ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠣ ᠲᠤᠰᠢᠶᠠᠯ ᠤᠨ ᠮᠡᠳᠡᠭᠦᠯᠦᠯᠳᠡ ᠶᠢ ᠦᠨᠡᠯᠡᠬᠦ ᠬᠤᠷᠠᠯ ᠬᠤᠷᠠᠯᠳᠤᠭᠤᠯᠵᠠᠢ
ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠣ ᠲᠤᠰᠢᠶᠠᠯ ᠤᠨ ᠮᠡᠳᠡᠭᠦᠯᠦᠯᠳᠡ ᠶᠢ ᠦᠨᠡᠯᠡᠬᠦ ᠬᠤᠷᠠᠯ ᠬᠤᠷᠠᠯᠳᠤᠵᠦ ᠪᠠᠶᠢᠭ᠎ᠠ ᠨᠢ
ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶᠠᠨ ᠣ ᠪᠠᠶᠢᠴᠠᠭᠠᠬᠤ ᠲᠠᠷᠤᠭ᠎ᠠ ᠮᠠ ᠶᠦᠩ ᠱᠧᠩ ᠵᠡᠷᠭᠡ ᠤᠳᠤᠷᠢᠳᠤᠯᠭ᠎ᠠ ᠲᠤᠰᠢᠶᠠᠯ ᠤᠨ ᠮᠡᠳᠡᠭᠦᠯᠦᠯᠳᠡ ᠶᠢ ᠰᠤᠨᠤᠰᠴᠦ ᠪᠠᠶᠢᠭ᠎ᠠ ᠨᠢ
12 ᠰᠠᠷ᠎ᠠ ᠶᠢᠨ23 ᠣ ᠡᠳᠦᠷ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠣ ᠲᠤᠰᠢᠶᠠᠯ ᠤᠨ ᠮᠡᠳᠡᠭᠦᠯᠦᠯᠳᠡ ᠶᠢ ᠦᠨᠡᠯᠡᠬᠦ ᠬᠤᠷᠠᠯ ᠬᠤᠷᠠᠯᠳᠤᠭᠤᠯᠵᠦ᠂ ᠪᠠᠶᠢᠭᠤᠯᠭ᠎ᠠ ᠶᠢᠨ 25 ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠭᠤᠤᠯᠳᠠᠭᠤ 2016 ᠤᠨ ᠤ ᠲᠤᠬᠠᠶᠢᠯᠠᠭᠰᠠᠨ ᠠᠵᠢᠯ᠂ ᠡᠩᠨᠡᠭᠡᠨ ᠦ ᠪᠠᠶᠢᠭᠤᠯᠤᠯᠳᠠ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠵᠡᠷᠭᠡ ᠲᠠᠯ᠎ᠠ ᠪᠠᠷ ᠲᠤᠰᠢᠶᠠᠯ ᠤᠨ ᠮᠡᠳᠡᠭᠦᠯᠦᠯᠳᠡ ᠬᠢᠵᠠᠢ᠃ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶᠠᠨ ᠣ ᠪᠠᠶᠢᠴᠠᠭᠠᠬᠤ ᠲᠠᠷᠤᠭ᠎ᠠ ᠮᠠ ᠶᠦᠩ ᠱᠧᠩ ᠵᠡᠷᠭᠡ ᠤᠳᠤᠷᠢᠳᠤᠯᠭ᠎ᠠ ᠲᠤᠰᠢᠶᠠᠯ ᠤᠨ ᠮᠡᠳᠡᠭᠦᠯᠦᠯᠳᠡ ᠶᠢ ᠰᠤᠨᠤᠰᠴᠠᠢ᠃ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶᠠᠨ ᠣ ᠰᠠᠬᠢᠯᠭ᠎ᠠ ᠪᠠᠳᠦ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠶᠤᠸᠠᠢ ᠱᠢ ᠭᠤᠸᠠᠩ ᠪᠤᠯᠤᠨ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠸᠠᠩ ᡁᠢ ᠴᠢᠶᠠᠩ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠤᠯᠤᠰ ᠲᠦᠷᠦ ᠶᠢᠨ ᠠᠵᠢᠯ ᠦᠷᠨᠢᠭᠦᠯᠦᠭᠰᠡᠨ ᠪᠠᠶᠢᠳᠠᠯ ᠳᠤ ᠲᠤᠰ ᠲᠤᠰ ᠦᠨᠡᠯᠡᠯᠳᠡ ᠬᠢᠵᠠᠢ᠃ ᠡᠨᠡ ᠵᠢᠯ ᠪᠤᠯ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶᠠᠨ ᠣ ᠲᠤᠰᠢᠶᠠᠯ ᠤᠨ ᠮᠡᠳᠡᠭᠦᠯᠦᠯᠳᠡ ᠶᠢ ᠦᠨᠡᠯᠡᠬᠦ ᠠᠵᠢᠯ ᠦᠷᠨᠢᠭᠦᠯᠦᠭᠰᠡᠨ ᠭᠤᠷᠪᠠᠳᠤᠭᠠᠷ ᠵᠢᠯ ᠪᠤᠯᠤᠨ᠎ᠠ᠂ ᠲᠤᠰᠢᠶᠠᠯ ᠤᠨ ᠮᠡᠳᠡᠭᠦᠯᠦᠯᠳᠡ ᠶᠢᠨ ᠠᠮᠢᠳᠤᠯᠢᠭ ᠴᠢᠨᠠᠷ ᠪᠠ ᠰᠢᠭᠤᠳ ᠠᠵᠢᠭᠯᠠᠯᠲᠠᠲᠦ ᠴᠢᠨᠠᠷ ᠢ ᠴᠢᠩᠭᠠᠳᠬᠠᠬᠤ ᠶᠢᠨ ᠲᠦᠯᠦᠭᠡ᠂ ᠦᠨᠦ ᠵᠢᠯ ᠡᠯ᠎ᠡ ᠰᠠᠯᠠᠭ᠎ᠠ ᠮᠦᠴᠢᠷ ᠴᠦᠮ PPT ᠦᠵᠡᠭᠦᠯᠦᠯᠭᠡ ᠶᠢᠨ ᠬᠡᠯᠪᠡᠷᠢ ᠶᠢ ᠠᠪᠴᠦ᠂ ᠰᠠᠯᠠᠭ᠎ᠠ ᠮᠦᠴᠢᠷ ᠨᠢᠭᠡᠪᠦᠷᠢ ᠶᠢᠨ ᠲᠤᠰᠢᠶᠠᠯ ᠤᠨ ᠮᠡᠳᠡᠭᠦᠯᠦᠯᠳᠡ ᠶᠢ 8 ᠮᠢᠨᠦ᠋ᠲ ᠪᠠᠷ ᠬᠤᠭᠤᠴᠠᠭᠠᠯᠠᠪᠠ᠃
ᠬᠤᠷᠠᠯ ᠲᠡᠭᠡᠷ᠎ᠡ ᠪᠠᠰᠠ ᠠᠷᠠᠳᠴᠢᠯᠠᠯ ᠢᠶᠠᠷ ᠰᠢᠯᠭᠠᠨ ᠲᠤᠭᠳᠠᠭᠠᠬᠤ ᠬᠦᠰᠦᠨᠦᠭᠳᠦ ᠲᠠᠷᠬᠠᠭᠠᠵᠦ᠂ ᠪᠦᠬᠦ ᠬᠤᠷᠢᠶᠠᠨ ᠣ 300 ᠭᠠᠷᠤᠢ ᠪᠠᠶᠢᠴᠠᠭᠠᠬᠤ ᠠᠵᠢᠯᠳᠠᠳ ᠡᠴᠡ ᠡᠯ᠎ᠡ ᠰᠠᠯᠠᠭ᠎ᠠ ᠮᠦᠴᠢᠷ ᠦᠨ ᠬᠠᠷᠢᠭᠤᠴᠠᠯᠭᠠᠳᠠᠨ ᠳᠤ ᠠᠷᠠᠳᠴᠢᠯᠠᠯᠲᠦ ᠬᠢᠨᠠᠨ ᠲᠤᠭᠳᠠᠭᠠᠯᠳᠠ ᠬᠢᠵᠠᠢ᠃