ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠦᠷ ᠮᠤᠩᠭᠤᠯ ᠤᠨ ︽ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠬᠠᠭᠤᠯᠬᠤ︾ ᠪᠦᠬᠦ ᠤᠷᠤᠨ ‍ᠣ ᠲᠤᠭᠤᠷᠢᠨ ᠶᠠᠷᠢᠬᠤ ᠠᠵᠢᠯᠯᠠᠭ᠎ᠠ ᠵᠢᠩᠬᠢᠨᠢ ᠪᠡᠷ ᠡᠬᠢᠯᠡᠪᠡ

2017-05-04 09:36:21
ᠵᠣᠬᠢᠶᠠᠭᠴᠢ
ᠪᠤᠤ ᠡᠾᠦ᠋ᠢ ᠮᠧᠢ

W020170427565042299449.jpg

    4 ᠰᠠᠷ᠎ᠠ ᠶᠢᠨ 26 ‍ᠣ ᠡᠳᠦᠷ ᠦᠨ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠪᠠ ᠰᠤᠷᠭᠠᠨ ᠬᠦᠮᠦᠵᠢᠯ ᠦᠨ ᠲᠢᠩᠬᠢᠮ ᠡᠴᠡ ᠬᠠᠮᠳᠤᠷᠠᠨ ᠦᠷᠨᠢᠭᠦᠯᠦᠭᠰᠡᠨ ︽ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠬᠠᠭᠤᠯᠬᠤ︾ ᠪᠦᠬᠦ ᠤᠷᠤᠨ ‍ᠣ ᠲᠤᠭᠤᠷᠢᠨ ᠶᠠᠷᠢᠬᠤ ᠠᠵᠢᠯᠯᠠᠭ᠎ᠠ ᠬᠦᠬᠡᠬᠤᠳᠠ ᠶᠢᠨ ᠪᠠᠶᠢᠴᠠᠭᠠᠬᠤ ᠬᠤᠷᠢᠶᠠᠨ ‍ᠣ ᠵᠠᠯᠠᠭᠤᠴᠤᠳ ᠪᠠᠭᠠᠴᠤᠳ ᠤᠨ ᠬᠠᠥᠯᠢ ᠲᠦᠷᠢᠮ ᠦᠨ ᠬᠦᠮᠦᠵᠢᠯ ᠦᠨ ᠰᠠᠭᠤᠷᠢᠨ ᠭᠠᠵᠠᠷ ᠡᠴᠡ ᠡᠬᠢᠯᠡᠨ᠂ ᠪᠦᠬᠦ ᠤᠷᠤᠨ ᠳᠤ ᠲᠤᠭᠤᠷᠢᠨ ᠶᠠᠷᠢᠬᠤ ᠬᠦᠰᠢᠭᠡ  ᠪᠠᠨ ᠨᠡᠬᠡᠭᠡᠪᠡ᠃

    ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠲᠤᠳᠤᠭᠠᠳᠤ ᠶᠢ ᠬᠠᠮᠠᠭᠠᠯᠠᠬᠤ ᠲᠢᠩᠬᠢᠮ᠂ ᠬᠠᠥᠯᠢ ᠴᠠᠭᠠᠵᠠ ᠶᠢᠨ ᠲᠢᠩᠬᠢᠮ᠂ ᠰᠤᠶᠤᠯ ᠤᠨ ᠲᠢᠩᠬᠢᠮ᠂ ᠦᠪᠦᠷ ᠮᠤᠩᠭᠤᠯ ᠤᠨ ᠷᠠᠳᠢᠤ᠋ ᠲᠧᠯᠧᠶᠢᠰ ᠬᠤᠷᠢᠶ᠎ᠠ᠂ ᠡᠮᠡᠭᠳᠡᠶᠢᠴᠦᠳ ᠬᠡᠦᠬᠡᠳ ᠦᠨ ᠠᠰᠢᠭ ᠲᠤᠰᠠ ᠶᠢ ᠬᠠᠮᠠᠭᠠᠯᠠᠬᠤ ᠵᠦᠪᠯᠡᠯ ᠂ ᠡᠪᠯᠡᠯ ᠦᠨ ᠬᠤᠷᠢᠶ᠎ᠠ᠂ ᠬᠠᠥᠯᠢᠴᠢ ᠶᠢᠨ ᠨᠡᠶᠢᠭᠡᠮᠯᠢᠭ ᠵᠡᠷᠭᠡ ᠪᠠᠶᠢᠭᠤᠯᠭ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠬᠡᠰᠡᠭ ᠪᠦᠬᠦ ᠤᠯᠤᠰ᠂ ᠦᠪᠡᠷᠳᠡᠭᠡᠨ ᠵᠠᠰᠠᠬᠤ ᠤᠷᠤᠨ ᠵᠢᠴᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ‍ᠣ ᠭᠡᠰᠢᠭᠦᠨ᠂ ᠠᠷᠠᠳ ᠤᠨ ᠬᠢᠨᠠᠯᠳᠠ ᠲᠠᠯᠪᠢᠭᠴᠢ ᠶᠤᠰᠤᠯᠠᠯ ᠳᠤ ᠤᠷᠤᠯᠴᠠᠨ᠂ ᠬᠦᠬᠡᠬᠤᠳᠡ ᠶᠢᠨ ᠬᠤᠷᠢ ᠶᠢᠰᠦᠳᠦᠭᠡᠷ ᠲᠤᠮᠳᠠᠳᠤ ᠰᠤᠷᠭᠠᠭᠤᠯᠢ᠂ ᠰᠠᠶᠢᠬᠠᠨ ᠲᠤᠭᠤᠷᠢᠭ ᠤᠨ ᠦᠨᠳᠦᠰᠦᠳᠡᠨ ‍ᠣ ᠲᠤᠮᠳᠠᠳᠤ ᠰᠤᠷᠭᠠᠭᠤᠯᠢ ᠶᠢᠨ ᠪᠠᠭᠰᠢ᠂ ᠰᠤᠷᠤᠭᠴᠢ ᠵᠢᠴᠢ ᠭᠡᠷ ᠦᠨ ᠠᠬᠠᠮᠠᠳ ᠨᠡᠶᠢᠳᠡ 200 ᠭᠠᠷᠤᠢ ᠬᠦᠮᠦᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠤ᠂ ᠬᠠᠮᠳᠤᠪᠠᠷ ︽ᠨᠠᠰᠤᠨ ᠳᠤ ᠦᠯᠦ ᠬᠦᠷᠦᠭᠰᠡᠳ ᠦᠨ ᠬᠡᠷᠡᠭ ᠢ ᠪᠠᠶᠢᠴᠠᠭᠠᠬᠤ ᠠᠵᠢᠯ ᠤᠨ 30 ᠵᠢᠯ ᠦᠨ ᠦᠷ᠎ᠡ ᠪᠦᠳᠦᠮᠵᠢ ᠶᠢᠨ ᠦᠵᠡᠭᠦᠯᠦᠯᠭᠡ︾ ᠶᠢᠨ ᠤᠬᠤᠷ ᠹᠢᠯᠢᠮ ᠢ ᠺᠢᠨᠤ᠋ ᠶᠢ ᠰᠤᠨᠢᠷᠬᠠᠵᠠᠢ᠃

    ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ ᠡᠬᠢᠯᠡᠯᠳᠡ ᠶᠢᠨ ᠶᠤᠰᠤᠯᠠᠯ ᠲᠡᠭᠡᠷ᠎ᠡ ᠲᠠᠨᠢᠯᠴᠠᠭᠤᠯᠤᠭᠰᠠᠨ ᠨᠢ᠂ ︽ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠬᠠᠭᠤᠯᠬᠤ︾ ᠪᠦᠬᠦ ᠤᠷᠤᠨ ‍ᠣ ᠲᠤᠭᠤᠷᠢᠨ ᠶᠠᠷᠢᠬᠤ ᠠᠵᠢᠯᠯᠠᠭ᠎ᠠ ᠪᠤᠯ ᠪᠠᠶᠢᠴᠠᠭᠠᠬᠤ ᠪᠠᠶᠢᠭᠤᠯᠭ᠎ᠠ ᠶᠢᠨ ᠨᠠᠰᠤᠨ ᠳᠤ ᠦᠯᠦ ᠬᠦᠷᠦᠭᠰᠡᠳ ᠤᠨ ᠬᠡᠷᠡᠭ ᠢ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠭᠦᠢᠴᠡᠳᠭᠡᠬᠦ ᠪᠦᠳᠦᠮᠵᠢᠳᠠᠢ ᠠᠷᠭ᠎ᠠ ᠵᠠᠮ ᠶᠤᠮ᠂ ᠮᠦᠨᠴᠦ ︽ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ︾ ︽ ᠬᠠᠥᠯᠢ ᠪᠠᠷ ᠵᠠᠰᠠᠭᠰᠠᠨ ᠰᠤᠷᠭᠠᠭᠤᠯᠢ ᠶᠢᠨ ᠬᠦᠷᠢᠶ᠎ᠡ ︾ ᠶᠢ ᠪᠦᠳᠦᠭᠡᠨ ᠪᠠᠶᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠠ᠃ ᠲᠠᠷᠠᠭ᠎ᠠ ᠪᠠᠷ᠂ ᠲᠤᠭᠤᠷᠢᠨ ᠶᠠᠷᠢᠬᠤ ᠪᠦᠯᠬᠦᠮ ᠡᠴᠡ ᠪᠦᠬᠦ ᠤᠷᠤᠨ ‍ᠣ ᠡᠯ᠎ᠡ ᠭᠠᠵᠠᠷ ᠤᠷᠤᠨ ᠳᠤ ᠬᠦᠷᠴᠦ᠂ ᠲᠤᠭᠤᠷᠢᠨ ᠶᠠᠷᠢᠬᠤ ᠠᠵᠢᠯᠯᠠᠭ᠎ᠠ ᠶᠢ ᠵᠤᠬᠢᠶᠠᠨ ᠪᠠᠶᠢᠭᠤᠯᠵᠤ ᠦᠷᠨᠢᠭᠦᠯᠦᠨ᠎ᠡ᠃ ᠪᠠᠶᠢᠴᠠᠭᠠᠬᠤ ᠴᠢᠳᠠᠪᠬᠢ ᠶᠢᠨ ᠵᠤᠭᠰᠤᠴᠠ ᠡᠴᠡ ᠠᠵᠢᠯᠯᠠᠬᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠬᠠᠥᠯᠢ ᠪᠠᠷ ᠵᠠᠰᠠᠬᠤ ᠶᠢ ᠤᠬᠠᠭᠤᠯᠬᠤ ᠬᠦᠮᠦᠵᠢᠯ ᠦᠨ ᠬᠡᠪᠴᠢᠶ᠎ᠡ ᠪᠠ ᠨᠦᠯᠦᠭᠡ ᠶᠢ ᠶᠡᠬᠡᠰᠬᠡᠬᠦ ᠲᠡᠭᠡᠷ᠎ᠡ ᠬᠦᠴᠦ  ᠲᠠᠯᠪᠢᠨ᠂ ᠰᠤᠷᠭᠠᠭᠤᠯᠢ ᠶᠢᠨ ᠬᠠᠥᠯᠢ ᠪᠠᠷ ᠵᠠᠰᠠᠬᠤ ᠬᠦᠮᠦᠵᠢᠯ ᠢ ᠭᠦᠨᠵᠡᠭᠡᠢ ᠠᠬᠢᠭᠤᠯᠵᠤ᠂ ᠵᠠᠯᠠᠭᠤᠴᠤᠳ ᠪᠠᠭᠠᠴᠤᠳ ᠲᠤ ᠬᠠᠥᠯᠢ ᠲᠦᠭᠡᠮᠡᠯᠵᠢᠭᠦᠯᠬᠦ ᠬᠦᠮᠦᠵᠢᠯ ᠦᠨ ᠬᠠᠨᠳᠤᠯᠭᠠᠳᠤ ᠴᠢᠨᠠᠷ ᠢ ᠴᠢᠩᠭᠠᠳᠬᠠᠬᠤ ᠲᠡᠭᠡᠷ᠎ᠡ ᠬᠦᠴᠦ ᠲᠠᠯᠪᠢᠨ᠂ ᠲᠤᠭᠤᠷᠢᠨ ᠶᠠᠷᠢᠬᠤ ᠬᠡᠯᠪᠡᠷᠢ ᠪᠡᠨ ᠪᠠᠶᠠᠯᠢᠭᠵᠢᠭᠤᠯᠵᠤ᠂ ᠨᠡᠶᠢᠭᠡᠮ ᠦᠨ ᠡᠬᠢ ᠪᠠᠶᠠᠯᠢᠭ ᠢ ᠨᠢᠭᠡᠳᠬᠡᠨ᠂ ᠬᠦᠴᠦᠨ ᠢᠶᠡᠨ ᠬᠠᠮᠳᠤᠳᠬᠠᠵᠤ᠂ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ ᠶᠡᠷᠦᠩᠬᠡᠶᠢᠯᠡᠨ ᠬᠠᠮᠠᠭᠠᠯᠠᠬᠤ ᠪᠠᠨ ᠴᠢᠩᠭᠠᠳᠬᠠᠬᠤ ᠬᠡᠷᠡᠭᠳᠡᠢ ᠭᠡᠵᠡᠢ ᠃

    ᠦᠪᠡᠷᠳᠡᠭᠡᠨ ᠵᠠᠰᠠᠬᠤ ᠤᠷᠤᠨ ‍ᠣ ᠰᠤᠷᠭᠠᠨ ᠬᠦᠮᠦᠵᠢᠯ ᠦᠨ ᠲᠢᠩᠬᠢᠮ ᠦᠨ ᠲᠡᠳ᠋ ᠲᠠᠷᠤᠭ᠎ᠠ ᠶᠠᠩ ᠵᠢᠶᠧ ᠪᠦᠬᠦ ᠤᠷᠤᠨ ‍ᠣ ᠡᠯ᠎ᠡ ᠱᠠᠳᠤᠨ ‍ᠣ ᠰᠤᠷᠭᠠᠨ ᠬᠦᠮᠦᠵᠢᠯ ᠦᠨ ᠰᠠᠯᠠᠭ᠎ᠠ ᠮᠦᠴᠢᠷ ᠪᠠ ᠰᠤᠷᠭᠠᠭᠤᠯᠢ ᠡᠴᠡ ᠪᠠᠶᠢᠴᠠᠭᠠᠬᠤ ᠪᠠᠶᠢᠭᠤᠯᠭ᠎ᠠ ᠲᠠᠢ ᠬᠠᠷᠢᠯᠴᠠᠬᠤ ᠬᠠᠮᠳᠤᠷᠠᠯᠴᠠᠬᠤ ᠠᠵᠢᠯ ᠢ ᠰᠠᠶᠢᠳᠤᠷ ᠬᠢᠵᠦ᠂ ᠲᠤᠰ ᠲᠤᠰ ᠤᠨ ᠲᠠᠪᠠᠭᠤᠯᠢᠭ ᠢᠶᠠᠨ ᠪᠠᠳᠠᠷᠠᠭᠤᠯᠵᠤ᠂ ︽ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠬᠠᠭᠤᠯᠬᠤ︾ ᠲᠤᠭᠤᠷᠢᠨ ᠶᠠᠷᠢᠬᠤ ᠠᠵᠢᠯᠯᠠᠭ᠎ᠠ ᠶᠢ ᠦᠷᠨᠢᠭᠦᠯᠬᠦ ᠡᠴᠡ ᠡᠮᠦᠨ᠎ᠡ᠂ ᠪᠠᠶᠢᠴᠠᠭᠠᠬᠤ ᠪᠠᠶᠢᠭᠤᠯᠭ᠎ᠠ ᠲᠠᠢ ᠬᠠᠮᠳᠤᠷᠠᠨ ᠲᠤᠭᠤᠷᠢᠨ ᠶᠠᠷᠢᠬᠤ ᠭᠠᠵᠠᠷ ᠤᠷᠤᠨ ‍ᠣ ᠰᠤᠷᠭᠠᠭᠤᠯᠢ ᠶᠢᠨ ᠠᠮᠤᠷ ᠢ ᠬᠠᠮᠠᠭᠠᠯᠠᠬᠤ ᠪᠠᠶᠢᠳᠠᠯ ᠳᠤ ᠪᠠᠶᠢᠴᠠᠭᠠᠯᠳᠠ ᠬᠢᠵᠦ᠂ ᠰᠤᠷᠭᠠᠭᠤᠯᠢ ᠶᠢᠨ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠵᠢᠭᠰᠠᠭᠠᠵᠤ᠂ ᠤᠨᠴᠠᠭᠠᠶᠢᠯᠠᠨ ᠰᠤᠷᠭᠠᠭᠤᠯᠢ ᠶᠢᠨ ᠬᠦᠷᠢᠶᠡᠨ ‍ᠣ ᠬᠦᠴᠦᠷᠬᠡᠭᠯᠡᠯ᠂ ᠰᠤᠷᠤᠭᠴᠢᠳ ᠬᠠᠯᠳᠠᠯᠭ᠎ᠠ ᠳᠤ ᠤᠴᠠᠷᠠᠭᠰᠠᠨ ᠬᠡᠷᠡᠭ ᠢᠯᠡᠷᠡᠭᠰᠡᠨ ᠪᠠ ᠰᠤᠷᠭᠠᠭᠤᠯᠢ ᠶᠢᠨ ᠬᠦᠷᠢᠶᠡᠨ ‍ᠣ ᠠᠮᠤᠷ ᠲᠦᠪᠰᠢᠨ ‍ᠣ ᠠᠰᠠᠭᠤᠳᠠᠯ ᠲᠤᠪᠤᠶᠢᠮ᠎ᠠ ᠰᠤᠷᠭᠠᠭᠤᠯᠢ ᠳᠤ ᠲᠤᠭᠤᠷᠢᠨ ᠶᠠᠷᠢᠬᠤ ᠠᠵᠢᠯᠯᠠᠭ᠎ᠠ ᠶᠢ ᠬᠠᠨᠳᠤᠯᠭᠠᠳᠤ ᠴᠢᠨᠠᠷ ᠲᠠᠢ᠂ ᠭᠤᠤᠯᠳᠠᠯᠭ᠎ᠠ ᠲᠠᠢ ᠦᠷᠨᠢᠭᠦᠯᠬᠦ ᠬᠡᠷᠡᠭᠳᠡᠢ ᠭᠡᠵᠦ ᠢᠯᠡᠷᠬᠡᠶᠢᠯᠡᠵᠡᠢ᠃

    ᠬᠦᠬᠡᠬᠤᠳᠠ ᠶᠢᠨ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠸᠠᠩ ᠬᠠᠨ ᠦ᠋ ᠲᠠᠨᠢᠯᠴᠠᠭᠤᠯᠤᠭᠰᠠᠨ ᠨᠢ᠂ ᠬᠦᠬᠡᠬᠤᠳᠡ ᠶᠢᠨ ᠪᠠᠶᠢᠴᠠᠭᠠᠬᠤ ᠬᠤᠷᠢᠶ᠎ᠠ 2015 ᠤᠨ ᠳᠤ ᠨᠠᠰᠤᠨ ᠳᠤ ᠦᠯᠦ ᠬᠦᠷᠦᠭᠰᠡᠳ ᠦᠨ ᠬᠡᠷᠡᠭ ᠪᠠᠶᠢᠴᠠᠭᠠᠬᠤ ᠭᠠᠵᠠᠷ ᠢ ᠪᠠᠶᠢᠭᠤᠯᠵᠤ᠂ ᠬᠠᠮᠳᠤ ᠳ᠋ᠤᠨᠢ ︽ᠵᠠᠯᠠᠭᠤᠴᠤᠳ ᠪᠠᠭᠠᠴᠤᠳ ᠤᠨ ᠬᠠᠥᠯᠢ ᠲᠦᠷᠢᠮ ᠦᠨ ᠬᠦᠮᠦᠵᠢᠯ ᠦᠨ ᠰᠠᠭᠤᠷᠢᠨ ᠭᠠᠵᠠᠷ︾ ᠢ ᠪᠡᠯᠡᠳᠭᠡᠨ ᠴᠤᠭᠴᠠᠯᠠᠵᠤ᠂ ︽ ᠬᠦᠮᠦᠵᠢᠭᠦᠯᠬᠦ᠂ ᠬᠦᠳᠦᠯᠬᠦ᠂ ᠤᠶᠠᠷᠠᠭᠤᠯᠬᠤ᠂ ᠠᠪᠤᠷᠠᠬᠤ︾ ᠴᠢᠭᠯᠡᠯᠳᠡ ᠪᠡᠷ ᠨᠠᠰᠤᠨ ᠳᠤ ᠦᠯᠦ ᠬᠦᠷᠦᠭᠰᠡᠳ ᠦᠨ ᠬᠠᠥᠯᠢ ᠴᠠᠭᠠᠵᠠ ᠶᠢᠨ ᠬᠠᠮᠠᠭᠠᠯᠠᠯᠳᠠ ᠶᠢ ᠪᠦᠬᠦ ᠶᠠᠪᠤᠴᠠᠵᠢᠭᠤᠯᠬᠤ᠂ ᠵᠠᠯᠠᠷᠠᠭᠤᠯᠬᠤ ᠪᠠ ᠬᠠᠪᠰᠤᠷᠤᠨ  ᠰᠤᠷᠭᠠᠬᠤ ᠶᠢ ᠪᠠᠶᠢᠩᠭᠤᠵᠢᠭᠤᠯᠬᠤ᠂ ᠤᠷᠢᠳᠴᠢᠯᠠᠨ ᠰᠡᠷᠭᠡᠶᠢᠯᠡᠬᠦ ᠪᠠ ᠬᠦᠮᠦᠵᠢᠭᠦᠯᠬᠦ ᠶᠢ ᠤᠯᠠᠨ ᠶᠠᠩᠵᠤᠴᠢᠯᠠᠬᠤ ᠠᠵᠢᠯ ᠢ ᠴᠢᠷᠮᠠᠶᠢᠨ ᠠᠬᠢᠭᠤᠯᠵᠤ᠂ ᠨᠠᠰᠤᠨ ᠳᠤ ᠦᠯᠦ ᠬᠦᠷᠦᠭᠰᠡᠳ ᠤᠨ ᠬᠠᠥᠯᠢ ᠶᠤᠰᠤᠨ ‍ᠣ ᠡᠷᠬᠡ ᠠᠰᠢᠭ ᠢ ᠬᠠᠮᠠᠭᠠᠯᠠᠬᠤ᠂ ᠨᠠᠰᠤᠨ ᠳᠤ ᠦᠯᠦ ᠬᠦᠷᠦᠭᠰᠡᠳ ᠦᠨ ᠬᠠᠥᠯᠢ ᠶᠢ ᠵᠦᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠲᠠᠯ᠎ᠠ ᠪᠠᠷ ᠢᠳᠡᠪᠬᠢᠳᠡᠢ ᠴᠢᠷᠮᠠᠶᠢᠵᠤ᠂ ᠲᠤᠪᠤᠶᠢᠮ᠎ᠠ ᠦᠷ᠎ᠡ ᠪᠦᠳᠦᠮᠵᠢ ᠤᠯᠵᠠᠢ᠃ ᠲᠤᠰ ᠤᠳᠠᠭᠠᠨ ‍ᠣ ᠲᠤᠭᠤᠷᠢᠨ ᠶᠠᠷᠢᠬᠤ ᠠᠵᠢᠯᠯᠠᠭ᠎ᠠ ᠶᠢᠨ ᠨᠢᠭᠡᠳᠦᠭᠡᠷ ᠦᠷᠳᠡᠭᠡ ᠪᠤᠯᠤᠭᠰᠠᠨ ‍ᠣ ᠬᠤᠪᠢ ᠳᠤ᠂ ᠬᠦᠬᠡᠬᠣᠲᠠ ᠶᠢᠨ ᠪᠠᠶᠢᠴᠠᠭᠠᠬᠤ ᠬᠤᠷᠢᠶ᠎ᠠ ᠪᠠᠶᠠᠯᠢᠭ ᠲᠤᠷᠰᠢᠯᠭ᠎ᠠ᠂ ᠬᠠᠯᠠᠭᠤᠨ ᠰᠡᠳᠭᠢᠯᠭᠡ ᠲᠠᠢ ᠲᠤᠰᠬᠠᠶᠢᠵᠢᠭᠰᠠᠨ ᠴᠢᠳᠠᠪᠦᠷᠢᠳᠡᠨ ‍ᠣ ᠡᠩᠨᠡᠭᠡ ᠶᠢ ᠰᠤᠩᠭᠤᠨ᠂ ᠲᠡᠭᠡᠳᠦ ᠬᠡᠮᠵᠢᠶᠡᠨ ‍ᠣ ᠬᠠᠷᠢᠭᠤᠴᠠᠯᠭᠠᠳᠤ ᠰᠡᠳᠭᠢᠯᠭᠡ ᠪᠠ ᠡᠭᠦᠷᠭᠡᠯᠡᠯᠳᠦ ᠤᠪᠤᠷ ᠢᠶᠠᠷ ︽ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠬᠠᠭᠤᠯᠬᠤ︾ ᠲᠤᠭᠤᠷᠢᠨ ᠶᠠᠷᠢᠬᠤ ᠠᠵᠢᠯᠯᠠᠭ᠎ᠠ ᠶᠢ ᠰᠠᠶᠢᠳᠤᠷ ᠡᠬᠢᠯᠡᠭᠦᠯᠦᠨ᠎ᠡ ᠭᠡᠵᠡᠢ᠃

W020170427565043931816.jpg

    ᠲᠤᠭᠤᠷᠢᠨ ᠶᠠᠷᠢᠬᠤ ᠬᠦᠳᠡᠯᠭᠡᠭᠡᠨ ᠨᠢ ︽ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠬᠠᠭᠤᠯᠬᠤ︾ ᠭᠡᠷᠡᠯᠳᠦᠯᠭᠡ ᠶᠢᠨ ᠶᠤᠰᠤᠯᠠᠯ ᠲᠤᠮᠳᠠ ᠬᠦᠰᠢᠭᠡ ᠨᠡᠬᠡᠭᠡᠭᠳᠡᠵᠡᠢ᠃ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ᠂ ᠦᠪᠡᠷᠳᠡᠭᠡᠨ ᠵᠠᠰᠠᠬᠤ ᠤᠷᠤᠨ ‍ᠣ ᠰᠤᠷᠭᠠᠨ ᠬᠦᠮᠦᠵᠢᠯ ᠦᠨ ᠲᠢᠩᠬᠢᠮ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠤᠳᠤᠷᠢᠳᠤᠯᠭ᠎ᠠ ᠪᠠ ᠰᠤᠷᠤᠭᠴᠢ ᠶᠢᠨ ᠲᠦᠯᠦᠭᠡᠯᠡᠭᠴᠢ ᠬᠠᠮᠳᠤ ᠪᠠᠷ ᠲᠠᠶᠢᠰᠠᠨ ᠳᠤ ᠭᠠᠷᠴᠦ ᠪᠤᠯᠤᠷ ᠪᠦᠮᠪᠦᠭᠡ ᠶᠢ ᠭᠡᠷᠡᠯᠳᠦᠭᠦᠯᠦᠨ᠂ ᠦᠪᠦᠷ ᠮᠤᠩᠭᠤᠯ ᠤᠨ ︽ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠬᠠᠭᠤᠯᠬᠤ︾  ᠪᠦᠬᠦ ᠤᠷᠤᠨ ‍ᠣ ᠲᠤᠭᠤᠷᠢᠨ ᠶᠠᠷᠢᠬᠤ ᠠᠵᠢᠯᠯᠠᠭ᠎ᠠ ᠵᠢᠩᠬᠢᠨᠢ ᠪᠡᠷ ᠡᠬᠢᠯᠡᠭᠰᠡᠨ ‍ᠣ ᠪᠡᠯᠭᠡ ᠲᠡᠮᠳᠡᠭ ᠪᠤᠯᠵᠠᠢ᠃

    ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ ︽ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠬᠠᠭᠤᠯᠬᠤ︾  ᠪᠦᠬᠦ ᠤᠷᠤᠨ ‍ᠣ ᠲᠤᠭᠤᠷᠢᠨ ᠶᠠᠷᠢᠬᠤ ᠠᠵᠢᠯᠯᠠᠭ᠎ᠠ ᠵᠢᠩᠬᠢᠨᠢ ᠪᠡᠷ ᠡᠬᠢᠯᠡᠭᠰᠡᠨ ᠢ ᠨᠡᠶᠢᠳᠡᠯᠡᠵᠦ᠂ ᠲᠤᠭᠤᠷᠢᠨ ᠶᠠᠷᠢᠬᠤ ᠪᠦᠯᠬᠦᠮ ᠦᠨ ᠲᠦᠯᠦᠭᠡᠯᠡᠭᠴᠢ ᠳᠦ ᠲᠤᠭ ᠭᠠᠷᠳᠠᠭᠤᠯᠵᠠᠢ᠃

W020170427565044347247.jpg

    ᠡᠬᠢᠯᠡᠯᠳᠡ ᠶᠢᠨ ᠶᠤᠰᠤᠯᠠᠯ ᠤᠨ ᠲᠠᠷᠠᠭ᠎ᠠ᠂ ᠬᠦᠬᠡᠬᠤᠳᠡ ᠶᠢᠨ ᠪᠠᠶᠢᠴᠠᠭᠠᠬᠤ ᠬᠤᠷᠢᠶᠠᠨ ‍ᠣ ᠨᠠᠰᠤᠨ ᠳᠤ ᠦᠯᠦ ᠬᠦᠷᠦᠭᠰᠡᠳ ᠦᠨ ᠬᠡᠷᠡᠭ ᠢ ᠪᠠᠶᠢᠴᠠᠭᠠᠬᠤ ᠭᠠᠵᠠᠷ ᠤᠨ ᠲᠡᠳ᠋ ᠲᠠᠷᠤᠭ᠎ᠠ ᠸᠠᠩ ᠵᠢᠶᠦ᠋ᠨ ︽ ᠵᠠᠯᠠᠭᠤ ᠨᠠᠰᠤᠨ ‍ᠣ ᠠᠶᠠᠨ ᠳᠤ ᠡᠩᠨᠡᠭᠡ ᠡᠴᠡ ᠪᠡᠨ ᠪᠢᠳᠡᠭᠡᠢ ᠬᠤᠴᠤᠷᠤᠭᠠᠷᠠᠢ︾ ᠭᠡᠬᠦ ᠰᠡᠳᠦᠪ ᠢᠶᠡᠷ ᠨᠢᠭᠡᠨ ᠭᠤᠶᠢᠳᠠ ᠰᠠᠶᠢᠬᠠᠨ ᠬᠠᠥᠯᠢ ᠴᠠᠭᠠᠵᠠ ᠶᠢᠨ ᠬᠢᠴᠢᠶᠡᠯ ᠶᠠᠷᠢᠵᠤ᠂ ᠨᠠᠰᠤᠨ ᠳᠤ ᠦᠯᠦ ᠬᠦᠷᠦᠭᠰᠡᠳ ᠦᠨ ᠬᠠᠥᠯᠢ ᠪᠠᠷ ᠵᠠᠰᠠᠬᠤ ᠰᠤᠷᠭᠠᠨ ᠬᠦᠮᠦᠵᠢᠯ᠂ ᠡᠩ ᠦᠨ ᠶᠠᠯᠠᠳᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠤᠯᠤᠨ ᠦᠪᠡᠷ ᠦᠨ ᠪᠡᠶ᠎ᠡ ᠶᠢᠨ ᠬᠠᠮᠠᠭᠠᠯᠠᠯᠳᠠ ᠶᠢᠨ ᠲᠤᠭᠤᠷᠢᠨ ᠳᠤ᠂ ᠬᠡᠷᠡᠭ ᠦᠨ ᠵᠢᠱᠢᠶ᠎ᠡ ᠲᠠᠢ ᠤᠶᠠᠯᠳᠤᠭᠤᠯᠤᠨ ᠲᠤᠨᠤᠨ ᠲᠡᠭᠡᠷᠡᠮᠳᠡᠬᠦ᠂ ᠵᠤᠷᠢᠭᠤᠳᠠ ᠭᠡᠮᠳᠦᠭᠡᠬᠦ᠂ ᠤᠯᠠᠭᠤᠯᠠ ᠨᠡᠶᠢᠯᠡᠵᠦ ᠵᠤᠳᠤᠭᠠᠨ ᠬᠢᠬᠦ ᠵᠡᠷᠭᠡ ᠦᠷᠬᠦᠯᠵᠢ ᠲᠤᠬᠢᠶᠠᠯᠳᠤᠳᠠᠭ ᠶᠠᠯᠠᠳᠤ ᠠᠵᠢᠯᠯᠠᠭ᠎ᠠ ᠶᠢ ᠭᠤᠤᠯᠳᠠᠯᠭ᠎ᠠ ᠲᠠᠢ ᠵᠠᠳᠠᠯᠤᠨ ᠶᠠᠷᠢᠵᠠᠢ᠃ ᠤᠬᠠᠭᠤᠯᠤᠨ ᠶᠠᠷᠢᠭᠰᠠᠨ ᠠᠭᠤᠯᠭ᠎ᠠ ᠨᠢ ᠪᠠᠭᠰᠢ ᠰᠤᠷᠤᠭᠴᠢ ᠭᠡᠷ ᠦᠨ ᠠᠬᠠᠮᠠᠳ ᠤᠨ ᠲᠤᠮᠳᠠ ᠴᠢᠩᠭ᠎ᠠ ᠲᠤᠰᠬᠠᠯ ᠭᠠᠷᠴᠦ᠂ ᠲᠡᠳᠡᠨᠡᠷ ᠦᠨ ᠮᠠᠭᠳᠠᠭᠠᠯ ᠰᠠᠶᠢᠰᠢᠶᠠᠯ ᠢ ᠤᠯᠵᠠᠢ᠃

W020170427565044775580.jpg

    ᠰᠤᠷᠭᠠᠭᠤᠯᠢ ᠪᠠ ᠪᠠᠭᠰᠢ ᠡᠴᠡ ︽ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠬᠠᠭᠤᠯᠬᠤ︾ ᠠᠵᠢᠯᠯᠠᠭ᠎ᠠ ᠦᠷᠨᠢᠭᠦᠯᠬᠦ ᠨᠢ ᠲᠤᠩ ᠴᠢᠬᠤᠯᠠ ᠲᠠᠢ᠂ ᠪᠠᠶᠢᠴᠠᠭᠠᠬᠤ ᠪᠠᠶᠢᠭᠤᠯᠭ᠎ᠠ ᠡᠴᠡ ᠬᠤᠵᠢᠮ ᠡᠶᠢᠮᠦ ᠬᠡᠯᠪᠡᠷᠢ ᠶᠢᠨ ᠠᠵᠢᠯᠯᠠᠭ᠎ᠠ ᠶᠢ ᠨᠡᠩ ᠤᠯᠠᠨ ᠡᠷᠬᠢᠯᠡᠵᠦ᠂ ᠪᠠᠶᠢᠴᠠᠭᠠᠬᠤ ᠬᠤᠷᠢᠶ᠎ᠠ ᠪᠠ ᠰᠤᠷᠭᠠᠭᠤᠯᠢ ᠶᠢᠨ ᠬᠠᠮᠳᠤᠷᠠᠯᠴᠠᠭ᠎ᠠ ᠶᠢ ᠴᠢᠩᠭᠠᠳᠬᠠᠵᠤ᠂ ᠬᠠᠥᠯᠢ ᠪᠠᠷ ᠵᠠᠰᠠᠬᠤ ᠰᠤᠷᠭᠠᠨ ᠬᠦᠮᠦᠵᠢᠯ ᠢ ᠰᠤᠷᠤᠭᠴᠢᠳ ᠤᠨ ᠡᠳᠦᠷ ᠲᠤᠳᠤᠮ ᠤᠨ ᠰᠤᠷᠭᠠᠨ ᠬᠦᠮᠦᠵᠢᠯ ᠦᠨ ᠨᠢᠭᠡ ᠬᠡᠰᠡᠭ ᠪᠤᠯᠭᠠᠵᠤ᠂ ᠰᠤᠷᠭᠠᠭᠤᠯᠢ ᠳᠤ ᠰᠠᠭᠤᠭ᠎ᠠ ᠰᠤᠷᠤᠭᠴᠢᠳ ᠤᠨ ᠰᠠᠨᠠᠭᠠᠴᠢᠯᠠᠭ᠎ᠠ ᠡᠴᠡ ᠪᠡᠨ ᠬᠠᠥᠯᠢ ᠶᠢ ᠰᠠᠬᠢᠬᠤ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ‍ᠣ ᠠᠮᠤᠷ ᠲᠦᠪᠰᠢᠨ ᠪᠠ ᠰᠤᠷᠭᠠᠭᠤᠯᠢ ᠳᠤ ᠰᠠᠭᠤᠭ᠎ᠠ ᠰᠤᠷᠤᠭᠴᠢᠳ ᠤᠨ ᠪᠡᠶ᠎ᠡ ᠮᠠᠬᠠᠪᠤᠳ ᠤᠨ ᠠᠮᠤᠷ ᠲᠦᠪᠰᠢᠨ ᠢ ᠠᠬᠢᠭᠤᠯᠤᠶ᠎ᠠ ᠭᠡᠵᠦ ᠢᠯᠡᠷᠬᠡᠶᠢᠯᠡᠵᠡᠢ᠃

    ᠲᠠᠶᠢᠯᠤᠮᠵᠢ ᠲᠠᠭᠤᠰᠤᠭᠰᠠᠨ ‍ᠣ ᠲᠠᠷᠠᠭ᠎ᠠ᠂ ᠪᠦᠬᠦᠳᠡᠭᠡᠷ ᠢᠶᠡᠨ ᠬᠠᠮᠳᠤ  ᠪᠠᠷ ᠬᠦᠬᠡᠬᠤᠳᠠ ᠶᠢᠨ ᠪᠠᠶᠢᠴᠠᠭᠠᠬᠤ ᠬᠤᠷᠢᠶᠠᠨ ‍ᠣ ᠵᠠᠯᠠᠭᠤᠴᠤᠳ ᠪᠠᠭᠠᠴᠤᠳ ᠤᠨ ᠬᠠᠥᠯᠢ ᠲᠦᠷᠢᠮ ᠦᠨ ᠬᠦᠮᠦᠵᠢᠯ ᠦᠨ ᠰᠠᠭᠤᠷᠢᠨ ᠭᠠᠵᠠᠷ ᠢ ᠲᠤᠭᠤᠷᠢᠨ ᠦᠵᠡᠵᠡᠢ᠃

 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro