ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠨᠠᠷ ᠤᠷᠢᠯᠭ᠎ᠠ ᠪᠠᠷ ᠦᠪᠦᠷ ᠮᠤᠩᠭᠤᠯ ᠤᠨ ᠪᠠᠶᠢᠴᠠᠭᠠᠬᠤ ᠠᠵᠢᠯ ᠢ ᠪᠠᠶᠢᠴᠠᠭᠠᠨ ᠦᠵᠡᠪᠡ
︽ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠠᠵᠤ ᠠᠬᠤᠢ ᠨᠡᠶᠢᠭᠡᠮ ᠦᠨ ᠬᠦᠭᠵᠢᠯᠳᠡ ᠶᠢᠨ ᠪᠦᠬᠦ ᠲᠠᠯ᠎ᠠ ᠶᠢᠨ ᠲᠤᠭᠤᠷᠢᠨ ᠳᠤ᠂ ︿ᠨᠢᠭᠡ ᠪᠦᠰᠡ ᠨᠢᠭᠡ ᠵᠠᠮ﹀ ᠤᠨ ᠪᠦᠳᠦᠭᠡᠨ ᠪᠠᠶᠢᠭᠤᠯᠤᠯᠳᠠ ᠲᠠᠢ ᠤᠶᠠᠯᠳᠤᠵᠤ᠂ ᠠᠵᠢᠯ ᠢᠶᠠᠨ ᠲᠤᠬᠢᠳᠠᠢ ᠦᠷᠨᠢᠭᠦᠯᠦᠨ ᠦᠷ᠎ᠡ ᠪᠦᠳᠦᠮᠵᠢ ᠢᠯᠡᠷᠬᠡᠢ ᠪᠠᠶᠢᠨ᠎ᠠ︾᠃ 9 ᠰᠠᠷ᠎ᠠ ᠶᠢᠨ 12 ᠣ ᠡᠳᠦᠷ᠂ 14 ᠨᠡᠷᠡᠰ ᠴᠢᠯᠦᠭᠡᠯᠡᠬᠦ ᠴᠡᠷᠢᠭ ᠦᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠦᠪᠦᠷ ᠮᠤᠩᠭᠤᠯ ᠳᠤ ᠰᠠᠭᠠᠳᠠᠵᠤ᠂ 4 ᠡᠳᠦᠷ ᠦᠨ ᠬᠤᠭᠤᠴᠠᠭ᠎ᠠ ᠶᠢ ᠬᠡᠷᠡᠭᠰᠡᠨ ᠪᠠᠶᠢᠴᠠᠭᠠᠨ ᠦᠵᠡᠪᠡ᠃ ᠪᠠᠶᠢᠴᠠᠭᠠᠬᠤ ᠪᠠᠶᠢᠭᠤᠯᠭ᠎ᠠ ᠶᠢᠨ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠠ ᠳᠦ ᠦᠢᠯᠡᠴᠢᠯᠡᠭᠰᠡᠨ ᠪᠠ ᠪᠠᠳᠤᠯᠠᠭ᠎ᠠ ᠬᠠᠩᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠤᠭᠰᠠᠨ ᠣ ᠲᠠᠷᠠᠭ᠎ᠠ ᠲᠦᠯᠦᠭᠡᠯᠡᠭᠴᠢ ᠡᠴᠡ ᠲᠡᠭᠡᠳᠦ ᠬᠡᠮᠵᠢᠶᠡᠨ ᠣ ᠦᠨᠡᠯᠡᠯᠳᠡ ᠦᠭᠴᠡᠢ᠃
