ᠮᠠ ᠶᠦᠩ ᠱᠧᠩ᠄ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠪᠤᠳᠠᠳᠠᠢ ᠬᠡᠷᠡᠭᠵᠢᠭᠦᠯᠵᠦ ᠪᠤᠯᠠᠬᠤᠶᠢᠴᠠ ᠡᠭᠦᠷᠭᠡᠳᠦ ᠬᠠᠭᠤᠳᠠᠰᠤ᠂ ᠵᠠᠮ ᠱᠤᠭᠤᠮᠳᠤ ᠵᠢᠷᠤᠭ ᠪᠠ ᠴᠠᠭ ᠤᠨ ᠬᠦᠰᠦᠨᠦᠭᠳᠦ ᠪᠤᠯᠭᠠᠨ ᠬᠤᠪᠢᠷᠠᠭᠤᠯᠬᠤ ᠬᠡᠷᠡᠭᠳᠡᠢ
3 ᠰᠠᠷ᠎ᠠ ᠶᠢᠨ 23 ᠣ ᠡᠳᠦᠷ ᠦᠨ ᠦᠳᠡ ᠶᠢᠨ ᠬᠤᠶᠢᠨ᠎ᠠ᠂ ᠪᠦᠬᠦ ᠤᠷᠤᠨ ᠣ ᠪᠠᠶᠢᠴᠠᠭᠠᠬᠤ ᠪᠠᠶᠢᠭᠤᠯᠭ᠎ᠠ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠼᠣᠣ ᠵᠢᠶᠠᠨ ᠮᠢᠩ ᠪᠠᠶᠢᠴᠠᠭᠠᠬᠤ ᠲᠠᠷᠤᠭ᠎ᠠ ᠪᠠ ᠯᠢ ᠵᠢᠢ ᠡᠾᠧᠩ ᠱᠦᠵᠢ ᠶᠢᠨ ᠴᠢᠬᠤᠯᠠ ᠶᠠᠷᠢᠶᠠᠨ ᠣ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠦ᠂ ᠤᠳᠤᠬᠢ ᠪᠠ ᠬᠤᠵᠢᠮ ᠤᠨ ᠨᠢᠭᠡ ᠬᠤᠭᠤᠴᠠᠭᠠᠨ ᠳ᠋ᠡᠬᠢ ᠭᠤᠤᠯ ᠠᠵᠢᠯ ᠢ ᠪᠠᠶᠢᠷᠢᠯᠠᠭᠤᠯᠵᠠᠢ᠃ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶᠠᠨ ᠣ ᠪᠠᠶᠢᠴᠠᠭᠠᠬᠤ ᠲᠠᠷᠤᠭ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠮᠠ ᠶᠦᠩ ᠱᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ ᠬᠤᠷᠠᠯ ᠡᠷᠬᠢᠯᠡᠪᠡ᠃
ᠮᠠ ᠶᠦᠩ ᠱᠧᠩ ᠢᠯᠡᠷᠬᠡᠶᠢᠯᠡᠭᠰᠡᠨ ᠨᠢ᠂ ᠰᠠᠶ᠋ᠢᠬᠠᠨ ᠦᠨᠳᠦᠷᠯᠡᠭᠰᠡᠨ ᠪᠦᠬᠦ ᠤᠯᠤᠰ ᠤᠨ ᠬᠤᠶᠠᠷ ᠬᠤᠷᠠᠯ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠣ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠤ᠂ ︽ ᠠᠷᠪᠠᠨ ᠭᠤᠷᠪᠠᠳᠤᠭᠠᠷ ᠲᠠᠪᠤᠨ ᠵᠢᠯ︾ ᠦᠨ ᠲᠦᠯᠦᠪᠯᠡᠭᠡ ᠶᠢ ᠬᠡᠷᠡᠭᠵᠢᠭᠦᠯᠦᠭᠰᠡᠨ ᠲᠡᠭᠡᠷᠡᠬᠢ ᠶᠢ ᠵᠠᠯᠭᠠᠮᠵᠢᠯᠠᠵᠤ ᠲᠤᠷᠤᠭᠰᠢ ᠤᠯᠠᠮᠵᠢᠯᠠᠬᠤ ᠤᠨ ᠳᠤ᠂ ᠨᠠᠮ ᠤᠨ ᠠᠷᠪᠠᠨ ᠶᠢᠰᠦᠳᠦᠭᠡᠷ ᠶᠡᠬᠡ ᠬᠤᠷᠠᠯ ᠡᠴᠡ ᠡᠮᠦᠨ᠎ᠡ ᠬᠤᠷᠠᠯᠳᠤᠭᠤᠯᠤᠭᠰᠠᠨ ᠴᠢᠬᠤᠯᠠ ᠶᠡᠬᠡ ᠬᠤᠷᠠᠯ ᠪᠤᠯᠤᠨ᠎ᠠ᠃ ᠬᠤᠶᠠᠷ ᠬᠤᠷᠠᠯ ᠤᠨ ᠬᠤᠭᠤᠴᠠᠭᠠᠨ ᠳᠤ᠂ ᠰᠢ ᠵᠢᠨ ᠫᠢᠩ ᠶᠡᠷᠦᠩᠬᠡᠢ ᠱᠦᠵᠢ ᠵᠡᠷᠭᠡ ᠲᠦᠪ ᠦᠨ ᠤᠳᠤᠷᠢᠳᠤᠯᠭ᠎ᠠ ᠨᠠᠷ ᠰᠢᠷᠢᠰ ᠴᠢᠬᠤᠯᠠ ᠶᠠᠷᠢᠶ᠎ᠠ ᠢᠯᠡᠳᠭᠡᠯ ᠬᠢᠵᠦ᠂ ᠮᠠᠨ ᠤ ᠡᠯ᠎ᠡ ᠵᠦᠢᠯ ᠦᠨ ᠠᠵᠢᠯ ᠢᠶᠠᠨ ᠰᠠᠶᠢᠳᠤᠷ ᠬᠢᠬᠦ ᠳᠦ ᠴᠢᠭᠯᠡᠯ ᠵᠢᠭᠠᠵᠤ᠂ ᠵᠢᠷᠦᠮᠯᠡᠯ ᠬᠠᠩᠭᠠᠨ᠂ ᠤᠷᠮ᠎ᠠ ᠵᠤᠷᠢᠭ ᠬᠠᠶᠢᠷᠠᠯᠠᠵᠠᠢ᠃ ᠡᠨᠡ ᠤᠳᠠᠭᠠᠨ ᠣ ︽ ᠬᠤᠶᠠᠷ ᠬᠤᠷᠠᠯ︾ ᠨᠢ ᠮᠦᠨᠴᠦ ᠨᠢᠭᠡ ᠤᠳᠠᠭᠠᠨ ᠣ ᠬᠠᠥᠯᠢ ᠪᠠᠷ ᠵᠠᠰᠠᠬᠤ ᠦᠪᠡᠳᠡᠭᠰᠢ ᠶᠡᠬᠡ ᠬᠤᠷᠠᠯ ᠪᠤᠯᠤᠨ᠎ᠠ᠃ ᠨᠢᠭᠡ ᠲᠠᠯ᠎ᠠ ᠪᠠᠷ᠂ ᠢᠷᠭᠡᠨ ᠣ ᠬᠠᠥᠯᠢ ᠶᠢᠨ ᠶᠡᠷᠦᠩᠬᠡᠢ ᠲᠦᠷᠢᠮ ᠢ ᠬᠢᠨᠠᠨ ᠪᠠᠳᠤᠯᠠᠵᠤ᠂ ᠢᠷᠭᠡᠨ ᠣ ᠬᠠᠥᠯᠢ ᠶᠢᠨ ᠪᠢᠴᠢᠭ ᠦᠨ ᠬᠠᠥᠯᠢ ᠲᠤᠭᠳᠠᠭᠠᠬᠤ ᠶᠢᠨ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠵᠠᠢ︔ ᠨᠦᠭᠦᠭᠡ ᠲᠠᠯ᠎ᠠ ᠪᠠᠷ᠂ ᠲᠦᠯᠦᠭᠡᠯᠡᠭᠴᠢ ᠭᠡᠰᠢᠭᠦᠨ ᠬᠠᠥᠯᠢ ᠪᠠᠷ ᠵᠠᠰᠠᠬᠤ ᠲᠤᠬᠠᠢ ᠵᠦᠪᠯᠡᠬᠦ ᠰᠡᠳᠦᠪ ᠢ ᠨᠡᠩ ᠠᠩᠬᠠᠷᠤᠨ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠪᠠ ᠠᠷᠠᠳ ᠤᠨ ᠲᠡᠭᠡᠳᠦ ᠰᠢᠭᠦᠬᠦ ᠬᠤᠷᠢᠶ᠎ᠠ ᠶᠢᠨ ᠮᠡᠳᠡᠭᠦᠯᠦᠯᠳᠡ ᠨᠢ ᠪᠦᠷ ᠦᠨᠳᠦᠷ ᠪᠢᠯᠧᠲ ᠪᠠᠷ ᠪᠠᠳᠤᠯᠠᠭᠳᠠᠵᠤ᠂ ᠡᠭᠦᠨ ᠣ ᠲᠤᠳᠤᠷ᠎ᠠ ᠪᠠᠶᠢᠴᠠᠭᠠᠬᠤ ᠬᠤᠷᠢᠶ᠎ᠠ ᠶᠢᠨ ᠮᠡᠳᠡᠭᠦᠯᠦᠯᠳᠡ ᠶᠢᠨ ᠵᠦᠪᠰᠢᠶᠡᠷᠡᠬᠦ ᠰᠠᠨᠠᠯ ᠪᠠ ᠵᠦᠪᠰᠢᠶᠡᠷᠡᠬᠦ ᠨᠤᠷᠮ᠎ᠠ ᠨᠢ ᠪᠦᠷ ᠲᠡᠥᠬᠡ ᠶᠢᠨ ᠰᠢᠨ᠎ᠡ ᠦᠨᠳᠦᠷ ᠢ ᠡᠭᠦᠳᠴᠡᠢ᠃ ᠡᠨᠡ ᠪᠤᠯ ᠲᠦᠯᠦᠭᠡᠯᠡᠭᠴᠢ ᠭᠡᠰᠢᠭᠦᠨ ᠣ ᠪᠠᠶᠢᠴᠠᠭᠠᠬᠤ ᠠᠵᠢᠯ ᠳ᠋ᠡᠬᠢ ᠨᠤᠳᠠᠯᠠᠯᠳᠠ ᠪᠠ ᠮᠡᠳᠡᠷᠡᠯᠳᠡ᠂ ᠨᠡᠩ ᠴᠤ ᠠᠷᠠᠳ ᠲᠦᠮᠡᠨ ᠣ ᠬᠠᠥᠯᠢ ᠴᠠᠭᠠᠵᠠ ᠶᠢᠨ ᠬᠢᠨᠠᠯᠳᠠ ᠲᠠᠯᠪᠢᠬᠤ ᠠᠵᠢᠯ ᠳᠤ ᠲᠤᠷᠠᠳᠤᠭᠰᠠᠨ ᠨᠡᠩ ᠦᠨᠳᠦᠷ ᠱᠠᠭᠠᠷᠳᠠᠯᠭ᠎ᠠ ᠪᠤᠯᠤᠨ᠎ᠠ᠃
ᠬᠡᠷᠬᠢᠨ ᠠᠷᠠᠳ ᠲᠦᠮᠡᠨ ᠣ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯᠡᠯ ᠢ ᠲᠠᠭᠠᠵᠤ᠂ ᠨᠠᠮ ᠪᠠ ᠠᠷᠠᠳ ᠲᠦᠮᠡᠨ ᠣ ᠤᠯᠭᠤᠭᠰᠠᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠨ ᠭᠦᠢᠴᠡᠳᠭᠡᠬᠦ ᠪᠤᠢ︖ ᠮᠠ ᠶᠦᠩ ᠱᠧᠩ ᠱᠠᠭᠠᠷᠳᠠᠭᠰᠠᠨ ᠨᠢ᠄ ᠨᠢᠭᠡ ᠳᠦ᠂ ᠤᠯᠤᠰ ᠲᠦᠷᠦ ᠶᠢᠨ ᠪᠠᠶᠢᠷᠢ ᠵᠤᠭᠰᠤᠯᠳᠠ ᠪᠡᠨ ᠲᠡᠭᠡᠭᠰᠢᠯᠡᠭᠦᠯᠵᠦ᠂ ᠡᠨᠡ ᠵᠢᠯ ᠦᠨ ᠡᠯ᠎ᠡ ᠲᠦᠷᠦᠯ ᠦᠨ ᠪᠠᠶᠢᠴᠠᠭᠠᠬᠤ ᠠᠵᠢᠯ ᠰᠢᠨ᠎ᠡ ᠨᠢᠭᠡᠨ ᠲᠠᠶᠢᠰᠠᠨ ᠳᠤ ᠭᠠᠷᠬᠤ ᠶᠢ ᠲᠦᠯᠬᠢᠨ ᠠᠬᠢᠭᠤᠯᠬᠤ ᠬᠡᠷᠡᠭᠳᠡᠢ᠃ ᠬᠤᠶᠠᠷ ᠲᠤ᠂ ᠠᠷᠠᠳ ᠲᠦᠮᠡᠨ ᠣ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯᠡᠯ ᠢ ᠲᠠᠭᠠᠵᠤ᠂ ᠠᠮᠤᠷ ᠲᠦᠪᠰᠢᠨ ᠢ ᠨᠡᠩ ᠰᠠᠶᠢᠨ ᠬᠠᠮᠠᠭᠠᠯᠠᠵᠤ᠂ ᠲᠦᠭᠰᠢᠭᠦᠷᠢ ᠶᠢ ᠡᠵᠡᠮᠳᠡᠨ᠂ ᠬᠦᠭᠵᠢᠯᠳᠡ ᠳᠦ ᠦᠢᠯᠡᠴᠢᠯᠡᠵᠦ᠂ ᠨᠠᠮ ᠤᠨ ᠠᠷᠪᠠᠨ ᠶᠢᠰᠦᠳᠦᠭᠡᠷ ᠶᠡᠬᠡ ᠬᠤᠷᠠᠯ ᠢ ᠠᠮᠵᠢᠯᠳᠠ ᠲᠠᠢ ᠪᠡᠷ ᠡᠬᠢᠯᠡᠭᠦᠯᠬᠦ ᠪᠠ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ70 ᠵᠢᠯ ᠦᠨ ᠤᠢ ᠶᠢ ᠪᠡᠯᠭᠡᠯᠡᠬᠦ ᠳᠤ ᠠᠮᠤᠷ ᠲᠤᠭᠳᠠᠭᠤᠨ ᠨᠡᠶᠢᠭᠡᠮ ᠦᠨ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ᠃ ᠭᠤᠷᠪᠠ ᠳᠤ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠳᠡ ᠶᠢᠨ ᠰᠢᠨ᠎ᠡ ᠱᠠᠭᠠᠷᠳᠠᠯᠭ᠎ᠠ ᠶᠢ ᠤᠨᠤᠪᠴᠢᠳᠠᠢ ᠠᠳᠬᠤᠨ᠂ ᠲᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠭᠡᠬᠦ ᠪᠠ ᠤᠷᠢᠳᠴᠢᠯᠠᠨ ᠰᠡᠷᠭᠡᠶᠢᠯᠡᠬᠦ ᠠᠵᠢᠯ ᠢ ᠪᠦᠬᠦ ᠬᠦᠴᠦᠨ ᠢᠶᠡᠷ ᠢᠶᠡᠨ ᠠᠳᠬᠤᠬᠤ ᠬᠡᠷᠡᠭᠳᠡᠢ᠃ ᠲᠦᠷᠪᠡ ᠳᠦ᠂ ᠪᠠᠶᠢᠴᠠᠭᠠᠬᠤ ᠪᠠᠶᠢᠭᠤᠯᠭ᠎ᠠ ᠶᠢᠨ ᠦᠨᠳᠦᠰᠦᠨ ᠬᠠᠥᠯᠢ ᠳᠦ ᠲᠤᠭᠳᠠᠭᠠᠭᠰᠠᠨ ᠤᠷᠤᠨ ᠪᠠᠶᠢᠷᠢ ᠶᠢ ᠪᠠᠳᠤ ᠠᠳᠬᠤᠵᠤ᠂ ᠬᠠᠥᠯᠢ ᠴᠠᠭᠠᠵᠠ ᠶᠢᠨ ᠬᠢᠨᠠᠯᠳᠠ ᠲᠠᠯᠪᠢᠬᠤ ᠭᠤᠤᠯ ᠡᠭᠦᠷᠭᠡ ᠭᠤᠤᠯ ᠠᠵᠢᠯ ᠢᠶᠠᠨ ᠭᠦᠨ ᠡᠵᠡᠮᠳᠡᠵᠦ᠂ ᠪᠠᠶᠢᠴᠠᠭᠠᠬᠤ ᠬᠢᠨᠠᠯᠳᠠ ᠲᠠᠯᠪᠢᠬᠤ ᠡᠨᠡᠬᠦ ᠬᠠᠭᠤᠳᠠᠰᠤ ᠶᠢ ᠰᠠᠶᠢᠬᠠᠨ ᠪᠢᠴᠢᠭᠯᠡᠬᠦ ᠬᠡᠷᠡᠭᠳᠡᠢ᠃ ᠲᠠᠪᠤ ᠳᠤ᠂ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠭᠡᠬᠦ ᠭᠤᠤᠯᠳᠠᠯᠭ᠎ᠠ ᠳᠦ ᠲᠦᠪᠯᠡᠷᠡᠵᠦ᠂ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠬᠤ ᠬᠡᠷᠡᠭᠳᠡᠢ᠃ ᠵᠢᠷᠭᠤᠭ᠎ᠠ ᠳᠤ᠂ ᠪᠦᠬᠦ ᠲᠠᠯ᠎ᠠ ᠪᠠᠷ ᠨᠠᠮ ᠪᠠᠨ ᠵᠠᠰᠠᠬᠤ ᠰᠢᠨ᠎ᠡ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠤ᠂ ᠴᠠᠭᠠᠷᠠᠵᠤ ᠬᠠᠳᠠᠭᠤᠵᠢᠭᠰᠠᠨ ᠪᠠᠶᠢᠴᠠᠭᠠᠬᠤ ᠡᠩᠨᠡᠭᠡ ᠶᠢᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠡᠢ᠃ ᠲᠤᠯᠤᠭ᠎ᠠ ᠳᠤ᠂ ᠲᠦᠯᠦᠭᠡᠯᠡᠭᠴᠢ ᠭᠡᠰᠢᠭᠦᠨ ᠲᠠᠢ ᠬᠠᠷᠢᠯᠴᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠨᠡᠩ ᠰᠠᠶᠢᠨ ᠲᠤᠷ᠎ᠠ ᠡᠴᠡ ᠪᠡᠨ ᠠᠷᠠᠳ ᠲᠦᠮᠡᠨ ᠣ ᠬᠢᠨᠠᠯᠳᠠ ᠶᠢ ᠬᠦᠯᠢᠶᠡᠬᠦ ᠬᠡᠷᠡᠭᠳᠡᠢ᠃
ᠯᠢ ᠮᠤᠤ ᠯᠢᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠲᠠᠷᠤᠶᠢᠬᠠᠨ ᠬᠦᠳᠡᠯᠦᠯᠴᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠡᠨ ᠲᠦᠪ᠂ ᠦᠪᠡᠷᠳᠡᠭᠡᠨ ᠵᠠᠰᠠᠬᠤ ᠤᠷᠤᠨ ᠣ ᠨᠠᠮ ᠤᠨ ᠬᠤᠷᠢᠶᠠᠨ ᠣ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠳᠠ ᠲᠠᠢ ᠦᠨᠡᠨᠬᠦ ᠨᠢᠭᠡᠳᠬᠡᠵᠦ᠂ ︽ ᠬᠤᠶᠠᠷ ᠬᠤᠷᠠᠯ︾ ᠤᠨ ᠵᠤᠷᠢᠭ ᠰᠠᠨᠠᠭ᠎ᠠ ᠪᠠ ᠠᠷᠠᠳ ᠲᠦᠮᠡᠨ ᠣ ᠬᠦᠰᠡᠯ ᠱᠠᠭᠠᠷᠳᠠᠯᠭ᠎ᠠ ᠲᠠᠢ ᠨᠢᠭᠡᠳᠬᠡᠵᠦ᠂ ᠬᠤᠷᠠᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠲᠤᠬᠠᠢ ᠵᠠᠳᠠᠯᠤᠯᠳᠠ ᠲᠠᠢ ᠨᠢᠭᠡᠳᠬᠡᠵᠦ᠂ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠠᠷᠭ᠎ᠠ ᠪᠠᠷᠢᠯ ᠲᠡᠭᠡᠷ᠎ᠡ ᠨᠢᠭᠡᠳᠬᠡᠬᠦ ᠬᠡᠷᠡᠭᠳᠡᠢ᠃ ᠡᠯ᠎ᠡ ᠭᠠᠵᠠᠷ ᠤᠷᠤᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠠᠬᠢᠭᠤᠯᠤᠨ ᠬᠡᠷᠡᠭᠵᠢᠭᠦᠯᠬᠦ᠂ ᠰᠢᠨ᠎ᠡ ᠶᠢ ᠡᠭᠦᠳᠦᠨ ᠰᠢᠯᠢᠳᠡᠭ ᠢ ᠪᠦᠳᠦᠭᠡᠬᠦ ᠶᠢ ᠵᠤᠷᠢᠭᠵᠢᠭᠤᠯᠬᠤ ᠪᠠ ᠤᠬᠠᠭᠤᠯᠬᠤ᠂ ᠦᠯᠢᠭᠡᠷ ᠠᠪᠴᠦ ᠦᠨᠡᠯᠡᠨ ᠵᠢᠱᠢᠬᠦ ᠬᠦᠳᠡᠯᠭᠡᠭᠡᠨ ᠣ ᠳ᠋ᠦᠩᠨᠡᠯᠳᠡ ᠪᠠ ᠪᠠᠶᠢᠷᠢᠯᠠᠭᠤᠯᠤᠯᠳᠠ ᠵᠡᠷᠭᠡ ᠭᠤᠤᠯ ᠠᠵᠢᠯ ᠢ ᠴᠢᠬᠤᠯᠠᠴᠢᠯᠠᠨ ᠰᠠᠶᠢᠳᠤᠷ ᠬᠢᠬᠦ ᠬᠡᠷᠡᠭᠳᠡᠢ᠃ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠪᠠ ᠪᠠᠶᠢᠴᠠᠭᠠᠬᠤ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠠᠵᠢᠯ ᠢ ᠲᠤᠭᠳᠠᠭᠤᠨ ᠬᠤᠷᠳᠤᠨ ᠠᠬᠢᠭᠤᠯᠵᠤ᠂ ᠪᠤᠳᠠᠳᠠᠢ ᠦᠷ᠎ᠡ ᠠᠰᠢᠭ ᠤᠯᠬᠤ ᠶᠢ ᠪᠠᠳᠤᠯᠠᠬᠤ ᠬᠡᠷᠡᠭᠳᠡᠢ᠃ ᠭᠢᠯᠠᠰ ᠴᠡᠭ ᠢ ᠲᠤᠪᠤᠶᠢᠯᠭᠠᠨ᠂ ᠪᠠᠶᠢᠴᠠᠭᠠᠬᠤ ᠶᠠᠪᠤᠳᠠᠯ ᠢ ᠢᠯᠡ ᠪᠠᠶᠢᠯᠭᠠᠬᠤ ᠶᠢᠨ ᠦᠷ᠎ᠡ ᠪᠦᠳᠦᠮᠵᠢ ᠶᠢ ᠤᠯᠠᠮ ᠨᠢᠭᠡ ᠠᠯᠬᠤᠮ ᠦᠷᠭᠡᠳᠭᠡᠵᠦ᠂ ᠪᠠᠶᠢᠴᠠᠭᠠᠬᠤ ᠪᠠᠶᠢᠭᠤᠯᠭ᠎ᠠ ᠶᠢᠨ ᠲᠦᠷᠢ ᠲᠦᠷᠬᠦ ᠪᠠ ᠬᠠᠥᠯᠢ ᠴᠠᠭᠠᠵᠠ ᠶᠢᠨ ᠢᠳᠡᠭᠡᠭᠦᠯᠬᠦ ᠬᠦᠴᠦᠨ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠪᠠᠶᠢᠴᠠᠭᠠᠬᠤ ᠠᠵᠢᠯ ᠢᠶᠠᠨ ᠦᠷᠨᠢᠭᠦᠯᠬᠦ ᠳᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠣ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ᠃