ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠵᠢᠷᠭᠤᠳᠤᠭᠠᠷ ᠬᠤᠭᠤᠴᠠᠭᠠᠨ ‍ᠣ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠲᠤ ᠱᠠᠩᠨᠠᠯ ᠤᠯᠭᠤᠬᠤ ᠶᠤᠰᠤᠯᠠᠯ ᠬᠦᠬᠡᠬᠤᠳᠠ ᠳᠤ ᠶᠠᠪᠤᠭᠳᠠᠵᠤ᠂ ᠫᠠᠨ ᡁᠢ ᠷᠥᠩ ᠲᠠᠬᠢᠨᠳᠠ ᠦᠪᠦᠷ ᠮᠤᠩᠭᠤᠯ ᠢ ᠲᠤᠭᠳᠤᠯᠤᠭᠤᠯᠪᠠ

2017-04-14 15:09:16
ᠵᠣᠬᠢᠶᠠᠭᠴᠢ
ᠪᠤᠤ ᠡᠾᠦ᠋ᠢ ᠮᠧᠢ

    3 ᠰᠠᠷ᠎ᠠ ᠶᠢᠨ 31 ‍ᠣ ᠡᠳᠦᠷ᠂ ᠵᠢᠷᠭᠤᠳᠤᠭᠠᠷ ᠬᠤᠭᠤᠴᠠᠭᠠᠨ ︵2015—2016︶ ‍ᠣ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠲᠤ ᠱᠠᠩᠨᠠᠯ ᠤᠯᠭᠤᠬᠤ ᠶᠤᠰᠤᠯᠠᠯ ᠦᠪᠦᠷ ᠮᠤᠩᠭᠤᠯ ᠤᠨ ᠷᠠᠳᠢᠣ᠋ ᠨᠡᠪᠲᠡᠷᠡᠭᠦᠯᠭᠡ ᠺᠢᠨᠤ᠋ ᠲᠧᠯᠸᠢᠰ ᠦᠨ ᠲᠤᠭᠠᠴᠢᠯᠠᠭᠰᠠᠨ ᠵᠠᠭᠤᠴᠢᠯᠠᠭᠤᠷ ᠤᠨ ᠲᠦᠪ ᠲᠤ ᠶᠠᠪᠤᠭᠳᠠᠪᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ‍ᠣ ᠲᠡᠷᠢᠭᠦᠯᠡᠭᠴᠢ ᠪᠦ᠋ ᠰᠢᠶᠣᠣ ᠯᠢᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠤᠯᠤᠰ ᠲᠦᠷᠦ ᠶᠢᠨ ᠵᠦᠪᠯᠡᠯᠭᠡᠨ ‍ᠣ ᠲᠡᠷᠢᠭᠦᠯᠡᠭᠴᠢ ᠷᠧᠨ ᠶᠠ ᠫᠢᠩ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠦᠨ ᠲᠠᠷᠤᠭ᠎ᠠ ᠪᠠᠢ ᠢᠦᠢ ᠭᠠᠩ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠬᠠᠩ ᠭᠦᠢ ᠯᠢᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠱᠠᠩᠨᠠᠯ ᠬᠦᠷᠳᠡᠭᠰᠡᠳ ᠲᠠᠢ ᠲᠤᠳᠤᠨᠤᠰᠤᠭ ᠢᠶᠠᠷ ᠠᠭᠤᠯᠵᠠᠨ᠂ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠲᠤ ᠱᠠᠩᠨᠠᠯ ᠤᠯᠭᠤᠬᠤ ᠶᠤᠰᠤᠯᠠᠯ ᠳᠤ ᠤᠷᠤᠯᠴᠠᠪᠠ᠃

W020170405552672616332.jpg

    ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠳᠠᠨ᠂ ᠰᠢᠯᠢᠳᠡᠭ ᠡᠪ ᠬᠠᠮᠳᠤ ᠨᠠᠮ ᠤᠨ ᠭᠡᠰᠢᠭᠦᠨ ‍ᠣ ᠠᠯᠳᠠᠷ ᠬᠦᠨᠳᠦᠳᠦ ᠴᠤᠯᠠ ᠬᠦᠷᠳᠡᠭᠰᠡᠨ ᠪᠤᠭᠤᠳᠤ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ‍ᠣ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠺᠤᠮᠢᠰ ᠤᠨ ᠲᠤᠰᠬᠠᠢ ᠲᠤᠰᠢᠶᠠᠯᠳᠤ ᠭᠡᠰᠢᠭᠦᠨ᠂ ᠮᠠᠨᠳᠤᠯ ᠪᠤᠭᠤᠮᠳᠠ ᠶᠢᠨ ᠪᠠᠶᠢᠴᠠᠭᠠᠬᠤ ᠲᠠᠰᠤᠭ  ᠪᠠ ᠰᠢᠷᠡᠮᠦᠷᠡᠨ ᠪᠠᠶᠢᠴᠠᠭᠠᠬᠤ ᠲᠠᠰᠤᠭ ᠤᠨ ᠡᠷᠬᠢᠯᠡᠭᠴᠢ ᠫᠠᠨ ᡁᠢ ᠷᠦᠩ ᠨᠦᠬᠦᠷ ᠲᠠᠬᠢᠨᠳᠠ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠦᠨ ᠤᠨᠴᠠ ᠢᠷᠠᠭᠤ ᠠᠯᠳᠠᠷ ᠢ ᠬᠦᠷᠳᠡᠪᠡ᠃

    ᠲᠤᠰ ᠬᠤᠭᠤᠴᠠᠭᠠᠨ ‍ᠣ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠢ ᠰᠢᠯᠭᠠᠨ ᠰᠤᠩᠭᠤᠬᠤ ᠬᠦᠳᠡᠯᠭᠡᠭᠡᠨ ᠨᠢ 10 ᠨᠡᠷ᠎ᠡ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠨ ᠪᠠ 10 ᠨᠡᠷ᠎ᠡ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠲᠦ ᠨᠡᠷ᠎ᠡ ᠲᠤᠷᠠᠳᠤᠭᠳᠠᠭᠰᠠᠨ ᠬᠦᠮᠦᠰ ᠢ ᠰᠢᠯᠭᠠᠨ ᠰᠤᠩᠭᠤᠵᠤ᠂ ᠦᠪᠦᠷ ᠮᠤᠩᠭᠤᠯ ᠤᠨ︽ ᠭᠡᠷᠡᠯᠳᠤ ᠠᠵᠢᠯᠯᠠᠭ᠎ᠠ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠬᠦᠳᠡᠯᠭᠡᠭᠡᠨ ‍ᠣ ᠪᠦᠯᠬᠦᠮ ᠨᠢ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠦᠨ ᠤᠨᠴᠠᠭᠠᠢ ᠱᠠᠩᠨᠠᠯᠳᠤ ᠬᠠᠮᠳᠤ ᠪᠠᠷ ᠰᠤᠩᠭᠤᠭᠳᠠᠵᠠᠢ᠃ ᠨᠦᠭᠴᠢᠬᠦ ᠡᠴᠡ ᠡᠮᠦᠨ᠎ᠡ ᠲᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠦᠨ66355 ᠴᠡᠷᠢᠭ ᠠᠩᠬᠢ ᠶᠢᠨ ᠬᠢᠯᠢ ᠶᠢᠨ ᠬᠠᠮᠠᠭᠠᠯᠠᠯᠳᠠ ᠶᠢᠨ ᠬᠤᠸᠠᠷᠠᠨ ‍ᠣ ᠨᠢᠭᠡᠳᠦᠭᠡᠷ ᠰᠤᠮᠤᠨ ‍ᠣ ᠰᠤᠮᠤᠨ ᠲᠠᠷᠤᠭ᠎ᠠ ᠶᠢᠨ ᠲᠤᠰᠢᠶᠠᠯ ᠡᠭᠦᠷᠭᠡᠯᠡᠵᠦ ᠪᠠᠶᠢᠭᠰᠠᠨ ᠳ᠋ᠦ᠋ ᠬᠤᠩ᠂ ᠨᠦᠭᠴᠢᠬᠦ ᠡᠴᠡ ᠡᠮᠦᠨ᠎ᠡ ᠲᠦᠩᠯᠢᠶᠤᠤ ᠬᠤᠳᠠ ᠶᠢᠨ ᠨᠠᠢᠮᠠᠨ ᠬᠤᠰᠢᠭᠤᠨ ‍ᠣ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠲᠠᠷᠤᠭ᠎ᠠ  ᠶᠢᠨ ᠲᠤᠰᠢᠶᠠᠯ ᠡᠭᠦᠷᠭᠡᠯᠡᠵᠦ ᠪᠠᠶᠢᠭᠰᠠᠨ ᠱᠣᠣ ᠪᠢᠩ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠦᠨ ᠤᠨᠴᠠᠭᠠᠢ ᠬᠤᠪᠢ ᠬᠦᠮᠦᠨ ᠢᠶᠡᠷ ᠰᠤᠩᠭᠤᠭᠳᠠᠵᠠᠢ᠃

W020170405552673382068.jpg

    ᠤᠶᠢᠯᠠᠭᠠᠯᠳᠠ ᠪᠠᠷ᠂10 ᠵᠢᠯ ᠦᠩᠭᠡᠷᠡᠭᠡᠨ ᠵᠢᠷᠭᠤᠭᠠᠨ ᠬᠤᠭᠤᠴᠠᠭ᠎ᠠ ᠦᠷᠬᠦᠯᠵᠢᠯᠡᠵᠦ᠂ ᠲᠡᠷᠢᠭᠦᠨ ‍ᠣ ᠬᠠᠮᠳᠤ ᠨᠡᠶᠢᠳᠡ ᠪᠠ ᠬᠤᠪᠢ ᠬᠦᠮᠦᠨ ᠢ ᠨᠡᠶᠢᠳᠡ148 ᠰᠢᠯᠭᠠᠨ ᠰᠤᠩᠭᠤᠵᠠᠢ᠃ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠵᠠᠩ ᠵᠠᠩ ᠪᠤᠤ᠂ ᠵᠠᠩ ᠴᠧᠩ ᠶᠢᠩ᠂ ᠯᠢ ᠰᠢᠦ ᠯᠢ ᠨᠦᠬᠦᠷ ᠲᠤᠰ ᠲᠤᠰ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠵᠢᠴᠢ ᠨᠡᠷ᠎ᠡ ᠲᠤᠷᠠᠳᠤᠭᠳᠠᠭᠰᠠᠨ ᠬᠦᠮᠦᠰ ᠢᠶᠡᠷ ᠰᠤᠩᠭᠤᠭᠳᠠᠵᠠᠢ᠃

    ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠢ ᠰᠢᠯᠭᠠᠨ ᠰᠤᠩᠭᠤᠬᠤ ᠬᠦᠳᠡᠯᠭᠡᠭᠡᠨ ‍ᠣ ᠵᠤᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ ᠰᠢᠩ ᠪᠤᠤ ᠢᠦᠢ ᠶᠢᠨ ᠲᠠᠨᠢᠯᠴᠠᠭᠤᠯᠤᠭᠰᠠᠨ ᠢᠶᠠᠷ᠂ ᠲᠤᠰ ᠬᠤᠭᠤᠴᠠᠭᠠᠨ ‍ᠣ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠦᠨ ᠱᠠᠩᠨᠠᠯ ᠬᠦᠷᠳᠡᠭᠰᠡᠳ ᠨᠢ ᠪᠦᠬᠦ ᠤᠷᠤᠨ ‍ᠣ ᠮᠡᠳᠡᠭᠦᠯᠦᠭᠰᠡᠨ 276 ᠨᠡᠷᠡᠰ ᠵᠢᠱᠢᠭᠳᠡᠭᠰᠡᠳ ᠦᠨ ᠲᠤᠮᠳᠠ ᠡᠴᠡ᠂ ᠠᠩᠬᠠᠨ ‍ᠣ ᠬᠢᠨᠠᠯᠳᠠ᠂ ᠡᠴᠦᠰ ᠦᠨ ᠬᠢᠨᠠᠯᠳᠠ ᠵᠡᠷᠭᠡ ᠴᠢᠩᠭ᠎ᠠ ᠵᠢᠷᠦᠮ ᠢᠶᠡᠷ ᠲᠠᠮᠵᠢᠨ ᠭᠠᠷᠴᠤ ᠢᠷᠡᠭᠰᠡᠨ᠂ ᠨᠡᠶᠢᠳᠡ 209 ᠲᠦᠮᠡᠨ ᠬᠦᠮᠦᠨ ᠤᠳᠠᠭ᠎ᠠ ᠰᠠᠨᠠᠯ ᠦᠭᠬᠦ ᠳᠦ ᠤᠷᠤᠯᠴᠠᠵᠠᠢ᠃ ᠲᠤᠰ ᠬᠤᠭᠤᠴᠠᠭᠠᠨ ‍ᠣ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠦᠨ ᠲᠡᠷᠢᠭᠦᠨ ‍ᠣ ᠬᠦᠳᠦᠯᠦᠨ ᠲᠠᠭᠠᠭᠤᠯᠬᠤ ᠦᠢᠯᠡᠳᠦᠯ᠂ ᠲᠤᠭᠳᠤᠯᠤᠭᠤᠯᠤᠭᠰᠠᠨ ᠦᠢᠯᠡ ᠶᠠᠪᠤᠳᠠᠯ ᠤᠨ ᠲᠦᠪ ᠴᠢᠳᠠᠪᠦᠷᠢ ᠶᠢ ᠲᠠᠮᠵᠢᠭᠤᠯᠬᠤ ᠨᠢ ᠦᠪᠡᠷᠳᠡᠭᠡᠨ ᠵᠠᠰᠠᠬᠤ ᠤᠷᠤᠨ  ᠪᠠᠶᠢᠭᠤᠯᠤᠭᠳᠠᠭᠰᠠᠨ70 ᠵᠢᠯ ᠦᠨ ᠤᠢ ᠶᠢ ᠪᠡᠯᠭᠡᠯᠡᠬᠦ ᠬᠠᠮᠤᠭ ᠰᠠᠶᠢᠨ ᠨᠡᠮᠡᠷᠢ ᠪᠤᠯᠤᠨ᠎ᠠ ᠭᠡᠵᠡᠢ᠃

W020170405552673844268.jpg

    10 ᠨᠡᠷᠡᠰ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ

    ᠦᠪᠦᠷ ᠮᠤᠩᠭᠤᠯ ᠤᠨ ᠨᠢᠭᠡᠳᠦᠭᠡᠷ ᠮᠧᠬᠠᠨᠢᠭ ᠤᠨ ᠪᠦᠯᠦᠭᠯᠡᠯ ᠦᠨ ᠬᠢᠵᠠᠭᠠᠷᠳᠤ ᠺᠤᠮᠫᠠᠨᠢ ᠶᠢᠨ ᠭᠠᠷ ᠤᠷᠠᠯᠠᠯ ᠰᠤᠳᠤᠯᠬᠤ ᠭᠠᠵᠠᠷ ᠤᠨ ᠦᠨᠳᠦᠷ ᠵᠡᠷᠭᠡ ᠶᠢᠨ ᠢᠨᠵᠧᠨᠧᠷ ᠢᠦᠢ ᠴᠢᠩ ᠹᠧᠩ

    ᠦᠪᠦᠷ ᠮᠤᠩᠭᠤᠯ ᠤᠨ ᠲᠠᠷᠢᠶᠠᠯᠠᠬᠤ ᠦᠢᠯᠡᠰ ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠠᠮᠳᠤᠪᠠᠷ ᠡᠳ᠋ᠯᠡᠬᠦ ᠬᠢᠵᠠᠭᠠᠷᠳᠤ ᠺᠤᠮᠫᠠᠨᠢ ᠶᠢᠨ ᠶᠡᠷᠦᠩᠬᠡᠢ ᠲᠠᠭᠠᠭᠠᠮᠠᠯ ᠮᠠ ᠷᠦᠢ ᠴᠢᠶᠠᠩ

    ᠦᠪᠦᠷ ᠮᠤᠩᠭᠤᠯ ᠤᠨ ᠡᠮᠨᠡᠯᠭᠡ ᠶᠢᠨ ᠬᠤᠷᠢᠶ᠎ᠠ ᠶᠢᠨ ᠵᠢᠷᠦᠬᠡᠨ ‍ᠣ ᠲᠦᠪ ᠦᠨ ᠲᠡᠳ᠋ ᠡᠷᠬᠢᠯᠡᠭᠴᠢ᠂ ᠵᠢᠷᠦᠬᠡᠨ ᠰᠤᠳᠠᠯ ᠤᠨ ᠪᠠᠴᠢᠮ ᠠᠪᠤᠷᠠᠯᠳᠠ ᠶᠢᠨ ᠲᠤᠳᠤᠷ᠎ᠠ ᠰᠠᠯᠠᠭᠠᠨ ‍ᠣ ᠡᠷᠬᠢᠯᠡᠭᠴᠢ ᠸᠠᠩ ᡁᠢ ᠶᠥᠩ

    ᠦᠪᠦᠷ ᠮᠤᠩᠭᠤᠯ ᠤᠨ ᠬᠦᠰᠡᠬᠦᠢ ᠮᠤᠩᠭᠤᠯ ᠡᠮᠨᠡᠯᠭᠡ ᠶᠢᠨ ᠬᠤᠷᠢᠶ᠎ᠠ ᠶᠢᠨ ᠲᠠᠷᠤᠭ᠎ᠠ ᠪᠦᠬᠡᠰᠤᠳᠤ

    ᠤᠯᠠᠭᠠᠨᠴᠠᠪ ᠬᠤᠳᠠ ᠶᠢᠨ ᠵᠢᠨᠢᠩ ᠲᠤᠭᠤᠷᠢᠭ ᠤᠨ ᠭᠤᠸᠠᠩ ᠮᠢᠩ ᠵᠡᠭᠡᠯᠢ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠭᠥᠩ ᠵᠢᠶᠠᠨ ᠸᠧᠢ

    ᠵᠡᠪᠰᠡᠭᠳᠦ ᠴᠠᠭᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠪᠠᠶᠠᠨᠨᠠᠭᠤᠷ ᠬᠤᠳᠠ ᠶᠢᠨ ᠰᠠᠯᠠᠭ᠎ᠠ ᠠᠩᠬᠢ ᠶᠢᠨ ᠲᠠᠷᠤᠭ᠎ᠠ ᠯᠢ ᠸᠧᠢ ᡁᠢ

    ᠬᠦᠬᠡᠬᠤᠳᠠ ᠶᠢᠨ ᠢᠦᠢ ᠴᠢᠤᠸᠠᠨ ᠲᠤᠭᠤᠷᠢᠭ ᠤᠨ ᠰᠢᠩ ᠯᠥᠩ ᠭᠤᠳᠤᠮᠵᠢ ᠶᠢᠨ ᠵᠡᠭᠡᠯᠢ ᠭᠤᠳᠤᠮᠵᠢ  ᠤᠨ ᠬᠡᠷᠡᠭ ᠡᠷᠬᠢᠯᠡᠬᠦ ᠭᠠᠵᠠᠷ ᠤᠨ ᠴᠢᠩ ᠴᠢᠤᠸᠠᠨ ᠵᠡᠭᠡᠯᠢ ᠲᠤᠭᠤᠷᠢᠭ ᠤᠨ ᠱᠦᠵᠢ᠂ ᠡᠷᠬᠢᠯᠡᠭᠴᠢ ᠦ᠋ ᠾᠧ ᠰᠢᠶᠠᠩ

    ᠲᠤᠮᠳᠠᠳᠤ ᠤᠯᠤᠰ ᠤᠨ ᠪᠤᠷᠳᠤᠭᠤᠷ ᠤᠨ ᠪᠦᠯᠦᠭᠯᠡᠯ ᠦᠨ ᠲᠤᠮᠳᠠᠳᠤ ᠤᠯᠤᠰ ᠤᠨ ᠦᠷ᠎ᠡ ᠶᠢᠨ ᠺᠤᠮᠫᠠᠨᠢ ᠶᠢᠨ ᠲᠡᠳ᠋ ᠲᠠᠭᠠᠭᠠᠮᠠᠯ ᠬᠤ᠋ ᠶᠠᠨ ᠰᠢᠶᠠᠩ

    ᠦᠪᠦᠷ ᠮᠤᠩᠭᠤᠯ ᠤᠨ ᠤᠷᠠᠨ ᠵᠤᠬᠢᠶᠠᠯ ᠤᠨ ᠬᠤᠯᠪᠤᠭᠠᠳᠤ ᠬᠤᠷᠠᠯ ᠤᠨ ᠲᠤᠰᠬᠠᠢ ᠵᠤᠬᠢᠶᠠᠯᠴᠢ᠂ ᠤᠷᠴᠢᠭᠤᠯᠤᠭᠴᠢ ᠭᠥᠸᠧ ᠢᠦᠢ ᠴᠢᠶᠣᠣ

    ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ‍ᠣ ᠪᠠᠶᠢᠴᠠᠭᠠᠬᠤ ᠬᠤᠷᠢᠶ᠎ᠠ ᠶᠢᠨ ᠦᠨᠳᠦᠰᠦᠨ ᠱᠠᠳᠤᠨ ᠳᠤ ᠲᠤᠮᠢᠯᠠᠨ ᠰᠠᠭᠤᠭ᠎ᠠ ᠪᠠᠶᠢᠴᠠᠭᠠᠬᠤ ᠲᠤᠰᠢᠶᠠᠯᠳᠠᠨ ᠫᠠᠨ ᡁᠢ ᠷᠥᠩ

    10 ᠨᠡᠷᠡᠰ ᠦᠪᠦᠷ ᠮᠤᠩᠭᠤᠯ ᠢ ᠲᠤᠭᠳᠤᠯᠤᠭᠤᠯᠤᠭᠰᠠᠨ ᠬᠦᠮᠦᠰ ᠢᠶᠡᠷ ᠨᠡᠷ᠎ᠡ ᠲᠤᠷᠠᠳᠤᠭᠳᠠᠭᠰᠠᠨ ᠬᠦᠮᠦᠰ

    ᠲᠦᠩᠯᠢᠶᠤᠤ ᠬᠤᠳᠠ ᠶᠢᠨ ᠬᠤᠷᠴᠢᠨ ᠲᠤᠭᠤᠷᠢᠭ ᠤᠨ ᠵᠡᠭᠦᠨ ᠲᠡᠭᠦᠷᠭᠡ ᠶᠢᠨ ᠠᠵᠢᠯ ᠬᠠᠷᠠᠭᠠᠯᠵᠠᠬᠤ ᠺᠤᠮᠢᠰ ᠤᠨ ᠪᠠᠶᠢᠩᠭᠤ ᠶᠢᠨ ᠲᠡᠳ᠋ ᠡᠷᠬᠢᠯᠡᠭᠴᠢ ᠷᠧᠨ ᠮᠢᠩ ᠳ᠋ᠧ

    ᠤᠯᠤᠰ ᠤᠨ ᠬᠦᠨᠳᠦ ᠬᠦᠩᠬᠡᠨ ᠪᠡᠶ᠎ᠡ ᠲᠠᠮᠢᠷ ᠤᠨ ᠬᠦᠳᠡᠯᠭᠡᠭᠡᠨ ‍ᠣ ᠰᠢᠳᠡᠯᠳᠡ ᠠᠩᠬᠢ ᠶᠢᠨ ᠵᠡᠮᠳᠡᠭ ᠲᠠᠮᠢᠷᠴᠢᠨ ᠰᠦᠨ ᠫᠧᠩ ᠰᠢᠶᠠᠩ

    ᠪᠤᠭᠤᠳᠤ ᠬᠤᠳᠠ ᠶᠢᠨ ᠭᠦᠶᠠᠩ ᠰᠢᠶᠠᠨ ‍ᠣ ᠸᠠᠨ ᠱᠧᠩ ᠬᠤᠤ ᠲᠤᠰᠬᠤᠨ ‍ᠣ ᠨᠠᠮ ᠤᠨ ᠡᠭᠦᠷ ᠦᠨ ᠱᠦᠵᠢ ᠶᠠᠩ ᠫᠢᠩ

    ᠲᠦᠩᠯᠢᠶᠤᠤ ᠬᠤᠳᠠ ᠶᠢᠨ ᠠᠵᠢᠯ ᠮᠡᠷᠭᠡᠵᠢᠯ ᠦᠨ ᠲᠡᠭᠡᠳᠦ ᠰᠤᠷᠭᠠᠭᠤᠯᠢ ᠶᠢᠨ ᠰᠤᠷᠤᠭᠴᠢ ᠵᠧᠦ ᠶᠠᠨ ᠮᠧᠢ

    ᠯᠢᠶᠠᠩ ᠴᠧᠩ ᠰᠢᠶᠠᠨ ᠲᠢᠶᠠᠨ ᠴᠧᠩ ᠲᠤᠰᠬᠤᠨ ‍ᠣ ᠲᠠᠷᠢᠶᠠᠴᠢᠨ ᠾᠧ ᠮᠢᠩ ᠵᠢᠦᠢ

    ᠦ᠋ ᠴᠤᠸᠠᠨ ᠰᠢᠶᠠᠨ ‍ᠣ ᠵᠡᠮᠳᠡᠭ ᠬᠦᠮᠦᠨ ‍ᠣ ᠬᠤᠯᠪᠤᠭᠠᠳᠤ ᠬᠤᠷᠠᠯ ᠤᠨ ᠲᠤᠰᠬᠠᠢ ᠲᠤᠰᠢᠶᠠᠯᠳᠤ ᠭᠡᠰᠢᠭᠦᠨ ᠺᠠᠩ ᡁᠢ ᠶᠢᠩ

    ᠺᠠᠶᠢᠯᠤ ᠰᠢᠶᠠᠨ ‍ᠣ ᠰᠢᠭᠦᠬᠦ ᠬᠤᠷᠢᠶ᠎ᠠ ᠶᠢᠨ ᠲᠤᠰᠬᠠᠢ ᠲᠤᠰᠢᠶᠠᠯᠳᠤ ᠰᠢᠭᠦᠨ ᠲᠠᠰᠤᠯᠬᠤ ᠺᠤᠮᠢᠰ ᠤᠨ ᠭᠡᠰᠢᠭᠦᠨ ᠵᠢᠶᠠᠩ ᠴᠢᠩ ᠴᠦᠨ

    ᠶᠡᠬᠡ ᠬᠢᠩᠭᠠᠨ ᠲᠠᠪᠠᠭ᠎ᠠ ᠶᠢᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ ᠶᠢᠨ ᠴᠦᠸᠧ ᠶᠤᠸᠠᠨ ᠤᠢ ᠰᠢᠭᠤᠢ ᠶᠢᠨ ᠲᠤᠪᠴᠢᠶ᠎ᠡ ᠶᠢᠨ ᠭᠠᠯ ᠰᠡᠷᠭᠡᠶᠢᠯᠡᠬᠦ ᠶᠢ ᠪᠠᠷᠠᠯᠠᠭᠴᠢ ᠶᠠᠨ ᠱᠢ ᠸᠧᠨ

    ᠪᠤᠭᠤᠳᠤ ᠶᠢᠨ ᠹᠦᠵᠢᠶᠠᠨ ᠳ᠋ᠡᠬᠢ ᠬᠤᠳᠠᠯᠳᠤᠭᠠᠨ ‍ᠣ ᠬᠤᠷᠠᠯ ᠤᠨ ᠡᠷᠬᠢᠯᠡᠭᠴᠢ ᠰᠢᠤᠸᠠᠢ ᠪᠠᠨ ᠵᠢᠨ

    ᠦᠪᠦᠷ ᠮᠤᠩᠭᠤᠯ ᠤᠨ ᠲᠡᠮᠦᠷ ᠵᠠᠮ ᠬᠠᠶᠢᠨ ᠪᠠᠶᠢᠴᠠᠭᠠᠵᠤ ᠵᠢᠷᠤᠵᠤ ᠲᠦᠯᠦᠪᠯᠡᠬᠦ ᠬᠤᠷᠢᠶ᠎ᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ ᠦᠨ ᠡᠷᠬᠢᠯᠡᠭᠴᠢ ᠸᠧᠢ ᠭᠠᠩ

 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro