ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠶᠢᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠣ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠠᠩᠬᠢ ᠦᠨᠳᠦᠷᠯᠡᠪᠡ
3 ᠰᠠᠷ᠎ᠠ ᠶᠢᠨ 25 ᠣ ᠡᠳᠦᠷ ᠦᠨ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠶᠢᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠣ ᠵᠢᠷᠭᠤᠳᠤᠭᠠᠷ ᠪᠦᠬᠦᠳᠡ ᠬᠤᠷᠠᠯ᠂ ᠪᠦᠬᠦ ᠤᠯᠤᠰ ᠤᠨ ᠬᠤᠶᠠᠷ ᠬᠤᠷᠠᠯ ᠵᠢᠴᠢ ᠲᠦᠪ ᠦᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠠᠩᠬᠢ ᠦᠨᠳᠦᠷᠯᠡᠪᠡ᠃ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠪᠠᠶᠢᠴᠠᠭᠠᠬᠤ ᠲᠠᠷᠤᠭ᠎ᠠ ᠮᠠ ᠶᠦᠩ ᠱᠧᠩ ᠲᠡᠭᠦᠰᠬᠦ ᠶᠤᠰᠤᠯᠠᠯ ᠳᠤ ᠤᠷᠤᠯᠴᠠᠨ᠂ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ ᠳ᠋ᠦᠩᠨᠡᠯᠳᠡ ᠶᠢᠨ ᠶᠠᠷᠢᠶ᠎ᠠ ᠲᠠᠯᠪᠢᠵᠤ᠂ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠸᠠᠩ ᡁᠢ ᠴᠢᠶᠠᠩ ᠡᠷᠬᠢᠯᠡᠪᠡ᠃
ᠯᠢ ᠮᠤᠤ ᠯᠢᠨ ᠲᠤᠰ ᠤᠳᠠᠭᠠᠨ ᠣ ᠰᠤᠳᠤᠯᠤᠨ ᠶᠠᠷᠢᠯᠴᠠᠬᠤ ᠠᠩᠬᠢ ᠶᠢᠨ ᠤᠯᠤᠭᠰᠠᠨ ᠲᠦᠷᠪᠡᠨ ᠭᠤᠤᠯ ᠠᠮᠵᠢᠯᠳᠠ ᠶᠢ ᠬᠤᠷᠢᠶᠠᠩᠭᠤᠶᠢᠯᠠᠵᠠᠢ᠄ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠣ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭᠠᠨ ᠣ ᠲᠤᠬᠠᠢ ᠤᠶᠢᠯᠠᠭᠠᠯᠳᠠ ᠪᠠ ᠡᠵᠡᠮᠰᠢᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠠᠢ᠃ ᠲᠦᠷᠢᠮ ᠶᠤᠰᠤᠭᠠᠷ ᠨᠠᠮ ᠢ ᠬᠠᠮᠢᠶᠠᠷᠬᠤ ᠨᠠᠮ ᠢ ᠵᠠᠰᠠᠬᠤ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠤᠨ ᠲᠤᠬᠠᠢ ᠲᠠᠨᠢᠯᠳᠠ ᠶᠢ ᠤᠯᠠᠮ ᠨᠢᠭᠡ ᠠᠯᠬᠤᠮ ᠴᠢᠩᠭᠠᠳᠬᠠᠵᠠᠢ᠃ ᠪᠦᠬᠦ ᠤᠯᠤᠰ ᠤᠨ ᠬᠤᠶᠠᠷ ᠬᠤᠷᠠᠯ ᠪᠠ ᠲᠦᠪ ᠦᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠬᠤ ᠡᠭᠦᠷᠭᠡ ᠪᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠢᠯᠭᠠᠷᠠᠭᠤᠯᠵᠠᠢ᠃ ᠤᠷᠢᠳᠴᠢᠯᠠᠨ ᠵᠢᠱᠢᠶᠡᠴᠢ ᠪᠤᠯᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠵᠠᠢ᠃
ᠯᠢ ᠮᠤᠤ ᠯᠢᠨ ᠴᠢᠬᠤᠯᠠᠴᠢᠯᠠᠭᠰᠠᠨ ᠨᠢ᠂ ᠠᠰᠠᠭᠤᠳᠠᠯ ᠪᠠ ᠦᠢᠯᠡᠳᠦᠯᠭᠡ ᠪᠡᠷ ᠤᠳᠤᠷᠢᠳᠤᠮᠵᠢ ᠪᠤᠯᠭᠠᠬᠤ ᠶᠢ ᠲᠦᠷᠪᠡᠨ ᠲᠠᠯ᠎ᠠ ᠪᠡᠷ ᠴᠢᠩᠭᠠᠳᠬᠠᠨ᠂ ᠰᠤᠷᠤᠯᠴᠠᠯᠭ᠎ᠠ ᠶᠢᠨ ᠦᠷ᠎ᠡ ᠪᠦᠳᠦᠮᠵᠢ ᠶᠢ ᠰᠠᠶᠢᠨ ᠲᠤᠷ᠎ᠠ ᠡᠴᠡ ᠪᠠᠨ ᠲᠤᠬᠠᠶᠢᠯᠠᠭᠰᠠᠨ ᠠᠵᠢᠯ ᠢᠶᠠᠨ ᠰᠠᠶᠢᠨ ᠬᠢᠬᠦ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠬᠤ ᠬᠡᠷᠡᠭᠳᠡᠢ᠄ ᠲᠤᠭ ᠲᠡᠮᠳᠡᠭ ᠲᠤᠳᠤᠷᠬᠠᠢ ᠪᠡᠷ ᠤᠯᠤᠰ ᠲᠦᠷᠦ ᠶᠠᠷᠢᠵᠤ᠂ ᠪᠦᠬᠦ ᠲᠠᠯ᠎ᠠ ᠪᠠᠷ ᠨᠠᠮ ᠪᠠᠨ ᠴᠢᠩᠭ᠎ᠠ ᠵᠠᠰᠠᠬᠤ ᠤᠯᠤᠰ ᠲᠦᠷᠦ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠡᠢ᠃ ᠰᠠᠬᠢᠯᠭ᠎ᠠ ᠪᠠᠳᠤ ᠶᠢ ᠰᠠᠬᠢᠨ᠂ ᠲᠦᠷᠢᠮ ᠲᠤᠭᠳᠠᠭᠠᠯ ᠢ ᠲᠠᠭᠠᠨ᠂ ᠠᠷᠢᠭᠤᠨ ᠴᠢᠭᠡᠴᠢ ᠲᠦᠪ ᠭᠤᠤᠯᠴᠢ ᠰᠠᠶᠢᠨ ᠰᠠᠶᠢᠬᠠᠨ ᠤᠯᠤᠰ ᠲᠦᠷᠦ ᠶᠢᠨ ᠤᠷᠴᠢᠨ ᠠᠬᠤᠢ᠂ ᠡᠶ᠎ᠡ ᠡᠪᠳᠡᠢ ᠠᠵᠢᠯᠯᠠᠨ ᠰᠤᠷᠤᠯᠴᠠᠬᠤ ᠤᠷᠴᠢᠨ ᠲᠤᠭᠤᠷᠢᠨ ᠣ ᠪᠦᠷᠢᠯᠳᠦᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠬᠡᠷᠡᠭᠳᠡᠢ᠃ ᠴᠢᠳᠠᠮᠠᠭᠠᠢ ᠰᠤᠷᠤᠯᠴᠠᠨ᠂ ᠪᠤᠯᠪᠠᠰᠤᠨ ᠴᠢᠨᠠᠷ ᠢᠶᠠᠨ ᠴᠢᠩᠭᠠᠳᠬᠠᠨ᠂ ᠰᠢᠨ᠎ᠡ ᠶᠢ ᠡᠭᠦᠳᠴᠦ ᠰᠢᠯᠢᠳᠡᠭ ᠢ ᠪᠦᠳᠦᠭᠡᠬᠦ ᠴᠢᠳᠠᠪᠦᠷᠢ ᠪᠠ ᠬᠢᠷᠢ ᠲᠦᠪᠰᠢᠨ ᠢᠶᠡᠨ ᠤᠯᠠᠮ ᠨᠢᠭᠡ ᠠᠯᠬᠤᠮ ᠲᠡᠭᠡᠭᠰᠢᠯᠡᠭᠦᠯᠬᠦ ᠬᠡᠷᠡᠭᠳᠡᠢ᠃ ᠵᠤᠷᠢᠭᠳᠠᠢ ᠡᠭᠦᠷᠭᠡᠯᠡᠵᠦ᠂ ᠦᠢᠯᠡᠰ ᠪᠦᠳᠦᠭᠡᠨ᠂ ᠬᠦᠴᠢᠷ ᠢ ᠲᠤᠭᠤᠯᠤᠨ ᠬᠠᠳᠠᠭᠤ ᠶᠢ ᠲᠡᠰᠪᠦᠷᠢᠯᠡᠬᠦ ᠰᠦᠰᠦ ᠵᠤᠷᠢᠭ ᠪᠠ ᠬᠠᠳᠠᠨ ᠵᠤᠷᠢᠭ ᠢ ᠪᠠᠷᠢᠮᠳᠠᠬᠤ ᠬᠡᠷᠡᠭᠳᠡᠢ᠃
ᠲᠤᠰ ᠤᠳᠠᠭᠠᠨ ᠣ ᠰᠤᠳᠤᠯᠤᠨ ᠶᠠᠷᠢᠯᠴᠠᠬᠤ ᠠᠩᠬᠢ ᠨᠢ ᠠᠷᠪᠠᠨ ᠨᠠᠢᠮᠠᠳᠤᠭᠠᠷ ᠬᠤᠭᠤᠴᠠᠭᠠᠨ ᠣ ᠵᠢᠷᠭᠤᠳᠤᠭᠠᠷ ᠪᠦᠬᠦᠳᠡ ᠬᠤᠷᠠᠯ ᠤᠨ ᠪᠦᠬᠦ ᠲᠠᠯ᠎ᠠ ᠪᠠᠷ ᠨᠠᠮ ᠪᠠᠨ ᠴᠢᠩᠭ᠎ᠠ ᠵᠠᠰᠠᠬᠤ ᠬᠠᠮᠢᠶ᠎ᠠ ᠪᠦᠬᠦᠢ ᠱᠠᠭᠠᠷᠳᠠᠯᠭ᠎ᠠ ᠪᠠ ᠪᠦᠬᠦ ᠤᠯᠤᠰ ᠤᠨ ᠬᠤᠶᠠᠷ ᠬᠤᠷᠠᠯ᠂ ᠲᠦᠪ ᠦᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠤᠨ ᠪᠠᠶᠢᠷᠢᠯᠠᠭᠤᠯᠤᠭᠰᠠᠨ ᠡᠭᠦᠷᠭᠡ ᠬᠠᠷᠠᠯᠳᠠ ᠶᠢ ᠪᠠᠶᠢᠴᠠᠭᠠᠬᠤ ᠴᠢᠳᠠᠪᠬᠢ ᠲᠠᠢ ᠨᠢᠭᠳᠠ ᠵᠠᠯᠭᠠᠭᠤᠯᠵᠠᠢ᠃ ᠬᠤᠶᠠᠷ ᠡᠳᠦᠷ ᠦᠨ ᠬᠤᠭᠤᠴᠠᠭᠠᠨ ᠳᠤ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠨᠦᠬᠦᠷ ᠲᠡᠷᠢᠭᠦᠨ ᠣ ᠵᠢᠱᠢᠶᠡᠴᠢ ᠶᠢᠨ ᠦᠢᠯᠡᠳᠦᠯ ᠦᠵᠡᠭᠦᠯᠦᠨ᠂ ᠪᠦᠬᠦ ᠠᠵᠢᠯᠳᠠᠨ ᠢ ᠲᠠᠭᠠᠭᠤᠯᠤᠨ ᠲᠦᠪᠯᠡᠷᠡᠭᠦᠯᠦᠨ ᠵᠢᠯᠤᠭᠤᠳᠴᠤ᠂ ᠲᠤᠭᠤᠶᠢᠯᠠᠩ ᠬᠤᠪᠢᠶᠠᠵᠤ ᠰᠤᠷᠤᠯᠴᠠᠨ ᠰᠤᠳᠤᠯᠵᠤ᠂ ᠬᠠᠮᠳᠤᠪᠠᠷ ᠰᠤᠯᠢᠯᠴᠠᠨ ᠰᠤᠷᠤᠯᠴᠠᠵᠤ᠂ ᠪᠠᠶᠢᠴᠠᠭᠠᠬᠤ ᠠᠵᠢᠯᠳᠠᠨ ᠪᠦᠬᠦᠨ ᠭᠦᠨᠵᠡᠭᠡᠢ ᠪᠤᠳᠤᠯᠬᠢᠯᠠᠵᠤ᠂ ᠨᠠᠷᠢᠨ ᠬᠢᠨᠠᠮᠠᠭᠠᠢ ᠲᠦᠷᠦᠭᠳᠡᠯ ᠪᠢᠴᠢᠵᠦ᠂ ᠲᠤᠭᠤᠶᠢᠯᠠᠩ ᠬᠤᠪᠢᠶᠠᠵᠤ ᠰᠤᠷᠤᠯᠴᠠᠬᠤ ᠳᠤ ᠢᠳᠡᠪᠬᠢᠳᠠᠢ ᠰᠤᠳᠤᠯᠤᠨ ᠶᠠᠷᠢᠯᠴᠠᠵᠠᠢ᠃ ᠶᠢᠰᠦᠨ ᠪᠠᠭ᠎ᠠ ᠲᠤᠭᠤᠶᠢᠯᠠᠩ ᠤᠨ ᠲᠦᠯᠦᠭᠡᠯᠡᠭᠴᠢ ᠲᠡᠭᠦᠰᠬᠦ ᠶᠤᠰᠤᠯᠠᠯ ᠲᠡᠭᠡᠷ᠎ᠡ ᠦᠪᠡᠷ ᠦᠨ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ ᠰᠤᠯᠢᠯᠴᠠᠭᠠᠨ ᠣ ᠶᠠᠷᠢᠶ᠎ᠠ ᠲᠠᠯᠪᠢᠵᠠᠢ᠃