ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠬᠡᠷᠡᠭ  ᠤᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠪᠠᠶᠢᠳᠠᠯ ᠤᠨ ᠬᠠᠷᠠᠭᠠᠨ ᠲᠠᠪᠳᠠᠮᠵᠢᠳᠤ ᠮᠡᠳᠡᠭᠡᠯᠡᠯ ᠦᠨ ᠬᠤᠷᠠᠯ ᠢ  ᠵᠤᠬᠢᠶᠠᠨ ᠪᠠᠶᠢᠭᠤᠯᠤᠨ ᠬᠤᠷᠠᠯᠳᠤᠭᠤᠯᠵᠠᠢ

2017-03-22 09:26:57
ᠵᠣᠬᠢᠶᠠᠭᠴᠢ
ᠪᠤᠤ ᠡᠾᠦ᠋ᠢ ᠮᠧᠢ

W020170310612323211071.jpg

W020170310612324078703.jpg    

    ᠪᠦᠬᠦ ᠤᠷᠤᠨ ‍ᠣ ᠪᠠᠶᠢᠴᠠᠭᠠᠬᠤ ᠲᠠᠷᠤᠭ᠎ᠠ ᠨᠠᠷ ᠤᠨ ᠬᠤᠷᠠᠯ ᠵᠢᠴᠢ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ᠬᠡᠷᠡᠭ ᠤᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠬᠠᠮᠢᠶ᠎ᠠ ᠪᠦᠬᠦᠢ ᠮᠡᠳᠡᠭᠡᠯᠡᠯ ᠦᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠮᠠᠨ ‍ᠣ ᠤᠷᠤᠨ ‍ᠣ 2016 ᠤᠨ ᠳᠤ ᠬᠡᠷᠡᠭ ᠤᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠦᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ᠂ ᠤᠷᠤᠰᠢᠵᠤ ᠪᠠᠶᠢᠭ᠎ᠠ ᠠᠰᠠᠭᠤᠳᠠᠯ ᠪᠠ ᠲᠤᠳᠠᠭᠳᠠᠯ ᠲᠠᠢ ᠲᠠᠯ᠎ᠠ ᠶᠢ ᠡᠷᠢᠨ ᠭᠠᠷᠭᠠᠵᠤ᠂ ᠡᠭᠦᠷᠭᠡ ᠪᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠤᠳᠤᠷᠬᠠᠶᠢᠯᠠᠵᠤ᠂ ᠮᠠᠨ ‍ᠣ ᠤᠷᠤᠨ ‍ᠣ ᠬᠡᠷᠡᠭ ᠶᠢᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠶᠡᠷᠦᠩᠬᠡᠢ ᠬᠢᠷᠢ ᠲᠦᠪᠰᠢᠨ ᠢ ᠪᠦᠬᠦ ᠬᠦᠴᠦᠨ ᠢᠶᠡᠷ ᠲᠡᠭᠡᠭᠰᠢᠯᠡᠭᠦᠯᠬᠦ ᠶᠢᠨ ᠲᠦᠯᠦᠭᠡ᠂ 3 ᠰᠠᠷ᠎ᠠ ᠶᠢᠨ10 ‍ᠣ ᠡᠳᠦᠷ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠤᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠪᠠᠶᠢᠳᠠᠯ ᠤᠨ ᠬᠠᠷᠠᠭᠠᠨ ᠲᠠᠪᠳᠠᠮᠵᠢᠳᠤ ᠮᠡᠳᠡᠭᠡᠯᠡᠯ ᠦᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠠᠢ᠃ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ ᠶᠠᠷᠢᠶ᠎ᠠ ᠲᠠᠯᠪᠢᠵᠦ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠲᠡᠳ᠋ ᠪᠠᠶᠢᠴᠠᠭᠠᠬᠤ ᠲᠠᠷᠤᠭ᠎ᠠ ᠶᠦᠨ ᠰᠢᠶᠣᠣ ᠬᠤᠷᠠᠯ ᠡᠷᠬᠢᠯᠡᠪᠡ᠃

    ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠬᠡᠷᠡᠭ ᠬᠠᠮᠢᠶᠠᠷᠬᠤ ᠠᠯᠪᠠᠨ ᠭᠡᠷ ᠦᠨ ᠡᠷᠬᠢᠯᠡᠭᠴᠢ ᠬᠣᠣ ᠵᠢᠶᠠᠨ ᠫᠢᠩ 2016 ᠤᠨ ‍ᠣ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠦᠨ ᠮᠡᠳᠡᠭᠡ ᠵᠠᠩᠬᠢ  ᠶᠢ ᠢᠯᠡ ᠪᠤᠯᠭᠠᠬᠤ ᠠᠵᠢᠯ ᠦᠷᠨᠢᠭᠦᠯᠦᠭᠰᠡᠨ ᠪᠠᠶᠢᠳᠠᠯ ᠢ ᠮᠡᠳᠡᠭᠡᠯᠡᠵᠦ᠂ ᠬᠡᠷᠡᠭ ᠦᠨ ᠵᠢᠷᠦᠮ ᠦᠨ ᠴᠢᠨᠠᠷᠳᠠᠢ ᠮᠡᠳᠡᠭᠡ ᠵᠠᠩᠬᠢ ᠶᠢ ᠭᠠᠷᠭᠠᠨ ᠠᠪᠬᠤ᠂ ᠴᠢᠬᠤᠯᠠ ᠬᠡᠷᠡᠭ ᠦᠨ ᠮᠡᠳᠡᠭᠡ ᠵᠠᠩᠬᠢ ᠶᠢ ᠨᠡᠶᠢᠳᠡᠯᠡᠬᠦ᠂ ᠬᠠᠥᠯᠢ ᠴᠠᠭᠠᠵᠠ ᠶᠢᠨ ᠪᠢᠴᠢᠭ ᠬᠠᠷ᠎ᠠ ᠶᠢ ᠢᠯᠡ  ᠪᠤᠯᠭᠠᠬᠤ᠂ ᠦᠮᠦᠭᠯᠡᠬᠦ ᠪᠠ ᠤᠷᠤᠯᠠᠬᠤ ᠶᠢ ᠤᠷᠢᠳᠴᠢᠯᠠᠨ ᠪᠤᠯᠵᠤᠬᠤ ᠵᠡᠷᠭᠡ ᠲᠦᠷᠪᠡᠨ ᠲᠠᠯ᠎ᠠ ᠪᠠᠷ ᠤᠳᠤᠬᠠᠨ ᠳᠤ ᠮᠠᠨ ‍ᠣ ᠤᠷᠤᠨ ‍ᠣ ᠬᠡᠷᠡᠭ ᠦᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠪᠦᠬᠦ ᠲᠠᠯ᠎ᠠ ᠪᠠᠷ ᠬᠦᠭᠵᠢᠬᠦ ᠶᠢ ᠨᠦᠯᠦᠭᠡᠯᠡᠬᠦ ᠪᠠ ᠬᠢᠵᠠᠭᠠᠷᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠪᠠ ᠲᠤᠳᠠᠭᠳᠠᠯ ᠲᠠᠢ ᠲᠠᠯ᠎ᠠ  ᠶᠢ ᠶᠠᠷᠢᠵᠠᠢ᠃ ᠯᠢ ᠮᠤᠤ ᠯᠢᠨ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠬᠡᠷᠡᠭ ᠦᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠲᠠᠢ ᠤᠶᠠᠯᠳᠤᠭᠤᠯᠵᠤ᠂ ᠪᠦᠬᠦ ᠤᠷᠤᠨ ‍ᠣ ᠬᠡᠷᠡᠭ ᠦᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠭᠤᠷᠪᠠᠨ ᠲᠠᠯ᠎ᠠ ᠶᠢᠨ ᠰᠠᠨᠠᠯ ᠲᠤᠷᠠᠳᠴᠠᠢ᠄ ᠨᠢᠭᠡ ᠳᠦ᠂ ᠪᠠᠶᠢᠳᠠᠯ ᠤᠨ ᠡᠭᠦᠷᠭᠡ ᠶᠢ ᠤᠨᠤᠪᠴᠢᠳᠠᠢ ᠡᠵᠡᠮᠰᠢᠵᠦ᠂ ᠦᠵᠡᠯ ᠰᠠᠨᠠᠭ᠎ᠠ ᠲᠠᠨᠢᠯᠳᠠ ᠪᠠᠨ ᠨᠢᠭᠡᠳᠭᠡᠬᠦ ᠶᠢ ᠪᠠᠳᠤᠯᠠᠬᠤ ᠬᠡᠷᠡᠭᠳᠡᠢ᠃ ᠬᠤᠶᠠᠷ ᠲᠤ᠂ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠢᠶᠠᠯ ᠢᠶᠠᠨ ᠭᠦᠢᠴᠡᠳᠭᠡᠵᠦ ᠬᠠᠷᠢᠭᠤᠴᠠᠯᠭ᠎ᠠ ᠪᠠᠨ ᠡᠭᠦᠷᠭᠡᠯᠡᠬᠦ ᠶᠢ ᠪᠠᠳᠤᠯᠠᠬᠤ ᠬᠡᠷᠡᠭᠳᠡᠢ᠃ ᠡᠩ ᠲᠡᠷᠢᠭᠦᠨ ᠳᠦ᠂ ᠰᠠᠭᠤᠷᠢ ᠠᠵᠢᠯ ᠪᠠ ᠭᠤᠤᠯᠳᠠᠯᠭ᠎ᠠ ᠲᠠᠢ ᠠᠵᠢᠯ ᠢ ᠬᠠᠮᠳᠤ ᠳ᠋ᠤᠨᠢ ᠴᠢᠬᠤᠯᠠᠴᠢᠯᠠᠬᠤ ᠶᠢ ᠪᠠᠷᠢᠮᠳᠠᠯᠠᠬᠤ ᠬᠡᠷᠡᠭᠳᠡᠢ᠃ ᠲᠠᠷᠠᠭᠠᠯᠠᠪᠠᠯ᠂ ᠢᠯᠡ ᠪᠤᠯᠭᠠᠬᠤ ᠲᠤᠭ᠎ᠠ ᠨᠤᠷᠮ᠎ᠠ ᠪᠠ ᠢᠯᠡ ᠪᠤᠯᠭᠠᠬᠤ ᠶᠠᠰᠤ ᠴᠢᠨᠠᠷ ᠢ ᠬᠠᠮᠳᠤ ᠳ᠋ᠤᠨᠢ ᠴᠢᠬᠤᠯᠠᠴᠢᠯᠠᠬᠤ ᠶᠢ ᠪᠠᠷᠢᠮᠳᠠᠯᠠᠬᠤ ᠬᠡᠷᠡᠭᠳᠡᠢ᠃ ᠲᠠᠬᠢᠪᠠᠯ᠂ ᠴᠢᠩᠭ᠎ᠠ ᠲᠦᠷᠢᠮᠵᠢᠭᠦᠨ ᠪᠠ ᠰᠢᠨ᠎ᠡ ᠶᠢ ᠡᠭᠦᠳᠦᠨ ᠰᠢᠪᠳᠤᠯᠤᠯᠳᠠ ᠬᠢᠬᠦ ᠶᠢ ᠬᠠᠮᠳᠦ ᠳ᠋ᠤᠨᠢ ᠴᠢᠬᠤᠯᠠᠴᠢᠯᠠᠬᠤ ᠶᠢ ᠪᠠᠷᠢᠮᠳᠠᠯᠠᠬᠤ ᠬᠡᠷᠡᠭᠳᠡᠢ᠃ ᠭᠤᠷᠪᠠ ᠳᠤ᠂ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠶᠢᠳᠠᠪᠦᠷᠢᠵᠢᠭᠤᠯᠤᠨ ᠬᠡᠷᠡᠭᠵᠢᠭᠦᠯᠬᠦ ᠶᠢ ᠪᠠᠳᠤᠯᠠᠬᠤ ᠬᠡᠷᠡᠭᠳᠡᠢ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro