ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠦᠷ ᠮᠤᠩᠭᠤᠯ ᠤᠨ ᠭᠤᠷᠪᠠᠨ ᠱᠠᠲᠤᠨ ᠤ ᠪᠠᠶᠢᠴᠠᠭᠠᠬᠤ ᠬᠤᠷᠢᠶ᠎ᠠ ᠤᠷᠤᠨ ᠲᠤᠭᠠᠳᠦ ᠪᠠᠶᠢᠴᠠᠭᠠᠬᠤ ᠲᠤᠰᠢᠶᠠᠯᠳᠠᠨ ᠤ ᠲᠠᠩᠭᠠᠷᠢᠭᠯᠠᠬᠤ ᠶᠤᠰᠤᠯᠠᠯ ᠢ ᠨᠢᠭᠡᠳᠦᠯᠳᠠᠢ ᠶᠠᠪᠤᠭᠳᠠᠭᠤᠯᠪᠠ

2017-01-24 11:08:58
ᠵᠣᠬᠢᠶᠠᠭᠴᠢ
ᠪᠤᠤ ᠡᠾᠦ᠋ᠢ ᠮᠧᠢ

ᠲᠠᠩᠭᠠᠷᠢᠭᠯᠠᠬᠤ ᠶᠤᠰᠤᠯᠠᠯ ᠤᠨ ᠠᠬᠤᠢ ᠲᠠᠯᠠᠪᠠᠢ

W020161222539526757431.jpg

    12 ᠰᠠᠷ᠎ᠠ ᠶᠢᠨ 21 ᠤ ᠦᠳᠡ ᠶᠢᠨ ᠬᠤᠶᠢᠨᠠᠬᠢ ᠭᠤᠷᠪᠠᠨ ᠴᠠᠭ ᠲᠤ᠂ ᠦᠪᠦᠷ ᠮᠤᠩᠭᠤᠯ ᠤᠨ ᠭᠤᠷᠪᠠᠨ ᠱᠠᠲᠤᠨ ᠤ ᠪᠠᠶᠢᠴᠠᠭᠠᠬᠤ ᠬᠤᠷᠢᠶ᠎ᠠ ᠨᠢ ᠠᠳᠠᠯᠢ ᠴᠠᠭ᠂ ᠠᠳᠠᠯᠢ ᠵᠢᠷᠤᠮ ᠢᠶᠠᠷ ᠤᠷᠤᠨ ᠲᠤᠭᠠᠳᠦ ᠪᠠᠶᠢᠴᠠᠭᠠᠬᠤ ᠲᠤᠰᠢᠶᠠᠯᠳᠠᠨ ᠤ ᠲᠠᠩᠭᠠᠷᠢᠭᠯᠠᠬᠤ ᠶᠤᠰᠤᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠵᠠᠢ᠃ ᠪᠦᠬᠦ ᠤᠷᠤᠨ ᠤ ᠣᠷᠤᠨ ᠲᠤᠭᠠᠳᠦ ᠪᠠᠶᠢᠴᠠᠭᠠᠬᠤ ᠲᠤᠰᠢᠶᠠᠯᠳᠠᠨ ᠦᠨᠳᠦᠰᠦᠨ ᠬᠠᠥᠯᠢ ᠶᠢᠨ ᠡᠮᠦᠨ᠎ᠡ ᠬᠠᠮᠲᠤᠪᠡᠷ ᠲᠠᠩᠭᠠᠷᠢᠭᠯᠠᠭᠰᠠᠨ  ᠶᠠᠪᠤᠳᠠᠯ ᠨᠢ ᠪᠠᠶᠢᠴᠠᠭᠠᠬᠤ ᠲᠤᠰᠢᠶᠠᠯᠳᠠᠨ ᠤ ᠤᠷᠤᠨ ᠲᠤᠭᠠᠳᠦ ᠦᠭᠡᠷᠡᠴᠢᠯᠡᠯᠳᠡ ᠲᠡᠥᠬᠡᠴᠢ ᠴᠢᠨᠠᠷᠳᠠᠢ ᠠᠯᠬᠤᠮ ᠢᠶᠠᠨ ᠠᠯᠬᠤᠭᠰᠠᠨ ᠢ ᠬᠠᠷᠠᠭᠤᠯᠵᠠᠢ᠃

    ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠲᠠᠷᠤᠭ᠎ᠠ᠂ ᠬᠤᠶᠠᠳᠤᠭᠠᠷ ᠲᠡᠰ ᠤᠨ ᠪᠠᠶᠢᠴᠠᠭᠠᠬᠤ ᠲᠤᠰᠢᠶᠠᠯᠳᠠᠨ ᠮᠠ ᠶᠦᠩ ᠱᠧᠩ ᠠᠴᠠ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠤᠷᠤᠨ ᠲᠤᠭᠠᠳᠦ ᠪᠠᠶᠢᠴᠠᠭᠠᠬᠤ ᠲᠤᠰᠢᠶᠠᠯᠳᠠᠨ ᠢ ᠲᠠᠭᠠᠭᠤᠯᠤᠨ ᠦᠨᠳᠦᠰᠦᠨ ᠬᠠᠥᠯᠢ ᠶᠢᠨ ᠡᠮᠦᠨ᠎ᠡ ᠲᠠᠩᠭᠠᠷᠢᠭᠯᠠᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠬᠤᠷᠢᠶᠠᠨ ᠤ ᠲᠡᠳ᠋ ᠡᠷᠬᠢᠯᠡᠭᠴᠢ᠂ ᠠᠵᠢᠯᠳᠠᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠬᠠᠩ ᠭᠦᠢ ᠯᠢᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠥᠯᠢ ᠴᠠᠭᠠᠵᠠ ᠶᠢᠨ ᠬᠤᠷᠢᠶᠠᠨ ᠤ ᠪᠠᠶᠢᠩᠭᠤ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠡᠷᠬᠢᠯᠡᠭᠴᠢ ᠲᠣᠣ ᠵᠢᠶᠠᠨ᠂ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠰᠠᠬᠢᠯᠭ᠎ᠠ ᠪᠠᠳᠦ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠶᠤᠸᠠᠢ ᠱᠢ ᠭᠤᠸᠠᠩ ᠲᠤᠬᠠᠢ ᠶᠢᠨ ᠲᠠᠯᠠᠪᠦᠷ ᠲᠤ ᠬᠦᠷᠴᠦ ᠲᠠᠩᠭᠠᠷᠢᠭᠯᠠᠯ ᠳᠤ ᠬᠢᠨᠠᠯᠳᠠ ᠲᠠᠯᠪᠢᠪᠠ᠃

    ᠲᠠᠩᠭᠠᠷᠢᠭᠯᠠᠯ ᠤᠨ ᠶᠤᠰᠤᠯᠠᠯ ᠲᠡᠭᠡᠷ᠎ᠡ᠂ ᠤᠷᠤᠨ ᠲᠤᠭᠠᠳᠦ ᠪᠠᠶᠢᠴᠠᠭᠠᠬᠤ ᠲᠤᠰᠢᠶᠠᠯᠳᠠᠨ ᠠᠴᠠ ᠠᠵᠢᠯ ᠤᠨ ᠪᠠᠶᠢᠷᠢ ᠶᠢᠨ ᠠᠮᠠᠯᠠᠯᠳᠠ ᠶᠢᠨ ᠪᠢᠴᠢᠭ ᠲᠤ ᠭᠠᠷ ᠤᠨ ᠦᠰᠦᠭ ᠵᠢᠷᠦᠵᠦ᠂ ᠬᠠᠮᠢᠶ᠎ᠠ ᠪᠦᠬᠦᠢ ᠤᠳᠤᠷᠢᠳᠤᠯᠭ᠎ᠠ ᠠᠴᠠ ᠤᠷᠤᠨ ᠲᠤᠭᠠᠳᠦ ᠪᠠᠶᠢᠴᠠᠭᠠᠬᠤ ᠲᠤᠰᠢᠶᠠᠯᠳᠠᠨ ᠳᠤ ᠲᠣᠮᠢᠯᠠᠯᠲᠠ ᠶᠢᠨ ᠪᠢᠴᠢᠭ ᠤᠯᠭᠤᠪᠠ᠃ 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro