ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠮᠠ ᠶᠦᠩ ᠱᠧᠩ ᠲᠦᠷᠪᠡᠳ ᠬᠤᠰᠢᠭᠤ ᠪᠠ ᠦᠴᠦᠸᠠᠨ ᠰᠢᠶᠠᠨ ‍ᠣ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠨ ᠪᠠᠶᠢᠴᠠᠭᠠᠨ ᠰᠣᠳᠣᠯᠣᠯᠳᠠ ᠬᠢᠵᠦ ᠠᠵᠢᠯ ᠵᠢᠯᠤᠭᠤᠳᠪᠠ

2017-06-12 10:13:33
ᠵᠣᠬᠢᠶᠠᠭᠴᠢ
ᠡᠷᠬᠡ

W020170606331858224868.jpg    

    6 ᠰᠠᠷ᠎ᠠ ᠶᠢᠨ 1 ‍ᠣ ᠡᠳᠦᠷ᠂  ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠤᠯᠠᠭᠠᠨᠴᠠᠪ ᠬᠤᠳᠠ ᠶᠢᠨ ᠲᠦᠷᠪᠡᠳ ᠬᠤᠰᠢᠭᠤᠨ ᠤ ᠪᠠᠶᠢᠴᠠᠭᠠᠬᠤ ᠬᠤᠷᠢᠶ᠎ᠠ ᠪᠠ ᠬᠦᠬᠡᠬᠤᠳᠠ ᠶᠢᠨ ᠦᠴᠦᠸᠠᠨ ᠰᠢᠶᠠᠨ ‍ᠣ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠵᠦ ᠠᠵᠢᠯ  ᠵᠢᠯᠤᠭᠤᠳᠪᠠ᠃ ᠮᠠ ᠶᠦᠩ ᠱᠧᠩ ᠤᠷᠢᠳ ᠬᠤᠵᠢᠳ ᠲᠦᠷᠪᠡᠳ ᠬᠤᠰᠢᠭᠤᠨ ‍ᠣ ᠪᠠᠶᠢᠴᠠᠭᠠᠬᠤ ᠬᠤᠷᠢᠶ᠎ᠠ ᠪᠠ ᠦᠴᠦᠸᠠᠨ ᠰᠢᠶᠠᠨ ‍ᠣ  ᠪᠠᠶᠢᠴᠠᠭᠠᠬᠤ ᠬᠤᠷᠢᠶᠠᠨ ‍ᠣ ᠠᠵᠢᠯ ᠤᠨ ᠮᠡᠳᠡᠭᠦᠯᠦᠯᠳᠡ ᠶᠢ ᠰᠤᠨᠤᠰᠴᠤ᠂ ᠪᠠᠶᠢᠴᠠᠭᠠᠬᠤ ᠺᠠᠳ᠋ᠷ ᠴᠠᠭᠳᠠᠭ᠎ᠠ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠠᠢ᠃

W020170606331858996605.jpg

    ᠰᠠᠭᠤᠳᠠᠯ ᠤᠨ ᠬᠤᠷᠠᠯ ᠲᠡᠭᠡᠷ᠎ᠡ᠂ ᠮᠠ ᠶᠦᠩ ᠱᠧᠩ ᠬᠤᠶᠠᠷ ᠪᠠᠶᠢᠴᠠᠭᠠᠬᠤ ᠬᠤᠷᠢᠶᠠᠨ ‍ᠣ ᠠᠵᠢᠯ ᠢ ᠭᠦᠢᠴᠡᠳ ᠨᠤᠲᠠᠯᠠᠵᠠᠢ ᠃ ᠲᠡᠷᠡ ᠢᠯᠡᠷᠬᠡᠶᠢᠯᠡᠭᠰᠡᠨ ᠨᠢ ᠂ ᠲᠦᠷᠪᠡᠳ ᠬᠤᠰᠢᠭᠤᠨ ᠤ  ᠪᠠᠶᠢᠴᠠᠭᠠᠬᠤ ᠬᠣᠷᠢᠶ᠎ᠠ  ᠶᠢᠨ ᠬᠣᠷᠢᠶᠠᠨ  ᠤ ᠳᠦᠷᠢ ᠳᠦᠷᠬᠦ ᠪᠠ ᠺᠠᠳ᠋ᠷ ᠴᠠᠭᠳᠠᠭ᠎ᠠ  ᠶᠢᠨ ᠦᠵᠡᠯ ᠰᠠᠨᠠᠭ᠎ᠠ ᠴᠣᠭ ᠵᠢᠪᠬᠤᠭ᠎ᠠ ᠴᠦᠮ ᠮᠠᠰᠢ ᠰᠠᠶᠢᠨ ᠪᠠᠶᠢᠵᠤ᠂ ᠠᠵᠢᠯ  ᠤᠨ ᠲᠠᠯ᠎ᠠ  ᠪᠠᠷ ᠰᠡᠳᠭᠢᠴᠡ ᠲᠠᠢ᠂ ᠡᠭᠦᠳᠦᠯᠲᠡ ᠲᠠᠢ᠂ ᠬᠦᠭᠵᠢᠯᠲᠡ ᠲᠠᠢ᠂ ᠠᠵᠢᠯ ᠤᠨ ᠵᠣᠷᠢᠭ ᠰᠢᠭᠤᠳᠠᠯ ᠡᠷᠡᠰ ᠴᠢᠩᠭ᠎ᠠ ᠪᠠᠶᠢᠨ᠎ᠠ᠃ ᠨᠢᠭᠡ ᠳᠦ᠂《ᠬᠣᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ》ᠰᠤᠷᠤᠯᠴᠠᠯᠭ᠎ᠠ ᠬᠦᠮᠦᠵᠢᠯ ᠢ ᠲᠦᠯᠬᠢᠨ ᠠᠬᠢᠭᠤᠯᠬᠤ ᠲᠠᠯ᠎ᠠ ᠪᠠᠷ ᠭᠦᠢᠴᠡᠳ ᠪᠠᠶᠢᠨ᠎ᠠ︔ ᠬᠣᠶᠠᠷ ᠲᠤ᠂ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ ᠭᠣᠣᠯᠳᠠᠯᠭ᠎ᠠ  ᠪᠠᠨ ᠠᠳᠬᠣᠵᠤ ᠴᠢᠳᠠᠵᠠᠢ︔ ᠭᠤᠷᠪᠠ ᠳᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠤᠬᠠᠭᠤᠯᠬᠤ ᠲᠠᠯ᠎ᠠ ᠪᠠᠷ ᠰᠢᠨ᠎ᠡ ᠡᠭᠦᠳᠦᠯᠲᠡ ᠲᠠᠢ ︔ ᠳᠦᠷᠪᠡ ᠳᠦ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠲᠠᠯ᠎ᠠ  ᠪᠠᠷ ᠦᠪᠡᠷᠮᠢᠴᠡ ᠣᠨᠴᠠᠯᠢᠭ ᠲᠠᠢ ᠃ ᠮᠠ ᠶᠥᠩ ᠱᠧᠩ ᠲᠤᠰ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ  ᠤᠨ ᠳᠤᠷᠠᠳᠤᠭᠰᠠᠨ《ᠭᠤᠷᠪᠠᠨ ᠵᠦᠢᠯ  ᠦᠨ ᠴᠢᠳᠠᠪᠤᠷᠢ》ᠳᠠᠷᠤᠢ ᠬᠠᠤᠯᠢ ᠪᠠᠷ ᠵᠠᠰᠠᠬᠤ ᠬᠡᠯᠪᠡᠷᠢ ᠪᠠᠷ ᠲᠣᠭᠲᠠᠭᠤᠨ ᠢ ᠬᠠᠮᠠᠭᠠᠯᠠᠬᠤ ᠴᠢᠳᠠᠪᠤᠷᠢ᠂ ᠬᠦᠨᠳᠦ ᠶᠡᠬᠡ ᠬᠡᠷᠡᠭ ᠦᠨ ᠲᠤᠬᠠᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠡᠵᠡᠮᠳᠡᠬᠦ ᠴᠢᠳᠠᠪᠤᠷᠢ᠂ ᠠᠷᠠᠳ ᠢᠷᠭᠡᠨ ᠳᠦ ᠶᠣᠰᠤ ᠶᠠᠷᠢᠵᠤ ᠬᠠᠤᠯᠢ ᠲᠠᠶᠢᠯᠪᠤᠷᠢᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠳᠤᠷᠠᠳᠤᠯᠭ᠎ᠠ ᠶᠢ ᠭᠦᠢᠴᠡᠳ ᠨᠤᠲᠠᠯᠠᠵᠠᠢ ᠃

W020170606331859833067.jpg

    ᠮᠠ ᠶᠦᠩ ᠱᠧᠩ ᠪᠠᠰᠠ ᠦᠴᠦᠸᠠᠨ ᠰᠢᠶᠠᠨ ‍ᠣ ᠪᠠᠶᠢᠴᠠᠭᠠᠬᠤ ᠬᠤᠷᠢᠶᠠᠨ ᠤ ᠠᠵᠢᠯ ᠤᠨ ᠭᠢᠯᠠᠰ ᠴᠡᠭ  ᠲᠦ ᠭᠦᠢᠴᠡᠳ ᠨᠤᠲᠠᠯᠠᠯᠲᠠ ᠦᠭᠴᠡᠢ᠃ ᠨᠢᠭᠡ ᠳᠦ᠂ ᠨᠠᠮ ᠤᠨ ᠪᠠᠶᠢᠭᠤᠯᠤᠯᠲᠠ ᠪᠣᠯᠤᠨ ᠪᠠᠶᠢᠴᠠᠭᠠᠬᠤ ᠠᠵᠢᠯ ᠢ ᠨᠢᠭᠲᠠ ᠤᠶᠠᠯᠳᠤᠭᠤᠯᠵᠠᠢ︔ ᠬᠣᠶᠠᠷ ᠲᠤ᠂ ᠰᠣᠮᠤ ᠰᠢᠶᠠᠩ ᠳᠤ ᠲᠣᠮᠢᠯᠠᠨ ᠰᠠᠭᠤᠭ᠎ᠠ ᠪᠠᠶᠢᠴᠠᠭᠠᠬᠤ ᠭᠡᠷ ᠦᠨ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢᠨ ᠪᠠᠷᠢᠮᠵᠢᠶ᠎ᠠ ᠨᠢ ᠦᠨᠳᠦᠷ ᠪᠠᠶᠢᠨ᠎ᠠ᠃ ᠭᠤᠷᠪᠠ ᠳᠤ᠂ ᠢᠳᠡᠪᠬᠢᠲᠠᠢ ᠰᠠᠨᠠᠭᠠᠴᠢᠯᠠᠭ᠎ᠠ ᠲᠠᠢ ᠪᠠᠷ ᠨᠡᠶᠢᠲᠡ ᠶᠢᠨ ᠠᠰᠢᠭᠲᠤ ᠵᠠᠷᠭᠤ ᠶᠢᠨ ᠲᠤᠷᠰᠢᠯᠲᠠ ᠶᠢᠨ ᠴᠢᠭ᠋ ᠦᠨ ᠠᠵᠢᠯ ᠢ ᠦᠷᠨᠢᠭᠦᠯᠵᠡᠢ︔ ᠳᠦᠷᠪᠡ  ᠳᠦ᠂ ᠬᠠᠤᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠲᠡ ᠶᠢ ᠡᠷᠡᠭᠦᠯ ᠪᠦᠭᠡᠳ ᠲᠣᠭᠲᠠᠭᠤᠨ ᠢᠶᠠᠷ ᠲᠦᠯᠬᠢᠨ ᠠᠬᠢᠭᠤᠯᠵᠠᠢ᠃

W020170606331862304533.jpg

    ᠮᠠ ᠶᠦᠩ ᠱᠧᠩ ᠳᠠᠷᠠᠭᠠᠴᠢ ᠶᠢᠨ ᠪᠠᠶᠢᠴᠠᠭᠠᠬᠤ ᠠᠵᠢᠯ  ᠳᠤ ᠵᠢᠷᠭᠤᠭᠠᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠄《ᠬᠣᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ  ᠤᠨ ᠭᠡᠰᠢᠭᠦᠨ ᠪᠣᠯᠬᠤ》ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠭᠤᠯᠤᠯᠲᠠ᠂ ᠳᠦᠷᠢᠮᠵᠢᠭᠦᠯᠦᠯᠲᠡ ᠶᠢ ᠭᠦᠨᠵᠡᠭᠡᠢ ᠲᠦᠯᠬᠢᠨ ᠠᠬᠢᠭᠤᠯᠬᠤ ᠬᠡᠷᠡᠭᠲᠡᠢ︔ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ︔ ᠬᠠᠤᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠲᠦᠯᠬᠢᠨ ᠠᠬᠢᠭᠤᠯᠬᠤ ᠬᠡᠷᠡᠭᠲᠡᠢ︔ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ  ᠤᠨ ᠦᠭᠡᠷᠡᠴᠢᠯᠡᠯᠲᠡ ᠶᠢ ᠡᠷᠡᠰ  ᠢᠶᠡᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ ᠨᠡᠶᠢᠲᠡ ᠶᠢᠨ ᠠᠰᠢᠭᠲᠤ ᠵᠠᠷᠭᠤ ᠶᠢᠨ ᠲᠤᠷᠰᠢᠯᠲᠠ ᠶᠢᠨ ᠴᠢᠭ᠋ ᠦᠨ ᠠᠵᠢᠯ ᠢ ᠦᠷᠭᠦᠯᠵᠢᠯᠡᠨ ᠴᠢᠩᠭ᠎ᠠ ᠠᠳᠬᠤᠬᠤ ᠬᠡᠷᠡᠭᠲᠡᠢ︔ ᠭᠣᠣᠯᠳᠠᠯᠭ᠎ᠠ ᠶᠢᠨ ᠲᠣᠭᠤᠷᠢᠨ ᠳᠤ᠂ ᠪᠦᠬᠦ ᠲᠠᠯ᠎ᠠ ᠳᠤ ᠦᠢᠯᠡᠴᠢᠯᠡᠬᠦ ᠶᠢ ᠪᠠᠷᠢᠮᠳᠠᠯᠠᠬᠤ ᠬᠡᠷᠡᠭᠲᠡᠢ᠃

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro