ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠦᠬᠦ ᠤᠷᠤᠨ ‍ᠣ ᠪᠠᠶᠢᠴᠠᠭᠠᠬᠤ ᠲᠠᠷᠤᠭ᠎ᠠ ᠨᠠᠷ ᠤᠨ ᠬᠤᠷᠠᠯ ᠢ ᠬᠦᠬᠡᠬᠤᠳᠠ ᠳᠤ ᠬᠤᠷᠠᠯᠳᠤᠪᠠ

2017-02-22 15:10:51
ᠵᠣᠬᠢᠶᠠᠭᠴᠢ
ᠪᠤᠤ ᠡᠾᠦ᠋ᠢ ᠮᠧᠢ

    1ᠰᠠᠷ᠎ᠠ ᠶᠢᠨ23 ‍ᠣ ᠡᠳᠦᠷ ᠦᠨ ᠦᠳᠡ ᠶᠢᠨ ᠬᠤᠶᠢᠨ᠎ᠠ᠂ ᠬᠠᠷᠠᠭᠠᠨ ᠲᠠᠪᠳᠠᠮᠵᠢ ᠶᠢᠨ ᠬᠡᠯᠪᠡᠷᠢ ᠪᠡᠷ ᠬᠤᠷᠠᠯᠳᠤᠭᠰᠠᠨ ᠪᠦᠬᠦ ᠤᠷᠤᠨ ‍ᠣ ᠪᠠᠶᠢᠴᠠᠭᠠᠬᠤ ᠲᠠᠷᠤᠭ᠎ᠠ ᠨᠠᠷ ᠤᠨ ᠬᠤᠷᠠᠯ ᠨᠢ᠂ ᠲᠦᠪ᠂ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶᠠᠨ ‍ᠣ ᠤᠯᠤᠰ ᠲᠦᠷᠦ ᠬᠠᠥᠯᠢ ᠴᠠᠭᠠᠵᠠ ᠶᠢᠨ ᠠᠵᠢᠯ ᠤᠨ ᠬᠤᠷᠠᠯ᠂ ᠪᠦᠬᠦ ᠤᠯᠤᠰ ᠤᠨ ᠪᠠᠶᠢᠴᠠᠭᠠᠬᠤ ᠲᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ‍ᠣ ᠠᠷᠪᠠᠳᠤᠭᠠᠷ ᠤᠳᠠᠭᠠᠨ ‍ᠣ ᠨᠠᠮ ᠤᠨ ᠲᠦᠯᠦᠭᠡᠯᠡᠭᠴᠢᠳ ᠦᠨ ᠬᠤᠷᠠᠯ᠂ ᠠᠷᠪᠠᠨ ᠬᠤᠶᠠᠳᠤᠭᠠᠷ ᠬᠤᠭᠤᠴᠠᠭᠠᠨ ‍ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠵᠢᠷᠭᠤᠳᠤᠭᠠᠷ ᠬᠤᠷᠠᠯᠳᠤᠭᠠᠨ ‍ᠣ ᠱᠠᠭᠠᠷᠳᠠᠯᠭ᠎ᠠ ᠶᠢᠨ ᠲᠤᠭᠤᠷᠢᠨ ᠳᠤ᠂ 2016 ᠤᠨ ‍ᠣ ᠠᠵᠢᠯ ᠢ ᠳ᠋ᠦᠩᠨᠡᠵᠦ᠂ 2017 ᠤᠨ ‍ᠣ ᠠᠵᠢᠯ ᠳᠤ ᠪᠠᠶᠢᠷᠢᠯᠠᠭᠤᠯᠤᠯᠳᠠ ᠬᠢᠵᠠᠢ᠃

W020170125354173102689.jpg

ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ

W020170125354173515555.jpg

ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ ᠬᠤᠷᠠᠯ ᠡᠷᠬᠢᠯᠡᠵᠦ ᠪᠠᠶᠢᠭ᠎ᠠ ᠨᠢ

W020170125354173857285.jpg

ᠦᠨᠦ ᠵᠢᠯ ᠦᠨ ᠪᠠᠶᠢᠴᠠᠭᠠᠬᠤ ᠲᠠᠷᠤᠭ᠎ᠠ ᠨᠠᠷ ᠤᠨ ᠬᠤᠷᠠᠯ ᠨᠢ ᠶᠠᠮᠠᠷ ᠬᠡᠳᠦᠨ ᠲᠤᠬᠢᠶ᠎ᠠ ᠶᠢ ᠲᠠᠮᠵᠢᠭᠤᠯᠤᠭᠰᠠᠨ ᠪᠤᠢ︖

W020170125354174268041.jpg

    ᠰᠢᠨ᠎ᠡ ᠬᠦᠭᠵᠢᠯᠳᠡ ᠶᠢᠨ ᠤᠨᠤᠯᠵᠢᠬᠤᠨ ᠢ ᠴᠢᠬᠤᠯᠠᠴᠢᠯᠠᠬᠤ᠂ ᠯᠠᠪᠳᠠᠭᠤᠨ ᠢᠶᠠᠷ ᠤᠷᠤᠭᠰᠢᠯᠠᠬᠤ ᠶᠡᠷᠦᠩᠬᠡᠢ ᠬᠦᠭ ᠠᠶᠠᠰ ᠢ ᠴᠢᠬᠤᠯᠠᠴᠢᠯᠠᠬᠤ᠂ ᠪᠦᠬᠦ ᠲᠠᠯ᠎ᠠ ᠳᠤ ᠦᠢᠯᠡᠴᠢᠯᠡᠬᠦ ᠶᠢ ᠴᠢᠬᠤᠯᠠᠴᠢᠯᠠᠬᠤ᠂ ᠲᠤᠰᠢᠶᠠᠯ ᠤᠨ ᠶᠠᠯᠠᠳᠤ ᠬᠡᠷᠡᠭ ᠢ ᠰᠢᠳᠭᠡᠬᠦ ᠦᠨᠳᠦᠷ ᠲᠠᠷᠤᠯᠳᠠᠳᠤ ᠪᠠᠶᠢᠳᠠᠯ ᠢ ᠪᠠᠷᠢᠮᠳᠠᠯᠠᠬᠤ᠂ ᠡᠩᠬᠡ ᠲᠠᠶᠢᠪᠤᠩ ᠦᠪᠦᠷ ᠮᠤᠩᠭᠤᠯ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ᠂ ᠠᠵᠤ ᠠᠬᠤᠢ ᠶᠢᠨ ᠶᠠᠯᠠᠳᠤ ᠠᠵᠢᠯᠯᠠᠭ᠎ᠠ ᠳᠤ ᠬᠠᠥᠯᠢ ᠶᠤᠰᠤᠭᠠᠷ ᠴᠤᠬᠢᠯᠳᠠ ᠦᠭᠬᠦ᠂ ᠭᠤᠤᠯ ᠬᠠᠷᠢᠭᠤᠴᠠᠯᠭ᠎ᠠ ᠪᠠᠨ ᠭᠤᠤᠯ ᠠᠵᠢᠯ ᠲᠡᠭᠡᠷ᠎ᠡ ᠪᠠᠨ ᠲᠦᠪᠯᠡᠷᠡᠭᠦᠯᠦᠨ᠂ ᠪᠠᠶᠢᠴᠠᠭᠠᠬᠤ ᠬᠢᠨᠠᠯᠳᠠ ᠲᠠᠯᠪᠢᠬᠤ ᠪᠠᠨ ᠴᠢᠩᠭᠠᠳᠬᠠᠬᠤ᠂ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠶᠢ ᠰᠢᠨᠳᠠᠷᠠᠰᠢ ᠦᠭᠡᠢ ᠠᠬᠢᠭᠤᠯᠬᠤ᠂ ︽ᠤᠷᠠᠨ ᠲᠠᠷᠬᠠᠨ ‍ᠣ ᠵᠤᠷᠢᠭ ᠰᠠᠨᠠᠭ᠎ᠠ︾ ᠶᠢ  ᠮᠠᠨᠳᠤᠭᠤᠯᠤᠨ᠂ ︽ᠤᠶᠤᠨᠴᠢᠯᠠᠭᠰᠠᠨ ᠪᠠᠶᠢᠴᠠᠭᠠᠬᠤ ᠶᠠᠪᠤᠳᠠᠯ︾ ᠢ ᠠᠬᠢᠭᠤᠯᠬᠤ ᠵᠡᠷᠭᠡ᠃

    ᠮᠠ ᠶᠦᠩ ᠱᠧᠩ ᠪᠠᠶᠢᠴᠠᠭᠠᠬᠤ ᠲᠠᠷᠤᠭ᠎ᠠ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠰᠢᠨ᠎ᠡ ᠨᠢᠭᠡ ᠵᠢᠯ ᠳᠦ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶ᠎ᠠ ᠪᠤᠯᠤᠨ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ︽ ᠲᠦᠷᠪᠡᠨ ᠦᠵᠡᠯ ᠤᠬᠠᠮᠰᠠᠷ︾ ᠤᠨᠴᠠᠭᠠᠶᠢᠯᠠᠨ ᠭᠤᠤᠯᠯᠠᠬᠤ ᠦᠵᠡᠯ ᠤᠬᠠᠮᠰᠠᠷ᠂ ᠨᠢᠭᠡᠳᠦᠯᠳᠡᠢ ᠪᠠᠶᠢᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠢᠶᠠᠨ ᠴᠢᠩᠭ᠎ᠠ ᠠᠳᠬᠤᠨ ᠰᠠᠶᠢᠨ ᠬᠢᠵᠦ᠂ ᠰᠢᠯᠢᠳᠡᠭ ᠦᠷ᠎ᠡ ᠪᠦᠳᠦᠮᠵᠢ ᠪᠡᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠦᠨ ᠤᠢ ᠶᠢ ᠪᠡᠯᠭᠡᠯᠡᠵᠦ᠂ ᠨᠠᠮ ᠤᠨ ᠠᠷᠪᠠᠨ ᠶᠢᠰᠦᠳᠦᠭᠡᠷ ᠶᠡᠬᠡ ᠬᠤᠷᠠᠯ ᠤᠨ ᠠᠮᠵᠢᠯᠳᠠ ᠲᠠᠢ ᠨᠡᠬᠡᠬᠡᠬᠦ ᠶᠢ ᠤᠭᠳᠤᠨ᠎ᠠ᠃

    ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠲᠡᠳ᠋ ᠪᠠᠶᠢᠴᠠᠭᠠᠬᠤ ᠲᠠᠷᠤᠭ᠎ᠠ ᠵᠢᠶᠠᠨ ᠰᠢᠶᠣᠣ ᠸᠧᠨ᠂ ᠵᠧᠩ ᠵᠢᠨ ᠴᠦᠨ᠂ ᠶᠠᠩ ᠸᠧᠢ ᠫᠢᠩ᠂ ᠶᠦᠨ ᠰᠢᠶᠣᠣ᠂ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠶᠤᠸᠠᠢ ᠱᠢ ᠭᠤᠸᠠᠩ᠂ ᠪᠠᠶᠢᠴᠠᠭᠠᠬᠤ ᠺᠤᠮᠢᠰ ᠤᠨ ᠲᠤᠰᠬᠠᠢ ᠲᠤᠰᠢᠶᠠᠯᠳᠤ ᠭᠡᠰᠢᠭᠦᠨ ᠵᠠᠩ ᠰᠢᠦ ᠹᠧᠩ᠂ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠸᠠᠩ ᡁᠢ ᠴᠢᠶᠠᠩ᠂ ᠲᠢᠩᠬᠢᠮ ᠦᠨ ᠲᠡᠰ ᠦᠨ ᠺᠠᠳ᠋ᠷ᠂ ᠡᠯ᠎ᠡ ᠠᠶᠢᠮᠠᠭ ᠬᠤᠳᠠ ᠭᠠᠵᠠᠷ ᠤᠷᠤᠨ ‍ᠣ ᠪᠠᠶᠢᠴᠠᠭᠠᠬᠤ ︵ᠬᠤᠪᠢᠶᠠᠷᠢ︶ ᠬᠤᠷᠢᠶᠠᠨ ‍ᠣ ᠪᠠᠶᠢᠴᠠᠭᠠᠬᠤ ᠲᠠᠷᠤᠭ᠎ᠠ᠂ ᠴᠡᠷᠢᠭ ᠦᠨ ᠶᠠᠪᠤᠳᠠᠯ ᠦᠨ ᠪᠠᠶᠢᠴᠠᠭᠠᠬᠤ ᠬᠤᠷᠢᠶᠠᠨ ‍ᠣ  ᠬᠠᠮᠢᠶ᠎ᠠ ᠪᠦᠬᠦᠢ ᠤᠳᠤᠷᠢᠳᠤᠯᠭ᠎ᠠ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠠᠵᠢᠯᠳᠠᠨ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠨ᠂ ᠡᠯ᠎ᠡ ᠠᠶᠢᠮᠠᠭ ᠬᠤᠳᠠ ᠭᠠᠵᠠᠷ ᠤᠷᠤᠨ᠂  ᠦᠨᠳᠦᠰᠦᠨ ᠱᠠᠳᠤᠨ ‍ᠣ ᠬᠤᠷᠢᠶᠠᠨ ‍ᠣ ᠠᠵᠢᠯᠳᠠᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃

W020170125364956808885.jpg

 

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro