 21 ᠬᠥᠮᠤᠨ ᠢ ᠪᠠᠷᠢᠪᠴᠢᠯᠠᠬᠤ ᠪᠠᠷ ᠵᠥᠪᠰᠢᠶᠡᠷᠡᠵᠠᠢ᠃ ᠠᠷᠪᠡᠨ ᠬᠤᠶᠠᠷ ᠵᠤᠷᠪᠤᠰ ᠠᠷᠭ᠎ᠠ ᠬᠡᠮᠵᠢᠶ᠎ᠠ ᠶᠢ ᠳᠤᠬᠳᠠᠭᠠᠨ᠂ ᠨᠠᠶᠢᠳᠠ ᠶᠢᠨ ᠥᠮᠴᠢᠯᠠᠯ ᠤᠨ ᠪᠤᠰᠤ ᠠᠵᠤ ᠠᠬᠤᠢ ᠶᠢᠨ ᠬᠥᠭᠵᠢᠯᠳᠠ ᠳᠤ ᠥᠢᠯᠡᠴᠢᠯᠡᠪᠡ᠃ ᠨᠠᠶᠢᠳᠠ ᠶᠢᠨ ᠥᠮᠴᠢᠯᠠᠯ ᠤᠨ ᠪᠤᠰᠤ ᠠᠵᠤ ᠠᠬᠤᠢᠢᠯᠠᠯ ᠤᠨ ᠡᠷᠬᠡ ᠠᠰᠢᠭ ᠢ ᠬᠤᠬᠢᠷᠠᠭᠤᠯᠤᠬᠰᠠᠨ 1347 ᠶᠠᠯ᠎ᠠ ᠬᠢᠭᠰᠡᠨ ᠰᠡᠵᠢᠭᠳᠡᠨ ᠢ ᠬᠠᠤᠯᠢ ᠶᠤᠰᠤᠭᠠᠷ ᠪᠠᠷᠢᠪᠴᠢᠯᠠᠬᠤ ᠪᠠᠷ ᠵᠥᠪᠰᠢᠶᠡᠷᠡᠵᠤ᠂ 3583 ᠬᠥᠮᠤᠨ ᠢ ᠵᠠᠭᠠᠯᠳᠤᠵᠤ᠂ ᠠᠳᠠᠯᠢ ᠬᠤᠭᠤᠴᠠᠭᠠᠨ ᠤ ᠬᠢ ᠠᠴᠠ ᠳᠤᠰ ᠳᠤᠰ 18.2%᠂ 12.9% ᠪᠠᠷ ᠳᠡᠬᠡᠭᠰᠢᠯᠡᠪᠡ᠃ ᠳᠥᠷᠤ ᠶᠢᠨ ᠪᠠᠶᠢᠭᠤᠯᠭ᠎ᠠ ᠶᠢᠨ ᠠᠵᠢᠯᠳᠠᠨ ᠤ ︽ᠢᠳᠡᠬᠦ ᠠᠪᠬᠤ ᠭᠠᠴᠢᠬᠤ ᠱᠤᠯᠤᠬᠤ︾ ᠵᠠᠷᠬᠡ ᠳᠤᠰᠢᠶᠠᠯ ᠤᠨ ᠶᠠᠯ᠎ᠠ ᠬᠢᠭᠰᠡᠨ 235 ᠬᠥᠮᠤᠨ ᠢ ᠬᠡᠷᠡᠭ ᠪᠤᠯᠭᠠᠨ ᠪᠠᠶᠢᠴᠠᠭᠠᠨ ᠰᠢᠳᠬᠡᠵᠠᠢ᠃ ᠨᠠᠶᠢᠳᠠ ᠤᠯᠠᠨ ᠢᠶᠠᠷ ᠥᠢᠯᠠᠰ ᠪᠥᠳᠤᠬᠡᠬᠦ᠂ ᠳᠦᠭ ᠳᠥᠮᠠᠨ ᠢᠶᠠᠷ ᠰᠢᠨ᠎ᠠ ᠶᠢ ᠡᠬᠦᠳᠬᠦ ᠶᠢ ᠪᠠᠳᠤᠯᠠᠵᠤ᠂ ᠤᠶᠤᠨ ᠮᠡᠳᠡᠯᠬᠡ ᠶᠢᠨ ᠥᠮᠴᠢ ᠶᠢᠨ ᠡᠷᠬᠡ ᠳᠤ ᠬᠠᠯᠳᠠᠬᠰᠠᠨ᠂ ᠬᠠᠭᠤᠷᠮᠠᠭ ᠮᠠᠭᠤ ᠳᠠᠸᠠᠷ ᠥᠢᠯᠡᠳᠴᠤ ᠪᠤᠷᠤᠯᠠᠭᠤᠯᠤᠬᠰᠠᠨ ᠵᠠᠷᠬᠡ ᠶᠠᠯ᠎ᠠ ᠬᠢᠭᠰᠡᠨ 153 ᠬᠥᠮᠤᠨ ᠢ ᠵᠠᠭᠠᠯᠳᠤᠪᠠ᠃ 

    ᠳᠤᠬᠳᠠᠭᠤᠨ ᠢ ᠬᠠᠮᠠᠭᠠᠯᠠᠬᠤ ᠶᠢ ᠨᠢᠬᠡᠳᠤᠬᠡᠷ ᠬᠠᠷᠢᠭᠤᠴᠠᠯᠭ᠎ᠠ ᠪᠤᠯᠭᠠᠬᠤ ᠶᠢ ᠪᠠᠳᠤ ᠴᠡᠬᠡᠵᠢᠯᠡᠵᠤ᠂ ᠨᠠᠶᠢᠬᠡᠮ ᠤᠨ ᠡᠶ᠎ᠡ ᠵᠤᠬᠢᠴᠡᠯ ᠳᠤᠬᠳᠠᠭᠤᠨ ᠢ ᠪᠥᠬᠦ ᠬᠥᠴᠤ ᠪᠠᠷ ᠢᠶᠠᠨ ᠬᠠᠮᠠᠭᠠᠯᠠᠪᠠ᠃ ᠪᠠᠷᠢᠪᠴᠢᠯᠠᠬᠤ ᠶᠢ ᠵᠥᠪᠰᠢᠶᠡᠷᠡᠬᠦ᠂ ᠵᠠᠭᠠᠯᠳᠤᠬᠤ ᠳᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠥᠢᠴᠡᠳᠬᠡᠨ᠂ ᠡᠯ᠎ᠠ ᠳᠥᠷᠤᠯ ᠤᠨ ᠡᠷᠡᠬᠦᠤ ᠶᠢᠨ ᠬᠡᠷᠡᠭ ᠤᠨ ᠶᠠᠯ᠎ᠠ ᠬᠢᠭᠰᠡᠨ 12988 ᠰᠡᠵᠢᠭᠳᠡᠨ ᠢ ᠬᠠᠤᠯᠢ ᠶᠤᠰᠤᠭᠠᠷ ᠪᠠᠷᠢᠪᠴᠢᠯᠠᠬᠤ ᠪᠠᠷ ᠵᠥᠪᠰᠢᠶᠡᠷᠡᠵᠤ᠂ 29812 ᠬᠥᠮᠤᠨ ᠢ ᠵᠠᠭᠠᠯᠳᠤᠵᠤ᠂ ᠭᠤᠭᠤᠵᠢᠬᠳᠠᠬᠰᠠᠨ ᠶᠠᠯ᠎ᠠ ᠪᠠ ᠬᠡᠷᠡᠭ ᠤᠨ 1895 ᠬᠥᠮᠤᠨ ᠢ ᠨᠡᠬᠡᠮᠵᠢᠯᠡᠨ ᠪᠠᠷᠢᠪᠴᠢᠯᠠᠵᠤ ᠵᠠᠭᠠᠯᠳᠤᠪᠠ᠃ ᠤᠷᠠᠳ ᠤᠨ ᠳᠤᠮᠳᠠᠳᠤ ᠬᠤᠰᠢᠭᠤᠨ ᠤ ︽1.02︾ ᠤᠨ ᠵᠤᠷᠢᠭᠤᠳᠠ ᠬᠥᠮᠤᠨ ᠠᠯᠠᠭᠠᠳ ᠠᠭᠤᠷᠬᠠᠢ ᠶᠢᠨ ᠠᠳᠡᠭᠳᠡᠯ ᠢᠶᠠᠷ ᠬᠠᠭᠤᠷᠮᠠᠬᠯᠠᠵᠤ ᠳᠥᠯᠤᠪᠤᠷᠢ ᠶᠢᠨ ᠮᠥᠡᠭᠬᠦ ᠮᠡᠬᠡᠯᠡᠨ ᠠᠪᠤᠬᠰᠠᠨ ᠰᠢᠷᠢᠰ ᠬᠡᠷᠡᠭ ᠤᠨ ᠳᠤᠷᠰᠢᠨ ᠪᠠᠶᠢᠴᠠᠭᠠᠯᠳᠠ ᠳᠤ ᠤᠷᠢᠳᠴᠢᠯᠠᠨ ᠤᠷᠤᠯᠴᠠᠵᠤ᠂ ᠬᠡᠷᠡᠴᠢ ᠠᠪᠬᠤ ᠶᠢ ᠬᠥᠳᠤᠯᠤᠨ ᠳᠠᠭᠠᠭᠤᠯᠵᠤ᠂ ᠶᠠᠯ᠎ᠠ ᠬᠢᠭᠰᠡᠨ ᠰᠡᠵᠢᠭᠳᠡᠨ 56 ᠬᠥᠮᠤᠨ ᠢ ᠬᠠᠤᠯᠢ ᠶᠤᠰᠤᠭᠠᠷ ᠪᠠᠷᠢᠪᠴᠢᠯᠠᠬᠤ ᠪᠠᠷ ᠵᠥᠪᠰᠢᠶᠡᠷᠡᠵᠤ᠂ 74 ᠬᠥᠮᠤᠨ ᠢ ᠵᠠᠭᠠᠯᠳᠤᠪᠠ᠃ ᠴᠠᠬᠢᠯᠭᠠᠨ ᠬᠤᠯᠪᠤᠭᠠᠨ ᠤ ᠳᠤᠤᠷ ᠤᠨ ᠬᠠᠤᠯᠢ ᠵᠥᠷᠢᠴᠡᠵᠤ ᠶᠠᠯ᠎ᠠ ᠬᠢᠭᠰᠡᠳ ᠲᠤ ᠴᠤᠬᠢᠯᠳᠠ ᠥᠭᠬᠦ ᠳᠤᠰᠬᠠᠢ ᠠᠵᠢᠯᠯᠠᠭ᠎ᠠ ᠳᠤ ᠢᠳᠡᠪᠬᠢᠳᠡᠢ ᠤᠷᠤᠯᠴᠠᠵᠤ᠂ ᠴᠠᠬᠢᠯᠭᠠᠨ ᠬᠤᠯᠪᠤᠭᠠᠨ ᠤ ᠬᠢᠬᠠᠨ ᠮᠡᠬᠡᠯᠡᠭᠰᠡᠨ ᠶᠠᠯ᠎ᠡ ᠬᠢᠭᠰᠡᠨ 367 ᠬᠥᠮᠤᠨ ᠢ ᠪᠠᠷᠢᠪᠴᠢᠯᠠᠬᠤ ᠪᠠᠷ ᠵᠥᠪᠰᠢᠶᠡᠷᠡᠪᠡ᠃ ᠰᠥᠯᠵᠢᠶᠠᠨ ᠳᠡᠬᠡᠷ᠎ᠠ ᠳᠤᠤᠷᠠᠬᠢ ᠶᠢ ᠤᠶᠠᠯᠳᠤᠭᠤᠯᠤᠬᠰᠠᠨ ︽ᠨᠢᠬᠡ ᠥᠷᠳᠡᠬᠡᠳᠤ ᠮᠠᠶ᠋ᠢᠭ︾ ᠤᠨ ᠪᠠᠶᠢᠴᠠᠭᠠᠬᠤ ᠳᠤ ᠬᠤᠯᠪᠤᠬᠳᠠᠬᠰᠠᠨ ᠵᠠᠬᠢᠳᠡᠯ ᠰᠤᠷᠪᠤᠯᠵᠢᠯᠠᠯ ᠤᠨ ᠳᠡᠪᠴᠠᠩ ᠤᠨ ᠪᠠᠶᠢᠭᠤᠯᠤᠯᠳᠠ ᠶᠢ ᠶᠡᠬᠡᠪᠡᠷ ᠠᠬᠢᠭᠤᠯᠵᠤ᠂ ᠤᠯᠠᠨ ᠳᠥᠮᠠᠨ ᠤ ᠵᠠᠭᠠᠯᠳᠤᠬᠰᠠᠨ ᠭᠤᠮᠤᠳᠡᠯ ᠳᠤᠭᠠᠴᠢᠬᠰᠠᠨ ᠢᠯᠡᠴᠢᠯᠡᠨ ᠮᠡᠳᠡᠬᠦᠯᠥᠭᠰᠡᠨ 8724 ᠬᠡᠷᠡᠭ ᠢ ᠪᠠᠶᠢᠴᠠᠭᠠᠨ ᠰᠢᠳᠬᠡᠪᠡ᠃ ᠠᠯᠤᠰ ᠬᠠᠷᠠᠭᠠᠨ ᠳᠡᠪᠳᠡᠮᠵᠢ ᠶᠢᠨ ᠰᠢᠰᠲ᠋ᠧᠮ ᠢᠶᠠᠷ ᠬᠥᠯᠢᠶᠠᠨ ᠠᠭᠤᠯᠵᠠᠬᠤ ᠶᠢ ᠪᠡᠶᠡᠯᠡᠬᠦᠯᠤᠬᠡᠳ᠂ ᠮᠢᠩᠭᠠᠨ ᠭᠠᠵᠠᠷ ᠤᠨ ᠬᠤᠯᠠ ᠪᠠᠶᠢᠭ᠎ᠠ ᠳᠤᠬᠠᠢ ᠶᠢᠨ ᠬᠥᠮᠤᠨ ᠴᠤ ᠳᠡᠬᠡᠳᠤ ᠱᠠᠳᠤᠨ ᠤ ᠪᠠᠶᠢᠴᠠᠭᠠᠬᠤ ᠳᠤᠰᠢᠶᠠᠯᠳᠠᠨ ᠲᠠᠢ ᠠᠮᠠᠷᠬᠠᠨ ᠤᠯᠵᠤ ᠠᠭᠤᠯᠵᠠᠬᠤ ᠪᠤᠯᠪᠠ᠃ ᠬᠠᠤᠯᠢᠴᠢ ᠵᠠᠷᠬᠡ ᠭᠤᠷᠪᠡᠳᠤᠭᠠᠷ ᠡᠳᠡᠬᠡᠳ ᠤᠨ ᠤᠷᠤᠯᠴᠠᠬᠰᠠᠨ ᠵᠠᠬᠢᠳᠡᠯ ᠰᠤᠷᠪᠤᠯᠵᠢᠯᠠᠯ ᠤᠨ ᠠᠵᠢᠯ ᠤᠨ ᠳᠤᠬᠳᠠᠴᠠ ᠶᠢ ᠪᠥᠬᠦ ᠳᠡᠯ᠎ᠠ ᠪᠠᠷ ᠳᠡᠯᠬᠡᠷᠡᠬᠦᠯᠵᠤ᠂ 54 ᠬᠠᠤᠯᠢᠴᠢ ᠶᠢ ᠤᠷᠢᠵᠤ ᠵᠠᠬᠢᠳᠡᠯ ᠰᠤᠷᠪᠤᠯᠵᠢᠯᠠᠯ ᠢ ᠬᠥᠯᠢᠶᠡᠨ ᠠᠪᠬᠤ ᠳᠤ ᠤᠷᠤᠯᠴᠠᠭᠤᠯᠵᠤ᠂ ᠨᠢᠬᠡ ᠪᠥᠯᠥᠭ ᠳᠥᠪᠡᠭ ᠬᠥᠴᠢᠷᠳᠡᠢ ᠵᠠᠬᠢᠳᠡᠯ ᠰᠤᠷᠪᠤᠯᠵᠢᠯᠠᠯ ᠤᠨ ᠬᠡᠷᠡᠭ ᠢ ᠨᠠᠮᠳᠠᠭᠤᠯᠪᠠ᠃ ᠨᠠᠶᠢᠬᠡᠮ ᠤᠨ ᠠᠮᠤᠷ ᠢ ᠬᠠᠮᠠᠭᠠᠯᠠᠬᠤ ᠰᠠᠷᠬᠡᠶᠢᠯᠡᠯ ᠡᠵᠡᠮᠰᠢᠯ ᠤᠨ ᠰᠢᠰᠲ᠋ᠧᠮ ᠤᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠵᠤ᠂ ᠭᠤᠤᠯᠳᠡᠯᠭ᠎ᠠ ᠲᠠᠢ ᠤᠷᠤᠨ᠂ ᠭᠤᠤᠯᠳᠡᠯᠭ᠎ᠠ ᠲᠠᠢ ᠬᠥᠷᠢᠶ᠎ᠠ ᠬᠡᠪᠴᠢᠶᠠᠨ ᠤ ᠳᠤᠪᠤᠶᠢᠮ᠎ᠠ ᠠᠰᠠᠭᠤᠳᠡᠯ ᠢ ᠬᠠᠮᠵᠢᠯᠴᠠᠨ ᠴᠡᠭᠴᠡᠯᠡᠨ ᠵᠠᠰᠠᠵᠠᠢ᠃ ᠨᠠᠰᠤᠨ ᠳᠤ ᠥᠯᠤ ᠬᠥᠷᠥᠭᠰᠡᠳ ᠲᠠᠬᠢ ᠬᠠᠤᠯᠢ ᠪᠠᠷᠢᠯᠳᠠ ᠶᠢᠨ ᠬᠠᠮᠠᠭᠠᠯᠠᠯᠳᠠ ᠪᠠᠨ ᠴᠢᠩᠭᠠᠳᠬᠠᠵᠤ᠂ ᠰᠤᠷᠭᠠᠭᠤᠯᠢ ᠶᠢᠨ ᠬᠥᠷᠢᠶᠠᠨ ᠤ ᠭᠤᠳᠤᠭᠠᠨ ᠳᠤᠷᠤᠮᠵᠢᠯᠠᠬᠤ ᠶᠢ ᠰᠠᠷᠬᠡᠶᠢᠯᠡᠨ ᠵᠠᠰᠠᠬᠤ ᠳᠤ ᠢᠳᠡᠪᠬᠢᠳᠡᠢ ᠤᠷᠤᠯᠴᠠᠪᠠ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠠᠯᠪᠡᠨ ᠵᠠᠭᠠᠯᠳᠤᠯᠭ᠎ᠠ ᠶᠢᠨ ᠨᠢᠬᠡᠳᠤᠬᠡᠷ ᠭᠠᠵᠠᠷ ᠳᠥᠷᠤ ᠶᠢᠨ ᠶᠠᠪᠤᠳᠡᠯ ᠤᠨ ᠬᠤᠷᠢᠶᠠᠨ ᠤ ᠡᠮᠡᠭᠳᠡᠶᠢᠴᠤᠳ ᠬᠡᠤᠬᠡᠳ ᠤᠨ ᠠᠵᠢᠯ ᠤᠨ ᠵᠥᠪᠯᠡᠯ ᠳᠤ ︽ᠪᠥᠬᠦ ᠤᠯᠤᠰ ᠤᠨ ᠡᠮᠡᠭᠳᠡᠶᠢᠴᠤᠳ ᠬᠡᠤᠬᠡᠳ ᠤᠨ ᠬᠥᠭᠵᠢᠯᠳᠠ ᠶᠢᠨ ᠬᠥᠳᠤᠯᠪᠤᠷᠢ ᠶᠢ ᠬᠡᠷᠡᠭᠵᠢᠬᠦᠯᠥᠭᠰᠡᠨ ᠳᠠᠷᠢᠬᠦᠨ ᠤ ᠬᠠᠮᠳᠤ︾ ᠪᠠᠷ ᠴᠤᠯᠠᠯᠠᠬᠳᠠᠪᠠ᠃ 

    ᠠᠷᠠᠳ ᠤᠨ ᠠᠮᠢᠳᠤᠷᠠᠯ ᠤᠨ ᠨᠢᠬᠡᠳᠤᠬᠡᠷ ᠬᠡᠷᠡᠭᠴᠡᠭᠡ ᠶᠢ ᠳᠤᠪᠤᠶᠢᠯᠭᠠᠵᠤ᠂ ᠤᠯᠠᠨ ᠳᠥᠮᠠᠨ ᠤ ᠬᠠᠤᠯᠢ ᠶᠤᠰᠤᠨ ᠤ ᠡᠷᠬᠡ ᠠᠰᠢᠭ ᠢ ᠴᠢᠷᠮᠠᠶᠢᠨ ᠪᠠᠳᠤᠯᠠᠪᠠ᠃ ᠥᠪᠡᠷᠳᠡᠬᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠠᠯᠪᠡᠨ ᠬᠡᠷ ᠲᠠᠢ ᠬᠠᠮᠳᠤᠷᠠᠨ᠂ ᠶᠠᠳᠠᠭᠤ ᠶᠢ ᠳᠡᠳᠬᠦᠬᠦ ᠬᠥᠷᠢᠶ᠎ᠠ ᠬᠡᠪᠴᠢᠶᠠᠨ ᠤ ᠳᠤᠰᠢᠶᠠᠯ ᠤᠨ ᠶᠠᠯᠠᠳᠤ ᠬᠡᠷᠡᠭ ᠢ ᠳᠥᠪᠯᠡᠷᠡᠬᠦᠯᠤᠨ ᠴᠡᠭᠴᠡᠯᠡᠬᠦ ᠪᠠ ᠤᠷᠢᠳᠴᠢᠯᠠᠨ ᠰᠠᠷᠬᠡᠶᠢᠯᠡᠬᠦ ᠳᠤᠰᠬᠠᠢ ᠠᠵᠢᠯ ᠢ ᠵᠤᠬᠢᠶᠠᠨ ᠪᠠᠶᠢᠭᠤᠯᠤᠨ ᠥᠷᠨᠢᠬᠦᠯᠵᠤ᠂ ᠶᠠᠳᠠᠭᠤ ᠶᠢ ᠳᠡᠳᠬᠦᠬᠦ᠂ ︽ᠠᠷᠪᠡ ᠶᠢ ᠪᠥᠷᠬᠦᠬᠦᠯᠬᠦ︾ ᠢᠠᠵᠧᠨᠧᠷᠢᠩ ᠤᠨ ᠬᠥᠷᠢᠶ᠎ᠠ ᠬᠡᠪᠴᠢᠶᠠᠠ ᠤ ᠳᠤᠰᠢᠶᠠᠯ ᠤᠨ ᠶᠡᠯ᠎ᠠ ᠬᠢᠭᠰᠡᠨ 83 ᠬᠡᠷᠡᠭ 184 ᠬᠥᠮᠤᠨ ᠢ ᠪᠠᠶᠢᠴᠠᠭᠠᠨ ᠰᠢᠳᠬᠡᠪᠡ᠃ ᠰᠠᠷᠡᠮᠵᠢ ᠬᠥᠮᠤᠵᠢᠯ ᠤᠨ ᠤᠬᠠᠭᠤᠯᠤᠨ ᠶᠠᠷᠢᠬᠤ ᠪᠥᠯᠬᠦᠮ ᠢ ᠪᠠᠶᠢᠭᠤᠯᠵᠤ᠂ 12 ᠠᠶᠢᠮᠠᠭ ᠬᠤᠳᠠ ᠶᠢᠨ ᠭᠤᠤᠯᠳᠡᠯᠭ᠎ᠠ ᠲᠠᠢ ᠶᠠᠳᠠᠭᠤ ᠠᠴᠠ ᠠᠩᠬᠢᠵᠢᠷᠡᠬᠤ ᠬᠤᠰᠢᠭᠤ ᠰᠢᠶᠠᠨ ᠳᠤ ᠤᠴᠢᠵᠤ ᠤᠬᠠᠭᠤᠯᠤᠨ ᠶᠠᠷᠢᠵᠤ᠂ ︽ᠶᠠᠳᠠᠭᠤ ᠶᠢ ᠤᠨᠤᠴᠢᠳᠡᠢ ᠳᠡᠳᠬᠦᠵᠤ᠂ ᠠᠷᠢᠭᠤᠨ ᠴᠢᠬᠡᠴᠢ ᠪᠠᠷ ᠠᠷᠠᠳ ᠲᠤ ᠥᠢᠯᠡᠴᠢᠯᠡᠬᠦ︾ ᠰᠠᠷᠬᠡᠶᠢᠯᠡᠯ ᠢ ᠰᠠᠶᠢᠳᠤᠷ ᠬᠢᠪᠡ᠃ ᠤᠯᠠᠨ ᠳᠥᠮᠠᠨ ᠤ ᠬᠥᠰᠡᠯ ᠱᠠᠭᠠᠷᠳᠡᠯᠭ᠎ᠠ ᠶᠢ ᠠᠩᠬᠠᠷᠤᠨ ᠰᠤᠨᠤᠰᠴᠤ᠂ ᠢᠳᠡᠬᠡᠨ ᠤ ᠵᠥᠢᠯ ᠤᠨ ᠠᠮᠤᠷ ᠳᠥᠪᠰᠢᠨ᠂ ᠡᠮ ᠡᠮᠨᠠᠯᠬᠡ ᠡᠷᠡᠬᠦᠯ ᠬᠠᠮᠠᠭᠠᠯᠠᠯ᠂ ᠨᠠᠶᠢᠬᠡᠮ ᠤᠨ ᠪᠠᠳᠤᠯᠠᠭ᠎ᠠ᠂ ᠭᠠᠵᠠᠷ ᠳᠡᠳᠡᠪᠤᠷᠢᠯᠠᠨ ᠨᠤᠷᠠᠭᠠᠨ ᠨᠡᠬᠦᠯᠬᠡᠬᠦ᠂ ᠰᠤᠷᠭᠠᠨ ᠬᠥᠮᠤᠵᠢᠯ ᠠᠵᠢᠯ ᠤᠯᠭᠤᠯᠳᠠ ᠵᠠᠷᠬᠡ ᠬᠥᠷᠢᠶ᠎ᠠ ᠬᠡᠪᠴᠢᠶᠠᠨ ᠳᠤ ᠬᠤᠯᠪᠤᠬᠳᠠᠬᠰᠠᠨ ᠳᠤᠰᠢᠶᠠᠯ ᠤᠨ ᠶᠠᠯ᠎ᠠ ᠬᠢᠭᠰᠡᠨ 301 ᠬᠥᠮᠤᠨ ᠢ ᠬᠠᠤᠯᠢ ᠶᠤᠰᠤᠭᠠᠷ ᠪᠠᠶᠢᠴᠠᠭᠠᠨ ᠰᠢᠳᠬᠡᠪᠡ᠃ ᠤᠷᠴᠢᠨ ᠳᠤᠭᠤᠷᠢᠨ ᠤ ᠡᠬᠢ ᠪᠠᠶᠠᠯᠢᠭ ᠢ ᠡᠪᠳᠡᠭᠰᠡᠨ᠂ ᠢᠳᠡᠬᠡᠨ ᠤ ᠵᠥᠢᠯ ᠡᠮ ᠤᠨ ᠵᠥᠢᠯ ᠤᠨ ᠠᠮᠤᠷ ᠳᠥᠪᠰᠢᠨ ᠳᠤ ᠬᠤᠤᠷ ᠬᠥᠨᠤᠬᠡᠯ ᠤᠴᠠᠷᠠᠭᠤᠯᠤᠬᠰᠠᠨ ᠶᠠᠯᠠᠳᠤ ᠬᠡᠷᠡᠭ ᠤᠨ ᠬᠡᠷᠡᠭ ᠪᠤᠯᠭᠠᠬᠤ ᠳᠤ ᠬᠢᠨᠠᠯᠳᠠ ᠳᠡᠯᠪᠢᠬᠤ ᠳᠤᠰᠬᠠᠢ ᠠᠵᠢᠯᠯᠠᠭ᠎ᠠ ᠶᠢ ᠬᠥᠠᠵᠠᠬᠡᠢ ᠥᠷᠨᠢᠬᠦᠯᠵᠤ᠂ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠡᠷᠡᠭ ᠪᠤᠯᠭᠠᠨ ᠳᠤᠷᠰᠢᠨ ᠪᠠᠶᠢᠴᠠᠭᠠᠬᠰᠠᠨ 207 ᠬᠡᠷᠡᠭ 245 ᠬᠥᠮᠤᠨ ᠳᠤ ᠬᠢᠨᠠᠯᠳᠠ ᠳᠡᠯᠪᠢᠵᠤ᠂ ᠵᠠᠰᠠᠬ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠶᠢᠨ ᠰᠢᠯᠵᠢᠬᠦᠯᠤᠨ ᠬᠥᠷᠬᠡᠭᠰᠡᠨ 77 ᠬᠡᠷᠡᠭ ᠲᠤ ᠬᠢᠨᠠᠯᠳᠠ ᠳᠡᠯᠪᠢᠵᠠᠢ᠃ ᠳᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠤᠢ ᠮᠤᠳᠤ ᠶᠢ ᠬᠤᠯᠠᠭᠠᠢᠢᠯᠠᠨ ᠤᠬᠳᠤᠯᠤᠬᠰᠠᠨ ᠳᠤᠷ᠎ᠠ ᠪᠠᠷ ᠢᠶᠠᠨ ᠤᠬᠳᠤᠯᠤᠬᠰᠠᠨ ᠵᠠᠷᠬᠡ ᠶᠠᠯᠠᠳᠤ ᠬᠡᠷᠡᠭ ᠲᠤ ᠴᠢᠩᠭ᠎ᠠ ᠴᠤᠬᠢᠯᠳᠠ ᠥᠭᠴᠤ᠂ 301 ᠬᠥᠮᠤᠨ ᠢ ᠬᠠᠤᠯᠢ ᠶᠤᠰᠤᠭᠠᠷ ᠪᠠᠷᠢᠪᠴᠢᠯᠠᠬᠤ ᠪᠠᠷ ᠵᠥᠪᠰᠢᠶᠡᠷᠡᠵᠤ᠂ 1201 ᠬᠥᠮᠤᠨ ᠢ ᠵᠠᠭᠠᠯᠳᠤᠪᠠ᠃ ᠬᠠᠭᠤᠷᠮᠠᠭ ᠮᠠᠭᠤ ᠡᠮ ᠪᠠ ᠬᠤᠤᠷ᠎ᠠ ᠲᠠᠢ ᠢᠳᠡᠬᠡᠨ ᠤ ᠵᠥᠢᠯ ᠦᠢᠯᠡᠳᠪᠦᠷᠢᠯᠡᠵᠦ ᠪᠤᠷᠤᠯᠠᠭᠤᠯᠤᠬᠰᠠᠨ ᠵᠠᠷᠬᠡ ᠶᠠᠯᠠᠳᠤ ᠬᠡᠷᠡᠭ ᠲᠤ ᠴᠢᠩᠭ᠎ᠠ ᠴᠤᠬᠢᠯᠳᠠ ᠥᠭᠴᠤ᠂ 66 ᠬᠥᠮᠤᠨ ᠢ ᠬᠠᠤᠯᠢ ᠶᠤᠰᠤᠭᠠᠷ ᠪᠠᠷᠢᠪᠴᠢᠯᠠᠬᠤ ᠪᠠᠷ ᠵᠥᠪᠰᠢᠶᠡᠷᠡᠵᠤ᠂ 110 ᠬᠥᠮᠤᠨ ᠢ ᠵᠠᠭᠠᠯᠳᠤᠪᠠ᠃ ᠬᠥᠴᠢᠷᠳᠡᠯ ᠲᠠᠢ ᠤᠯᠠᠨ ᠳᠥᠮᠠᠨ᠂ ᠪᠠᠭᠤᠷᠠᠶᠢᠴᠤᠤᠯ ᠳᠠᠬᠢ ᠬᠠᠤᠯᠢ ᠪᠠᠷᠢᠯᠳᠠ ᠶᠢᠨ ᠬᠠᠮᠠᠭᠠᠯᠠᠯᠳᠠ ᠪᠠᠨ ᠴᠢᠩᠭᠠᠷᠠᠭᠤᠯᠵᠤ᠂ ᠶᠠᠯ᠎ᠠ ᠬᠢᠭᠰᠡᠳ ᠤᠨ ᠬᠠᠯᠳᠡᠯᠭ᠎ᠠ ᠪᠤᠶᠤ ᠢᠷᠬᠡᠨ ᠤ ᠡᠷᠬᠡᠨ ᠳᠠᠬᠢ ᠬᠠᠯᠳᠠᠯᠭ᠎ᠠ᠂ ᠵᠠᠷᠭᠤ ᠪᠠᠷ ᠳᠡᠮᠵᠢᠵᠤ ᠳᠥᠯᠤᠪᠤᠷᠢ ᠤᠯᠵᠤ ᠳᠠᠶᠢᠯᠬᠦ ᠥᠬᠡᠢ ᠠᠴᠠ ᠪᠤᠯᠤᠭᠠᠳ ᠠᠮᠢᠳᠤᠷᠠᠯ ᠨᠢ ᠪᠠᠴᠢᠮ ᠬᠥᠴᠢᠷᠳᠡᠯ ᠳᠤ ᠳᠤᠯᠭᠠᠷᠠᠬᠰᠠᠨ 70 ᠳᠤᠬᠠᠢ ᠶᠢᠨ ᠬᠥᠮᠤᠨ ᠳᠤ ᠬᠠᠤᠯᠢ ᠪᠠᠷᠢᠯᠳᠠ ᠶᠢᠨ ᠠᠪᠤᠷᠠᠨ ᠳᠤᠰᠠᠯᠠᠮᠵᠢ ᠤᠯᠭᠤᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠬᠡᠨ 11 ᠨᠠᠰᠤᠳᠡᠢ ᠳᠤᠰᠠᠯᠠᠮᠵᠢ ᠭᠤᠶᠤᠴᠢᠯᠠᠬᠴᠢ ᠶᠢᠨ ᠠᠪᠤ ᠨᠢ ᠡᠵᠢ ᠶᠢ ᠨᠢ ᠠᠯᠠᠭᠠᠳ ᠬᠢᠨᠳᠠᠨ ᠳᠤ ᠤᠷᠤᠵᠤ᠂ ᠠᠮᠢᠳᠤᠷᠠᠬᠤ ᠵᠠᠮ ᠥᠬᠡᠢ ᠪᠤᠯᠤᠭᠠᠳ ᠭᠠᠵᠠᠷ ᠪᠤᠯᠭᠠᠨ ᠳᠤ ᠳᠡᠬᠡᠭᠰᠢ ᠰᠤᠷᠪᠤᠯᠵᠢᠯᠠᠬᠰᠠᠨ ᠪᠠᠶᠢᠨ᠎ᠠ᠃ ᠪᠠᠶᠢᠴᠠᠭᠠᠬᠤ ᠪᠠᠶᠢᠭᠤᠯᠭ᠎ᠠ ᠬᠡᠷᠡᠭ ᠢ ᠬᠥᠯᠢᠶᠠᠨ ᠠᠪᠤᠬᠰᠠᠨ ᠤ ᠳᠠᠷᠠᠭ᠎ᠠ᠂ ᠠᠪᠤᠷᠠᠨ ᠳᠤᠰᠠᠯᠠᠬᠤ ᠠᠵᠢᠯ ᠢ ᠢᠳᠡᠪᠬᠢᠳᠡᠢ ᠥᠷᠨᠢᠬᠦᠯᠵᠤ᠂ ᠠᠮᠢᠳᠤᠷᠠᠯ ᠤᠨ ᠠᠰᠠᠭᠤᠳᠡᠯ ᠢ ᠨᠢ ᠬᠠᠪᠰᠤᠷᠤᠨ ᠰᠢᠢᠳᠪᠤᠷᠢᠯᠡᠵᠤ᠂ ᠤᠯᠠᠨ ᠵᠢᠯ ᠵᠢᠭᠤᠷᠠᠯᠳᠤᠨ ᠳᠡᠬᠡᠭᠰᠢ ᠰᠤᠷᠪᠤᠯᠵᠢᠯᠠᠬᠰᠠᠨ ᠬᠡᠷᠡᠭ ᠤᠨ ᠵᠠᠷᠭᠤ ᠶᠢ ᠨᠠᠮᠳᠠᠭᠤᠯᠤᠬᠰᠠᠨ ᠪᠠᠶᠢᠨ᠎ᠠ᠃ ᠳᠤᠰ ᠬᠡᠷᠡᠭ ︽ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠡᠷᠡᠬᠦᠤ ᠶᠢᠨ ᠬᠡᠷᠡᠭ ᠤᠨ ᠭᠤᠮᠤᠳᠡᠯ ᠳᠤᠭᠠᠴᠢᠯᠳᠠ ᠶᠢ ᠰᠢᠢᠳᠪᠤᠷᠢᠯᠡᠭᠰᠡᠨ ᠰᠢᠯᠢᠳᠡᠭ ᠬᠡᠷᠡᠭ︾ ᠢᠶᠠᠷ ᠥᠨᠠᠯᠡᠭᠳᠡᠪᠡ᠃

    ᠬᠤᠶᠠᠷ᠂ ᠢᠯᠵᠠᠷᠠᠯ ᠢ ᠭᠤᠶᠢᠪᠢᠰᠢ ᠥᠬᠡᠢ ᠪᠠᠷ ᠡᠷᠡᠰ ᠡᠰᠡᠷᠬᠦᠴᠡᠵᠤ᠂ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ ᠪᠠ ᠤᠷᠢᠳᠴᠢᠯᠠᠨ ᠰᠠᠷᠬᠡᠶᠢᠯᠡᠬᠦ ᠬᠥᠴᠤᠯᠠᠴᠠ ᠪᠠᠨ ᠨᠡᠮᠡᠭᠳᠡᠬᠦᠯᠪᠠ 

    ᠨᠠᠮ ᠢᠶᠠᠨ ᠪᠥᠬᠦ ᠳᠡᠯ᠎ᠠ ᠪᠠᠷ ᠴᠢᠩᠭ᠎ᠠ ᠵᠠᠰᠠᠬᠤ ᠱᠠᠭᠠᠷᠳᠡᠯᠭ᠎ᠠ ᠪᠠ ᠢᠯᠵᠠᠷᠠᠯ ᠢ ᠡᠰᠡᠷᠬᠦᠴᠡᠬᠦ ᠶᠠᠷᠤᠩᠬᠡᠢ ᠪᠠᠶᠢᠷᠢᠯᠠᠭᠤᠯᠤᠯᠳᠠ ᠶᠢ ᠡᠷᠡᠰ ᠳᠤᠤᠱᠯᠠᠭᠤᠯᠵᠤ᠂ ᠪᠠᠷᠰ ᠪᠠᠳᠠᠭᠠᠨ᠎ᠠ ᠶᠢ ᠵᠠᠷᠬᠡᠪᠡᠷ ᠴᠤᠬᠢᠬᠤ ᠶᠢ ᠪᠠᠷᠢᠮᠳᠠᠯᠠᠨ᠂ ᠤᠷᠢᠳᠴᠢᠯᠠᠨ ᠰᠠᠷᠬᠡᠶᠢᠯᠡᠬᠦ ᠪᠠ ᠵᠠᠯᠬᠠᠭᠠᠨ ᠰᠢᠳᠬᠡᠬᠦ ᠶᠢ ᠵᠠᠷᠬᠡᠪᠡᠷ ᠠᠳᠬᠤᠵᠤ᠂ ᠢᠯᠵᠠᠷᠠᠯ ᠢ ᠡᠰᠡᠷᠬᠦᠴᠡᠬᠦ ᠳᠡᠮᠡᠴᠡᠯ ᠤᠨ ᠬᠥᠠᠵᠠᠬᠡᠢ ᠥᠷᠨᠢᠬᠦ ᠶᠢ ᠠᠬᠢᠭᠤᠯᠪᠠ᠃ 

    ᠬᠡᠷᠡᠭ ᠰᠢᠳᠬᠡᠬᠦ ᠠᠵᠢᠯ ᠢ ᠥᠨᠠᠠᠬᠦ ᠴᠢᠩᠭᠠᠳᠬᠠᠪᠠ᠃ ᠡᠷᠡᠬᠦᠤ ᠶᠢᠨ ᠬᠠᠤᠯᠢ ᠳᠤ ᠵᠠᠰᠠᠪᠤᠷᠢ ᠤᠷᠤᠭᠤᠯᠤᠬᠰᠠᠨ ᠳᠥᠰᠤᠯ ︵ᠶᠢᠰᠤ︶ ᠵᠢᠴᠢ ᠬᠠᠮᠢᠶ᠎ᠠ ᠪᠥᠬᠦᠢ ᠬᠠᠤᠯᠢ ᠪᠠᠷᠢᠬᠤ ᠳᠠᠶᠢᠯᠪᠤᠷᠢ ᠶᠢᠨ ᠰᠢᠨ᠎ᠠ ᠱᠠᠭᠠᠷᠳᠡᠯᠭ᠎ᠠ ᠳᠤ ᠢᠳᠡᠪᠬᠢᠳᠡᠢ ᠳᠤᠬᠢᠷᠡᠯᠴᠠᠨ᠂ ᠬᠡᠷᠡᠭ ᠪᠤᠯᠭᠠᠬᠰᠠᠨ ᠳᠤᠭ᠎ᠠ᠂ ᠪᠠᠷᠢᠮᠵᠢᠶ᠎ᠠ ᠳᠡᠬᠡᠭᠰᠢᠯᠡᠭᠰᠡᠨ ᠪᠠᠶᠢᠳᠡᠯ ᠳᠤᠤᠷ᠎ᠠ᠂ ︽ᠬᠥᠴᠤᠯᠠᠴᠠ ᠪᠠᠭᠤᠷᠡᠯᠳᠠ ᠥᠬᠡᠢ᠂ ᠬᠥᠭ ᠴᠤᠬᠢᠯᠭ᠎ᠠ ᠬᠤᠪᠢᠷᠠᠯᠳᠠ ᠥᠬᠡᠢ︾ ᠥᠠᠳᠤᠷ ᠳᠠᠷᠤᠯᠳᠠᠳᠤ ᠪᠠᠶᠢᠳᠡᠯ ᠢ ᠪᠠᠷᠢᠮᠳᠠᠯᠠᠵᠤ᠂ ᠬᠡᠷᠡᠭ ᠰᠢᠳᠬᠡᠭᠰᠡᠨ ᠳᠤᠭ᠎ᠠ ᠥᠷᠬᠦᠯᠵᠢᠯᠠᠨ ᠨᠡᠮᠡᠭᠳᠡᠬᠡᠳ᠂ ᠬᠡᠷᠡᠭ ᠰᠢᠳᠬᠡᠬᠦ ᠠᠵᠢᠯ ᠡᠷᠡᠬᠦᠯ ᠢᠶᠠᠷ ᠬᠥᠭᠵᠢᠪᠡ᠃ ᠪᠥᠬᠦ ᠵᠢᠯ ᠳᠤ ᠱᠠᠮᠰᠢᠵᠤ ᠬᠡᠬᠡᠯᠢ ᠳᠥᠯᠬᠢᠵᠤ ᠬᠠᠭ᠋ᠤᠤᠯᠢ ᠢᠳᠡᠭᠰᠡᠨ᠂ ᠳᠤᠰᠢᠶᠠᠯ ᠢᠶᠠᠨ ᠭᠤᠳᠤᠭᠠᠬᠰᠠᠨ ᠵᠠᠷᠬᠡ ᠳᠤᠰᠢᠶᠠᠯ ᠤᠨ ᠶᠠᠯ᠎ᠠ ᠬᠢᠭᠰᠡᠨ 952 ᠬᠡᠷᠡᠭ 1713 ᠬᠥᠮᠤᠨ ᠢ ᠬᠡᠷᠡᠭ ᠪᠤᠯᠭᠠᠨ ᠪᠠᠶᠢᠴᠠᠭᠠᠨ ᠰᠢᠳᠬᠡᠵᠤ᠂ ᠠᠳᠠᠯᠢ ᠬᠤᠭᠤᠴᠠᠭᠠᠨ ᠤ ᠬᠢ ᠠᠴᠠ ᠳᠤᠰ ᠳᠤᠰ 7.0%᠂ 3.5% ᠪᠠᠷ ᠳᠡᠬᠡᠭᠰᠢᠯᠡᠵᠠᠢ᠃ ᠡᠬᠦᠨ ᠳᠤ 20 ᠳᠥᠮᠠᠨ ᠳᠥᠬᠦᠷᠢᠭ ᠠᠴᠠ ᠳᠡᠬᠡᠭᠰᠢ ᠱᠠᠮᠰᠢᠵᠤ ᠬᠡᠬᠡᠯᠢ ᠳᠥᠯᠬᠢᠵᠤ ᠬᠠᠭ᠋ᠤᠤᠯᠢ ᠢᠳᠡᠭᠰᠡᠨ ᠳᠤᠮᠤ ᠬᠡᠷᠡᠭ 282 ᠬᠥᠮᠤᠨ᠂ ᠳᠤᠰᠢᠶᠠᠯ ᠢᠶᠠᠨ ᠭᠤᠳᠤᠭᠠᠵᠤ ᠡᠷᠬᠡᠨ ᠳᠤ ᠬᠠᠯᠳᠠᠬᠰᠠᠨ ᠬᠥᠠᠳᠤ ᠤᠠᠴᠠ ᠳᠤᠮᠤ ᠬᠡᠷᠡᠭ 281 ᠬᠥᠮᠤᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠳᠤᠰ ᠳᠤᠰ 37.6%᠂ 10.2% ᠪᠠᠷ ᠳᠡᠬᠡᠭᠰᠢᠯᠡᠪᠡ︔ ᠰᠢᠶᠠᠨ ᠭᠠᠵᠠᠷ ᠤᠨ ᠳᠠᠰ ᠠᠴᠠ ᠳᠡᠬᠡᠭᠰᠢᠬᠢ ᠺᠠᠳ᠋ᠷ 93 ᠬᠥᠮᠤᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.8% ᠪᠠᠷ ᠳᠡᠬᠡᠭᠰᠢᠯᠡᠵᠠᠢ᠃ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠲᠠᠢ ᠨᠢᠬᠳᠠ ᠤᠶᠠᠯᠳᠤᠵᠤ᠂ ᠾᠸᠤ ᠹᠸᠡᠭ ᠴᠢ᠂ ᠸᠠᠩ ᠰᠢᠤᠸᠡᠢ ᠹᠸᠡᠭ᠂ ᠾᠧ ᠶᠥᠡᠭ ᠯᠢᠨ᠂ ᠳᠤᠤ ᠱᠤ᠋ ᠵᠢᠤᠢ ᠵᠠᠷᠬᠡ ᠴᠢᠬᠤᠯᠠ ᠠᠵᠢᠯ ᠤᠨ ᠪᠠᠶᠢᠷᠢᠨ ᠳᠤ ᠤᠳᠤᠷᠢᠳᠬᠤ ᠳᠤᠰᠢᠶᠠᠯ ᠡᠬᠦᠷᠬᠡᠯᠡᠵᠤ ᠪᠠᠶᠢᠬᠰᠠᠨ 9 ᠳᠢᠩᠬᠢᠮ ᠤᠨ ᠳᠠᠰ ᠤᠨ ᠺᠠᠳ᠋ᠷ ᠢ ᠬᠠᠤᠯᠢ ᠶᠤᠰᠤᠭᠠᠷ ᠬᠡᠷᠡᠭ ᠪᠤᠯᠭᠠᠨ ᠪᠠᠶᠢᠴᠠᠭᠠᠨ ᠰᠢᠳᠬᠡᠵᠤ᠂ ᠳᠡᠩ ᠠᠢ ᠵᠢᠶᠦ᠋ᠨ᠂ ᠡᠤ ᠸᠧᠨ ᠶᠤᠸᠠᠨ᠂ ᠯᠢᠤ ᠵᠸᠡᠭ ᠯᠢᠨ ᠵᠠᠷᠬᠡ 11 ᠳᠢᠩᠬᠢᠮ ᠤᠨ ᠳᠠᠰ ᠤᠨ ᠺᠠᠳ᠋ᠷ ᠲᠤ ᠠᠯᠪᠡᠨ ᠵᠠᠭᠠᠯᠳᠤᠯᠭ᠎ᠠ ᠭᠠᠷᠭᠠᠪᠠ᠃ ᠳᠤᠮᠤ ᠶᠢ ᠠᠳᠬᠤᠭᠠᠳ ᠪᠠᠭ᠎ᠠ ᠶᠢ ᠳᠠᠯᠪᠢᠬᠰᠠᠨ ᠥᠬᠡᠢ᠂ ᠤᠯᠠᠨ ᠳᠥᠮᠠᠨ ᠤ ᠳᠠᠷᠬᠡᠳᠠ ᠭᠠᠷᠤᠬᠰᠠᠨ᠂ ᠤᠯᠠᠨ ᠳᠥᠮᠠᠨ ᠤ ᠠᠰᠢᠭ ᠳᠤᠰᠠ ᠶᠢ ᠬᠤᠬᠢᠷᠠᠭᠤᠯᠤᠬᠰᠠᠨ ︽ᠪᠠᠳᠠᠭᠠᠨᠠᠨ ᠱᠠᠮᠰᠢᠬᠴᠢ︾ 499 ᠬᠥᠮᠤᠨ ᠢ ᠬᠠᠤᠯᠢ ᠶᠤᠰᠤᠭᠠᠷ ᠪᠠᠶᠢᠴᠠᠭᠠᠨ ᠰᠢᠳᠬᠡᠵᠠᠢ᠃ ᠤᠯᠠᠨ ᠳᠥᠮᠠᠨ ᠤ ᠳᠤᠰᠬᠠᠯ ᠬᠤᠷᠴᠠ ᠰᠢᠷᠤᠬᠦᠨ ᠡᠰᠡ ᠥᠢᠯᠡᠳᠬᠦᠢ᠂ ᠳᠤᠷ᠎ᠠ ᠪᠠᠷ ᠢᠶᠠᠨ ᠥᠢᠯᠡᠳᠬᠦᠢ ᠠᠰᠠᠭᠤᠳᠡᠯ ᠳᠤ ᠴᠢᠭᠯᠡᠬᠦᠯᠤᠨ᠂ ᠳᠥᠷᠤ ᠶᠢᠨ ᠪᠠᠶᠢᠭᠤᠯᠭ᠎ᠠ ᠶᠢᠨ ᠠᠵᠢᠯᠳᠠᠨ ᠤ ᠳᠤᠰᠢᠶᠠᠯ ᠢᠶᠠᠨ ᠭᠤᠳᠤᠭᠠᠵᠤ ᠡᠷᠬᠡᠨ ᠳᠤ ᠬᠠᠯᠳᠠᠬᠰᠠᠨ ᠶᠠᠯ᠎ᠠ ᠬᠢᠭᠰᠡᠨ 502 ᠬᠥᠮᠤᠨ ᠢ ᠪᠠᠶᠢᠴᠠᠭᠠᠨ ᠰᠢᠳᠬᠡᠵᠤ᠂ ᠠᠳᠠᠯᠢ ᠬᠤᠭᠤᠴᠠᠭᠠᠨ ᠤ ᠬᠢ ᠠᠴᠠ 5.2% ᠪᠠᠷ ᠳᠡᠬᠡᠭᠰᠢᠯᠡᠪᠠ᠃ ᠠᠷᠠᠳ ᠤᠨ ᠬᠢᠨᠠᠯᠳᠠ ᠳᠡᠯᠪᠢᠬᠴᠢ ᠶᠢᠨ ᠳᠥᠷᠢᠮ ᠤᠨ ᠥᠬᠡᠷᠡᠴᠢᠯᠠᠯᠳᠠ ᠶᠢ ᠬᠥᠠᠵᠠᠬᠡᠶᠢᠷᠡᠬᠦᠯᠤᠨ᠂ ᠬᠡᠷᠡᠭ ᠰᠢᠳᠬᠡᠯᠳᠠ ᠶᠢᠨ ᠭᠠᠳᠠᠭᠠᠳᠤ ᠬᠢᠨᠠᠯᠳᠠ ᠶᠢ ᠴᠢᠩᠭᠠᠳᠬᠠᠪᠠ᠃ 2016 ᠤᠨ ᠳᠤ᠂ ᠳᠤᠰᠢᠶᠠᠯ ᠤᠨ ᠶᠠᠯ᠎ᠠ ᠬᠢᠭᠰᠡᠨ ᠬᠡᠷᠡᠭ ᠤᠨ ᠴᠢᠨᠠᠷ ᠤᠨ ᠥᠷ᠎ᠠ ᠨᠤᠷᠮ᠎ᠠ ᠴᠢᠨᠠᠬᠰᠢᠳᠠ ᠳᠡᠬᠡᠭᠰᠢᠯᠡᠵᠤ᠂ ᠵᠠᠭᠠᠯᠳᠤᠬᠰᠠᠨ ᠨᠤᠷᠮ᠎ᠠ 98.2% ᠲᠤ ᠬᠥᠷᠴᠤ᠂ ᠠᠳᠠᠯᠢ ᠬᠤᠭᠤᠴᠠᠭᠠᠨ ᠤ ᠬᠢ ᠠᠴᠠ 0.3% ᠪᠠᠷ ᠳᠡᠬᠡᠭᠰᠢᠯᠡᠵᠤ᠂ ᠶᠠᠯ᠎ᠠ ᠲᠠᠢ ᠰᠢᠬᠦᠨ ᠳᠠᠰᠤᠯᠤᠯᠳᠠ ᠶᠢᠨ ᠨᠤᠷᠮ᠎ᠠ 100% ᠳᠤ ᠬᠥᠷᠥᠭᠰᠡᠨ ᠪᠠᠶᠢᠨ᠎ᠠ᠃ 

    ᠳᠤᠰᠢᠶᠠᠯ ᠤᠨ ᠶᠠᠯ᠎ᠠ ᠬᠢᠬᠦ ᠶᠢ ᠤᠷᠢᠳᠴᠢᠯᠠᠨ ᠰᠠᠷᠬᠡᠶᠢᠯᠡᠬᠦ ᠳᠡᠯ᠎ᠠ ᠪᠠᠷ ᠥᠨᠠᠨ ᠬᠥᠴᠤ ᠴᠢᠷᠮᠠᠶᠢᠯᠭ᠎ᠠ ᠭᠠᠷᠭᠠᠪᠠ᠃ ᠪᠥᠬᠦ ᠤᠷᠤᠨ ᠤ ᠭᠤᠷᠪᠡᠨ ᠱᠠᠳᠤᠨ ᠤ ᠪᠠᠶᠢᠴᠠᠭᠠᠬᠤ ᠬᠤᠷᠢᠶ᠎ᠠ ᠴᠥᠮ ᠰᠥᠯᠵᠢᠶᠠᠨ ᠳᠡᠬᠡᠷᠡᠬᠢ ᠰᠠᠷᠠᠮᠵᠢ ᠬᠥᠮᠤᠵᠢᠯ ᠤᠨ ᠤᠬᠠᠭᠤᠯᠤᠯ ᠤᠨ ᠳᠡᠪᠴᠠᠩ ᠪᠠᠶᠢᠭᠤᠯᠤᠬᠰᠠᠨ ᠶᠠᠪᠤᠳᠡᠯ ᠨᠢ ᠪᠥᠬᠦ ᠤᠯᠤᠰ ᠲᠤ ᠤᠤᠭᠠᠨ ᠵᠢᠱᠢᠶ᠎ᠠ ᠪᠤᠯᠵᠠᠢ᠃ ᠰᠥᠯᠵᠢᠶᠠᠨ ᠳᠡᠬᠡᠷ᠎ᠠ ᠳᠤᠤᠷ᠎ᠠ ᠬᠠᠮᠵᠢᠯᠴᠠᠬᠤ ᠶᠢ ᠪᠠᠷᠢᠮᠳᠠᠯᠠᠨ᠂ ᠭᠤᠷᠪᠡᠨ ᠱᠠᠳᠤᠨ ᠤ ᠪᠠᠶᠢᠴᠠᠭᠠᠬᠤ ᠬᠤᠷᠢᠶ᠎ᠠ 1497 ᠨᠢᠬᠡᠴᠢ ᠶᠢᠨ 11 ᠳᠥᠮᠠᠨ ᠬᠥᠮᠤᠨ ᠳᠤ ᠳᠤᠬᠠᠢ ᠶᠢᠨ ᠭᠠᠵᠠᠷ ᠲᠤ ᠬᠥᠮᠤᠵᠢᠯ ᠬᠥᠷᠳᠡᠬᠡᠨ᠂ ᠵᠥᠪᠬᠡᠨ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠰᠠᠷᠠᠮᠵᠢ ᠬᠥᠮᠤᠵᠢᠯ ᠤᠨ ᠤᠬᠠᠭᠤᠯᠤᠯ ᠤᠨ ᠰᠠᠭᠤᠷᠢᠨ ᠭᠠᠵᠠᠷ ᠲᠤ 171 ᠨᠢᠬᠡᠴᠢ ᠶᠢᠨ 1.3 ᠳᠥᠮᠠ ᠭᠠᠷᠤᠢ ᠬᠥᠮᠤᠨ ᠳᠤᠬᠠᠢ ᠶᠢᠨ ᠭᠠᠵᠠᠷ ᠲᠤ ᠬᠥᠮᠤᠵᠢᠯ ᠬᠥᠷᠳᠡᠵᠠᠢ᠂ ᠡᠬᠦᠨ ᠳᠤ ᠭᠠᠵᠠᠷ ᠤᠨ ᠳᠠᠰ ᠠᠴᠠ ᠳᠡᠬᠡᠭᠰᠢᠬᠢ ᠺᠠᠳ᠋ᠷ 4262 ᠬᠥᠮᠤᠨ ᠪᠤᠢ᠃ ︽ᠥᠪᠤᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠰᠠᠷᠡᠮᠵᠢᠯᠡᠬᠦᠯᠬᠦ ᠵᠠᠬᠪᠤᠷ ᠮᠠᠶ᠋ᠢᠭ ᠢᠶᠠᠨ ᠰᠢᠨᠡᠴᠢᠯᠡᠵᠤ᠂ < ᠢᠯᠵᠠᠷᠠᠬᠤ ᠳᠤᠷ᠎ᠠ ᠥᠬᠡᠢ > ᠥᠵᠡᠯ ᠰᠠᠨᠠᠭᠠᠨ ᠤ ᠰᠠᠷᠬᠡᠶᠢᠯᠠᠯᠳᠠ ᠶᠢᠨ ᠱᠤᠭᠤᠮ ᠢ ᠪᠠᠬᠢᠵᠢᠬᠦᠯᠬᠦ︾ ᠠᠵᠢᠯᠯᠠᠭ᠎ᠠ ᠨᠢ ᠥᠪᠤᠷ ᠮᠤᠩᠭᠤᠯ ᠤᠨ ᠬᠠᠤᠯᠢ ᠪᠠᠷ ᠵᠠᠰᠠᠬᠤ ᠠᠷᠪᠡᠨ ᠶᠡᠭᠡ ᠬᠡᠷᠡᠭ ᠶᠠᠪᠤᠳᠡᠯ ᠳᠤ ᠰᠢᠯᠢᠭᠳᠡᠨ ᠤᠷᠤᠬᠰᠠᠨ ᠪᠠᠶᠢᠨ᠎ᠠ᠃ ᠬᠠᠨᠭ᠍ᠬᠢᠨ ᠬᠤᠰᠢᠭᠤᠨ ᠤ ᠪᠠᠶᠢᠴᠠᠭᠠᠬᠤ ᠬᠤᠷᠢᠶ᠎ᠠ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠰᠢᠬᠦᠬᠦ ᠬᠤᠷᠢᠶ᠎ᠠ ᠲᠠᠢ ᠬᠠᠮᠳᠤᠷᠠᠨ᠂ 38 ᠭᠠᠴᠠᠭ᠎ᠠ ᠳᠤᠰᠬᠤᠨ ᠤ 80 ᠭᠠᠷᠤᠢ ᠺᠠᠳ᠋ᠷ ᠢ ᠵᠤᠬᠢᠶᠠᠨ ᠪᠠᠶᠢᠭᠤᠯᠵᠤ ᠰᠢᠨ᠎ᠠ ᠪᠠᠯᠭᠠᠰᠤᠨ ᠤ ᠨᠢᠬᠡᠨ ᠳᠤᠰᠬᠤᠨ ᠤ ᠨᠠᠮ ᠤᠨ ᠡᠬᠦᠷ ᠤᠨ ᠤᠤᠯ ᠤᠨ ᠱᠥᠵᠢ ᠯᠢ ᠤᠪᠤᠬᠳᠤ ᠶᠢᠨ ᠱᠠᠮᠰᠢᠬᠰᠠᠨ ᠨᠢᠬᠡᠨ ᠬᠡᠷᠡᠭ ᠤᠨ ᠳᠢᠩᠬᠢᠮ ᠤᠨ ᠰᠢᠬᠦᠯᠳᠠ ᠶᠢ ᠥᠵᠡᠬᠦᠯᠥᠭᠰᠡᠨ ᠪᠠᠶᠢᠨ᠎ᠠ᠃ ᠳᠢᠩᠬᠢᠮ ᠤᠨ ᠰᠢᠬᠦᠯᠳᠠ ᠳᠠᠭᠤᠰᠤᠬᠰᠠᠨ ᠤ ᠳᠠᠷᠠᠭ᠎ᠠ᠂ 5 ᠳᠤᠰᠬᠤᠨ ᠤ ᠺᠠᠳ᠋ᠷ ᠪᠠᠶᠢᠴᠠᠭᠠᠬᠤ ᠬᠤᠷᠢᠶ᠎ᠠ ᠳᠤ ᠢᠷᠡᠵᠤ ᠬᠡᠷᠡᠭ ᠢᠶᠠᠨ ᠮᠡᠳᠡᠬᠦᠯᠤᠨ ᠪᠠᠶ᠎ᠠ ᠪᠠᠨ ᠳᠤᠰᠢᠶᠠᠵᠤ᠂ ᠥᠵᠡᠬᠦᠯᠤᠯᠬᠡ ᠶᠢᠨ ᠠᠵᠢᠯᠯᠠᠭ᠎ᠠ ᠳᠠᠳᠠᠨ ᠢ ᠳᠦᠢᠯᠪᠤᠷᠢᠳᠡᠢ ᠤᠬᠠᠭᠠᠷᠠᠭᠤᠯᠪᠠ ᠬᠡᠵᠠᠢ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠢᠯᠵᠠᠷᠠᠯ ᠢ ᠤᠷᠢᠳᠴᠢᠯᠠᠨ ᠰᠠᠷᠬᠡᠶᠢᠯᠡᠬᠦ ᠠᠵᠢᠯ ᠤᠨ ᠰᠤᠳᠤᠯᠤᠨ ᠮᠠᠭᠠᠳᠯᠠᠯᠳᠠ ᠪᠠᠨ ᠴᠢᠩᠭᠠᠳᠬᠠᠵᠤ᠂ ᠮᠡᠳᠡᠬᠦᠯᠤᠨ ᠬᠥᠷᠬᠡᠭᠰᠡᠨ ︽2015 ᠤᠨ ᠤ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠳᠤᠰᠢᠶᠠᠯ ᠤᠨ ᠶᠠᠯ᠎ᠠ ᠬᠢᠬᠦ ᠶᠢ ᠵᠠᠯᠬᠠᠭᠠᠨ ᠰᠢᠳᠬᠡᠭᠰᠡᠨ ᠪᠠ ᠤᠷᠢᠳᠴᠢᠯᠠᠨ ᠰᠠᠷᠬᠡᠶᠢᠯᠡᠭᠰᠡᠨ ᠤᠨ ᠤ ᠮᠡᠳᠡᠬᠦᠯᠤᠯᠳᠠ︾ ᠨᠢ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠭᠤᠤᠯ ᠤᠳᠤᠷᠢᠳᠬᠤ ᠨᠥᠬᠦᠳ ᠤᠨ ᠴᠤᠬᠤᠯᠠᠪᠤᠷᠢ ᠶᠢ ᠤᠯᠤᠬᠰᠠᠨ ᠪᠥᠬᠡᠳ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠡᠯ᠎ᠠ ᠠᠶᠢᠮᠠᠭ ᠬᠤᠳᠠ ᠳᠤ ᠴᠤᠬᠤᠯᠠᠪᠤᠷᠢᠯᠠᠨ ᠳᠡᠮᠵᠢᠭᠤᠯᠵᠤ ᠳᠤᠤᠱᠯᠠᠭᠤᠯᠤᠨ ᠨᠠᠶᠢᠳᠠᠪᠤᠷᠢᠵᠢᠭᠤᠯᠪᠠ᠃ ᠳᠤᠰ ᠮᠡᠳᠡᠬᠦᠯᠤᠯᠳᠠ ᠨᠢ ︽ᠪᠥᠬᠦ ᠤᠷᠤᠨ ᠤ ᠠᠷᠪᠡᠨ ᠰᠤᠳᠤᠨ ᠤᠨ ᠤ ᠮᠡᠳᠡᠬᠦᠯᠤᠯᠳᠠ︾ ᠪᠠᠷ ᠥᠨᠡᠯᠡᠭᠳᠡᠭᠰᠡᠨ ᠪᠠᠶᠢᠨ᠎ᠠ᠃ 

    ᠭᠤᠷᠪᠡ᠂ ᠵᠠᠷᠭᠤ ᠶᠢᠨ ᠠᠵᠢᠯᠯᠠᠭ᠎ᠠ ᠳᠤ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠪᠠᠨ ᠳᠠᠰᠤᠷᠠᠯᠳᠠ ᠥᠬᠡᠢ ᠴᠢᠩᠭᠠᠷᠠᠭᠤᠯᠵᠤ᠂ ᠬᠠᠤᠯᠢ ᠪᠠᠷᠢᠯᠳᠠ ᠶᠢᠨ ᠳᠥᠪ ᠭᠤᠤᠯᠴᠢ ᠪᠠ ᠬᠠᠤᠯᠢ ᠪᠠᠷ ᠵᠠᠰᠠᠬᠤ ᠶᠢᠨ ᠡᠷᠬᠡ ᠰᠥᠷ ᠢ ᠥᠨᠠᠠᠬᠦ ᠬᠠᠮᠠᠭᠠᠯᠠᠪᠠ

    ᠲᠥᠪ ᠭᠤᠤᠯᠴᠢ ᠰᠢᠳᠤᠷᠭᠤ ᠶᠤᠰᠤ ᠶᠢ ᠢᠮᠠᠬᠳᠠ ᠭᠤᠤᠯᠯᠠᠬᠤ ᠥᠷᠳᠡᠭ ᠤᠨ ᠬᠥᠬᠡᠬᠡᠴᠡᠯᠳᠤᠯ ᠪᠤᠯᠭᠠᠵᠤ᠂ ᠵᠤᠷᠢᠬᠳᠠᠢ ᠬᠢᠨᠠᠯᠳᠠ ᠳᠡᠯᠪᠢᠵᠤ᠂ ᠴᠢᠳᠡᠮᠠᠭᠠᠢ ᠬᠢᠨᠠᠯᠳᠠ ᠳᠡᠯᠪᠢᠵᠤ᠂ ᠠᠷᠠᠳ ᠤᠯᠠᠨ ᠳᠤ ᠬᠠᠤᠯᠢ ᠪᠠᠷᠢᠯᠳᠠ ᠶᠢᠨ ᠬᠡᠷᠡᠭ ᠨᠢᠬᠡᠪᠤᠷᠢ ᠨᠢ ᠳᠥᠪ ᠭᠤᠤᠯᠴᠢ ᠳᠥᠪ ᠰᠢᠳᠤᠷᠭᠤ ᠪᠠᠶᠢᠬᠤ ᠶᠢ ᠴᠢᠷᠮᠠᠶᠢᠨ ᠮᠡᠳᠡᠷᠡᠬᠦᠯᠪᠠ᠃ 

    ᠬᠢᠯᠢᠰ ᠬᠤᠳᠠᠯ ᠪᠤᠷᠤᠭᠤ ᠬᠡᠷᠡᠭ ᠢ ᠡᠬᠢ ᠡᠬᠦᠰᠤᠯ ᠠᠴᠠ ᠨᠢ ᠰᠠᠷᠬᠡᠶᠢᠯᠡᠬᠦ ᠪᠠ ᠢᠯᠡᠷᠡᠬᠦᠯᠤᠨ ᠵᠠᠯᠠᠷᠠᠭᠤᠯᠬᠤ ᠳᠤᠬᠳᠠᠴᠠ ᠶᠢ ᠪᠥᠷᠢᠠᠰᠢᠬᠦᠯᠪᠠ᠃ ᠬᠤᠶᠠᠷ ᠳᠡᠬᠡᠳᠤ ᠭᠤᠷᠪᠡᠨ ᠶᠠᠮᠤᠨ ᠤ ︽ᠰᠢᠬᠦᠨ ᠳᠠᠰᠤᠯᠬᠤ ᠪᠠᠷ ᠭᠤᠤᠯ ᠪᠤᠯᠭᠠᠬᠤ ᠡᠷᠡᠬᠦᠤ ᠶᠢᠨ ᠵᠠᠷᠭᠤ ᠶᠢᠨ ᠳᠥᠷᠢᠮ ᠤᠨ ᠥᠬᠡᠷᠡᠴᠢᠯᠡᠯᠳᠠ ᠶᠢ ᠠᠬᠢᠭᠤᠯᠬᠤ ᠳᠤᠬᠠᠢ ᠰᠠᠨᠠᠯ︾ ᠢ ᠨᠠᠷᠢᠨ ᠬᠢᠨᠠᠮᠠᠭᠠᠢ ᠳᠤᠤᠱᠯᠠᠭᠤᠯᠵᠤ᠂ ᠪᠠᠷᠢᠪᠴᠢᠯᠠᠬᠤ ᠶᠢ ᠬᠢᠨᠠᠨ ᠵᠥᠪᠰᠢᠶᠡᠷᠡᠬᠦ ᠪᠤᠭᠤᠮᠳᠠ᠂ ᠬᠢᠨᠠᠨ ᠪᠠᠶᠢᠴᠠᠭᠠᠵᠤ ᠵᠠᠭᠠᠯᠳᠤᠬᠤ ᠪᠤᠭᠤᠮᠳᠠ ᠶᠢ ᠴᠢᠩᠭ᠎ᠠ ᠡᠵᠡᠮᠰᠢᠪᠡ᠃ ᠳᠤᠷᠰᠢᠨ ᠪᠠᠶᠢᠴᠠᠭᠠᠬᠤ ᠪᠠᠶᠢᠭᠤᠯᠭ᠎ᠠ ᠳᠤ ᠬᠢᠨᠠᠯᠳᠠ ᠳᠡᠯᠪᠢᠵᠤ 410 ᠬᠡᠷᠡᠭ ᠢ ᠬᠡᠷᠡᠭ ᠪᠤᠯᠭᠠᠨ᠂ 411 ᠬᠡᠷᠡᠭ ᠢ ᠬᠥᠴᠤᠨ ᠥᠬᠡᠢ ᠪᠤᠯᠭᠠᠵᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠶᠢ ᠳᠤᠷ᠎ᠠ ᠪᠠᠷ ᠢᠶᠠᠨ ᠬᠡᠷᠡᠭᠯᠡᠭᠰᠡᠨ᠂ ᠬᠠᠤᠯᠢ ᠵᠥᠷᠢᠴᠡᠵᠤ ᠬᠡᠷᠡᠴᠢ ᠠᠪᠤᠬᠰᠠᠨ ᠵᠠᠷᠬᠡ ᠳᠤᠷᠰᠢᠨ ᠪᠠᠶᠢᠴᠠᠭᠠᠬᠤ ᠠᠵᠢᠯᠯᠠᠭ᠎ᠠ ᠶᠢᠨ ᠬᠠᠤᠯᠢ ᠵᠥᠷᠢᠴᠡᠭᠰᠡᠨ ᠪᠠᠶᠢᠳᠡᠯ ᠳᠤ 1360 ᠬᠡᠷᠡᠭ ᠤᠳᠠᠭ᠎ᠠ ᠬᠢᠨᠠᠯᠳᠠ ᠳᠡᠯᠪᠢᠨ ᠵᠠᠯᠠᠷᠠᠭᠤᠯᠪᠠ︔ ᠶᠠᠯ᠎ᠠ ᠪᠤᠯᠵᠤ ᠪᠥᠷᠢᠯᠳᠥᠭᠰᠡᠨ ᠥᠬᠡᠢ ᠪᠤᠶᠤ ᠬᠡᠷᠡᠴᠢ ᠪᠠᠷᠢᠮᠳᠠ ᠬᠥᠷᠤᠯᠴᠠᠬᠦ ᠥᠬᠡᠢ ᠬᠡᠷᠡᠭ ᠤᠨ 216 ᠬᠥᠮᠤᠨ ᠢ ᠥᠯᠤ ᠪᠠᠷᠢᠪᠴᠢᠯᠠᠬᠤ ᠪᠠᠷ᠂ 174 ᠬᠥᠮᠤᠨ ᠢ ᠥᠯᠤ ᠵᠠᠭᠠᠯᠳᠤᠬᠤ ᠪᠠᠷ ᠳᠤᠬᠳᠠᠵᠠᠢ᠃ ᠡᠷᠡᠬᠦᠤ ᠶᠢᠨ ᠬᠡᠷᠡᠭ ᠤᠨ ᠰᠢᠬᠦᠨ ᠳᠠᠰᠤᠯᠤᠯᠳᠠ ᠳᠤ ᠬᠢᠨᠠᠯᠳᠠ ᠳᠡᠯᠪᠢᠬᠤ ᠪᠠᠨ ᠴᠢᠩᠭᠠᠳᠬᠠᠵᠤ᠂ ᠥᠨᠠᠠᠬᠦ ᠪᠤᠷᠤᠭᠤᠳᠠᠬᠰᠠᠨ ᠬᠡᠵᠤ ᠥᠵᠡᠭᠰᠡᠨ ᠡᠷᠡᠬᠦᠤ ᠶᠢᠨ ᠬᠡᠷᠡᠭ ᠤᠨ ᠳᠠᠰᠤᠯᠤᠨ ᠳᠤᠬᠳᠠᠭᠠᠬᠰᠠᠨ 229 ᠬᠡᠷᠡᠭ ᠲᠤ ᠡᠰᠡᠷᠬᠦᠴᠡᠨ ᠵᠠᠭᠠᠯᠳᠤᠯᠭ᠎ᠠ ᠭᠠᠷᠭᠠᠪᠠ᠃ ᠮᠠᠨ ᠤ ᠤᠷᠤᠨ ᠤ ᠪᠠᠶᠢᠴᠠᠭᠠᠨ ᠰᠢᠳᠬᠡᠭᠰᠡᠨ 4 ᠬᠡᠷᠡᠭ ︽ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠰᠢᠯᠢᠳᠡᠭ ᠡᠷᠡᠬᠦᠤ ᠶᠢᠨ ᠡᠰᠡᠷᠬᠦᠴᠡᠨ ᠵᠠᠭᠠᠯᠳᠤᠬᠰᠠᠨ ᠬᠡᠷᠡᠭ︾ ᠲᠤ ᠰᠢᠯᠢᠭᠳᠡᠨ ᠤᠷᠤᠬᠰᠠᠨ ᠪᠠᠶᠢᠨ᠎ᠠ᠃ ᠳᠤᠳᠤᠭᠠᠳᠤ ᠶᠢ ᠬᠠᠮᠠᠭᠠᠯᠠᠬᠤ ᠳᠢᠩᠬᠢᠮ ᠲᠠᠢ ᠬᠠᠮᠳᠤᠷᠠᠨ ᠪᠥᠬᠦ ᠤᠷᠤᠨ ᠤ 440 ᠳᠤᠮᠢᠯᠠᠬᠰᠠᠨ ᠰᠠᠯᠪᠤᠷᠢ ᠶᠢᠨ ᠡᠷᠡᠬᠦᠤ ᠶᠢᠨ ᠬᠡᠷᠡᠭ ᠤᠨ ᠬᠠᠤᠯᠢ ᠬᠡᠷᠡᠭᠵᠢᠬᠦᠯᠥᠭᠰᠡᠨ ᠪᠠᠶᠢᠳᠡᠯ ᠳᠤ ᠪᠠᠶᠢᠴᠠᠭᠠᠯᠳᠠ ᠥᠷᠨᠢᠬᠦᠯᠵᠤ᠂ ᠳᠦᠡᠭᠯᠢᠶᠤᠤ ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠪᠠ ᠬᠠᠷᠢᠶᠠᠳᠤ ᠬᠤᠶᠠᠷ ᠬᠤᠪᠢᠶᠠᠷᠢ ᠳᠤᠪᠴᠢᠶ᠎ᠠ ᠶᠢᠨ ᠰᠢᠳᠬᠡᠭᠰᠡᠨ ᠡᠷᠡᠬᠦᠤ ᠶᠢᠨ ᠬᠡᠷᠡᠭ ᠲᠤ ᠥᠯᠢᠬᠡᠷ ᠠᠪᠴᠤ ᠥᠨᠠᠯᠠᠯᠳᠠ ᠬᠢᠵᠤ᠂ ᠬᠡᠷᠡᠭ ᠤᠨ ᠳᠠᠷᠠᠭ᠎ᠠ ᠵᠠᠯᠠᠷᠠᠭᠤᠯᠬᠤ᠂ ᠬᠡᠷᠡᠭ ᠭᠠᠷᠪᠡᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠭ᠎ᠠ ᠠᠴᠠ ᠨᠢ ᠬᠤᠷᠢᠬᠯᠠᠬᠤ᠂ ᠤᠷᠢᠳᠠᠪᠡᠷ ᠰᠠᠷᠬᠡᠶᠢᠯᠡᠬᠦ ᠪᠤᠯᠭᠠᠨ ᠥᠬᠡᠷᠡᠴᠢᠯᠡᠬᠦ ᠳᠤᠬᠳᠠᠴᠠ ᠪᠠᠶᠢᠭᠤᠯᠬᠤ ᠶᠢ ᠳᠥᠯᠬᠢᠨ ᠠᠬᠢᠭᠤᠯᠵᠤ᠂ ᠬᠠᠤᠯᠢ ᠬᠡᠷᠡᠭᠵᠢᠬᠦᠯᠬᠦ ᠬᠠᠤᠯᠢ ᠪᠠᠷᠢᠯᠳᠠ ᠶᠢᠨ ᠡᠷᠬᠡ ᠶᠢ ᠳᠥᠷᠢᠮᠵᠢᠬᠦᠯᠤᠨ ᠬᠡᠷᠡᠭᠯᠡᠬᠦ ᠶᠢ ᠠᠬᠢᠭᠤᠯᠪᠠ᠃ 

    ᠵᠠᠷᠭᠤ ᠳᠤ ᠤᠷᠤᠯᠴᠠᠬᠰᠡᠳ ᠤᠨ ᠬᠠᠤᠯᠢ ᠶᠤᠰᠤᠨ ᠤ ᠡᠷᠬᠡ ᠠᠰᠢᠭ ᠢ ᠥᠨᠠᠠᠬᠦ ᠬᠠᠮᠠᠭᠠᠯᠠᠪᠠ᠃ ᠶᠠᠯ᠎ᠠ ᠬᠢᠭᠰᠡᠨ ᠳᠤ ᠰᠡᠵᠢᠭᠯᠡᠭᠳᠡᠭᠰᠡᠨ ᠪᠤᠯᠪᠠᠴᠤ ᠨᠠᠶᠢᠬᠡᠮ ᠤᠨ ᠠᠶᠤᠯᠳᠤ ᠴᠢᠨᠠᠷ ᠥᠬᠡᠢ 1932 ᠬᠥᠮᠤᠨ ᠤ ᠪᠠᠷᠢᠪᠴᠢᠯᠠᠬᠤ ᠶᠢ ᠥᠯᠤ ᠵᠥᠪᠰᠢᠶᠡᠷᠡᠵᠤ᠂ 477 ᠬᠥᠮᠤᠨ ᠢ ᠥᠯᠤ ᠵᠠᠭᠠᠯᠳᠤᠪᠠ᠃ ᠬᠤᠷᠢᠬᠤ ᠴᠢᠬᠤᠯᠠ ᠴᠢᠨᠠᠷ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠥᠷᠬᠦᠯᠵᠢᠯᠠᠨ ᠬᠤᠷᠢᠬᠤ ᠴᠢᠬᠤᠯᠠ ᠥᠬᠡᠢ ᠶᠠᠯ᠎ᠠ ᠬᠢᠭᠰᠡᠨ 1116 ᠰᠡᠵᠢᠭᠳᠡᠨ ᠢ ᠰᠤᠯᠠᠯᠠᠬᠤ ᠪᠤᠶᠤ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠶᠢ ᠬᠤᠪᠢᠷᠠᠭᠤᠯᠬᠤ ᠪᠠᠷ ᠰᠠᠨᠠᠭᠤᠯᠵᠤ᠂ ᠠᠳᠠᠯᠢ ᠬᠤᠭᠤᠴᠠᠭᠠᠨ ᠤ ᠬᠢ ᠠᠴᠠ 44.0% ᠪᠠᠷ ᠳᠡᠬᠡᠭᠰᠢᠯᠡᠪᠡ᠃ ᠡᠷᠡᠬᠦᠳᠠᠨ ᠥᠴᠢᠭᠯᠡᠬᠦᠯᠥᠭᠰᠡᠨ ᠥᠢᠯᠠ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠤ᠂ ᠡᠷᠬᠡ ᠡᠬᠦᠷᠬᠡ ᠶᠢ ᠮᠡᠳᠡᠭᠳᠡᠬᠦ ᠳᠥᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠡᠷᠡᠭ ᠤᠨ ᠳᠤᠬᠠᠢ ᠶᠢᠨ ᠬᠥᠮᠤᠨ ᠤ ᠬᠠᠤᠯᠢ ᠶᠤᠰᠤᠨ ᠤ ᠡᠷᠬᠡ ᠠᠰᠢᠭ ᠢ ᠥᠨᠠᠠᠬᠦ ᠬᠠᠮᠠᠭᠠᠯᠠᠪᠠ᠃ ᠬᠠᠤᠯᠢᠴᠢ ᠶᠢᠨ ᠰᠥᠯᠵᠢᠶᠠᠨ ᠳᠡᠬᠡᠷ᠎ᠠ ᠪᠤᠯᠵᠤᠵᠤ ᠠᠰᠠᠭᠤᠨ ᠯᠠᠪᠯᠠᠬᠤ᠂ ᠡᠯᠧᠺᠲᠷᠤᠨ ᠡᠪᠬᠡᠮᠡᠯ ᠥᠵᠡᠬᠦ ᠶᠢ ᠪᠡᠶᠡᠯᠡᠬᠦᠯᠵᠤ᠂ ᠬᠠᠤᠯᠢᠴᠢ ᠶᠢᠨ ᠭᠤᠮᠤᠳᠡᠯ ᠵᠠᠭᠠᠯᠳᠤᠯᠭ᠎ᠠ ᠶᠢᠨ ᠳᠤᠰᠬᠠᠢ ᠨᠡᠪᠳᠠᠷᠡᠴᠠ ᠪᠠ ᠭᠤᠶᠤᠴᠢᠯᠠᠬᠰᠠᠨ ᠵᠥᠢᠯᠠᠰ ᠢ ᠮᠥᠷᠳᠡᠨ ᠱᠠᠭᠠᠷᠳᠠᠨ ᠬᠢᠯᠬᠡᠬᠦ ᠳᠤᠬᠳᠠᠴᠠ ᠶᠢ ᠪᠠᠶᠢᠭᠤᠯᠤᠨ᠂ ᠬᠠᠤᠯᠢᠴᠢ ᠶᠢᠨ ᠬᠠᠤᠯᠢ ᠶᠤᠰᠤᠭᠠᠷ ᠠᠵᠢᠯ ᠡᠷᠬᠢᠯᠡᠬᠦ ᠶᠢ ᠨᠢ ᠪᠠᠳᠤᠯᠠᠨ ᠠᠬᠢᠭᠤᠯᠪᠠ᠃ 

    ᠡᠷᠡᠬᠦᠤ ᠶᠢᠨ ᠬᠡᠷᠡᠭ ᠤᠨ ᠬᠥᠢᠴᠡᠳᠬᠡᠯᠳᠠ ᠳᠤ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠪᠠᠨ ᠴᠢᠩᠭᠠᠷᠠᠭᠤᠯᠪᠠ᠃ ᠡᠷᠡᠬᠦᠤ ᠰᠢᠳᠬᠡᠯ ᠤᠨ ᠬᠤᠪᠢᠷᠠᠯ ᠤᠨ ᠬᠥᠢᠴᠡᠳᠬᠡᠯᠳᠠ ᠲᠠᠢ ᠵᠠᠷᠬᠡᠪᠡᠷ ᠬᠢᠨᠠᠯᠳᠠ ᠳᠡᠯᠪᠢᠬᠤ ᠳᠤᠬᠳᠠᠴᠠ ᠶᠢ ᠪᠥᠷᠢᠠᠰᠢᠬᠦᠯᠵᠤ᠂ ᠡᠷᠡᠬᠦᠤ ᠬᠠᠰᠤᠬᠰᠠᠨ᠂ ᠳᠠᠩᠰᠠᠠ ᠰᠤᠯᠠᠯᠠᠬᠰᠠᠨ᠂ ᠬᠢᠨᠳᠠᠨ ᠤ ᠭᠠᠳᠠᠨ᠎ᠠ ᠳᠥᠷ ᠬᠥᠢᠴᠡᠳᠬᠡᠭᠰᠡᠨ ᠨᠢ ᠵᠤᠬᠢᠰ ᠥᠬᠡᠶᠢᠳᠡᠭᠰᠡᠨ 2910 ᠬᠡᠷᠡᠭ ᠲᠤ ᠬᠢᠨᠠᠯᠳᠠ ᠳᠡᠯᠪᠢᠵᠤ ᠵᠠᠯᠠᠷᠠᠭᠤᠯᠪᠠ᠃ ᠪᠤᠳᠠᠳᠤ ᠡᠷᠡᠬᠦᠤ ᠪᠠᠷ ᠰᠢᠳᠬᠡᠭᠳᠡᠭᠰᠡᠨ ᠶᠠᠯᠠᠳᠠᠨ ᠤ ᠡᠷᠡᠬᠦᠤ ᠰᠢᠳᠬᠡᠯ ᠢ ᠥᠯᠤ ᠬᠥᠢᠴᠡᠳᠬᠡᠭᠰᠡᠨ ᠢ ᠳᠥᠪᠯᠡᠷᠡᠬᠦᠯᠤᠨ ᠴᠡᠪᠡᠷᠯᠡᠬᠦ ᠳᠤᠰᠬᠠᠢ ᠪᠠᠶᠢᠴᠠᠭᠠᠬᠤ ᠠᠵᠢᠯ ᠢ ᠥᠷᠨᠢᠬᠦᠯᠵᠤ᠂ 302 ᠬᠥᠮᠤᠨ ᠢ ᠴᠡᠪᠡᠷᠯᠠᠨ ᠵᠠᠯᠠᠷᠠᠭᠤᠯᠪᠠ᠃ ᠶᠠᠯᠠᠳᠠᠨ ᠸᠠᠩ ᠳ᠋ᠸᠤ ᠴᠸᠡᠭ ᠱᠠᠮᠰᠢᠬᠰᠠᠨ ᠶᠠᠯ᠎ᠠ ᠪᠠᠷ 14 ᠵᠢᠯ ᠤᠨ ᠬᠤᠭᠤᠴᠠᠭ᠎ᠠ ᠲᠠᠢ ᠬᠤᠷᠢᠬᠤ ᠡᠷᠡᠬᠦᠤ ᠪᠠᠷ ᠰᠢᠳᠬᠡᠭᠳᠡᠭᠰᠡᠨ ᠪᠠᠶᠢᠳᠡᠯ᠎ᠠ ᠬᠤᠷᠢᠶᠠᠨ ᠬᠤᠷᠢᠵᠤ ᠬᠢᠨᠳᠠᠨ ᠳᠤ ᠬᠥᠷᠬᠡᠭᠳᠡᠭᠰᠡᠨ ᠥᠬᠡᠢ ᠪᠠᠶᠢᠪᠠ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠠᠷ᠎ᠠ ᠳᠤᠷᠠᠳᠤᠨ ᠱᠠᠭᠠᠷᠳᠠᠨ ᠬᠥᠢᠴᠡᠳᠬᠡᠬᠦᠯᠥᠭᠰᠡᠨ ᠪᠥᠬᠡᠳ ᠠᠨᠠᠭᠠᠬᠤ ᠤᠬᠠᠭᠠᠨ ᠤ ᠰᠢᠯᠭᠠᠨ ᠳᠤᠬᠳᠠᠭᠠᠯᠳᠠ ᠶᠢ ᠵᠤᠬᠢᠶᠠᠨ ᠪᠠᠶᠢᠭᠤᠯᠤᠨ ᠬᠢᠯᠬᠡᠬᠡᠳ᠂ ᠳᠤᠰ ᠶᠠᠯᠠᠳᠠᠨ ᠢ ᠡᠴᠤᠰ ᠲᠡᠭᠡᠨ ᠬᠢᠨᠳᠠᠨ ᠳᠤ ᠬᠥᠷᠬᠡᠵᠤ ᠡᠷᠡᠬᠦᠤ ᠬᠥᠢᠴᠡᠳᠬᠡᠬᠦᠯᠵᠠᠢ᠃ ᠤᠯᠤᠰ ᠳᠥᠷᠤ ᠶᠢᠨ ᠵᠥᠪᠯᠡᠯᠬᠡᠨ ᠤ ᠬᠡᠰᠢᠬᠦᠨ ᠤ ᠰᠠᠨᠠᠯ ᠳᠤᠷᠠᠳᠤᠯᠭ᠎ᠠ ᠶᠢ ᠬᠥᠢᠴᠡᠳᠬᠡᠬᠦ ᠪᠠᠨ ᠳᠡᠬᠡᠳᠤ ᠬᠡᠮᠵᠢᠶ᠎ᠠ ᠪᠠᠷ ᠬᠥᠠᠳᠤᠳᠬᠡᠵᠤ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠳᠤᠳᠤᠭᠠᠳᠤ ᠶᠢ ᠬᠠᠮᠠᠭᠠᠯᠠᠬᠤ ᠳᠢᠩᠬᠢᠮ ᠲᠠᠢ ᠬᠠᠮᠳᠤᠷᠠᠨ ᠬᠤᠷᠢᠬᠳᠠᠵᠤ ᠪᠠᠶᠢᠭ᠎ᠠ ᠨᠠᠰᠤᠨ ᠳᠤ ᠥᠯᠤ ᠬᠥᠷᠥᠭᠰᠡᠨ ᠶᠠᠯ᠎ᠠ ᠬᠢᠭᠰᠡᠨ ᠰᠡᠵᠢᠭᠳᠡᠨ᠂ ᠵᠠᠭᠠᠯᠳᠤᠬᠳᠠᠬᠴᠢ ᠶᠢ ᠨᠠᠶᠢᠯᠠᠬᠦᠯᠤᠨ ᠬᠠᠮᠢᠶᠠᠷᠴᠤ ᠨᠠᠶᠢᠯᠠᠬᠦᠯᠤᠨ ᠬᠤᠷᠢᠬᠰᠠᠨ ᠠᠰᠠᠭᠤᠳᠡᠯ ᠳᠤ ᠳᠤᠰᠬᠠᠢ ᠪᠠᠶᠢᠴᠠᠭᠠᠬᠤ ᠠᠵᠢᠯ ᠥᠷᠨᠢᠬᠦᠯᠵᠤ᠂ 350 ᠬᠥᠮᠤᠨ ᠢ ᠨᠠᠶᠢᠯᠠᠬᠦᠯᠵᠤ ᠬᠠᠮᠢᠶᠠᠷᠤᠬᠰᠠᠨ ᠨᠠᠶᠢᠯᠡᠬᠦᠯᠵᠤ ᠬᠤᠷᠢᠬᠰᠠᠨ ᠪᠠᠶᠢᠳᠡᠯ ᠳᠤ ᠬᠢᠨᠠᠯᠳᠠ ᠳᠡᠯᠪᠢᠵᠤ ᠵᠠᠯᠠᠷᠠᠭᠤᠯᠪᠠ᠃ 

    ᠢᠷᠬᠡᠨ ᠤ ᠪᠠ ᠵᠠᠰᠠᠭ ᠵᠠᠬᠢᠷᠭᠠᠨ ᠤ ᠵᠠᠷᠭᠤ ᠳᠠᠬᠢ ᠬᠠᠤᠯᠢ ᠴᠠᠭᠠᠵᠠ ᠶᠢᠨ ᠬᠢᠨᠠᠯᠳᠠ ᠳᠡᠯᠪᠢᠯᠳᠠ ᠪᠠᠨ ᠴᠢᠩᠭᠠᠷᠠᠭᠤᠯᠪᠠ᠃ 140 ᠬᠡᠷᠡᠭ ᠤᠨ ᠬᠥᠴᠤᠨ ᠲᠠᠢ ᠪᠤᠯᠤᠬᠰᠠᠨ ᠢᠷᠬᠡᠨ ᠤ ᠪᠠ ᠵᠠᠰᠠᠭ ᠵᠠᠬᠢᠷᠭᠠᠨ ᠤ ᠰᠢᠬᠦᠨ ᠳᠠᠰᠤᠯᠤᠯᠳᠠ ᠳᠤ ᠡᠰᠡᠷᠬᠦᠴᠡᠨ ᠵᠠᠭᠠᠯᠳᠤᠯᠭ᠎ᠠ ᠭᠠᠷᠭᠠᠨ᠂ ᠰᠢᠬᠦᠬᠦ ᠬᠤᠷᠢᠶ᠎ᠠ ᠠᠴᠠ 110 ᠬᠡᠷᠡᠭ ᠤᠨ ᠤᠤᠯ ᠤᠨ ᠰᠢᠬᠦᠨ ᠳᠠᠰᠤᠯᠤᠯᠳᠠ ᠶᠢᠨ ᠥᠷ᠎ᠠ ᠳ᠋ᠦᠡᠭ ᠢ ᠥᠬᠡᠷᠡᠴᠢᠯᠡᠵᠠᠢ᠃ ᠬᠥᠢᠴᠡᠳᠬᠡᠯᠳᠠ ᠶᠢᠨ ᠬᠢᠨᠠᠯᠳᠠ ᠳᠡᠯᠪᠢᠯᠳᠠ ᠪᠠᠨ ᠴᠢᠩᠭᠠᠷᠠᠭᠤᠯᠤᠨ᠂ ᠥᠠᠳᠤᠷ ᠵᠠᠷᠬᠡ ᠶᠢᠨ ᠰᠢᠬᠦᠬᠦ ᠬᠤᠷᠢᠶ᠎ᠠ ᠲᠠᠢ ᠬᠠᠮᠳᠤᠷᠠᠨ ᠬᠥᠢᠴᠡᠳᠬᠡᠯᠳᠠ ᠶᠢᠨ ᠬᠡᠷᠡᠭ ᠤᠨ ᠮᠥᠡᠭᠬᠦ ᠶᠢ ᠳᠥᠪᠯᠡᠷᠡᠬᠦᠯᠤᠨ ᠴᠡᠪᠡᠷᠯᠡᠬᠦ ᠠᠵᠢᠯᠯᠠᠭ᠎ᠠ ᠥᠷᠨᠢᠬᠦᠯᠤᠨ᠂ ᠬᠠᠤᠯᠢ ᠠᠴᠠ ᠵᠥᠷᠢᠴᠡᠭᠰᠡᠨ ᠥᠢᠯᠠ ᠪᠠᠶᠢᠳᠡᠯ ᠳᠤ 859 ᠬᠡᠷᠡᠭ ᠤᠳᠠᠭ᠎ᠠ ᠬᠢᠨᠠᠯᠳᠠ ᠳᠡᠯᠪᠢᠨ ᠵᠠᠯᠠᠷᠠᠭᠤᠯᠵᠠᠢ᠃ ᠬᠤᠳᠠᠯ ᠬᠠᠭᠤᠷᠮᠠᠭ ᠵᠠᠷᠭᠤ ᠳᠤ ᠬᠢᠨᠠᠯᠳᠠ ᠳᠡᠯᠪᠢᠬᠤ ᠡᠷᠴᠢᠮ ᠢᠶᠠᠨ ᠴᠢᠩᠭᠠᠷᠠᠭᠤᠯᠤᠨ᠂ ᠪᠠᠶᠢᠴᠠᠭᠠᠬᠤ ᠬᠤᠷᠢᠶ᠎ᠠ ᠨᠢ ᠠᠯᠠᠭ᠎ᠠ ᠪᠤᠯᠤᠬᠰᠠᠨ ᠢᠶᠠᠷ ᠵᠠᠷᠯᠠᠬᠰᠠᠨ ᠬᠤᠳᠠᠯ ᠬᠠᠭᠤᠷᠮᠠᠭ ᠰᠢᠬᠦᠨ ᠳᠠᠰᠤᠯᠤᠯᠳᠠ ᠭᠠᠷᠭᠠᠵᠤ᠂ ᠪᠤᠰᠤᠳ ᠢ ᠬᠠᠪᠰᠤᠷᠴᠤ ᠥᠨᠤᠴᠢᠨ ᠬᠡᠤᠬᠡᠳ ᠢ ᠥᠰᠬᠡᠨ ᠬᠥᠮᠤᠵᠢᠬᠦᠯᠬᠦ ᠨᠥᠬᠦᠪᠤᠷᠢ ᠮᠡᠬᠡᠯᠡᠨ ᠠᠪᠤᠬᠰᠠᠨ ᠨᠢᠬᠡᠨ ᠰᠢᠬᠦᠬᠦ ᠳᠤᠰᠢᠶᠠᠯᠳᠠᠨ ᠢ ᠬᠠᠤᠯᠢ ᠶᠢ ᠭᠠᠵᠢᠭᠤᠳᠠᠭᠤᠯᠤᠨ ᠬᠢᠨᠠᠨ ᠳᠠᠰᠤᠯᠤᠬᠰᠠᠨ ᠶᠠᠯ᠎ᠠ ᠪᠠᠷ ᠬᠡᠷᠡᠭ ᠪᠤᠯᠭᠠᠨ ᠳᠤᠷᠰᠢᠨ ᠪᠠᠶᠢᠴᠠᠭᠠᠬᠰᠠᠨ ᠪᠥᠬᠡᠳ ᠰᠢᠬᠦᠬᠦ ᠬᠤᠷᠢᠶᠠᠨ ᠳᠤ ᠳᠡᠬᠢᠨ ᠰᠢᠬᠦᠯᠬᠡᠬᠦ ᠰᠠᠨᠠᠭᠤᠯᠭ᠎ᠠ ᠶᠢ ᠴᠠᠭ ᠳᠤᠬᠠᠢ ᠳᠤᠨᠢ ᠳᠤᠷᠠᠳᠴᠤ᠂ ᠪᠤᠷᠤᠭᠤᠳᠠᠬᠰᠠᠨ ᠰᠢᠬᠦᠨ ᠳᠠᠰᠤᠯᠤᠯᠳᠠ ᠶᠢ ᠵᠠᠯᠠᠷᠠᠭᠤᠯᠤᠨ᠂ ᠤᠯᠤᠰ ᠤᠨ ᠠᠵᠤ ᠠᠬᠤᠢ ᠶᠢᠨ ᠬᠤᠬᠢᠷᠠᠯ ᠢ ᠡᠬᠡᠬᠦᠯᠤᠨ ᠠᠪᠴᠢᠷᠠᠵᠠᠢ᠃ ᠳᠤᠰ ᠬᠡᠷᠡᠭ ᠲᠠᠢ ᠤᠶᠠᠯᠳᠤᠭᠤᠯᠤᠨ᠂ ᠤᠯᠠᠭᠠᠠᠬᠠᠳᠠ ᠬᠤᠳᠠ ᠪᠥᠬᠦ ᠬᠤᠳᠠ ᠶᠢᠨ ᠬᠡᠪᠴᠢᠶᠠᠨ ᠳᠤᠳᠤᠷ᠎ᠠ ᠪᠠᠨ ᠥᠨᠤᠴᠢᠨ ᠬᠡᠤᠬᠡᠳ ᠢ ᠥᠰᠬᠡᠨ ᠬᠥᠮᠤᠵᠢᠬᠦᠯᠬᠦ ᠨᠥᠬᠦᠪᠤᠷᠢ ᠮᠥᠡᠭᠬᠦ ᠤᠯᠭᠤᠬᠤ ᠳᠤᠬᠠᠢ ᠳᠤᠰᠬᠠᠢ ᠪᠠᠶᠢᠴᠠᠭᠠᠯᠳᠠ ᠶᠢᠨ ᠠᠵᠢᠯᠯᠠᠭ᠎ᠠ ᠥᠷᠨᠢᠬᠦᠯᠵᠠᠢ᠃ 

    ᠬᠠᠤᠯᠢ ᠪᠠᠷᠢᠯᠳᠠ ᠶᠢᠨ ᠳᠥᠪ ᠭᠤᠤᠯᠴᠢ ᠪᠤᠰᠤ ᠶᠢᠨ ᠠᠷᠤ ᠳᠠᠬᠢ ᠳᠤᠰᠢᠶᠠᠯ ᠤᠨ ᠶᠠᠯᠠᠳᠤ ᠬᠡᠷᠡᠭ ᠢ ᠳᠥᠪ ᠴᠢᠩᠭ᠎ᠠ ᠪᠠᠷ ᠪᠠᠶᠢᠴᠠᠭᠠᠨ ᠰᠢᠳᠬᠡᠪᠡ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ 96 ᠬᠠᠤᠯᠢ ᠪᠠᠷᠢᠬᠤ ᠠᠵᠢᠯᠳᠠᠨ ᠢ ᠪᠠᠶᠢᠴᠠᠭᠠᠨ ᠰᠢᠳᠬᠡᠵᠤ᠂ ᠡᠬᠦᠨ ᠳᠤ ᠡᠷᠡᠬᠦᠤ ᠰᠢᠳᠬᠡᠯ ᠤᠨ ᠬᠥᠢᠴᠡᠳᠬᠡᠯᠳᠠ ᠳᠤᠮᠳᠠᠬᠢ 32 ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠵᠤ᠂ ᠠᠳᠠᠯᠢ ᠬᠤᠭᠤᠴᠠᠭᠠᠨ ᠤ ᠬᠢ ᠠᠴᠠ 28% ᠪᠠᠷ ᠳᠡᠬᠡᠭᠰᠢᠯᠡᠪᠠ᠃ ᠤᠯᠠᠭᠠᠨ ᠬᠢᠨᠳᠠᠨ ᠤ ᠠᠷᠠᠳ ᠤᠨ ᠴᠠᠬᠳᠠᠭ᠎ᠠ ᠯᠢ ᠱᠤ᠋ ᠾᠧ ᠬᠤᠪᠢᠶᠠᠷᠢ ᠬᠢᠨᠳᠠᠨ ᠤ ᠳᠤᠭᠤᠷᠢᠭ ᠤᠨ ᠳᠠᠷᠤᠭ᠎ᠠ ᠶᠢᠨ ᠳᠤᠰᠢᠶᠠᠯ ᠬᠠᠷᠢᠭᠤᠴᠠᠵᠤ ᠪᠠᠶᠢᠬᠰᠠᠨ ᠳᠥᠬᠦᠮ ᠢᠶᠠᠨ ᠠᠰᠢᠬᠯᠠᠨ᠂ ᠠᠵᠢᠯ ᠤᠨ ᠪᠠᠶᠢᠷᠢ ᠳᠤᠬᠢᠷᠠᠭᠤᠯᠬᠤ᠂ ᠬᠥᠳᠡᠯᠮᠤᠷᠢ ᠶᠢᠨ ᠢᠳᠡᠪᠬᠢᠳᠠᠨ ᠪᠤᠯᠭᠠᠬᠤ ᠵᠠᠷᠬᠡ ᠨᠠᠷ᠎ᠠ ᠪᠠᠷ᠂ 16 ᠡᠷᠡᠬᠦᠤ ᠰᠢᠳᠬᠡᠯ ᠬᠥᠢᠴᠡᠳᠬᠡᠵᠤ ᠪᠠᠶᠢᠬᠰᠠᠨ ᠬᠥᠮᠤᠨ ᠠᠴᠠ ᠤᠷᠢᠳ ᠬᠤᠵᠢᠳ 65000 ᠳᠥᠬᠦᠷᠢᠭ ᠤᠨ ᠬᠠᠭ᠋ᠤᠤᠯᠢ ᠠᠪᠴᠠᠢ᠂ ᠪᠠᠶᠢᠴᠠᠭᠠᠬᠤ ᠬᠤᠷᠢᠶ᠎ᠠ ᠠᠴᠠ ᠳᠡᠬᠦᠨ ᠢ ᠬᠠᠭ᠋ᠤᠤᠯᠢ ᠢᠳᠡᠭᠰᠡᠨ ᠶᠠᠯ᠎ᠠ ᠪᠠᠷ ᠰᠡᠵᠢᠭᠯᠡᠵᠤ ᠬᠡᠷᠡᠭ ᠪᠤᠯᠭᠠᠨ ᠳᠤᠷᠰᠢᠨ ᠪᠠᠶᠢᠴᠠᠭᠠᠭᠠᠳ᠂ ᠳᠡᠬᠦᠨ ᠤ ᠡᠷᠡᠬᠦᠤ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠵᠠᠢ᠃ 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro