ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠬᠠᠤᠯᠢ ᠶᠢᠨ ᠬᠦᠮᠦᠵᠢᠯ ᠰᠤᠷᠭᠠᠭᠤᠯᠢ ᠶᠢᠨ ᠬᠦᠷᠢᠶᠡᠨ ᠳᠤ

2017-07-28 11:04:37
ᠵᠣᠬᠢᠶᠠᠭᠴᠢ
ᠤᠷᠠᠨᠳᠠᠨ᠎ᠠ

20170419023506461.jpg


20170419023506559.jpg

    ᠵᠠᠯᠠᠭᠤ ᠪᠠᠭᠠᠴᠤᠳ ᠤᠨ ᠦᠪᠡᠷ ᠢ ᠪᠠᠨ ᠬᠠᠮᠠᠭᠠᠯᠠᠬᠤ ᠦᠵᠡᠯ ᠤᠬᠠᠮᠰᠠᠷ᠂ ᠥᠪᠡᠷ ᠢ ᠪᠠᠨ ᠬᠠᠮᠠᠭᠠᠯᠠᠬᠤ ᠴᠢᠳᠠᠪᠦᠷᠢ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠰᠤᠶᠤᠯ ᠪᠣᠯᠪᠠᠰᠤᠷᠠᠯ ᠢ ᠲᠠᠨᠢᠭᠤᠯᠬᠤ ᠪᠣᠯ ᠪᠠᠰᠠ ᠨᠢᠭᠡᠨ ᠵᠠᠩᠭᠢᠯᠠᠭ᠎ᠠ ᠪᠣᠯᠬᠤ ᠶᠤᠮ᠃ ᠤᠶᠢᠷ᠎ᠠ ᠳᠤ᠂ ᠡᠨᠡ ᠬᠦ ᠵᠤᠷᠢᠯᠭ᠎ᠠ ᠶᠢ ᠪᠡᠶᠡᠯᠡᠭᠦᠯᠬᠦ ᠶᠢᠨ ᠲᠤᠯᠠᠳᠠ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠢᠨ ᠶᠡᠭᠡ ᠯᠡ ᠶᠠᠭᠠᠷᠠᠯᠲᠠᠢ ᠪᠠᠶᠢᠯ᠎ᠠ᠃

20170419023508397.jpg

20170419023506639.jpg 

20170419023507988.jpg


20170419023507512.jpg

   ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠪᠣᠯ ᠪᠤᠭᠤᠲᠤ ᠬᠤᠲᠠ ᠶᠢᠨ ᠴᠣᠷ ᠤᠨ ᠭᠠᠭᠴᠠ ᠮᠤᠩᠭᠤᠯ ᠦᠨᠳᠦᠰᠦᠲᠡᠨ ᠢᠶᠠᠷ ᠭᠤᠤᠯᠯᠠᠨ᠂ ᠣᠯᠠᠨ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠴᠥᠭᠡᠨ ᠲᠣᠭᠠᠲᠤ ᠦᠨᠳᠦᠰᠦᠲᠡᠨ ᠤ ᠬᠢᠯᠢ ᠳᠠᠭᠠᠤ ᠬᠤᠰᠢᠭᠤ ᠶᠤᠮ᠃ ᠶᠠᠭ ᠡᠶᠢᠮᠦ ᠤᠴᠢᠷ ᠠᠴᠠ ᠴᠦᠭᠡᠨ ᠲᠣᠭᠠᠲᠤ ᠦᠨᠳᠦᠰᠦᠲᠡᠨ ᠤ ᠪᠠᠭᠠᠴᠤᠳ ᠵᠠᠯᠠᠭᠤᠴᠤᠳ ᠢ ᠬᠠᠯᠠᠮᠵᠢᠯᠠᠵᠤ᠂ ᠬᠠᠤᠯᠢ ᠴᠠᠭᠠᠵᠠ ᠶᠢᠨ ᠣᠶᠢᠯᠠᠭᠠᠭᠲᠠᠬᠤᠨ ᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠨᠢ ᠮᠦᠨ ᠴᠦ ᠪᠠᠶᠢᠴᠠᠭᠠᠬᠤ ᠬᠤᠷᠢᠶᠠᠨ ᠤ ᠡᠭᠦᠷᠭᠡ ᠪᠣᠯᠬᠤ ᠶᠤᠮ᠃ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠨᠡ ᠬᠦ ᠠᠵᠢᠯ ᠢ ᠮᠠᠰᠢ ᠴᠢᠬᠤᠯᠠᠴᠢᠯᠠᠵᠤ᠂ 《 ᠨᠠᠰᠤᠨ ᠳᠤ ᠦᠯᠦ  ᠬᠦᠷᠦᠭᠰᠡᠳ ᠤᠨ ᠪᠠᠶᠢᠴᠠᠭᠠᠬᠤ ᠠᠵᠢᠯ ᠳᠤ  ᠭᠦᠨᠵᠡᠭᠡᠶᠢᠷᠡᠬᠦ᠂  ᠬᠠᠤᠯᠢ ᠴᠠᠭᠠᠵᠠ ᠲᠠᠢ ᠳᠣᠲᠤᠨᠤᠰᠢᠬᠤ᠂ ᠦᠨᠳᠦᠰᠦᠲᠡᠨ ᠤ ᠪᠦᠯᠬᠦᠮᠳᠡᠯ ᠢ ᠴᠢᠬᠤᠯᠠᠴᠢᠯᠠᠬᠤ 》ᠬᠡᠮᠡᠬᠦ ᠭᠤᠣᠯ  ᠱᠤᠭᠤᠮ ᠢ ᠠᠳᠬᠤᠵᠤ᠂  ᠬᠤᠰᠢᠭᠤᠨ ᠤ ᠮᠣᠩᠭᠤᠯ  ᠦᠨᠳᠦᠰᠦᠲᠡᠨ ᠤ ᠰᠤᠷᠭᠠᠭᠤᠯᠢ ᠳᠤ ᠬᠦᠷᠴᠦ ᠨᠢᠭᠡᠨ ᠤᠳᠠᠭᠠᠨ ᠤ ᠪᠠᠶᠠᠯᠢᠭ ᠠᠭᠤᠯᠭ᠎ᠠ ᠲᠠᠢ ᠬᠠᠤᠯᠢ ᠶᠢᠨ ᠬᠦᠮᠦᠵᠢᠯ ᠤᠨ ᠬᠢᠴᠢᠶᠡᠯ ᠤᠷᠤᠭᠰᠠᠨ  ᠪᠠᠶᠢᠨ᠎ᠠ᠃  ᠶᠠᠷᠢᠶᠠᠨ ᠦᠭᠡᠢ  ᠡᠨᠡ ᠬᠦ ᠡᠭᠦᠷᠭᠡ ᠨᠢ ᠬᠤᠣᠰ ᠬᠡᠯᠡᠨ ᠤ ᠪᠠᠶᠢᠴᠠᠭᠠᠬᠤ ᠠᠵᠢᠯᠲᠠᠨ ᠤ ᠮᠦᠷᠦᠨ ᠳᠡᠭᠡᠷ᠎ᠡ ᠲᠠᠯᠪᠢᠭᠳᠠᠬᠤ ᠨᠢ ᠳᠠᠮᠵᠢᠭ ᠦᠭᠡᠢ᠃ ᠶᠠᠭᠤᠨ ᠤ ᠤᠷᠢᠳ ᠰᠣᠷᠣᠭᠴᠢᠳ ᠲᠤ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠨᠡᠶᠢᠲᠡ ᠶᠢᠨ ᠠᠰᠢᠭᠲᠤ ᠤᠬᠠᠭᠤᠯᠭ᠎ᠠ ᠶᠢᠨ ᠹᠢᠯᠢᠮ ᠢ ᠰᠣᠨᠢᠷᠬᠠᠭᠤᠯᠬᠤ ᠪᠠᠷ ᠳᠠᠮᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠡᠰᠡᠷᠭᠦᠴᠡᠵᠦ᠂ ᠬᠡᠷᠬᠢᠨ ᠦᠪᠡᠷ ᠢ ᠪᠠᠨ ᠬᠠᠮᠠᠭᠠᠯᠠᠬᠤ᠂ ᠡᠪ ᠨᠠᠶᠢᠷᠲᠠᠢ ᠰᠤᠷᠤᠯᠴᠠᠯᠭ᠎ᠠ ᠶᠢᠨ ᠤᠷᠴᠢᠨ ᠲᠤᠭᠤᠷᠢᠨ ᠨᠢ ᠶᠠᠭᠤᠲᠠᠢ ᠴᠢᠬᠤᠯᠠ ᠪᠠᠶᠢᠳᠠᠭ ᠭᠡᠳᠡᠭ ᠢ ᠤᠶᠢᠯᠠᠭᠠᠭᠤᠯᠤᠭᠰᠠᠨ ᠪᠠᠶᠢᠨ᠎ᠠ᠃ ᠳᠠᠬᠢᠪᠠᠯ᠂ ᠪᠠᠶᠢᠴᠠᠭᠠᠭᠴᠢ ᠨᠠᠷ ᠰᠣᠷᠣᠭᠴᠢᠳ ᠤᠨ ᠬᠠᠤᠯᠢ ᠶᠢᠨ ᠮᠡᠳᠡᠯᠭᠡ ᠶᠢ ᠰᠤᠷᠤᠯᠴᠠᠬᠤ ᠤᠷᠮ᠎ᠠ ᠵᠣᠷᠢᠭ ᠢ ᠬᠥᠭᠵᠢᠭᠦᠯᠬᠦ ᠶᠢᠨ ᠲᠥᠯᠦᠭᠡ ᠠᠰᠠᠭᠤᠵᠤ ᠬᠠᠷᠢᠭᠤᠯᠬᠤ ᠬᠡᠯᠪᠡᠷᠢ ᠪᠠᠷ ᠲᠡᠳᠡᠨ ᠲᠠᠢ ᠪᠤᠳᠤᠯ  ᠰᠠᠨᠠᠯ ᠢᠶᠠᠨ ᠰᠣᠯᠢᠯᠴᠠᠵᠤ᠂  ᠰᠤᠷᠤᠭᠴᠢᠳ ᠤᠨ ᠰᠣᠨᠢᠭᠤᠴᠢᠵᠤ ᠪᠠᠶᠢᠭ᠎ᠠ ᠵᠦᠢᠯ ᠢ ᠲᠠᠶᠢᠯᠪᠤᠷᠢᠯᠠᠵᠤ ᠥᠭᠭᠦᠭᠰᠡᠨ ᠶᠤᠮ᠃ ᠰᠤᠷᠤᠭᠴᠢᠳ ᠤᠨ ᠢᠳᠡᠪᠬᠢᠵᠢᠯ ᠮᠠᠰᠢ ᠥᠨᠳᠥᠷ ᠪᠠᠶᠢᠵᠤ᠂  ᠠᠷᠤ ᠠᠷᠤ ᠠᠴᠠ ᠪᠠᠨ ᠭᠠᠷ ᠡᠷᠭᠦᠨ ᠠᠰᠠᠭᠤᠵᠤ ᠪᠠᠶᠢᠯ᠎ᠠ᠃ ᠨᠡᠩ ᠢᠯᠠᠩᠭᠤᠶ᠎ᠠ ᠳᠣᠣᠷ᠎ᠠ ᠠᠩᠭᠢ ᠶᠢᠨ ᠬᠡᠳᠦᠨ ᠨᠥᠬᠦᠳ ᠰᠠᠶᠢᠨ ᠳᠤᠷ᠎ᠠ ᠠᠴᠠ ᠪᠠᠨ ᠲᠠᠶᠢᠰᠠᠨ ᠳᠤ ᠭᠠᠷᠴᠤ ᠰᠤᠷᠭᠠᠭᠤᠯᠢ ᠶᠢᠨ ᠬᠦᠷᠢᠶᠡᠨ ᠤ ᠳᠠᠷᠤᠯᠠᠯ ᠢᠶᠠᠷ ᠰᠡᠳᠦᠪᠯᠡᠨ ᠶᠠᠷᠢᠶᠠᠲᠤ ᠵᠦᠴᠦᠭᠡ ᠲᠤᠭᠯᠠᠭᠰᠠᠨ ᠨᠢ ᠡᠭᠦᠨ  ᠤ ᠲᠤᠬᠠᠢ ᠣᠶᠢᠯᠠᠭᠠᠯᠲᠠ ᠶᠢ ᠤᠯᠠᠮ ᠭᠦᠨᠵᠡᠭᠡᠶᠢᠷᠡᠭᠦᠯᠦᠭᠰᠡᠨ ᠶᠤᠮ᠃ ᠡᠴᠦᠰ ᠲᠤ᠂ ᠰᠤᠷᠤᠭᠴᠢᠳ ᠬᠠᠮᠲᠤ ᠪᠠᠷ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠰᠦᠯᠳᠡ ᠳᠠᠭᠤᠤ ᠪᠠᠨ ᠬᠠᠩᠭᠢᠨᠠᠭᠤᠯᠵᠤ᠂ ᠬᠢᠴᠢᠶᠡᠯᠯᠡᠬᠦ ᠪᠠᠷ ᠢᠷᠡᠭᠰᠡᠨ ᠪᠠᠶᠢᠴᠠᠭᠠᠭᠴᠢ ᠨᠠᠷ ᠲᠤ ᠲᠠᠯᠠᠷᠬᠠᠯ ᠤᠨ ᠰᠡᠳᠬᠢᠯ ᠢᠶᠠᠨ ᠢᠯᠡᠳᠬᠡᠭᠰᠡᠨ ᠪᠠᠶᠢᠨ᠎ᠠ᠃ ᠡᠶᠢᠨ ᠬᠦ ᠡᠨᠡ ᠤᠳᠠᠭᠠᠨ ᠤ ᠬᠠᠤᠯᠢ ᠶᠢᠨ ᠬᠦᠮᠦᠵᠢᠯ ᠤᠨ ᠬᠢᠴᠢᠶᠡᠯ ᠨᠢ ᠮᠠᠰᠢ ᠬᠦᠭᠵᠢᠯᠲᠡᠢ ᠪᠣᠯᠤᠭᠰᠠᠨ ᠶᠤᠮ᠃

20170419023507172.jpg

    ᠡᠨᠡ ᠤᠳᠠᠭᠠᠨ ᠤ ᠬᠦᠳᠡᠯᠭᠡᠭᠡᠨ ᠨᠢ ᠥᠰᠪᠦᠷᠢ ᠶᠢᠨ ᠪᠠᠭᠠᠴᠤᠳ ᠲᠤ ᠶᠠᠯ᠎ᠠ ᠬᠢᠬᠦ ᠠᠴᠠ ᠬᠤᠯᠠᠬᠠᠨ ᠪᠠᠶᠢᠬᠤ ᠶᠢ ᠰᠡᠷᠡᠮᠵᠢᠯᠡᠭᠦᠯᠵᠦ᠂ ᠲᠡᠷᠡᠴᠢᠯᠡᠨ ᠦᠪᠡᠷ ᠢ ᠪᠠᠨ ᠬᠠᠶᠢᠷᠠᠯᠠᠨ  ᠥᠪᠡᠷ ᠢ ᠪᠠᠨ ᠢᠲᠡᠭᠡᠵᠦ ᠂ ᠰᠠᠬᠢᠯᠭ᠎ᠠ ᠶᠢ ᠵᠢᠷᠤᠮᠯᠠᠨ ᠴᠢᠷᠮᠠᠶᠢᠨ ᠰᠤᠷᠤᠯᠴᠠᠬᠤ ᠵᠥᠪ ᠶᠢᠷᠲᠢᠨᠴᠦ ᠶᠢᠨ ᠦᠵᠡᠯᠲᠡ᠂ ᠦᠷᠲᠡᠭ ᠤᠨ ᠦᠵᠡᠯᠲᠡ᠂ ᠬᠠᠤᠯᠢ ᠴᠠᠭᠠᠵᠠ ᠶᠢᠨ ᠦᠵᠡᠯᠲᠡ ᠶᠢ ᠲᠠᠨᠢᠭᠤᠯᠵᠤ᠂  ᠲᠡᠳᠡᠨ ᠤ ᠬᠤᠶᠢᠰᠢᠳᠠ ᠶᠢᠨ ᠰᠤᠷᠤᠯᠴᠠᠯᠭ᠎ᠠ  ᠠᠮᠢᠳᠤᠷᠠᠯ ᠳᠤᠮᠳᠠ ᠨᠢ ᠵᠣᠷᠢᠭᠵᠢᠭᠤᠯᠤᠯ ᠪᠣᠯᠤᠭᠰᠠᠨ ᠪᠠᠶᠢᠨ᠎ᠠ᠃


ᠢᠷᠡᠯᠲᠡ
ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro