ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠤᠨᠤᠴᠢᠳᠠᠢ ᠪᠡᠷ ᠶᠠᠳᠠᠭᠤ ᠶᠢ ᠲᠡᠳᠭᠦᠨ᠂ ᠪᠠᠶᠠᠨᠲᠤᠬᠠᠢ ᠭᠠᠴᠠᠭ᠎ᠠ ᠶᠢ ᠬᠠᠪᠰᠤᠷᠤᠨ ᠶᠠᠳᠠᠭᠤ ᠡᠴᠡ ᠠᠩᠭᠢᠵᠢᠷᠠᠭᠤᠯᠵᠤ ᠤᠷᠤᠯᠭ᠎ᠠ ᠶᠢ ᠨᠡᠮᠡᠭᠳᠡᠭᠦᠯᠵᠡᠢ
︽ᠡᠨᠡ ᠨᠠᠰᠤᠨ ᠳ᠋ᠠᠭᠠᠨ ᠡᠶᠢᠮᠦ ᠰᠠᠶᠢᠬᠠᠨ ᠸᠠᠭᠠᠷ ᠲᠤᠭᠤᠰᠬᠠᠨ ᠪᠦᠳᠦᠴᠡ ᠲᠠᠢ ᠪᠠᠶᠢᠰᠢᠩ ᠳᠤ ᠰᠠᠭᠤᠨ᠎ᠠ ᠭᠡᠵᠦ ᠶᠠᠭ ᠪᠤᠳᠤᠵᠦ ᠤᠯᠤᠭᠰᠠᠨ ᠦᠭᠡᠢ︾ ᠡᠨᠡ ᠪᠤᠯ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠣ ᠠᠷᠪᠠᠨᠭᠡᠷ ᠪᠠᠯᠭᠠᠰᠦ ᠶᠢᠨ ᠪᠠᠶᠠᠨᠲᠤᠬᠠᠢ ᠭᠠᠴᠠᠭᠠᠨ ᠣ ᠠᠷᠠᠳ ᠤᠨ ᠦᠨᠡᠨ ᠰᠡᠳᠭᠢᠯ ᠦᠨ ᠦᠭᠡ ᠪᠤᠯᠤᠨ᠎ᠠ᠃ 2011 ᠤᠨ ᠡᠴᠡ ᠡᠬᠢᠯᠡᠨ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠠᠷᠪᠠᠨᠭᠡᠷ ᠪᠠᠯᠭᠠᠰᠤᠨ ᠣ ᠪᠠᠶᠠᠨᠲᠤᠬᠠᠢ ᠭᠠᠴᠠᠭ᠎ᠠ ᠶᠢ ᠴᠢᠭ᠋ ᠲᠤᠭᠳᠠᠭᠠᠨ ᠶᠠᠳᠠᠭᠤ ᠶᠢ ᠲᠡᠳᠭᠦᠬᠦ ᠪᠡᠷ ᠲᠤᠭᠳᠠᠵᠠᠢ᠃ ᠶᠠᠳᠠᠭᠤ ᠶᠢ ᠲᠡᠳᠭᠦᠬᠦ ᠠᠵᠢᠯ ᠢ ᠦᠷᠨᠢᠭᠦᠯᠦᠭᠰᠡᠨ ᠡᠴᠡ ᠨᠠᠰᠢ᠂ ᠶᠠᠳᠠᠭᠤ ᠬᠦᠴᠢᠷᠳᠡᠯᠳᠡᠢ ᠡᠷᠦᠬᠡ ᠶᠢᠨ ᠲᠤᠭ᠎ᠠ ᠨᠢ ᠤᠤᠯ ᠤᠨ 112 ᠡᠷᠦᠬᠡ 369 ᠬᠦᠮᠦᠨ ᠪᠠᠶᠢᠭᠰᠠᠨ ᠡᠴᠡ ᠪᠠᠭᠤᠷᠠᠭᠠᠳ ᠤᠳᠥ 32 ᠡᠷᠦᠬᠡ 80 ᠬᠦᠮᠦᠨ ᠪᠤᠯᠵᠠᠢ᠃
ᠦᠨᠦ ᠵᠢᠯ ᠦᠨ7 ᠰᠠᠷ᠎ᠠ ᠳᠤ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶᠠᠨ ᠣ ᠪᠠᠶᠢᠴᠠᠭᠠᠬᠤ ᠲᠠᠷᠤᠭ᠎ᠠ ᠮᠠ ᠶᠦᠩ ᠱᠧᠩ ᠵᠡᠷᠭᠡ ᠬᠦᠮᠦᠰ ᠪᠠᠶᠠᠨᠲᠤᠬᠠᠢ ᠭᠠᠴᠠᠭᠠᠨ ᠳᠤ ᠬᠦᠷᠴᠦ᠂ ᠮᠠᠯ ᠤᠨᠤᠭ᠎ᠠ ᠲᠡᠵᠢᠭᠡᠨ ᠦᠷᠡᠵᠢᠭᠦᠯᠬᠦ ᠬᠦᠷᠢᠶᠡᠯᠡᠭ ᠤᠨ ᠪᠦᠳᠦᠭᠡᠨ ᠪᠠᠶᠢᠭᠤᠯᠤᠯᠳᠠ ᠶᠢ ᠪᠤᠳᠠᠳᠠᠢ ᠭᠠᠵᠠᠷ ᠲᠤᠨᠢ ᠪᠠᠶᠢᠴᠠᠭᠠᠨ ᠦᠵᠡᠵᠠᠢ᠃
ᠪᠠᠶᠠᠨᠲᠤᠬᠠᠢ ᠭᠠᠴᠠᠭᠠᠨ ᠣ ᠭᠤᠷᠭᠤᠤᠯᠳᠠᠢ ᠠᠶᠢᠯ ᠤᠨ ᠭᠠᠵᠠᠷ ᠤᠨ ᠪᠠᠶᠢᠴᠠ ᠠᠭᠤᠯᠠ ᠲᠦᠰᠢᠨ ᠰᠠᠭᠤᠵᠤ᠂ ᠪᠤᠷᠤᠭᠠᠨ ᠣ ᠤᠯᠠᠷᠢᠯ ᠪᠤᠯᠤᠭᠰᠠᠭᠠᠷ ᠦᠶᠡᠷ ᠦᠨ ᠭᠠᠮᠰᠢᠭ ᠭᠠᠷᠴᠦ᠂ ᠲᠤᠬᠠᠢ ᠶᠢᠨ ᠭᠠᠵᠠᠷ ᠤᠨ ᠠᠷᠠᠳ ᠢᠷᠭᠡᠳ ᠦᠨ ᠠᠮᠢ ᠨᠠᠰᠤ ᠡᠳ᠋ ᠬᠦᠷᠦᠩᠭᠡ ᠶᠢᠨ ᠠᠮᠦᠷ ᠲᠦᠪᠰᠢᠨ ᠢ ᠰᠦᠷᠳᠡᠭᠦᠯᠳᠡᠭ᠃ 2012 ᠤᠨ ᠣ 9 ᠰᠠᠷ᠎ᠠ ᠳᠤ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶᠠᠨ ᠣ ᠪᠠᠶᠢᠴᠠᠭᠠᠬᠤ ᠲᠠᠷᠤᠭ᠎ᠠ ᠮᠠ ᠶᠦᠩ ᠱᠧᠩ ᠪᠠᠶᠢᠴᠠᠭᠠᠬᠤ ᠲᠤᠭᠤᠶᠢᠯᠠᠩ ᠵᠤᠬᠢᠶᠠᠨ ᠪᠠᠶᠢᠭᠤᠯᠵᠤ ᠪᠠᠶᠠᠨᠲᠤᠬᠠᠢ ᠭᠠᠴᠠᠭᠠᠨ ᠣ ᠡᠷᠦᠬᠡ ᠳᠤ ᠤᠷᠤᠵᠦ ᠪᠠᠶᠢᠴᠠᠭᠠᠨ ᠰᠣᠳᠣᠯᠣᠯᠳᠠ ᠬᠢᠵᠦ ᠪᠠᠶᠢᠳᠠᠯ ᠢ ᠮᠡᠳᠡᠭᠰᠡᠨ ᠣ ᠲᠠᠷᠠᠭ᠎ᠠ᠂ ᠲᠤᠬᠠᠢ ᠶᠢᠨ ᠲᠠᠯᠠᠪᠠᠢ ᠳᠤ ᠦᠶᠡᠷ ᠦᠨ ᠤᠷᠤᠰᠬᠠᠯ ᠢ ᠵᠠᠰᠠᠬᠤ ᠲᠦᠷᠦᠯ ᠵᠦᠢᠯ ᠢ ᠲᠡᠮᠡᠴᠡᠨ ᠤᠯᠬᠤ ᠪᠠᠷ ᠲᠤᠭᠳᠠᠵᠦ᠂ 215 ᠲᠦᠮᠡᠨ ᠪᠡᠯᠡ ᠤᠷᠤᠭᠤᠯᠤᠯᠳᠠ ᠶᠢ ᠵᠤᠬᠢᠴᠠᠭᠤᠯᠤᠨ᠂ ᠡᠨᠡᠬᠦ ᠲᠦᠷᠦᠯ ᠵᠦᠢᠯ 2015 ᠤᠨ ᠳᠤ ᠠᠵᠢᠯ ᠲᠠᠭᠤᠰᠴᠠᠢ᠃ ᠡᠨᠡᠬᠦ ᠲᠦᠷᠦᠯ ᠵᠦᠢᠯ ᠦᠨ ᠬᠡᠷᠡᠭᠵᠢᠭᠦᠯᠦᠯᠳᠡ ᠨᠢ ᠠᠮᠢ ᠠᠬᠤᠢ ᠶᠢ ᠬᠠᠮᠠᠭᠠᠯᠠᠭᠰᠠᠨ ᠢᠶᠠᠷ ᠪᠠᠷᠠᠬᠤ ᠦᠭᠡᠢ᠂ ᠭᠤᠷᠭᠤᠤᠯᠳᠠᠢ ᠠᠶᠢᠯ ᠳᠤ ᠵᠢᠯ ᠪᠦᠷᠢ ᠦᠶᠡᠷ ᠤᠨ ᠭᠠᠮᠰᠢᠭ ᠭᠠᠷᠬᠤ ᠠᠰᠠᠭᠤᠳᠠᠯ ᠢ ᠰᠢᠢᠳᠪᠦᠷᠢᠯᠡᠵᠠᠢ᠃
ᠬᠠᠮᠳᠦ ᠶᠢᠨ ᠬᠦᠴᠢᠷᠳᠡᠯ ᠢ ᠰᠢᠢᠳᠪᠦᠷᠢᠯᠡᠭᠰᠡᠨ ᠣ ᠲᠠᠷᠠᠭ᠎ᠠ᠂ ᠶᠠᠳᠠᠭᠤ ᠬᠦᠴᠢᠷᠳᠡᠯᠳᠡᠢ ᠡᠷᠦᠬᠡ ᠶᠢᠨ ᠪᠤᠳᠠᠳᠠᠢ ᠬᠦᠴᠢᠷᠳᠡᠯ ᠢ ᠪᠤᠳᠤᠯᠬᠢᠯᠠᠭᠰᠠᠨ ᠪᠠᠶᠢᠨ᠎ᠠ᠃ ᠤᠨᠴᠠᠭᠠᠢ ᠬᠦᠴᠢᠷᠳᠡᠯᠳᠡᠢ ᠡᠷᠦᠬᠡ ᠶᠢ ᠨᠢᠭᠡ ᠮᠦᠩᠭᠦ ᠴᠦ ᠵᠠᠷᠤᠴᠠᠭᠤᠯᠬᠤ ᠦᠭᠡᠢ ᠪᠡᠷ ᠰᠢᠨ᠎ᠡ ᠭᠡᠷ ᠲᠤ ᠰᠠᠭᠤᠯᠭᠠᠬᠤ ᠶᠢᠨ ᠲᠦᠯᠦᠭᠡ᠂ 2015 ᠤᠨ ᠳᠤ 110 ᠲᠦᠮᠡᠨ ᠲᠦᠭᠦᠷᠢᠭ ᠤᠨ ᠪᠡᠯᠡ ᠮᠦᠩᠭᠦ ᠶᠢ ᠵᠤᠬᠢᠴᠠᠭᠤᠯᠤᠨ᠂ ᠪᠠᠶᠠᠨᠲᠤᠬᠠᠢ ᠭᠠᠴᠠᠭ᠎ᠠ ᠶᠢᠨ 22 ᠤᠨᠴᠠ ᠬᠦᠴᠢᠷᠳᠡᠯᠳᠡᠢ ᠡᠷᠦᠬᠡ ᠳᠦ ᠡᠷᠦᠬᠡ ᠪᠤᠯᠭᠠᠨ ᠳᠦ 40 ᠲᠡᠭᠰᠢ ᠲᠦᠷᠪᠡᠯᠵᠢᠨ ᠮᠧᠲᠷ ᠦᠨ ᠸᠠᠭᠠᠷ ᠲᠤᠭᠤᠰᠬ᠎ᠠ ᠶᠢᠨ ᠪᠦᠳᠦᠴᠡ ᠲᠠᠢ ᠭᠡᠷ ᠪᠠᠷᠢᠵᠦ ᠦᠭᠭᠦᠵᠡᠢ᠃ 2016 ᠤᠨ ᠳᠤ 23 ᠰᠢᠨ᠎ᠡ ᠲᠤᠭᠤᠰᠬᠠᠨ ᠭᠡᠷ ᠪᠠᠷᠢᠬᠤ ᠶᠢ ᠵᠤᠬᠢᠴᠠᠭᠤᠯᠵᠦ᠂ ᠶᠠᠳᠠᠭᠤ ᠶᠢ ᠲᠡᠳᠭᠦᠬᠦ ᠴᠢᠭ᠋ ᠦᠨ ᠨᠤᠷᠠᠬᠤ ᠠᠶᠤᠯᠳᠠᠢ ᠭᠡᠷ ᠪᠠᠶᠢᠰᠢᠩ ᠦᠨ ᠠᠰᠠᠭᠤᠳᠠᠯ ᠢ ᠪᠦᠬᠦᠨ ᠢ ᠰᠢᠢᠳᠪᠦᠷᠢᠯᠡᠵᠡᠢ᠃
ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠪᠠᠶᠠᠨᠲᠤᠬᠠᠢ ᠭᠠᠴᠠᠭᠠᠨ ᠣ ᠪᠤᠳᠠᠳᠠᠢ ᠪᠠᠶᠢᠳᠠᠯ ᠲᠠᠢ ᠤᠶᠠᠯᠳᠤᠭᠤᠯᠵᠦ᠂ ᠨᠢᠭᠡ ᠰᠢᠷᠢᠰ ᠲᠤᠰᠬᠠᠢ ᠲᠡᠳᠭᠦᠬᠦ ᠲᠦᠷᠦᠯ ᠵᠦᠢᠯ ᠢ ᠲᠤᠭᠳᠠᠭᠠᠨ᠂ ᠠᠵᠦ ᠦᠢᠯᠡᠰ ᠦᠨ ᠬᠦᠭᠵᠢᠯᠳᠡ ᠪᠡᠷ ᠲᠠᠮᠵᠢᠵᠦ᠂ ᠶᠠᠳᠠᠭᠤ ᠡᠴᠡ ᠠᠩᠭᠢᠵᠢᠷᠠᠨ ᠴᠢᠨᠡᠭᠡᠯᠢᠭᠵᠢᠬᠦ ᠶᠢ ᠪᠡᠶᠡᠯᠡᠭᠦᠯᠬᠦ ᠪᠡᠷ ᠴᠢᠷᠮᠠᠶᠢᠵᠠᠢ᠃ ᠤᠶᠢᠷ᠎ᠠ ᠶᠢᠨ ᠵᠢᠯ ᠳᠦ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ 150 ᠲᠦᠮᠡᠨ ᠲᠦᠭᠦᠷᠢᠭ ᠢ ᠵᠤᠬᠢᠴᠠᠭᠤᠯᠤᠨ 1 ᠲᠦᠮᠡᠨ ᠲᠡᠭᠰᠢ ᠲᠦᠷᠪᠡᠯᠵᠢᠨ ᠮᠧᠲᠷ ᠪᠦᠬᠦᠢ 8 ᠲᠠᠬᠢᠶ᠎ᠠ ᠲᠡᠵᠢᠭᠡᠬᠦ ᠲᠠᠯᠠᠪᠠᠢ ᠶᠢ ᠪᠠᠶᠢᠭᠤᠯᠤᠨ᠂ ᠲᠤᠰ ᠭᠠᠵᠠᠷ ᠤᠨ 8 ᠬᠦᠴᠢᠷᠳᠡᠯᠳᠡᠢ ᠡᠷᠦᠭᠡ ᠶᠢ ᠬᠠᠪᠰᠤᠷᠤᠨ ᠲᠠᠬᠢᠶ᠎ᠠ ᠲᠡᠵᠢᠭᠡᠬᠦ ᠦᠢᠯᠡᠰ ᠢ ᠦᠷᠨᠢᠭᠦᠯᠵᠠᠢ᠃ ᠡᠭᠦᠨ ᠣ ᠬᠠᠮᠳᠦ᠂ 780 ᠲᠦᠮᠡᠨ ᠲᠦᠭᠦᠷᠢᠭ ᠪᠡᠯᠡ ᠮᠦᠩᠭᠦ ᠶᠢ ᠵᠤᠬᠢᠴᠠᠭᠤᠯᠤᠨ ᠂ 5885 ᠮᠦ ᠭᠠᠵᠠᠷ ᠰᠢᠷᠤᠢ ᠶᠢ ᠲᠡᠭᠰᠢᠯᠡᠨ᠂ ᠪᠠᠶᠠᠨᠲᠤᠬᠠᠢ ᠭᠠᠴᠠᠭ᠎ᠠ ᠶᠢᠨ ᠲᠡᠭᠰᠢᠯᠡᠬᠦ ᠨᠦᠭᠦᠴᠡᠯ ᠳᠦ ᠲᠤᠬᠢᠷᠠᠬᠤ ᠲᠠᠷᠢᠶᠠᠨ ᠭᠠᠵᠠᠷ ᠢ ᠪᠦᠬᠦᠨ ᠢ ᠬᠠᠮᠢᠶᠠᠷᠴᠠᠢ᠃ ᠤᠳᠤ ᠪᠤᠯᠳᠠᠯ᠎ᠠ᠂ ᠭᠠᠴᠠᠭᠠᠨ ᠣ ᠬᠦᠮᠦᠨ ᠪᠦᠷᠢ ᠶᠢᠨ ᠨᠤᠭᠳᠠᠬᠤ ᠤᠰᠤᠯᠠᠯᠳᠠ ᠶᠢᠨ ᠲᠠᠷᠢᠶ᠎ᠠ ᠪᠠᠷᠤᠭ 6.4 ᠮᠦ ᠪᠠᠶᠢᠵᠤ ᠂ ᠵᠢᠯ ᠪᠦᠷᠢ 40 ᠲᠦᠮᠡᠨ ᠲᠦᠭᠦᠷᠢᠭ ᠦᠨ ᠤᠷᠤᠯᠭ᠎ᠠ ᠨᠡᠮᠡᠭᠳᠡᠭᠦᠯᠵᠦ᠂ ᠬᠦᠮᠦᠨ ᠪᠦᠷᠢ ᠳᠤ ᠲᠤᠮᠳᠠᠴᠢ 320 ᠲᠦᠭᠦᠷᠢᠭ ᠦᠨ ᠤᠷᠤᠯᠭ᠎ᠠ ᠨᠡᠮᠡᠭᠳᠡᠵᠡᠢ᠃
ᠶᠠᠳᠠᠭᠤ ᠶᠢ ᠲᠡᠳᠭᠦᠬᠦ ᠠᠵᠢᠯ ᠤᠨ ᠲᠤᠮᠳᠠ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠠᠵᠦ ᠠᠬᠤᠢ ᠶᠢ ᠬᠦᠭᠵᠢᠭᠦᠯᠬᠦ ᠶᠢ ᠴᠢᠩᠭ᠎ᠠ ᠠᠳᠬᠤᠭᠰᠠᠨ ᠢᠶᠠᠷ ᠪᠠᠷᠠᠬᠤ ᠦᠭᠡᠢ᠂ ᠦᠵᠡᠯ ᠰᠠᠨᠠᠭ᠎ᠠ ᠪᠤᠯᠪᠠᠰᠤᠨ ᠣ ᠪᠠᠶᠢᠭᠤᠯᠤᠯᠳᠠ ᠶᠢ ᠮᠦᠨ ᠴᠢᠬᠤᠯᠠᠴᠢᠯᠠᠵᠠᠢ᠃ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠡᠴᠡ ᠪᠡᠯᠡ ᠮᠦᠩᠭᠦ ᠵᠤᠬᠢᠴᠠᠭᠤᠯᠤᠨ ᠭᠠᠴᠠᠭᠠᠨ ᠣ ︽ ᠬᠤᠶᠠᠷ ᠵᠦᠪᠯᠡᠯ︾ ᠤᠨ ᠠᠵᠢᠯᠯᠠᠬᠤ ᠭᠠᠵᠠᠷ ᠪᠠᠶᠢᠭᠤᠯᠵᠦ᠂ ᠠᠯᠤᠰ ᠡᠵᠡᠮᠰᠢᠯᠳᠤ ᠰᠤᠷᠭᠠᠨ ᠬᠦᠮᠦᠵᠢᠯ ᠦᠨ ᠲᠤᠨᠤᠭ ᠲᠦᠭᠦᠭᠡᠷᠦᠮᠵᠢ ᠤᠭᠰᠠᠷᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠨᠤᠮ ᠪᠢᠴᠢᠭ ᠤᠷᠤᠭᠤᠯᠵᠤ᠂ ᠰᠤᠶᠤᠯ ᠤᠨ ᠠᠭᠤᠳᠠᠮ ᠲᠠᠯᠠᠪᠠᠢ ᠪᠠᠶᠢᠭᠤᠯᠤᠨ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠬᠤ ᠲᠦᠭᠦᠭᠡᠷᠤᠮᠵᠢ ᠵᠡᠷᠭᠡ ᠶᠢ ᠲᠤᠬᠢᠷᠠᠭᠤᠯᠵᠠᠢ᠃
ᠤᠳᠤ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠪᠠᠶᠠᠨᠲᠤᠬᠠᠢ ᠭᠠᠴᠠᠭ᠎ᠠ ᠳᠤ ᠨᠡᠶᠢᠳᠡ 3042 ᠲᠦᠮᠡᠨ ᠲᠦᠭᠦᠷᠢᠭ ᠪᠡᠯᠡ ᠮᠦᠩᠭᠦ ᠵᠤᠬᠢᠴᠠᠭᠤᠯᠤᠨ᠂ ᠭᠠᠴᠠᠭᠠᠨ ᠳᠤ ᠶᠡᠬᠡ ᠬᠤᠪᠢᠷᠠᠯᠳᠠ ᠠᠪᠴᠢᠷᠠᠨ᠂ ᠶᠠᠳᠠᠭᠤ ᠬᠦᠴᠢᠷᠳᠡᠯᠳᠡᠢ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠲᠤᠶᠢᠯ ᠢᠶᠠᠷ ᠰᠠᠶᠢᠵᠢᠷᠠᠵᠠᠢ᠃