ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠮᠠ ᠶᠦᠩ ᠱᠧᠩ᠄ ᠲᠠᠪᠤᠨ ᠲᠠᠯ᠎ᠠ ᠪᠠᠷ ᠨᠡᠶᠢᠳᠡ ᠶᠢᠨ ᠠᠰᠢᠭᠳᠤ ᠵᠠᠷᠭᠤ ᠶᠢ ᠲᠦᠯᠬᠢᠨ ᠠᠬᠢᠭᠤᠯᠪᠠ

2017-03-22 09:22:38
ᠵᠣᠬᠢᠶᠠᠭᠴᠢ
ᠪᠤᠤ ᠡᠾᠦ᠋ᠢ ᠮᠧᠢ

    ︽ᠪᠢᠳᠡ ᠲᠤᠷᠰᠢᠯᠳᠠ ᠶᠢᠨ ᠴᠢᠭ᠋ ᠦᠨ ᠠᠵᠢᠯ ᠤᠨ ᠲᠠᠰᠤᠷᠠᠯᠳᠠ ᠦᠭᠡᠢ ᠭᠦᠨᠵᠡᠭᠡᠶᠢᠷᠡᠬᠦ ᠶᠢ ᠢᠳᠡᠪᠬᠢᠳᠠᠢ ᠲᠦᠯᠬᠢᠨ ᠠᠬᠢᠭᠤᠯᠵᠤ᠂ ᠨᠡᠶᠢᠳᠡ ᠶᠢᠨ ᠠᠰᠢᠭᠳᠤ ᠵᠠᠷᠭᠤ ᠶᠢᠨ ︿ᠦᠪᠦᠷ ᠮᠤᠩᠭᠤᠯ ᠤᠨ ᠵᠠᠭᠪᠤᠷ﹀ ᠢ ᠴᠢᠷᠮᠠᠶᠢᠨ ᠪᠦᠳᠦᠭᠡᠨ  ᠪᠠᠶᠢᠭᠤᠯᠵᠤ ᠪᠠᠶᠢᠨ᠎ᠠ᠃︾ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ︽ ᠬᠠᠥᠯᠢ ᠲᠦᠷᠢᠮ ᠦᠨ ᠡᠳᠦᠷ ᠦᠨ ᠰᠤᠨᠢᠨ︾ ‍ᠣ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ ᠳ᠋ᠡᠭᠡᠨ ᠢᠩᠭᠢᠵᠦ ᠶᠠᠷᠢᠪᠠ᠃ 2015 ᠤᠨ ‍ᠣ 7 ᠰᠠᠷ᠎ᠠ ᠶᠢᠨ 1 ‍ᠣ ᠡᠳᠦᠷ᠂ ᠠᠷᠪᠠᠨ ᠬᠤᠶᠠᠳᠤᠭᠠᠷ ᠬᠤᠭᠤᠴᠠᠭᠠᠨ ‍ᠣ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ‍ᠣ ᠠᠷᠪᠠᠨ ᠲᠠᠪᠤᠳᠤᠭᠠᠷ ᠬᠤᠷᠠᠯᠳᠤᠭᠠᠨ ᠲᠡᠭᠡᠷ᠎ᠡ ︽ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠳᠤ ᠡᠷᠬᠡ ᠤᠯᠭᠤᠵᠤ ᠬᠡᠰᠡᠭ ᠭᠠᠵᠠᠷ ᠤᠷᠤᠨ ᠳᠤ ᠨᠡᠶᠢᠳᠡ ᠶᠢᠨ ᠠᠰᠢᠭᠳᠣ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠦᠷᠨᠢᠭᠦᠯᠬᠦ ᠲᠤᠬᠠᠢ ᠰᠢᠢᠳᠪᠦᠷᠢ ︾ ᠭᠠᠷᠭᠠᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠷᠪᠠᠨ ᠭᠤᠷᠪᠠᠨ ᠲᠤᠷᠰᠢᠯᠳᠠ ᠶᠢᠨ ᠴᠢᠭ᠋ ᠦᠨ ᠮᠤᠵᠢ ᠤᠷᠤᠨ ‍ᠣ ᠨᠢᠭᠡ ᠪᠡᠷ ᠲᠤᠭᠳᠠᠭᠠᠭᠳᠠᠵᠠᠢ᠃ ᠲᠤᠷᠰᠢᠯᠳᠠ ᠶᠢᠨ ᠴᠢᠭ᠋ ᠦᠨ ᠠᠵᠢᠯ ᠦᠷᠨᠢᠭᠦᠯᠦᠭᠰᠡᠨ ᠡᠴᠡ ᠨᠠᠰᠢ᠂ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ︽ᠤᠮᠠᠷᠠᠳᠤ ᠬᠢᠯᠢ ᠶᠢᠨ ᠠᠮᠢ ᠠᠬᠤᠢ ᠶᠢᠨ ᠬᠠᠯᠬᠠᠪᠴᠢ ᠶᠢ ᠬᠠᠮᠠᠭᠠᠯᠠᠬᠤ ᠳᠤ ᠲᠤᠰᠬᠠᠢ ᠬᠢᠨᠠᠯᠳᠠ ᠲᠠᠯᠪᠢᠬᠤ ᠬᠦᠳᠡᠯᠭᠡᠭᠡᠨ︾᠂ ︽ᠡᠬᠡ ᠭᠤᠤᠯ᠎᠎᠎— ᠬᠠᠳᠤᠨ ᠭᠤᠤᠯ ᠢ ᠬᠠᠮᠠᠭᠠᠯᠠᠬᠤ ᠳᠤ ᠲᠤᠰᠬᠠᠢ ᠬᠢᠨᠠᠯᠳᠠ ᠲᠠᠯᠪᠢᠬᠤ ᠬᠦᠳᠡᠯᠭᠡᠭᠡᠨ︾᠂  ︽ ᠬᠦᠷᠦᠰᠦᠨ ‍ᠣ ᠪᠤᠬᠢᠷᠳᠤᠯ ᠢ ᠵᠠᠰᠠᠬᠤ ᠠᠵᠢᠯᠯᠠᠭ᠎ᠠ ᠳᠤ ᠤᠷᠤᠯᠴᠠᠬᠤ︾ ᠭᠤᠷᠪᠠᠨ ᠲᠤᠰᠬᠠᠢ ᠬᠦᠳᠡᠯᠭᠡᠭᠡᠨ ᠢ ᠪᠠᠶᠢᠷᠢᠯᠠᠭᠤᠯᠤᠨ ᠦᠷᠨᠢᠭᠦᠯᠵᠦ᠂ ᠲᠤᠷᠰᠢᠯᠳᠠ ᠶᠢᠨ ᠴᠢᠭ᠋ ᠦᠨ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠠᠬᠢᠭᠤᠯᠵᠠᠢ᠃

    ᠮᠠ ᠶᠦᠩ ᠱᠧᠩ ᠲᠠᠨᠢᠯᠴᠠᠭᠤᠯᠤᠭᠰᠠᠨ ᠨᠢ᠂ 2016 ᠤᠨ ‍ᠣ ᠵᠢᠯ ᠦᠨ ᠡᠴᠦᠰ ᠪᠤᠯᠳᠠᠯ᠎ᠠ᠂ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠨᠡᠶᠢᠳᠡ ᠶᠢᠨ ᠠᠰᠢᠭᠳᠤ ᠵᠠᠷᠭᠤ ᠶᠢᠨ ᠨᠡᠶᠢᠳᠡ 241 ᠬᠡᠷᠡᠭ  ᠤᠨ ᠰᠦᠪᠡᠭᠴᠢ ᠶᠢ  ᠵᠢᠭᠰᠠᠭᠠᠨ ᠪᠠᠶᠢᠴᠠᠭᠠᠵᠤ᠂ ᠵᠠᠷᠭᠤ ᠶᠢᠨ ᠡᠮᠦᠨᠡᠬᠢ ᠵᠢᠷᠦᠮ ᠢ ᠭᠦᠢᠴᠡᠳᠭᠡᠭᠰᠡᠨ ᠨᠢ 197 ᠬᠡᠷᠡᠭ᠂ ᠵᠠᠷᠭᠤ ᠶᠢᠨ ᠡᠮᠦᠨᠡᠬᠢ ᠵᠢᠷᠦᠮ ᠢᠶᠡᠷ ᠲᠠᠮᠵᠢᠨ ᠬᠠᠥᠯᠢ ᠶᠢ ᠵᠦᠷᠢᠴᠡᠭᠰᠡᠨ ᠠᠵᠢᠯᠯᠠᠭ᠎ᠠ ᠶᠢ ᠵᠠᠯᠠᠷᠠᠭᠤᠯᠤᠭᠰᠠᠨ ᠨᠢ 108 ᠬᠡᠷᠡᠭ ᠪᠤᠯᠤᠨ᠎ᠠ᠃ ᠪᠦᠬᠦ ᠤᠷᠤᠨ ‍ᠣ 64 ᠲᠤᠷᠰᠢᠯᠳᠠ ᠶᠢᠨ ᠴᠢᠭ᠋ ᠦᠨ ᠪᠠᠶᠢᠴᠠᠭᠠᠬᠤ ᠬᠤᠷᠢᠶ᠎ᠠ ᠪᠦᠷ ᠨᠡᠶᠢᠳᠡ ᠶᠢᠨ ᠠᠰᠢᠭᠳᠤ ᠵᠠᠷᠭᠤ ᠶᠢᠨ ᠬᠡᠷᠡᠭ ᠢ ᠰᠢᠢᠳᠪᠦᠷᠢᠯᠡᠪᠡ᠃ ᠰᠦᠨᠢᠳ ᠵᠡᠭᠦᠨ ᠬᠤᠰᠢᠭᠤᠨ ‍ᠣ ᠠᠩᠬᠠᠳᠤᠭᠠᠷ ᠨᠡᠶᠢᠳᠡ ᠶᠢᠨ ᠠᠰᠢᠭᠳᠤ ᠵᠠᠷᠭᠤ ᠶᠢᠨ ᠬᠡᠷᠡᠭ ᠨᠢ ︽ ᠪᠦᠬᠦ ᠤᠷᠤᠨ ‍ᠣ ᠠᠷᠪᠠᠨ ᠶᠡᠬᠡ ᠬᠠᠥᠯᠢᠵᠢᠯ ᠤᠨ ᠬᠡᠷᠡᠭ ᠶᠠᠪᠤᠳᠠᠯ︾ ᠢᠶᠠᠷ ᠦᠨᠡᠯᠡᠭᠳᠡᠵᠦ᠂ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠨᠢ ︽ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠰᠢᠨ᠎ᠡ ᠶᠢ ᠡᠭᠦᠳᠦᠨ ᠰᠢᠯᠢᠳᠡᠭ ᠢ ᠪᠦᠳᠦᠭᠡᠬᠦ ᠲᠦᠷᠦᠯ ᠵᠦᠢᠯ︾ ᠦᠨ ᠨᠢᠭᠡᠳᠦᠭᠡᠷ ᠲᠡᠰ ᠦᠨ ᠱᠠᠩᠨᠠᠯ ᠬᠦᠷᠳᠡᠵᠡᠢ᠃

    ᠮᠠ ᠶᠦᠩ ᠱᠧᠩ ᠶᠠᠷᠢᠭᠰᠠᠨ ᠨᠢ᠂ ᠪᠠᠶᠢᠴᠠᠭᠠᠬᠤ ᠪᠠᠶᠢᠭᠤᠯᠭ᠎ᠠ ᠨᠡᠶᠢᠳᠡ ᠶᠢᠨ ᠠᠰᠢᠭᠳᠤ ᠵᠠᠷᠭᠤ ᠶᠢᠨ ᠵᠠᠭᠠᠯᠳᠤᠯᠭ᠎ᠠ ᠭᠠᠷᠭᠠᠬᠤ ᠳᠤ ᠵᠠᠭᠠᠯᠳᠤᠭᠴᠢ ᠪᠢᠰᠢ᠃ ᠡᠨᠡ ᠪᠤᠯ ᠨᠡᠶᠢᠳᠡ ᠶᠢᠨ ᠠᠰᠢᠭᠳᠤ ᠵᠠᠷᠭᠤ ᠶᠢᠨ ᠲᠦᠷᠢᠮ ᠢ ᠲᠦᠯᠦᠪᠯᠡᠭᠰᠡᠨ ‍ᠣ ᠰᠠᠭᠤᠷᠢ᠂ ᠪᠤᠰᠤᠳ ᠵᠠᠷᠭᠤ ᠲᠠᠢ ᠢᠯᠭᠠᠭᠳᠠᠬᠤ ᠴᠢᠬᠤᠯᠠ ᠰᠢᠨᠵᠢ ᠲᠡᠮᠳᠡᠭ ᠪᠤᠯᠤᠨ᠎ᠠ᠂ ᠮᠦᠨᠴᠦ ᠨᠡᠶᠢᠳᠡ ᠶᠢᠨ ᠠᠰᠢᠭᠳᠤ ᠵᠠᠷᠭᠤ ᠶᠢ ᠰᠠᠶᠢᠨ ᠦᠷᠨᠢᠭᠦᠯᠬᠦ ᠡᠰᠡᠬᠦ ᠶᠢᠨ ᠵᠠᠩᠭᠢᠯᠠᠭ᠎ᠠ ᠪᠤᠯᠤᠨ᠎ᠠ᠃ ᠨᠡᠶᠢᠳᠡ ᠶᠢᠨ ᠠᠰᠢᠭᠳᠤ ᠵᠠᠷᠭᠤ ᠶᠢᠨ ᠠᠵᠢᠯᠯᠠᠭ᠎ᠠ ᠶᠢ ᠦᠷᠨᠢᠭᠦᠯᠬᠦ ᠳᠦ ︽ ᠭᠤᠷᠪᠠᠨ ᠶᠡᠬᠡ ᠵᠠᠷᠭᠤ ᠶᠢᠨ ᠬᠠᠥᠯᠢ︾ ᠶᠢ ᠰᠢᠩᠭᠡᠭᠡᠨ᠂ ᠲᠤᠯᠢ ᠪᠤᠯᠭᠠᠬᠤ ᠬᠡᠷᠡᠭᠳᠡᠢ᠃

W020170310609195565995.jpg

    ᠮᠠ ᠶᠦᠩ ᠱᠧᠩ ᠶᠠᠷᠢᠭᠰᠠᠨ ᠨᠢ᠄ ᠦᠪᠦᠷ ᠮᠤᠩᠭᠤᠯ ᠤᠷᠤᠨ ‍ᠣ ᠰᠢᠳᠭᠡᠭᠰᠡᠨ ᠨᠡᠶᠢᠳᠡ ᠶᠢᠨ ᠠᠰᠢᠭᠳᠤ ᠵᠠᠷᠭᠤ ᠶᠢᠨ ᠬᠡᠷᠡᠭ ᠦᠨ ᠶᠡᠷᠦᠩᠬᠡᠢ ᠪᠠᠶᠢᠳᠠᠯ ᠡᠴᠡ ᠠᠪᠴᠦ ᠬᠡᠯᠡᠪᠡᠯ᠂ ᠵᠠᠰᠠᠭ ᠵᠠᠬᠢᠷᠭᠠᠨ ‍ᠣ ᠨᠡᠶᠢᠳᠡ ᠶᠢᠨ ᠠᠰᠢᠭᠳᠤ ᠵᠠᠷᠭᠤ ᠪᠠᠷ ᠭᠤᠤᠯ ᠪᠤᠯᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠪᠠ ᠡᠬᠢ ᠪᠠᠶᠠᠯᠢᠭ ᠢ ᠬᠠᠮᠠᠭᠠᠯᠠᠬᠤ ᠲᠤᠬᠠᠢ ᠵᠦᠢᠯᠡᠰ ᠤᠯᠠᠨ ᠪᠠᠶᠢᠵᠤ᠂ ᠵᠠᠷᠭᠤ ᠶᠢᠨ ᠡᠮᠦᠨᠡᠬᠢ ᠵᠢᠷᠦᠮ ᠲᠡᠭᠡᠷ᠎ᠡ ᠬᠡᠷᠡᠭ ᠲᠠᠭᠤᠰᠬᠠᠬᠤ ᠨᠤᠷᠮ᠎ᠠ ᠦᠨᠳᠦᠷ᠂ ᠠᠵᠢᠯ ᠢ ᠵᠤᠬᠢᠴᠠᠭᠤᠯᠬᠤ ᠨᠢ ᠤᠷᠤᠭᠰᠢᠳᠠᠢ ᠵᠡᠷᠭᠡ ᠤᠨᠴᠠᠯᠢᠭ ᠲᠠᠢ᠃

    ᠮᠠ ᠶᠦᠩ ᠱᠧᠩ ᠰᠤᠷᠪᠤᠯᠵᠢᠯᠠᠭᠴᠢ ᠳᠤ ᠲᠠᠨᠢᠯᠴᠠᠭᠤᠯᠤᠭᠰᠠᠨ ᠨᠢ᠂ ᠬᠡᠷᠡᠭ ᠰᠢᠳᠭᠡᠬᠦ ᠲᠠᠯ᠎ᠠ ᠪᠠᠷ᠂ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠨᠢᠭᠡ ᠪᠦᠯᠦᠭ ᠦᠷ᠎ᠡ ᠪᠦᠳᠦᠮᠵᠢ ᠶᠢ ᠲᠡᠭᠡᠭᠰᠢᠯᠡᠭᠦᠯᠬᠦ ᠪᠠ ᠬᠡᠷᠡᠭ ᠦᠨ ᠴᠢᠨᠠᠷ ᠴᠢᠨᠰᠠᠭ᠎ᠠ ᠶᠢ ᠪᠠᠳᠤᠯᠠᠵᠤ ᠴᠢᠳᠠᠬᠤ ᠦᠨᠳᠦᠷ ᠠᠰᠢᠭᠳᠤ ᠠᠷᠭ᠎ᠠ ᠶᠢ ᠡᠷᠢᠯᠬᠢᠯᠡᠨ ᠭᠠᠷᠭᠠᠵᠠᠢ᠂ ᠲᠤᠤᠷᠠᠬᠢ ᠲᠠᠪᠤᠨ ᠲᠠᠯ᠎ᠠ ᠶᠢᠨ ᠭᠤᠤᠯ ᠤᠨᠴᠠᠯᠢᠭ ᠲᠠᠢ᠄ ᠨᠢᠭᠡ ᠳᠦ᠂ ᠲᠤᠳᠤᠭᠠᠳᠤ ᠶᠢᠨ ᠮᠡᠳᠡᠭᠡ ᠵᠠᠩᠬᠢ ᠶᠢᠨ ᠰᠤᠯᠢᠯᠴᠠᠭᠠᠨ ‍ᠣ ᠪᠠᠶᠢᠭᠤᠯᠤᠮᠵᠢ ᠪᠠᠶᠢᠭᠤᠯᠵᠤ᠂ ᠬᠡᠷᠡᠭ ᠦᠨ ᠰᠦᠪᠡᠭᠴᠢ ᠮᠠᠲ᠋ᠧᠷᠢᠶᠠᠯ ᠤᠨ ᠢᠷᠡᠯᠳᠡ ᠶᠢᠨ ᠲᠤᠭᠳᠠᠭᠤᠨ ᠮᠦᠷᠳᠡᠭᠡᠨ ᠦᠷᠬᠦᠯᠵᠢᠯᠡᠬᠦᠶᠢᠴᠡ ᠴᠢᠨᠠᠷ ᠢ ᠪᠠᠳᠤᠯᠠᠵᠠᠢ᠃ ᠬᠤᠶᠠᠷ ᠲᠤ᠂ ᠭᠡᠷᠡᠴᠢᠯᠡᠬᠦ ᠪᠠᠷᠢᠮᠵᠢᠶ᠎ᠠ ᠶᠢ ᠲᠡᠭᠡᠭᠰᠢᠯᠡᠭᠦᠯᠵᠦ᠂ ᠬᠡᠷᠡᠭ ᠢ ᠬᠤᠷᠳᠤᠨ ᠰᠢᠭᠦᠵᠦ ᠬᠤᠷᠳᠤᠨ ᠲᠠᠭᠤᠰᠬᠠᠬᠤ ᠶᠢ ᠠᠬᠢᠭᠤᠯᠵᠠᠢ᠃ ᠭᠤᠷᠪᠠ ᠳᠤ᠂ ᠤᠯᠠᠨ ᠵᠠᠭᠤᠴᠢᠳᠤ ᠬᠡᠯᠪᠡᠷᠢ ᠪᠡᠷ ᠭᠡᠷᠡᠴᠢ ᠭᠠᠷᠭᠠᠵᠤ᠂ ᠲᠢᠩᠬᠢᠮ ᠦᠨ ᠰᠢᠭᠦᠯᠳᠡ ᠶᠢᠨ ᠦᠷ᠎ᠡ ᠪᠦᠳᠦᠮᠵᠢ ᠶᠢ ᠴᠢᠩᠭᠠᠳᠬᠠᠵᠠᠢ᠃ ᠲᠦᠷᠪᠡ ᠳᠦ᠂ ᠴᠠᠭ ᠲᠤᠬᠠᠢ ᠳ᠋ᠤᠨᠢ᠂ ᠲᠦᠭᠦᠮ ᠦᠵᠡᠭᠦᠯᠬᠦ ᠵᠠᠷᠴᠢᠮ ᠢ ᠪᠠᠷᠢᠮᠳᠠᠯᠠᠵᠠᠢ᠃ ᠲᠠᠪᠤ ᠳᠤ᠂ ᠪᠤᠰᠤᠳᠴᠢ ᠦᠷ᠎ᠡ ᠳ᠋ᠦᠩ ᠦᠨ ᠵᠠᠷᠴᠢᠮ ᠢ ᠪᠠᠷᠢᠮᠳᠠᠯᠠᠵᠠᠢ᠃

    ︽ᠨᠢᠭᠡ ᠵᠢᠯ ᠦᠨ ᠦᠢᠯᠡᠳᠦᠯᠭᠡ ᠪᠠᠷ ᠲᠠᠮᠵᠢᠵᠦ᠂ ᠬᠠᠥᠯᠢ ᠴᠠᠭᠠᠵᠠ ᠶᠢᠨ ᠦᠷ᠎ᠡ ᠪᠦᠳᠦᠮᠵᠢ᠂ ᠤᠯᠤᠰ ᠲᠦᠷᠦ ᠶᠢᠨ ᠦᠷ᠎ᠡ ᠪᠦᠳᠦᠮᠵᠢ ᠪᠠ ᠨᠡᠶᠢᠭᠡᠮ ᠦᠨ ᠦᠷ᠎ᠡ ᠪᠦᠳᠦᠮᠵᠢ ᠶᠢᠨ ᠨᠢᠭᠡᠳᠦᠯ ᠢ ᠤᠯᠠᠮ ᠰᠠᠶᠢᠨ ᠢᠯᠡᠷᠡᠭᠦᠯᠬᠦ ᠶᠢᠨ ᠲᠦᠯᠦᠭᠡ᠂ ᠪᠢ ᠲᠦᠷᠪᠡᠨ ᠵᠦᠢᠯ ᠦᠨ ᠬᠠᠥᠯᠢ ᠲᠤᠭᠳᠠᠭᠠᠬᠤ ᠰᠠᠨᠠᠯ ᠲᠤᠷᠠᠳᠤᠶ᠎ᠠ᠃︾ ᠭᠡᠵᠦ ᠮᠠ ᠶᠦᠩ ᠱᠧᠩ ᠶᠠᠷᠢᠪᠠ᠃ ᠬᠠᠮᠤᠭ ᠲᠡᠷᠢᠭᠦᠨ ᠳᠦ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠢᠭᠳᠤ ᠵᠠᠷᠭᠤ ᠶᠢᠨ ᠵᠠᠷᠭᠤᠯᠠᠭᠴᠢ ᠶᠢᠨ ᠬᠠᠥᠯᠢ ᠴᠠᠭᠠᠵᠠ ᠶᠢᠨ ᠪᠠᠶᠢᠷᠢ ᠰᠠᠭᠤᠷᠢ ᠶᠢ ᠲᠤᠳᠤᠷᠬᠠᠶᠢᠯᠠᠬᠤ ᠬᠡᠷᠡᠭᠳᠡᠢ᠃ ᠲᠠᠷᠠᠭᠠᠯᠠᠪᠠᠯ᠂ ᠵᠠᠷᠭᠤ ᠶᠢᠨ ᠡᠮᠦᠨᠡᠬᠢ ᠵᠢᠷᠦᠮ ᠢ ᠨᠡᠶᠢᠳᠡ ᠶᠢᠨ ᠠᠰᠢᠭᠳᠤ ᠵᠠᠷᠭᠤ ᠶᠢᠨ ᠶᠡᠷᠦᠩᠬᠡᠢ ᠵᠢᠷᠦᠮ ᠳᠦ ᠤᠷᠤᠭᠤᠯᠬᠤ ᠬᠡᠷᠡᠭᠳᠡᠢ᠃ ᠲᠠᠬᠢᠪᠠᠯ᠂ ︽ ᠬᠤᠶᠠᠷ ᠰᠢᠭᠦᠯᠳᠡ ᠪᠡᠷ ᠰᠢᠭᠦᠯᠳᠡ ᠲᠠᠭᠤᠰᠬᠠᠬᠤ︾ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠳᠡᠢ᠃ ᠬᠠᠮᠤᠭ ᠰᠡᠭᠦᠯ ᠳᠦ᠂ ᠵᠠᠰᠠᠭ ᠵᠠᠬᠢᠷᠭᠠᠨ ‍ᠣ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠨᠢ ᠵᠠᠷᠭᠤ ᠶᠢᠨ ᠬᠢᠵᠠᠭᠠᠷᠯᠠᠯ ᠢ ᠬᠦᠯᠢᠶᠡᠬᠦ ᠦᠭᠡᠢ ᠶᠢ ᠲᠤᠳᠤᠷᠬᠠᠶᠢᠯᠠᠬᠤ ᠬᠡᠷᠡᠭᠳᠡᠢ᠃

W020170310609196528521.jpg


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro