ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠦᠷ ᠮᠤᠩᠭᠤᠯ᠄ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠬᠠᠷᠠᠭᠠᠨ ᠲᠠᠪᠳᠠᠮᠵᠢᠳᠤ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠵᠠᠢ

2017-03-09 11:31:03
ᠵᠣᠬᠢᠶᠠᠭᠴᠢ
ᠪᠤᠤ ᠡᠾᠦ᠋ᠢ ᠮᠧᠢ

W020170308422588913266.jpg

    ᠤᠶᠢᠷ᠎ᠠ ᠶᠢᠨ ᠡᠳᠦᠷ ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠬᠤ ᠠᠵᠢᠯ ᠤᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠬᠦᠳᠡᠯᠭᠡᠭᠡᠨ ‍ᠣ ᠬᠠᠷᠠᠭᠠᠨ ᠲᠠᠪᠳᠠᠮᠵᠢᠳᠤ ᠲᠤᠬᠢᠷᠠᠭᠤᠯᠭ᠎ᠠ ᠶᠢᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠠᠢ᠃ ᠬᠤᠷᠠᠯ ᠲᠡᠭᠡᠷ᠎ᠡ᠂ ᠡᠯ᠎ᠡ ᠠᠶᠢᠮᠠᠭ ᠬᠤᠳᠠ ᠭᠠᠵᠠᠷ ᠤᠷᠤᠨ ‍ᠣ ᠬᠤᠷᠢᠶ᠎ᠠ ᠲᠤᠰ ᠭᠠᠵᠠᠷ ᠤᠷᠤᠨ ‍ᠣ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ︽ᠲᠦᠯᠬᠢᠨ ᠠᠬᠢᠭᠤᠯᠬᠤ ᠤᠨ︾ ᠤ ᠪᠠᠶᠢᠷᠢᠯᠠᠭᠤᠯᠤᠯᠳᠠ ᠲᠦᠯᠦᠪᠵᠢᠭᠦᠯᠭᠡ ᠶᠢᠨ ᠪᠠᠶᠢᠳᠠᠯ ᠪᠠ ᠠᠵᠢᠯ ᠤᠨ ᠲᠤᠮᠳᠠ ᠤᠷᠤᠰᠢᠵᠤ ᠪᠠᠶᠢᠭ᠎ᠠ ᠭᠤᠤᠯ ᠠᠰᠠᠭᠤᠳᠠᠯ ᠤᠨ ᠲᠤᠬᠠᠢ ᠮᠡᠳᠡᠭᠦᠯᠦᠯᠳᠡ ᠬᠢᠵᠦ᠂ ᠤᠷᠤᠨ ‍ᠣ ᠪᠠᠶᠢᠴᠠᠭᠠᠬᠤ ᠬᠤᠷᠢᠶ᠎ᠠ ᠲᠠᠷᠠᠭ᠎ᠠ ᠠᠯᠬᠤᠮ ᠤᠨ ᠠᠵᠢᠯ ᠢ ᠪᠠᠶᠢᠷᠢᠯᠠᠭᠤᠯᠵᠠᠢ᠃

    ᠬᠤᠷᠠᠯ ᠡᠴᠡ ᠵᠢᠭᠠᠭᠰᠠᠨ ᠨᠢ᠂ 2017 ᠤᠨ ᠪᠤᠯ ᠪᠦᠬᠦ ᠤᠷᠤᠨ ‍ᠣ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠪᠤᠳᠠᠳᠠᠢ ᠲᠦᠯᠬᠢᠨ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠂ ᠡᠯ᠎ᠡ ᠱᠠᠳᠤᠨ ‍ᠣ ᠬᠤᠷᠢᠶᠠᠨ ‍ᠣ ᠨᠠᠮ ᠤᠨ ᠤᠳᠤᠷᠢᠳᠬᠤ ᠲᠤᠭᠤᠶᠢᠯᠠᠩ ᠤᠨᠴᠠᠭᠠᠶᠢᠯᠠᠨ ᠭᠤᠤᠯ ᠬᠠᠷᠢᠭᠤᠴᠠᠯᠭᠠᠳᠠᠨ ᠵᠠᠪᠠᠯ ᠡᠨᠡᠬᠦ ᠠᠵᠢᠯ ᠢ ᠰᠡᠳᠭᠢᠯ ᠳ᠋ᠡᠭᠡᠨ ᠠᠪᠴᠦ ᠴᠢᠬᠤᠯᠠᠴᠢᠯᠠᠨ᠂ ᠴᠢᠩᠭ᠎ᠠ ᠠᠷᠭ᠎ᠠ ᠪᠠᠷᠢᠯ ᠢᠶᠠᠷ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠤ᠂ ᠴᠢᠩᠭ᠎ᠠ ᠬᠠᠷᠢᠭᠤᠴᠠᠯᠭ᠎ᠠ ᠪᠠᠷ ᠡᠭᠦᠷᠭᠡ ᠶᠢ ᠪᠠᠳᠤᠳᠬᠠᠨ᠂ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠠᠵᠢᠯ ᠤᠨ ᠴᠤᠭ ᠪᠠᠳᠠᠷᠠᠩᠭᠤᠢ ᠬᠦᠭᠵᠢᠯᠳᠡ ᠶᠢᠨ ᠰᠢᠨ᠎ᠡ ᠪᠠᠶᠢᠳᠠᠯ ᠢ ᠠᠬᠢᠭᠤᠯᠬᠤ ᠬᠡᠷᠡᠭᠳᠡᠢ᠃ ᠬᠤᠷᠠᠯ ᠡᠴᠡ ᠴᠢᠬᠤᠯᠠᠴᠢᠯᠠᠭᠰᠠᠨ ᠨᠢ᠂ ᠨᠠᠷᠢᠯᠢᠭᠵᠢᠭᠤᠯᠤᠭᠰᠠᠨ ᠬᠠᠮᠢᠶᠠᠷᠤᠯᠳᠠ ᠪᠤᠯᠤᠨ ᠬᠠᠥᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠦᠷᠢᠵᠢᠭᠤᠯᠬᠤ ᠶᠢ ᠭᠦᠨᠵᠡᠭᠡᠢ ᠤᠶᠠᠯᠳᠤᠭᠤᠯᠵᠤ᠂ ᠬᠡᠷᠡᠭ ᠰᠢᠳᠭᠡᠬᠦ ᠶᠢ ᠨᠠᠷᠢᠯᠢᠭᠵᠢᠭᠤᠯᠤᠨ ᠬᠠᠮᠢᠶᠠᠷᠬᠤ ᠶᠢ ᠠᠬᠢᠭᠤᠯᠬᠤ ᠬᠡᠷᠡᠭᠳᠡᠢ᠃

    ᠬᠤᠷᠠᠯ ᠡᠴᠡ ᠱᠠᠭᠠᠷᠳᠠᠭᠰᠠᠨ ᠨᠢ᠂ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠪᠡᠬᠢᠯᠡᠯᠳᠡ ᠰᠢᠪᠳᠤᠯᠬᠤ ᠬᠤᠭᠤᠴᠠᠭᠠᠨ ᠳᠤ᠂ ᠭᠦᠢᠴᠡᠳᠭᠡᠬᠦ ᠬᠦᠴᠦᠨ ᠢ ᠴᠠᠭ ᠢᠮᠠᠭᠳᠠ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠬᠦᠳᠡᠯᠭᠡᠭᠡᠨ ᠢ ᠨᠠᠶᠢᠳᠠᠪᠦᠷᠢᠵᠢᠭᠤᠯᠬᠤ ᠶᠢ ᠪᠠᠳᠤᠯᠠᠬᠤ ᠬᠡᠷᠡᠭᠳᠡᠢ᠃ ᠡᠯ᠎ᠡ ᠱᠠᠳᠤᠨ ‍ᠣ ᠬᠤᠷᠢᠶᠠᠨ ‍ᠣ ᠪᠠᠶᠢᠴᠠᠭᠠᠬᠤ ᠲᠠᠷᠤᠭ᠎ᠠ᠂ ᠬᠤᠪᠢᠳᠠᠨ ᠬᠠᠮᠢᠶᠠᠷᠬᠤ ᠬᠤᠷᠢᠶᠠᠨ ‍ᠣ ᠤᠳᠤᠷᠢᠳᠤᠯᠭ᠎ᠠ ᠪᠠ ᠡᠯ᠎ᠡ ᠰᠠᠯᠠᠭ᠎ᠠ ᠮᠦᠴᠢᠷ ᠦᠨ ᠬᠠᠷᠢᠭᠤᠴᠠᠯᠭᠠᠳᠠᠨ ᠲᠠᠶᠢᠴᠢᠯᠠᠨ ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠳᠡᠯᠭᠡᠭᠡᠨ ‍ᠣ ᠦᠷ᠎ᠡ ᠪᠦᠳᠦᠮᠵᠢ ᠶᠢ ᠪᠠᠳᠤᠳᠠᠢ ᠤᠯᠬᠤ ᠬᠡᠷᠡᠭᠳᠡᠢ᠃ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠠᠵᠢᠯ ᠢ ᠨᠠᠶᠢᠳᠠᠪᠦᠷᠢᠵᠢᠭᠤᠯᠤᠭᠰᠠᠨ ᠪᠠᠶᠢᠳᠠᠯ ᠢ ᠪᠠᠶᠢᠴᠠᠭᠠᠬᠤ ᠲᠠᠷᠤᠭ᠎ᠠ ᠶᠢᠨ ᠲᠤᠰᠢᠶᠠᠯ ᠪᠠ ᠠᠷᠢᠭᠤᠨ ᠴᠢᠭᠡᠴᠢ ᠶᠢᠨ ᠮᠡᠳᠡᠭᠦᠯᠦᠯᠳᠡ᠂ ᠲᠤᠭᠤᠷᠢᠨ ᠪᠠᠶᠢᠴᠠᠭᠠᠬᠤ᠂ ᠵᠢᠯ ᠦᠨ ᠡᠴᠦᠰ ᠦᠨ ᠬᠢᠨᠠᠨ ᠰᠢᠯᠭᠠᠯᠳᠠ ᠪᠠ ᠦᠯᠢᠭᠡᠷ ᠠᠪᠴᠦ ᠦᠨᠡᠯᠡᠨ ᠵᠢᠱᠢᠬᠦ ᠠᠵᠢᠯ ᠳᠤ ᠤᠷᠤᠭᠤᠯᠵᠤ᠂ ᠰᠠᠶᠢᠨ ᠨᠠᠶᠢᠳᠠᠪᠦᠷᠢᠵᠢᠭᠤᠯᠤᠭᠰᠠᠨ ᠦᠭᠡᠢ ᠪᠠᠶᠢᠭᠤᠯᠭ᠎ᠠ ᠡᠴᠡ ᠲᠦᠪ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃

    ᠬᠤᠷᠠᠯ ᠨᠢ ᠬᠠᠷᠠᠭᠠᠨ ᠲᠠᠪᠳᠠᠮᠵᠢ ᠶᠢᠨ ᠬᠡᠯᠪᠡᠷᠢ ᠪᠡᠷ ᠬᠤᠶᠠᠷ ᠱᠠᠳᠤᠨ ‍ᠣ ᠬᠤᠷᠢᠶᠠᠨ ᠳᠤ ᠶᠠᠪᠤᠭᠳᠠᠵᠠᠢ᠃ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠬᠠᠮᠢᠶ᠎ᠠ ᠪᠦᠬᠦᠢ ᠤᠳᠤᠷᠢᠳᠤᠯᠭ᠎ᠠ᠂ ᠲᠢᠩᠬᠢᠮ ᠦᠨ ᠲᠡᠰ ᠦᠨ ᠺᠠᠳ᠋ᠷ᠂ ᠪᠠᠶᠢᠭᠤᠯᠭ᠎ᠠ ᠶᠢᠨ ᠡᠯ᠎ᠡ ᠲᠤᠳᠤᠭᠠᠳᠤ ᠪᠠᠶᠢᠭᠤᠯᠤᠮᠵᠢ᠂ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠭᠤᠤᠯ ᠬᠠᠷᠢᠭᠤᠴᠠᠯᠭᠠᠳᠠᠨ ᠵᠢᠴᠢ ᠬᠠᠥᠯᠢ ᠴᠠᠭᠠᠵᠠ ᠲᠦᠷᠦ ᠶᠢᠨ ᠪᠤᠳᠤᠯᠭ᠎ᠠ ᠰᠤᠳᠤᠯᠬᠤ ᠭᠡᠷ ᠦᠨ ᠪᠦᠬᠦ ᠠᠵᠢᠯᠳᠠᠨ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ ᠡᠯ᠎ᠡ ᠠᠶᠢᠮᠠᠭ ᠬᠤᠳᠠ ᠭᠠᠵᠠᠷ ᠤᠷᠤᠨ ‍ᠣ ᠪᠠᠶᠢᠴᠠᠭᠠᠬᠤ ︵ ᠬᠤᠪᠢᠶᠠᠷᠢ︶ ᠬᠤᠷᠢᠶᠠᠨ ‍ᠣ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠠᠵᠢᠯ ᠢ ᠬᠤᠪᠢᠳᠠᠨ ᠬᠠᠮᠢᠶᠠᠷᠬᠤ ᠬᠤᠷᠢᠶᠠᠨ ‍ᠣ ᠤᠳᠤᠷᠢᠳᠤᠯᠭ᠎ᠠ᠂ ᠡᠯ᠎ᠡ ᠰᠠᠯᠠᠭ᠎ᠠ ᠮᠦᠴᠢᠷ ᠦᠨ ᠭᠤᠤᠯ ᠬᠠᠷᠢᠭᠤᠴᠠᠯᠭᠠᠳᠠᠨ ᠵᠢᠴᠢ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠦᠨ ᠪᠦᠬᠦ ᠭᠡᠰᠢᠭᠦᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro