ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠮᠠ ᠶᠦᠩ ᠱᠧᠩ ᠪᠠᠶᠢᠴᠠᠭᠠᠬᠤ ᠲᠠᠷᠤᠭ᠎ᠠ ᠴᠠᠭᠠᠨ ᠰᠠᠷ᠎ᠠ ᠡᠴᠡ ᠡᠮᠦᠨ᠎ᠡ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠠᠬᠠᠮᠠᠳ ᠤᠳᠤᠷᠢᠳᠤᠯᠭ᠎ᠠ ᠶᠢ ᠡᠷᠬᠢᠨ ᠦᠵᠡᠵᠦ ᠲᠤᠬᠤᠨᠢᠭᠤᠯᠪᠠ

2017-02-23 11:25:12
ᠵᠣᠬᠢᠶᠠᠭᠴᠢ
ᠪᠤᠤ ᠡᠾᠦ᠋ᠢ ᠮᠧᠢ

    1ᠰᠠᠷ᠎ᠠ ᠶᠢᠨ 24 ‍ᠣ ᠡᠳᠦᠷ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠪᠠᠶᠢᠴᠠᠭᠠᠬᠤ ᠲᠠᠷᠤᠭ᠎ᠠ ᠮᠠ ᠶᠦᠩ ᠱᠧᠩ ᠡᠴᠡ ᠵᠠᠩ ᠾᠧ ᠰᠥᠩ᠂ ᠸᠠᠩ ᠱᠠᠩ ᠯᠥᠸᠧ᠂ ᠰᠢᠩ ᠪᠣᠣ ᠢᠦᠢ ᠵᠡᠷᠭᠡ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠠᠬᠠᠮᠠᠳ ᠤᠳᠤᠷᠢᠳᠤᠯᠭ᠎ᠠ ᠶᠢᠨ ᠭᠡᠷ ᠲᠦ ᠬᠦᠷᠴᠦ ᠡᠷᠭᠢᠨ ᠦᠵᠡᠵᠦ᠂ ᠲᠡᠳ᠋ ᠮᠤᠵᠢ ᠶᠢᠨ ᠲᠡᠰ ᠦᠨ ᠠᠵᠢᠯ ᠡᠴᠡ ᠪᠠᠨ ᠠᠮᠠᠷᠠᠭᠰᠠᠨ ᠺᠠᠳ᠋ᠷ ᠤᠨ ᠪᠡᠯᠪᠡᠰᠦᠨ ᠠᠪᠠᠭᠠᠢ ᠶᠢ ᠲᠤᠬᠤᠨᠢᠭᠤᠯᠵᠤ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠨᠠᠮ ᠤᠨ ᠤᠳᠤᠷᠢᠳᠬᠤ ᠲᠤᠭᠤᠶᠢᠯᠠᠩ ᠪᠠ ᠪᠦᠬᠦ ᠪᠠᠶᠢᠴᠠᠭᠠᠬᠤ ᠠᠵᠢᠯᠳᠠᠨ ᠢ ᠲᠦᠯᠦᠭᠡᠯᠡᠨ ᠠᠬᠠᠮᠠᠳ ᠤᠳᠤᠷᠢᠳᠤᠯᠭ᠎ᠠ ᠳᠤ ᠪᠠᠶᠠᠷ ᠤᠨ ᠡᠳᠦᠷ ᠦᠨ ᠮᠡᠨᠳᠦᠴᠢᠯᠡᠯ ᠪᠠ ᠰᠢᠨ᠎ᠡ ᠴᠠᠭᠠᠨ ᠰᠠᠷ᠎ᠠ ᠶᠢᠨ ᠵᠦᠩᠨᠡᠯ ᠲᠡᠪᠰᠢᠭᠦᠯᠪᠡ᠃

    ᠤᠤᠯ ᠤᠨ ᠪᠠᠶᠢᠴᠠᠭᠠᠬᠤ ᠲᠠᠷᠤᠭ᠎ᠠ ᠵᠠᠩ ᠡᠾᠧ ᠰᠥᠩ ᠦᠨ ᠭᠡᠷ ᠲᠤ

W020170125493622228150.jpg

    ᠡᠷᠭᠢᠨ ᠦᠵᠡᠵᠦ ᠲᠤᠬᠤᠨᠢᠭᠤᠯᠬᠤ ᠲᠤᠮᠳᠠ᠂ ᠮᠠ ᠶᠦᠩ ᠱᠧᠩ ᠪᠠᠶᠢᠴᠠᠭᠠᠬᠤ ᠲᠠᠷᠤᠭ᠎ᠠ ᠡᠯ᠎ᠡ ᠠᠬᠠᠮᠠᠳ ᠤᠳᠤᠷᠢᠳᠤᠯᠭ᠎ᠠ ᠶᠢᠨ ᠪᠡᠶ᠎ᠡ ᠮᠠᠬᠠᠪᠤᠳ ᠪᠠ ᠠᠮᠢᠳᠤᠷᠠᠯ ᠤᠨ ᠪᠠᠶᠢᠳᠠᠯ ᠢ ᠬᠠᠷᠠᠭᠠᠯᠵᠠᠨ ᠠᠰᠠᠭᠤᠵᠤ᠂ ᠡᠭᠦᠨ ‍ᠣ ᠬᠠᠮᠳᠦ 2016 ᠤᠨ ‍ᠣ ᠪᠠᠶᠢᠴᠠᠭᠠᠬᠤ ᠠᠵᠢᠯ ᠤᠨ ᠪᠠᠶᠢᠳᠠᠯ ᠪᠠ 2017 ᠤᠨ ‍ᠣ ᠪᠦᠬᠦ ᠤᠷᠤᠨ ᠪᠠᠶᠢᠴᠠᠭᠠᠬᠤ ᠠᠵᠢᠯ ᠤᠨ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠪᠠ ᠠᠵᠢᠯ ᠤᠨ ᠰᠡᠳᠭᠢᠴᠡ ᠶᠢ ᠲᠡᠳᠡᠨ ᠳᠦ ᠲᠤᠪᠴᠢ ᠲᠠᠨᠢᠯᠴᠠᠭᠤᠯᠵᠠᠢ᠃

    ᠤᠤᠯ ᠤᠨ ᠪᠠᠶᠢᠴᠠᠭᠠᠬᠤ ᠲᠠᠷᠤᠭ᠎ᠠ ᠸᠠᠩ ᠱᠠᠩ ᠯᠥᠸᠧ ᠶᠢᠨ ᠭᠡᠷ ᠲᠦ

W020170125493622670080.jpg

    ᠮᠠ ᠶᠦᠩ ᠱᠧᠩ ᠪᠠᠶᠢᠴᠠᠭᠠᠬᠤ ᠲᠠᠷᠤᠭ᠎ᠠ ᠶᠠᠷᠢᠭᠰᠠᠨ ᠨᠢ᠂ ᠦᠩᠭᠡᠷᠡᠭᠰᠡᠨ ᠨᠢᠭᠡ ᠵᠢᠯ ᠳᠦ ᠪᠠᠶᠢᠴᠠᠭᠠᠬᠤ ᠠᠵᠢᠯ ᠨᠡᠯᠢᠶᠡᠳ ᠶᠡᠬᠡ ᠠᠮᠵᠢᠯᠳᠠ ᠤᠯᠵᠤ᠂ ᠪᠦᠬᠦ ᠤᠷᠤᠨ ‍ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠶᠢᠨ ᠵᠦᠪᠰᠢᠶᠡᠷᠡᠯ ᠪᠠ ᠰᠠᠶᠢᠰᠢᠶᠠᠯ ᠢ ᠤᠯᠵᠠᠢ᠃ ᠦᠷ᠎ᠡ ᠪᠦᠳᠦᠮᠵᠢ  ᠤᠯᠤᠭᠰᠠᠨ ᠨᠢ ᠠᠬᠠᠮᠠᠳ ᠤᠳᠤᠷᠢᠳᠤᠯᠭ᠎ᠠ ᠨᠠᠷ ᠤᠨ ᠪᠠᠳᠤ ᠪᠡᠬᠢ ᠰᠠᠭᠤᠷᠢ ᠲᠠᠯᠪᠢᠭᠰᠠᠨ ᠪᠠ ᠪᠠᠶᠢᠴᠠᠭᠠᠬᠤ ᠠᠵᠢᠯ ᠤᠨ ᠲᠤᠬᠠᠢ ᠬᠠᠷᠠᠭᠠᠯᠵᠠᠯ ᠡᠴᠡ ᠰᠠᠯᠵᠤ ᠪᠤᠯᠤᠰᠢ ᠦᠭᠡᠢ ᠂ ᠠᠬᠠᠮᠠᠳ ᠤᠳᠤᠷᠢᠳᠤᠯᠭ᠎ᠠ ᠨᠠᠷ ᠦᠷᠬᠦᠯᠵᠢᠯᠡᠨ ᠪᠠᠶᠢᠴᠠᠭᠠᠬᠤ ᠠᠵᠢᠯ ᠳᠤ ᠲᠡᠮᠵᠢᠯᠭᠡ ᠬᠠᠪᠰᠤᠷᠤᠯᠭ᠎ᠠ ᠦᠵᠡᠭᠦᠯᠵᠦ᠂ ᠨᠠᠨᠳᠢᠨ ᠰᠠᠨᠠᠯ ᠲᠤᠷᠠᠳᠬᠤ ᠶᠢ ᠦᠨᠡᠨ ᠰᠡᠳᠭᠢᠯ ᠡᠴᠡ ᠪᠡᠨ ᠬᠦᠰᠡᠵᠦ ᠪᠠᠶᠢᠨ᠎ᠠ ᠭᠡᠵᠠᠢ᠃ ᠤᠳᠤᠬᠠᠨ ᠳᠤ᠂ ᠪᠠᠶᠢᠴᠠᠭᠠᠬᠤ ᠦᠢᠯᠡᠰ ᠰᠢᠨ᠎ᠡ ᠨᠢᠭᠡᠨ ᠲᠡᠥᠬᠡᠨ ᠡᠬᠢᠯᠡᠯᠳᠡ ᠶᠢᠨ ᠴᠡᠭ ᠲᠡᠭᠡᠷ᠎ᠡ ᠪᠠᠶᠢᠵᠦ᠂ ᠪᠢᠳᠡ ᠵᠠᠪᠠᠯ ᠠᠬᠠᠮᠠᠳ ᠨᠢᠭᠡ ᠦᠶ᠎ᠡ ᠶᠢᠨ ᠨᠠᠨᠳᠢᠨ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠰᠢᠨ᠎ᠡ ᠪᠠᠶᠢᠳᠠᠯ ᠰᠢᠨ᠎ᠡ ᠬᠤᠪᠢᠷᠠᠯᠳᠠ ᠲᠠᠢ ᠢᠳᠡᠪᠬᠢᠳᠠᠢ ᠪᠠᠷ ᠲᠤᠬᠢᠷᠠᠯᠴᠠᠵᠤ᠂ ︽ ᠲᠦᠷᠪᠡᠨ ᠦᠵᠡᠯ ᠤᠬᠠᠮᠰᠠᠷ︾ ᠢ ᠪᠠᠳᠤ ᠪᠡᠬᠢ ᠪᠤᠢ ᠪᠤᠯᠭᠠᠵᠤ᠂ ᠤᠯᠤᠰ ᠲᠦᠷᠦ ᠶᠢᠨ ᠬᠠᠷᠢᠭᠤᠴᠠᠯᠭᠠᠳᠤ ᠰᠡᠳᠭᠢᠯᠭᠡ ᠪᠠ ᠠᠵᠢᠯ ᠢᠶᠡᠨ ᠲᠦᠰᠦᠭᠡᠯᠡᠨ ᠮᠡᠳᠡᠬᠦ ᠴᠢᠨᠠᠷ ᠢᠶᠡᠨ ᠴᠢᠩᠭᠠᠳᠬᠠᠵᠤ᠂ ᠯᠠᠪᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠪᠠᠶᠢᠴᠠᠭᠠᠬᠤ ᠠᠵᠢᠯ ᠤᠨ ᠲᠠᠪᠠᠯᠳᠠᠳᠤ ᠬᠦᠭᠵᠢᠯᠳᠡ ᠶᠢᠨ ᠬᠠᠷᠠᠯᠳᠠ ᠵᠦᠭ ᠴᠢᠷᠮᠠᠶᠢᠨ ᠤᠷᠤᠭᠰᠢᠯᠠᠵᠤ᠂ ᠠᠬᠠᠮᠠᠳ ᠤᠳᠤᠷᠢᠳᠤᠯᠭ᠎ᠠ ᠨᠠᠷ ᠤᠨ ᠢᠳᠡᠭᠡᠯ ᠪᠠ ᠨᠠᠶᠢᠳᠠᠯᠭ᠎ᠠ ᠶᠢ ᠬᠦᠰᠡᠷᠳᠡᠭᠦᠯᠬᠦ ᠦᠭᠡᠢ ᠭᠡᠵᠡᠢ᠃

    ᠤᠤᠯ ᠤᠨ ᠪᠠᠶᠢᠴᠠᠭᠠᠬᠤ ᠲᠠᠷᠤᠭ᠎ᠠ ᠰᠢᠩ ᠪᠤᠤ ᠢᠦᠢ ︵ ᠭᠠᠳᠠᠭ᠎ᠠ ᠬᠤᠷᠠᠯ ᠳᠤ ᠶᠠᠪᠤᠭᠰᠠᠨ︶ ᠶᠢᠨ ᠭᠡᠷ ᠲᠦ

W020170125493623045894.jpg

    ᠠᠬᠠᠮᠠᠳ ᠤᠳᠤᠷᠢᠳᠤᠯᠭ᠎ᠠ ᠨᠠᠷ ᠡᠴᠡ ᠨᠠᠮ ᠤᠨ ᠬᠠᠯᠠᠮᠵᠢᠯᠠᠯ ᠳᠤ ᠲᠠᠯᠠᠷᠬᠠᠨ᠂ ᠬᠠᠮᠳᠤ ᠳ᠋ᠤᠨᠢ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠡᠯ᠎ᠡ ᠲᠦᠷᠦᠯ ᠦᠨ ᠠᠵᠢᠯ ᠡᠴᠡ ᠠᠮᠠᠷᠠᠬᠤ ᠠᠵᠢᠯ ᠤᠨ ᠲᠦᠷᠦ ᠶᠢᠨ ᠪᠤᠳᠤᠯᠭ᠎ᠠ᠂ ᠪᠠᠳᠤᠯᠠᠭ᠎ᠠ ᠬᠤᠶᠠᠷ ᠬᠠᠷᠠᠭᠠᠯᠵᠠᠯ ᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠠᠵᠢᠯ ᠡᠴᠡ ᠠᠮᠠᠷᠠᠭᠰᠠᠳ ᠲᠤ ᠦᠢᠯᠡᠴᠢᠯᠡᠨ ᠬᠠᠮᠢᠶᠠᠷᠬᠤ ᠬᠢᠷᠢ ᠲᠦᠪᠰᠢᠨ ᠢᠶᠡᠨ ᠴᠢᠷᠮᠠᠶᠢᠨ ᠲᠡᠭᠡᠭᠰᠢᠯᠡᠭᠦᠯᠵᠦ ᠪᠠᠶᠢᠭ᠎ᠠ ᠳᠤ ᠦᠨᠳᠦᠷ ᠦᠨᠡᠯᠡᠯᠳᠡ ᠦᠭᠴᠡᠢ᠃ ᠦᠪᠡᠷᠳᠡᠭᠡᠨ ᠵᠠᠰᠠᠬᠤ ᠤᠷᠤᠨ ‍ᠣ ᠠᠵᠢᠯ ᠤᠨ ᠮᠡᠳᠡᠭᠦᠯᠦᠯᠳᠡ ᠶᠢᠨ ᠠᠷᠪᠠᠨ ᠬᠤᠶᠠᠳᠤᠭᠠᠷ ᠬᠤᠭᠤᠴᠠᠭᠠᠨ ‍ᠣ ᠵᠢᠷᠭᠤᠳᠤᠭᠠᠷ ᠤᠳᠠᠭᠠᠨ ‍ᠣ ᠬᠤᠷᠠᠯᠳᠤᠭᠠᠨ ᠲᠡᠭᠡᠷ᠎ᠡ 94.8% ᠶᠢᠨ ᠦᠨᠳᠦᠷ ᠰᠠᠶᠢᠰᠢᠶᠠᠯ ᠤᠨ ᠫᠢᠶᠣᠣ ᠤᠯᠤᠭᠰᠠᠨ ᠵᠢᠴᠢ ᠦᠩᠭᠡᠷᠡᠭᠰᠡᠨ ᠨᠢᠭᠡ ᠵᠢᠯ ᠪᠦᠬᠦ ᠤᠷᠤᠨ ‍ᠣ ᠪᠠᠶᠢᠴᠠᠭᠠᠬᠤ ᠠᠵᠢᠯ ᠤᠨ ᠤᠯᠤᠭᠰᠠᠨ ᠰᠢᠨ᠎ᠡ ᠠᠮᠵᠢᠯᠳᠠ ᠳᠦ ᠪᠠᠶᠠᠷ ᠬᠦᠷᠭᠡᠵᠦ᠂ ᠮᠠ ᠶᠦᠩ ᠱᠧᠩ ᠪᠠᠶᠢᠴᠠᠭᠠᠬᠤ ᠲᠠᠷᠤᠭ᠎ᠠ ᠶᠢᠨ ᠡᠷᠭᠢᠨ ᠦᠵᠡᠵᠦ ᠲᠤᠬᠤᠨᠢᠭᠤᠯᠵᠤ ᠪᠠᠶᠢᠭ᠎ᠠ ᠳᠤ ᠲᠠᠯᠠᠷᠬᠠᠨ᠂ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠪᠠ ᠪᠦᠬᠦ ᠪᠠᠶᠢᠴᠠᠭᠠᠬᠤ ᠠᠵᠢᠯᠳᠠᠳ ᠲᠤ ᠦᠷᠬᠦᠯᠵᠢᠯᠡᠨ ᠴᠢᠷᠮᠠᠶᠢᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠰᠢᠨ᠎ᠡ ᠶᠢ ᠡᠭᠦᠳᠦᠨ ᠦᠭᠡᠷᠡᠴᠢᠯᠡᠯᠳᠡ ᠬᠢᠵᠦ᠂ ᠨᠡᠩ ᠰᠢᠯᠢᠳᠡᠭ ᠦᠷ᠎ᠡ ᠪᠦᠳᠦᠮᠵᠢ ᠪᠡᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠦᠨ ᠤᠢ ᠶᠢ ᠪᠡᠯᠭᠡᠯᠡᠵᠦ᠂ ᠨᠠᠮ ᠤᠨ ᠠᠷᠪᠠᠨ ᠶᠢᠰᠦᠳᠦᠭᠡᠷ ᠶᠡᠬᠡ ᠬᠤᠷᠠᠯ ᠤᠨ ᠠᠮᠵᠢᠯᠳᠠ ᠲᠠᠢ ᠨᠡᠬᠡᠬᠡᠬᠦ ᠶᠢ ᠤᠭᠳᠤᠬᠤ ᠬᠡᠷᠡᠭᠳᠡᠢ ᠭᠡᠵᠦ ᠬᠦᠰᠡᠯ ᠡᠷᠡᠮᠡᠯᠵᠡᠯ ᠲᠠᠯᠪᠢᠵᠠᠢ᠃

    ᠨᠠᠰᠤ ᠪᠠᠷᠠᠭᠰᠠᠨ ᠰᠢᠦᠢ ᠽᠢ ᠭᠠᠨ ᠨᠦᠬᠦᠷ ᠦᠨ ᠠᠪᠠᠭᠠᠢ ᠶᠢ ᠡᠷᠭᠢᠨ ᠦᠵᠡᠵᠦ ᠪᠠᠶᠢᠭ᠎ᠠ ᠨᠢ

W020170125493623370763.jpg


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro