2016ᠤᠨ ᠣ ᠠᠶᠢᠮᠠᠭ ᠬᠤᠳᠠ ᠭᠠᠵᠠᠷ ᠤᠷᠤᠨ ᠣ ᠪᠠᠶᠢᠴᠠᠭᠠᠬᠤ ︵ᠬᠤᠪᠢᠶᠠᠷᠢ︶ ᠬᠤᠷᠢᠶᠠᠨ ᠣ ᠲᠤᠰᠢᠶᠠᠯ ᠤᠨ ᠪᠠ ᠠᠷᠢᠭᠤᠨ ᠴᠢᠭᠡᠴᠢ ᠶᠢᠨ ᠮᠡᠳᠡᠭᠦᠯᠦᠯᠳᠡ ᠶᠢ ᠦᠨᠡᠯᠡᠬᠦ ᠬᠤᠷᠠᠯ ᠠᠮᠵᠢᠯᠳᠠ ᠲᠠᠢ ᠶᠠᠪᠤᠭᠳᠠᠪᠠ
ᠪᠦᠬᠦ ᠤᠷᠤᠨ ᠣ ᠡᠯ᠎ᠡ ᠠᠶᠢᠮᠠᠭ ᠬᠤᠳᠠ ᠭᠠᠵᠠᠷ ᠤᠷᠤᠨ ᠣ ᠪᠠᠶᠢᠴᠠᠭᠠᠬᠤ ︵ᠬᠤᠪᠢᠶᠠᠷᠢ︶ ᠬᠤᠷᠢᠶᠠᠨ ᠣ ᠪᠠᠶᠢᠴᠠᠭᠠᠬᠤ ᠲᠠᠷᠤᠭ᠎ᠠ ᠶᠢᠨ ᠲᠤᠰᠢᠶᠠᠯ ᠤᠨ ᠪᠠ ᠠᠷᠢᠭᠤᠨ ᠴᠢᠭᠡᠴᠢ ᠶᠢᠨ ᠮᠡᠳᠡᠭᠦᠯᠦᠯᠳᠡ ᠶᠢ ᠦᠨᠡᠯᠡᠬᠦ ᠬᠤᠷᠠᠯ ᠬᠤᠷᠠᠯᠳᠤᠵᠤ ᠪᠠᠶᠢᠭ᠎ᠠ ᠨᠢ
ᠶᠤᠸᠠᠢ ᠱᠢ ᠭᠤᠸᠠᠩ ᠲᠤᠭᠤᠶᠢᠯᠠᠩ ᠤᠨ ᠲᠠᠷᠤᠭ᠎ᠠ᠂ ᠸᠠᠩ ᡁᠢ ᠴᠢᠶᠠᠩ ᠡᠷᠬᠢᠯᠡᠭᠴᠢ ᠠᠶᠢᠮᠠᠭ ᠬᠤᠳᠠ ᠬᠤᠪᠢᠶᠠᠷᠢ ᠬᠤᠷᠢᠶᠠᠨ ᠣ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠪᠠᠶᠢᠴᠠᠭᠠᠬᠤ ᠠᠵᠢᠯ ᠤᠨ ᠤᠯᠤᠰ ᠲᠦᠷᠦ ᠶᠢᠨ ᠠᠵᠢᠯ ᠦᠷᠨᠢᠭᠦᠯᠦᠭᠰᠡᠨ ᠪᠠᠶᠢᠳᠠᠯ ᠳᠤ ᠲᠤᠰ ᠲᠤᠰ ᠦᠨᠡᠯᠡᠯᠳᠡ ᠬᠢᠵᠦ ᠪᠠᠶᠢᠭ᠎ᠠ ᠨᠢ
ᠦᠪᠡᠷᠳᠡᠭᠡᠨ ᠵᠠᠰᠠᠬᠤ ᠤᠷᠤᠨ ᠣ ᠬᠤᠷᠢᠶᠠᠨ ᠣ ᠤᠳᠤᠷᠢᠳᠤᠯᠭ᠎ᠠ᠂ ᠲᠤᠳᠤᠭᠠᠳᠤ ᠶᠢᠨ ᠪᠠᠶᠢᠭᠤᠯᠤᠮᠵᠢ ᠵᠢᠴᠢ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠪᠦᠬᠦ ᠠᠵᠢᠯᠳᠠᠨ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠤ ᠪᠠᠶᠢᠭ᠎ᠠ ᠨᠢ
1ᠰᠠᠷ᠎ᠠ ᠶᠢᠨ19 ᠣ ᠡᠳᠦᠷ ᠦᠨ ᠦᠳᠡ ᠶᠢᠨ ᠡᠮᠦᠨ᠎ᠡ᠂ ᠪᠦᠬᠦ ᠤᠷᠤᠨ ᠣ ᠡᠯ᠎ᠡ ᠠᠶᠢᠮᠠᠭ ᠬᠤᠳᠠ ᠭᠠᠵᠠᠷ ᠤᠷᠤᠨ ᠣ ᠪᠠᠶᠢᠴᠠᠭᠠᠬᠤ ︵ᠬᠤᠪᠢᠶᠠᠷᠢ︶ ᠬᠤᠷᠢᠶᠠᠨ ᠣ ᠪᠠᠶᠢᠴᠠᠭᠠᠬᠤ ᠲᠠᠷᠤᠭ᠎ᠠ ᠶᠢᠨ ᠲᠤᠰᠢᠶᠠᠯ ᠤᠨ ᠪᠠ ᠠᠷᠢᠭᠤᠨ ᠴᠢᠭᠡᠴᠢ ᠶᠢᠨ ᠮᠡᠳᠡᠭᠦᠯᠦᠯᠳᠡ ᠶᠢ ᠦᠨᠡᠯᠡᠬᠦ ᠬᠤᠷᠠᠯ ᠢ ᠬᠠᠷᠠᠭᠠᠨ ᠲᠠᠪᠳᠠᠮᠵᠢ ᠶᠢᠨ ᠬᠡᠯᠪᠡᠷᠢ ᠪᠡᠷ ᠬᠤᠶᠠᠷ ᠱᠠᠳᠤᠨ ᠣ ᠬᠡᠪᠴᠢᠶᠡᠨ ᠳᠦ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ ᠣ ᠬᠤᠷᠢᠶ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠪᠦᠬᠦ ᠠᠵᠢᠯᠳᠠᠨ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠭᠰᠠᠳ ᠨᠢ ᠡᠯ᠎ᠡ ᠠᠶᠢᠮᠠᠭ ᠬᠤᠳᠠ ᠭᠠᠵᠠᠷ ᠤᠷᠤᠨ ᠣ ︵ᠬᠤᠪᠢᠶᠠᠷᠢ︶ ᠬᠤᠷᠢᠶᠠᠨ ᠣ ᠪᠤᠰᠤᠳ ᠤᠳᠤᠷᠢᠳᠬᠤ ᠪᠠᠭ ᠤᠨ ᠭᠡᠰᠢᠭᠦᠨ ᠵᠢᠴᠢ ᠲᠤᠳᠤᠭᠠᠳᠤ ᠪᠠᠶᠢᠭᠤᠯᠤᠮᠵᠢ ᠶᠢᠨ ᠬᠠᠷᠢᠭᠤᠴᠠᠯᠭᠠᠳᠠᠨ ᠪᠤᠯᠤᠨ᠎ᠠ᠃ ᠲᠤᠰ ᠤᠳᠠᠭᠠᠨ ᠣ ᠬᠤᠷᠠᠯ ᠨᠢ ᠪᠠᠰᠠ ᠦᠪᠡᠷᠳᠡᠭᠡᠨ ᠵᠠᠰᠠᠬᠤ ᠤᠷᠤᠨ ᠣ ᠨᠠᠮ ᠤᠨ ᠬᠤᠷᠢᠶᠠᠨ ᠣ ᠵᠤᠬᠢᠶᠠᠨ ᠪᠠᠶᠢᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠣ ᠨᠠᠮ ᠤᠨ ᠬᠤᠷᠢᠶᠠᠨ ᠣ ᠤᠯᠤᠰ ᠲᠦᠷᠦ ᠬᠠᠥᠯᠢ ᠴᠠᠭᠠᠵᠠ ᠶᠢᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠣ ᠭᠡᠰᠢᠭᠦᠨ ᠵᠢᠴᠢ ᠠᠷᠠᠳ ᠤᠨ ᠬᠢᠨᠠᠯᠳᠠ ᠲᠠᠯᠪᠢᠭᠴᠢ ᠨᠡᠶᠢᠳᠡ8 ᠨᠡᠷᠡᠰ ᠵᠤᠴᠢᠳ ᠢ ᠤᠨᠴᠠ ᠤᠷᠢᠨ ᠬᠢᠨᠠᠭᠴᠢ ᠶᠢᠨ ᠲᠤᠭᠤᠶᠢᠯᠠᠩ ᠤᠨ ᠭᠡᠰᠢᠭᠦᠨ ᠪᠤᠯᠭᠠᠵᠤ᠂ ᠡᠯ᠎ᠡ ᠠᠶᠢᠮᠠᠭ ᠬᠤᠳᠠ ᠭᠠᠵᠠᠷ ᠤᠷᠤᠨ ᠣ ᠪᠠᠶᠢᠴᠠᠭᠠᠬᠤ ︵ ᠬᠤᠪᠢᠶᠠᠷᠢ︶ ᠬᠤᠷᠢᠶᠠᠨ ᠣ ᠠᠵᠢᠯ ᠳᠤ ᠦᠨᠡᠯᠡᠯᠳᠡ ᠬᠢᠯᠭᠡᠵᠠᠢ᠃
ᠲᠤᠰᠢᠶᠠᠯ ᠤᠨ ᠪᠠ ᠠᠷᠢᠭᠤᠨ ᠴᠢᠭᠡᠴᠢ ᠶᠢᠨ ᠮᠡᠳᠡᠭᠦᠯᠦᠯᠳᠡ ᠶᠢᠨ ᠠᠵᠢᠯ ᠢ ᠲᠤᠰᠢᠶᠠᠯ ᠢᠶᠠᠨ ᠮᠡᠳᠡᠭᠦᠯᠬᠦ᠂ ᠦᠨᠡᠯᠡᠬᠦ᠂ ᠰᠢᠯᠭᠠᠨ ᠦᠨᠡᠯᠡᠬᠦ ᠵᠡᠷᠭᠡ ᠲᠠᠷᠠᠭᠠᠯᠠᠯ ᠢᠶᠠᠷ ᠶᠠᠪᠤᠭᠳᠠᠭᠤᠯᠵᠠᠢ᠃ ᠬᠤᠷᠠᠯ ᠲᠡᠭᠡᠷ᠎ᠡ ᠸᠠᠩ ᠬᠠᠨ ᠦ᠋ ᠵᠡᠷᠭᠡ 13 ᠠᠶᠢᠮᠠᠭ ᠬᠤᠳᠠ ︵ᠬᠤᠪᠢᠶᠠᠷᠢ︶ ᠬᠤᠷᠢᠶᠠᠨ ᠣ ᠪᠠᠶᠢᠴᠠᠭᠠᠬᠤ ᠲᠠᠷᠤᠭ᠎ᠠ ᠲᠠᠷᠠᠭᠠᠯᠠᠨ ᠲᠤᠰᠢᠶᠠᠯ ᠤᠨ ᠮᠡᠳᠡᠭᠦᠯᠦᠯᠳᠡ ᠬᠢᠵᠠᠢ᠃