ᠲᠤᠰ ᠤᠳᠠᠭᠠᠨ ᠣ ᠬᠦᠳᠡᠯᠭᠡᠭᠡᠨ ᠪᠤᠯ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠣ ᠨᠢᠭᠡᠳᠦᠯᠳᠡᠢ ᠲᠤᠬᠢᠷᠠᠭᠤᠯᠭ᠎ᠠ ᠪᠠᠷ ᠪᠠᠶᠢᠷᠢᠯᠠᠭᠤᠯᠵᠠᠢ᠃ 14 ᠨᠡᠷᠡᠰ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠦᠪᠦᠷ ᠮᠤᠩᠭᠤᠯ ᠤᠨ ᠭᠤᠷᠪᠠᠨ ᠱᠠᠳᠤᠨ ᠣ ᠪᠠᠶᠢᠴᠠᠭᠠᠬᠤ ᠬᠤᠷᠢᠶᠠᠨ ᠳᠤ ᠢᠷᠡᠵᠦ᠂ ᠪᠤᠳᠠᠳᠠᠢ ᠭᠠᠵᠠᠷ ᠲᠤ ᠰᠤᠷᠪᠤᠯᠵᠢᠯᠠᠬᠤ᠂ ᠰᠠᠭᠤᠳᠠᠯ ᠤᠨ ᠬᠤᠷᠠᠯ ᠡᠷᠬᠢᠯᠡᠨ ᠰᠠᠨᠠᠯ ᠢᠶᠠᠨ ᠰᠤᠯᠢᠯᠴᠠᠵᠤ᠂ ᠲᠤᠰᠬᠠᠢ ᠰᠡᠳᠦᠪᠳᠦ ᠹᠢᠯᠢᠮ ᠦᠵᠡᠬᠦ ᠵᠡᠷᠭᠡ ᠬᠡᠯᠪᠡᠷᠢ ᠪᠡᠷ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠤᠨᠤᠴᠢᠳᠠᠢ ᠦᠢᠯᠡᠴᠢᠯᠡᠬᠦ ᠤᠨᠤᠯ ᠢ ᠪᠠᠷᠢᠮᠳᠠᠯᠠᠵᠤ ᠪᠠᠶᠢᠭ᠎ᠠ ᠪᠠᠶᠢᠳᠠᠯ ᠢ ᠤᠶᠢᠯᠠᠭᠠᠨ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠣ ᠨᠠᠮ ᠤᠨ ᠬᠤᠷᠢᠶᠠᠨ ᠣ ᠭᠠᠳᠠᠭᠠᠳᠤ ᠲᠠᠢ ᠴᠢᠯᠦᠭᠡᠳᠡᠢ ᠶᠠᠪᠤᠯᠴᠠᠬᠤ ᠰᠢᠨ᠎ᠡ ᠪᠠᠶᠢᠷᠢᠰᠢᠯ ᠢ ᠲᠠᠷᠤᠢ ᠲᠦᠷᠭᠡᠨ ᠪᠤᠢ ᠪᠤᠯᠭᠠᠬᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠲᠠᠢ ᠰᠠᠨᠠᠭᠠᠴᠢᠯᠠᠭ᠎ᠠ ᠡᠴᠡ ᠪᠠᠨ ᠤᠶᠠᠯᠳᠤᠵᠤ᠂ ᠡᠭᠦᠷᠭᠡ ᠴᠢᠳᠠᠪᠬᠢ ᠪᠠᠨ ᠪᠦᠬᠦ ᠲᠠᠯ᠎ᠠ ᠪᠠᠷ ᠭᠦᠢᠴᠡᠳᠭᠡᠵᠦ᠂ ᠲᠤᠬᠠᠢ ᠶᠢᠨ ᠭᠠᠵᠠᠷ ᠤᠨ ᠭᠠᠳᠠᠭᠠᠳᠤ ᠲᠠᠢ ᠴᠢᠯᠤᠭᠡᠳᠡᠢ ᠶᠠᠪᠤᠯᠴᠠᠭᠰᠠᠨ ᠪᠠ ᠦᠭᠡᠷᠡᠴᠢᠯᠡᠯᠳᠡ ᠬᠦᠭᠵᠢᠯᠳᠡ ᠳᠦ ᠬᠦᠴᠦᠳᠡᠢ ᠬᠠᠥᠯᠢ ᠴᠠᠭᠠᠵᠠ ᠶᠢᠨ ᠪᠠᠳᠤᠯᠠᠭ᠎ᠠ ᠬᠠᠩᠭᠠᠭᠰᠠᠨ ᠵᠡᠷᠭᠡ ᠠᠵᠢᠯ ᠤᠨ ᠪᠠᠶᠢᠳᠠᠯ ᠢ ᠤᠶᠢᠯᠠᠭᠠᠵᠠᠢ᠃
9 ᠰᠠᠷ᠎ᠠ ᠶᠢᠨ 12 ᠣ ᠡᠳᠦᠷ᠂ ᠲᠦᠯᠦᠭᠡᠯᠡᠭᠴᠢᠳ ᠡᠴᠡ ᠤᠷᠢᠳ ᠬᠤᠵᠢᠳ ᠦᠪᠦᠷ ᠮᠤᠩᠭᠤᠯ ᠤᠨ ᠪᠠᠶᠢᠴᠠᠭᠠᠬᠤ ᠬᠤᠷᠢᠶ᠎ᠠ ᠪᠠ ᠬᠦᠬᠡᠬᠤᠲᠡ ᠲᠡᠮᠦᠷ ᠵᠠᠮ ᠲᠡᠭᠡᠭᠡᠪᠦᠷᠢ ᠶᠢᠨ ᠪᠠᠶᠢᠴᠠᠭᠠᠬᠤ ᠬᠤᠪᠢᠶᠠᠷᠢ ᠬᠤᠷᠢᠶᠠᠨ ᠳᠤ ᠰᠠᠭᠠᠳᠠᠵᠠᠢ᠃ ᠦᠪᠦᠷ ᠮᠤᠩᠭᠤᠯ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ᠣ ᠲᠡᠳ᠋ ᠡᠷᠬᠢᠯᠡᠭᠴᠢ ᠳ᠋ᠦ᠋ ᠽᠢ᠂ ᠦᠪᠦᠷ ᠮᠤᠩᠭᠤᠯ ᠤᠨ ᠪᠠᠶᠢᠴᠠᠭᠠᠬᠤ ᠬᠤᠷᠢᠶᠠᠨ ᠣ ᠪᠠᠶᠢᠴᠠᠭᠠᠬᠤ ᠲᠠᠷᠤᠭ᠎ᠠ ᠮᠠ ᠶᠦᠩ ᠱᠧᠩ ᠲᠦᠯᠦᠭᠡᠯᠡᠭᠴᠢ ᠨᠠᠷ ᠲᠠᠢ ᠰᠠᠭᠤᠳᠠᠯ ᠤᠨ ᠬᠤᠷᠠᠯ ᠡᠷᠬᠢᠯᠡᠵᠡᠢ᠃
ᠰᠠᠭᠤᠳᠠᠯ ᠤᠨ ᠬᠤᠷᠠᠯ ᠲᠡᠭᠡᠷ᠎ᠡ᠂ ᠦᠪᠦᠷ ᠮᠤᠩᠭᠤᠯ ᠤᠨ ᠪᠠᠶᠢᠴᠠᠭᠠᠬᠤ ᠬᠤᠷᠢᠶᠠᠨ ᠣ ᠲᠡᠳ᠋ ᠪᠠᠶᠢᠴᠠᠭᠠᠬᠤ ᠲᠠᠷᠤᠭ᠎ᠠ ᠵᠢᠶᠠᠨ ᠰᠢᠶᠣᠣ ᠸᠧᠨ᠂ ᠬᠦᠬᠡᠬᠤᠲᠡ ᠲᠡᠮᠦᠷ ᠵᠠᠮ ᠲᠡᠭᠡᠭᠡᠪᠦᠷᠢ ᠶᠢᠨ ᠪᠠᠶᠢᠴᠠᠭᠠᠬᠤ ᠬᠤᠪᠢᠶᠠᠷᠢ ᠬᠤᠷᠢᠶᠠᠨ ᠣ ᠪᠠᠶᠢᠴᠠᠭᠠᠬᠤ ᠲᠠᠷᠤᠭ᠎ᠠ ᠯᠢ ᠵᠢᠶᠠᠨ ᠡᠴᠡ ᠪᠦᠬᠦ ᠤᠷᠤᠨ ᠣ ᠪᠠᠶᠢᠴᠠᠭᠠᠬᠤ ᠠᠵᠢᠯ ᠤᠨ ᠪᠠᠶᠢᠳᠠᠯ ᠪᠠ ᠲᠡᠮᠦᠷ ᠵᠠᠮ ᠤᠨ ᠪᠠᠶᠢᠴᠠᠭᠠᠬᠤ ᠪᠠᠶᠢᠭᠤᠯᠭ᠎ᠠ ᠶᠢᠨ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠠ ᠳᠦ ᠦᠢᠯᠡᠴᠢᠯᠡᠭᠰᠡᠨ ᠪᠠ ᠪᠠᠳᠤᠯᠠᠭ᠎ᠠ ᠬᠠᠩᠭᠠᠭᠰᠠᠨ ᠪᠠᠶᠢᠳᠠᠯ ᠢᠶᠠᠨ ᠲᠤᠰ ᠲᠤᠰ ᠲᠠᠨᠢᠯᠴᠠᠭᠤᠯᠵᠠᠢ᠃ ᠲᠠᠨᠢᠯᠴᠠᠭᠤᠯᠭ᠎ᠠ ᠪᠠᠷ᠂ ᠦᠪᠦᠷ ᠮᠤᠩᠭᠤᠯ ᠪᠤᠯ ︽ᠲᠠᠯ᠎ᠠ ᠨᠤᠳᠤᠭ ᠤᠨ ᠲᠤᠷᠭᠠᠨ ᠵᠠᠮ︾ ᠤᠨ ᠴᠢᠬᠤᠯᠠ ᠨᠡᠪᠳᠡᠷᠡᠯᠴᠡᠬᠦ ᠵᠠᠮ᠂ ᠮᠠᠨ ᠣ ᠤᠯᠤᠰ ᠤᠨ ᠤᠮᠠᠷᠠᠰᠢ ᠴᠢᠯᠦᠭᠡᠳᠡᠢ ᠶᠠᠪᠤᠯᠴᠠᠬᠤ ᠴᠢᠬᠤᠯᠠ ᠴᠤᠩᠬᠤᠪᠴᠢ ᠪᠠᠶᠢᠵᠤ᠂ ︽ ᠨᠢᠭᠡ ᠪᠦᠰᠡ ᠨᠢᠭᠡ ᠵᠠᠮ︾ ᠤᠨ ᠲᠤᠮᠳᠠᠳᠤ ᠤᠷᠤᠰ ᠮᠤᠩᠭᠤᠯ ᠤᠯᠤᠰ ᠤᠨ ᠠᠵᠤ ᠠᠬᠤᠢ ᠶᠢᠨ ᠪᠦᠰᠡ ᠶᠢᠨ ᠲᠤᠮᠳᠠ ᠤᠷᠤᠯᠠᠵᠤ ᠪᠤᠯᠤᠰᠢ ᠦᠭᠡᠢ ᠪᠠᠶᠢᠷᠢ ᠰᠠᠭᠤᠷᠢ ᠲᠠᠢ᠂ ᠪᠦᠬᠦ ᠤᠷᠤᠨ ᠣ ᠪᠠᠶᠢᠴᠠᠭᠠᠬᠤ ᠪᠠᠶᠢᠭᠤᠯᠭ᠎ᠠ ᠪᠦᠬᠦ ᠲᠠᠯ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠡᠴᠡ ᠪᠠᠨ ᠴᠠᠭ ᠦᠶ᠎ᠡ ᠶᠢᠨ ᠡᠭᠦᠷᠭᠡ ᠶᠢ ᠡᠭᠦᠷᠭᠡᠯᠡᠵᠦ᠂ ᠰᠢᠳᠭᠡᠬᠦ᠂ ᠤᠷᠢᠳᠴᠢᠯᠠᠨ ᠰᠡᠷᠭᠡᠶᠢᠯᠡᠬᠦ᠂ ᠬᠢᠨᠠᠯᠳᠠ ᠲᠠᠯᠪᠢᠬᠤ᠂ ᠬᠦᠮᠦᠵᠢᠭᠦᠯᠬᠦ᠂ ᠬᠠᠮᠠᠭᠠᠯᠠᠬᠤ᠂ ᠦᠢᠯᠡᠴᠢᠯᠡᠬᠦ ᠵᠡᠷᠭᠡ ᠪᠠᠶᠢᠴᠠᠭᠠᠬᠤ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ︽ ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠠ ᠶᠢ ᠪᠦᠬᠦ ᠬᠦᠴᠦᠨ ᠢᠶᠡᠷ ᠪᠠᠳᠤᠯᠠᠵᠤ᠂ ᠪᠦᠬᠦ ᠤᠷᠤᠨ ᠣ ᠠᠵᠤ ᠠᠬᠤᠢ ᠨᠡᠩ ᠦᠨᠳᠦᠷ ᠬᠢᠷᠢ ᠲᠦᠪᠰᠢᠨ ᠲᠠᠢ ᠬᠦᠭᠵᠢᠬᠦ ᠶᠢ ᠲᠦᠯᠬᠢᠨ ᠠᠬᠢᠭᠤᠯᠬᠤ ᠳᠤ ᠰᠢᠯᠢᠳᠡᠭ ᠤᠨᠤᠪᠴᠢᠳᠠᠢ ᠬᠠᠥᠯᠢ ᠴᠠᠭᠠᠵᠠ ᠶᠢᠨ ᠦᠢᠯᠡᠴᠢᠯᠡᠭᠡ ᠪᠠ ᠪᠠᠳᠤᠯᠠᠭ᠎ᠠ ᠬᠠᠩᠭᠠᠵᠠᠢ᠃
ᠳ᠋ᠦ᠋ ᠽᠢ ᠡᠴᠡ ᠢᠯᠡᠷᠬᠡᠶᠢᠯᠡᠭᠰᠡᠨ ᠨᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠨᠠᠷ ᠪᠠᠶᠢᠴᠠᠭᠠᠨ ᠦᠵᠡᠵᠦ ᠪᠠᠶᠢᠬᠤ ᠨᠢ ᠬᠢᠨᠠᠯᠳᠠ ᠲᠠᠯᠪᠢᠬᠤ ᠡᠭᠦᠷᠭᠡ ᠪᠡᠨ ᠭᠦᠢᠴᠡᠳᠭᠡᠬᠦ ᠨᠢᠭᠡ ᠵᠦᠢᠯ ᠤᠨ ᠬᠡᠯᠪᠡᠷᠢ ᠪᠤᠯᠤᠨ᠎ᠠ᠂ ᠮᠦᠨᠴᠦ ᠨᠢᠭᠡ ᠤᠳᠠᠭᠠᠨ ᠣ ᠬᠤᠪᠤᠷ ᠨᠠᠨᠳᠢᠨ ᠰᠤᠷᠤᠯᠴᠠᠬᠤ ᠵᠠᠪᠰᠢᠶᠠᠨ ᠪᠤᠯᠤᠨ᠎ᠠ᠃ ᠦᠨᠦᠳᠦᠷ ᠦᠪᠦᠷ ᠮᠤᠩᠭᠤᠯ ᠤᠨ ᠪᠠᠶᠢᠴᠠᠭᠠᠬᠤ ᠬᠤᠷᠢᠶᠠᠨ ᠣ ᠲᠤᠰᠬᠠᠢ ᠰᠡᠳᠦᠪᠳᠦ ᠹᠢᠯᠢᠮ ᠢ ᠦᠵᠡᠵᠦ᠂ ᠬᠠᠷᠢᠭᠤ ᠮᠡᠳᠡᠭᠦᠯᠦᠯᠳᠡ ᠶᠢ ᠰᠤᠨᠤᠰᠤᠨ᠂ ᠠᠮᠢᠳᠤᠯᠢᠭ ᠮᠦᠷᠳᠡᠭᠡᠨ ᠪᠢᠰᠢᠷᠡᠭᠦᠯᠬᠦ ᠬᠦᠴᠦᠨ ᠲᠠᠢ ᠰᠠᠨᠠᠭᠳᠠᠵᠤ ᠪᠠᠶᠢᠨ᠎ᠠ᠃ 5 ᠵᠢᠯ ᠦᠨ ᠲᠤᠷᠰᠢ᠂ ᠪᠦᠬᠦ ᠤᠷᠤᠨ ᠣ ᠪᠠᠶᠢᠴᠠᠭᠠᠬᠤ ᠪᠠᠶᠢᠭᠤᠯᠭ᠎ᠠ ᠡᠴᠡ ᠨᠠᠮ ᠤᠨ ᠲᠦᠪ ᠬᠤᠷᠢᠶᠠᠨ ᠣ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠠᠵᠢᠯ ᠤᠨ ᠲᠤᠮᠳᠠ ᠪᠠᠨ ᠨᠠᠶᠢᠳᠠᠪᠦᠷᠢᠵᠢᠭᠤᠯᠵᠤ᠂ ᠬᠠᠥᠯᠢ ᠪᠠᠷ ᠤᠷᠤᠨ ᠢᠶᠠᠨ ᠵᠠᠰᠠᠬᠤ ᠶᠢ ᠲᠦᠯᠬᠢᠨ ᠠᠬᠢᠭᠤᠯᠵᠤ ᠰᠢᠨ᠎ᠡ ᠲᠠᠪᠠᠯᠳᠠ ᠲᠠᠢ ᠪᠤᠯᠭᠠᠵᠤ᠂ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠲᠡᠭᠡᠷᠡᠬᠢ ᠮᠡᠳᠡᠭᠦᠯᠦᠯᠳᠡ ᠶᠢ ᠲᠡᠮᠵᠢᠬᠦ ᠨᠤᠷᠮ᠎ᠠ 2012 ᠤᠨ ᠣ 80.2% ᠡᠴᠡ ᠦᠨᠦ ᠵᠢᠯ ᠦᠨ 94.8% ᠪᠤᠯᠵᠤ ᠲᠡᠭᠡᠭᠰᠢᠯᠡᠪᠡ᠃ ᠦᠪᠡᠷᠳᠡᠭᠡᠨ ᠵᠠᠰᠠᠬᠤ ᠤᠷᠤᠨ ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠡᠴᠡ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶᠠᠨ ᠣ ᠠᠵᠢᠯ ᠢ ᠨᠡᠶᠢᠳᠡᠮ ᠳ᠋ᠡᠭᠡᠨ ᠪᠦᠬᠦ ᠲᠠᠯ᠎ᠠ ᠪᠠᠷ ᠲᠡᠮᠵᠢᠵᠦ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶ᠎ᠠ ᠨᠢ ᠠᠵᠢᠯ ᠤᠨ ᠲᠤᠮᠳᠠ ᠪᠠᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠰᠢᠢᠳᠪᠦᠷᠢ ᠶᠢ ᠬᠢᠨᠠᠮᠠᠭᠠᠢ ᠲᠤᠤᠱᠯᠠᠭᠤᠯᠵᠤ᠂ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠬᠢᠨᠠᠮᠠᠭᠠᠢ ᠰᠢᠢᠳᠪᠦᠷᠢᠯᠡᠵᠦ᠂ ᠲᠦᠯᠦᠭᠡᠯᠡᠭᠴᠢᠳ ᠦᠨ ᠪᠠᠶᠢᠴᠠᠭᠠᠨ ᠦᠵᠡᠭᠰᠡᠨ ᠰᠠᠨᠠᠯ ᠰᠠᠨᠠᠭᠤᠯᠭ᠎ᠠ ᠳᠤ ᠬᠢᠨᠠᠮᠠᠭᠠᠢ ᠬᠠᠨᠳᠤᠨ᠂ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠳᠤ ᠲᠤᠭᠳᠠᠭᠰᠠᠨ ᠬᠤᠭᠤᠴᠠᠭ᠎ᠠ ᠲᠠᠢ ᠠᠵᠢᠯ ᠤᠨ ᠮᠡᠳᠡᠭᠦᠯᠦᠯᠳᠡ ᠶᠢ ᠬᠢᠨᠠᠮᠠᠭᠠᠢ ᠬᠢᠵᠦ᠂ ᠨᠡᠶᠢᠭᠡᠮ ᠦᠨ ᠲᠤᠰᠬᠠᠯ ᠶᠡᠬᠡ᠂ ᠬᠠᠥᠯᠢ ᠴᠠᠭᠠᠵᠠ ᠶᠢᠨ ᠦᠷ᠎ᠡ ᠪᠦᠳᠦᠮᠵᠢ ᠰᠠᠶᠢᠨ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠣ ᠨᠠᠮ ᠤᠨ ᠬᠤᠷᠢᠶ᠎ᠠ ᠡᠴᠡ ᠲᠤᠰ ᠤᠳᠠᠭᠠᠨ ᠣ ᠪᠠᠶᠢᠴᠠᠭᠠᠨ ᠦᠵᠡᠬᠦ ᠠᠵᠢᠯ ᠢ ᠶᠡᠬᠡ ᠴᠢᠬᠤᠯᠠᠴᠢᠯᠠᠵᠤ ᠪᠠᠶᠢᠨ᠎ᠠ᠂ ᠪᠢ ᠲᠦᠯᠦᠭᠡᠯᠡᠭᠴᠢᠳ ᠦᠨ ᠰᠠᠨᠠᠯ ᠰᠠᠨᠠᠭᠤᠯᠭ᠎ᠠ ᠶᠢ ᠬᠢᠨᠠᠮᠠᠭᠠᠢ ᠲᠢᠭᠯᠡᠵᠦ᠂ ᠬᠠᠷᠢᠭᠤ ᠮᠡᠳᠡᠭᠦᠯᠦᠯᠳᠡ ᠶᠢ ᠰᠠᠶᠢᠳᠤᠷ ᠬᠢᠵᠦ᠂ ᠪᠠᠶᠢᠴᠠᠭᠠᠨ ᠦᠵᠡᠭᠰᠡᠨ ᠦᠷ᠎ᠡ ᠪᠦᠳᠦᠭᠡᠯ ᠢ ᠪᠤᠳᠠᠳᠠᠢ ᠦᠷ᠎ᠡ ᠪᠦᠳᠦᠮᠵᠢ ᠪᠤᠯᠭᠠᠨ ᠬᠤᠪᠢᠷᠠᠭᠤᠯᠤᠨ᠎ᠠ ᠭᠡᠵᠡᠢ᠃
ᠲᠦᠯᠦᠭᠡᠯᠡᠭᠴᠢ ᠨᠠᠷ ᠡᠴᠡ ᠪᠠᠶᠢᠴᠠᠭᠠᠨ ᠰᠤᠳᠤᠯᠤᠯᠳᠠ ᠲᠤᠮᠳᠠ ᠮᠦᠨ ᠴᠡᠷᠢᠭ ᠬᠦᠮᠦᠨ ᠣ ᠴᠤᠭ ᠵᠢᠪᠬᠤᠭ᠎ᠠ ᠢᠶᠠᠨ ᠬᠠᠳᠠᠭᠠᠯᠠᠵᠤ᠂ ᠪᠠᠶᠢᠴᠠᠭᠠᠨ ᠦᠵᠡᠬᠦ ᠲᠤᠮᠳᠠᠬᠢ ᠪᠤᠱᠢᠭᠤ ᠱᠠᠯᠠᠮᠠᠭᠠᠢ ᠦᠢᠯᠡ ᠬᠦᠳᠡᠯᠦᠯ ᠪᠠ ᠰᠠᠨᠠᠯ ᠲᠤᠷᠠᠳᠬᠤ ᠦᠶ᠎ᠡ ᠶᠢᠨ ᠠᠰᠪᠤᠷᠢ ᠴᠠᠭᠠᠪᠤᠷ ᠵᠠᠩ ᠨᠢ ᠴᠡᠷᠢᠭ ᠬᠦᠮᠦᠨ ᠣ ᠤᠶᠤᠨ ᠤᠬᠠᠭᠠᠨ ᠢ ᠬᠠᠷᠠᠭᠤᠯᠤᠭᠰᠠᠨ ᠪᠠᠶᠢᠨ᠎ᠠ᠃
ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠯᠢ ᠠᠢ ᠫᠢᠩ ᠡᠴᠡ ᠢᠯᠡᠷᠬᠡᠶᠢᠯᠡᠭᠰᠡᠨ ᠨᠢ᠂ ᠬᠠᠷᠢᠭᠤ ᠮᠡᠳᠡᠭᠦᠯᠦᠯᠳᠡ ᠶᠢ ᠰᠤᠨᠤᠰᠴᠤ᠂ ᠲᠤᠰᠬᠠᠢ ᠰᠡᠳᠦᠪᠳᠦ ᠹᠢᠯᠢᠮ ᠢ ᠦᠵᠡᠭᠰᠡᠨ ᠣ ᠲᠠᠷᠠᠭ᠎ᠠ᠂ ᠦᠪᠦᠷ ᠮᠤᠩᠭᠤᠯ ᠤᠨ ᠪᠠᠶᠢᠴᠠᠭᠠᠬᠤ ᠠᠵᠢᠯ ᠳᠤ ᠬᠡᠳᠦᠨ ᠲᠠᠯ᠎ᠠ ᠶᠢᠨ ᠲᠦᠷᠦᠭᠳᠡᠯ ᠤᠷᠤᠭᠰᠠᠨ ᠪᠠᠶᠢᠨ᠎ᠠ᠄ ᠨᠢᠭᠡ ᠳᠦ᠂ ᠠᠵᠤ ᠠᠬᠤᠢ ᠨᠡᠶᠢᠭᠡᠮ ᠦᠨ ᠬᠦᠭᠵᠢᠯᠳᠡ ᠶᠢᠨ ᠪᠦᠬᠦ ᠲᠠᠯ᠎ᠠ ᠶᠢᠨ ᠲᠤᠭᠤᠷᠢᠨ ᠳᠤ᠂ ︿ᠨᠢᠭᠡ ᠪᠦᠰᠡ ᠨᠢᠭᠡ ᠵᠠᠮ﹀ ᠤᠨ ᠪᠦᠳᠦᠭᠡᠨ ᠪᠠᠶᠢᠭᠤᠯᠤᠯᠳᠠ ᠲᠠᠢ ᠤᠶᠠᠯᠳᠤᠵᠤ᠂ ᠦᠷ᠎ᠡ ᠪᠦᠳᠦᠮᠵᠢ ᠪᠠᠷ ᠰᠠᠶᠢᠨ᠃ ᠬᠤᠶᠠᠷ ᠲᠤ᠂ ᠢᠯᠵᠠᠷᠠᠯ ᠢ ᠰᠢᠳᠭᠡᠬᠦ ᠬᠦᠴᠦᠯᠡᠴᠡ ᠶᠡᠬᠡ᠃ ᠭᠤᠷᠪᠠ ᠳᠤ᠂ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠶᠢᠨ ᠠᠵᠢᠯ ᠲᠤᠭᠳᠠᠭᠤᠨ ᠤᠷᠤᠭᠰᠢᠯᠠᠵᠤ ᠪᠠᠶᠢᠨ᠎ᠠ᠃ ᠲᠦᠷᠪᠡ ᠳᠦ᠂ ᠲᠡᠮᠦᠷ ᠵᠠᠮ ᠤᠨ ᠪᠠᠶᠢᠴᠠᠭᠠᠬᠤ ᠬᠤᠷᠢᠶᠠᠨ ᠣ ᠠᠵᠢᠯ ᠦᠪᠡᠷ ᠦᠨ ᠪᠡᠶ᠎ᠡ ᠶᠢᠨ ᠱᠠᠭᠠᠷᠳᠠᠯᠭ᠎ᠠ ᠦᠨᠳᠦᠷ᠂ ᠪᠡᠶᠡᠯᠡᠭᠦᠯᠦᠭᠰᠡᠨ ᠦᠷ᠎ᠡ ᠪᠦᠳᠦᠮᠵᠢ ᠰᠠᠶᠢᠨ᠃
ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠭᠣᠣ ᠴᠣᠣ ᠢᠯᠡᠷᠬᠡᠶᠢᠯᠡᠭᠰᠡᠨ ᠨᠢ᠂ ᠦᠪᠦᠷ ᠮᠤᠩᠭᠤᠯ ᠤᠨ ᠪᠠᠶᠢᠴᠠᠭᠠᠬᠤ ᠠᠵᠢᠯ ᠨᠢ ᠰᠢ ᠲᠡᠷᠢᠭᠦᠯᠡᠭᠴᠢ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠲᠠᠢ ᠤᠶᠠᠯᠳᠤᠵᠤ᠂ ᠤᠯᠠᠨ ᠠᠵᠢᠯ ᠨᠢ ᠪᠦᠬᠦ ᠤᠯᠤᠰ ᠤᠨ ᠪᠠᠶᠢᠴᠠᠭᠠᠬᠤ ᠬᠤᠷᠢᠶᠠᠨ ᠣ ᠡᠮᠦᠨ᠎ᠡ ᠡᠩᠨᠡᠭᠡᠨ ᠳᠦ ᠵᠢᠭᠰᠠᠵᠤ ᠪᠠᠶᠢᠨ᠎ᠠ᠃ ᠦᠪᠦᠷ ᠮᠤᠩᠭᠤᠯ ᠤᠨ ᠪᠠᠶᠢᠴᠠᠭᠠᠬᠤ ᠬᠤᠷᠢᠶᠠᠨ ᠣ ᠠᠵᠢᠯ ᠢᠶᠠᠷ ᠲᠠᠮᠵᠢᠨ ᠨᠠᠮ ᠤᠨ ᠲᠦᠪ ᠬᠤᠷᠢᠶᠠᠨ ᠣ ᠰᠢᠢᠳᠪᠦᠷᠢ ᠪᠠᠶᠢᠷᠢᠯᠠᠭᠤᠯᠤᠯᠳᠠ᠂ ᠰᠢ ᠲᠡᠷᠢᠭᠦᠯᠡᠭᠴᠢ ᠶᠢᠨ ᠰᠢᠷᠢᠰ ᠴᠢᠬᠤᠯᠠ ᠶᠠᠷᠢᠶ᠎ᠠ ᠶᠢᠨ ᠦᠵᠡᠯ ᠰᠠᠨᠠᠭ᠎ᠠ ᠪᠦᠳᠦᠮᠵᠢᠳᠠᠢ ᠲᠤᠤᠱᠯᠠᠭᠳᠠᠵᠤ ᠪᠠᠶᠢᠬᠤ ᠶᠢ ᠰᠡᠷᠡᠵᠦ ᠮᠡᠳᠡᠨ᠎ᠡ᠃ ᠡᠭᠦᠨ ᠣ ᠬᠠᠮᠳᠤ᠂ ᠦᠪᠦᠷ ᠮᠤᠩᠭᠤᠯ ᠤᠨ ᠪᠠᠶᠢᠴᠠᠭᠠᠬᠤ ᠬᠤᠷᠢᠶ᠎ᠠ ᠰᠢ ᠲᠡᠷᠢᠭᠦᠯᠡᠭᠴᠢ ᠶᠢᠨ ᠢᠯᠵᠠᠷᠠᠯ ᠢ ᠡᠰᠡᠷᠭᠦᠴᠡᠬᠦ ᠰᠢᠢᠳᠪᠦᠷᠢᠳᠤ ᠪᠤᠳᠤᠯᠭ᠎ᠠ ᠶᠢ ᠡᠷᠡᠰ ᠨᠠᠶᠢᠳᠠᠪᠦᠷᠢᠵᠢᠭᠤᠯᠵᠤ᠂ ᠠᠷᠠᠳ ᠤᠯᠠᠨ ᠣ ᠢᠯᠵᠠᠷᠠᠯ ᠢ ᠡᠰᠡᠷᠭᠦᠴᠡᠬᠦ ᠡᠷᠡᠮᠡᠯᠵᠡᠯ ᠳᠦ ᠬᠠᠷᠢᠭᠤ ᠦᠭᠴᠦ᠂ ᠦᠪᠡᠷ ᠦᠨ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠵᠤ ᠪᠠᠶᠢᠬᠤ ᠨᠢ ᠮᠠᠭᠳᠠᠭᠤᠰᠢᠳᠠᠢ ᠪᠠᠶᠢᠨ᠎ᠠ ᠭᠡᠵᠡᠢ᠃
ᠲᠠᠷᠠᠭ᠎ᠠ ᠳ᠋ᠤᠨᠢ᠂ ᠲᠦᠯᠦᠭᠡᠯᠡᠭᠴᠢ ᠡᠴᠡ ᠦᠪᠦᠷ ᠮᠤᠩᠭᠤᠯ ᠤᠨ ᠪᠠᠶᠢᠴᠠᠭᠠᠬᠤ ᠠᠵᠢᠯ ᠤᠨ ᠲᠤᠰᠬᠠᠢ ᠰᠡᠳᠦᠪᠳᠦ ᠹᠢᠯᠢᠮ ︽ᠦᠵᠡᠰᠭᠦᠯᠡᠩᠳᠦ ᠰᠠᠶᠢᠬᠠᠨ ᠲᠠᠪᠠᠯᠳᠠ︾ ᠶᠢ ᠦᠵᠡᠵᠦ᠂ ᠦᠪᠡᠷᠳᠡᠭᠡᠨ ᠵᠠᠰᠠᠬᠤ ᠤᠷᠤᠨ ᠣ ᠪᠠᠶᠢᠴᠠᠭᠠᠬᠤ ᠬᠤᠷᠢᠶᠠᠨ ᠣ ᠭᠤᠮᠤᠳᠠᠯ ᠵᠠᠭᠠᠯᠳᠤᠯᠭ᠎ᠠ ᠪᠠᠶᠢᠴᠠᠭᠠᠬᠤ ᠦᠢᠯᠡᠴᠢᠯᠡᠭᠡᠨ ᠣ ᠲᠢᠩᠬᠢᠮ᠂ ᠬᠡᠷᠡᠭ ᠬᠠᠮᠢᠶᠠᠷᠤᠯᠳᠠ ᠶᠢᠨ ᠲᠢᠩᠬᠢᠮ ᠵᠢᠴᠢ ᠦᠪᠦᠷ ᠮᠤᠩᠭᠤᠯ ᠤᠨ ᠪᠠᠶᠢᠴᠠᠭᠠᠬᠤ ᠲᠡᠥᠬᠡ ᠴᠠᠳᠢᠭ ᠤᠨ ᠲᠡᠯᠭᠡᠨ ᠦᠵᠡᠭᠦᠯᠦᠯᠭᠡ ᠶᠢᠨ ᠲᠠᠩᠬᠢᠮ ᠢ ᠲᠤᠭᠤᠷᠢᠨ ᠦᠵᠡᠵᠦ᠂ ᠲᠡᠮᠦᠷ ᠵᠠᠮ ᠤᠨ ᠪᠠᠶᠢᠴᠠᠭᠠᠬᠤ ᠬᠤᠪᠢᠶᠠᠷᠢ ᠬᠤᠷᠢᠶᠠᠨ ᠣ ︽ᠬᠤᠶᠠᠷ ᠭᠡᠷ︾ ᠦᠨ ᠪᠠᠶᠢᠭᠤᠯᠤᠯᠳᠠ ᠶᠢᠨ ᠪᠠᠶᠢᠳᠠᠯ᠂ ᠬᠦᠬᠡᠬᠤᠲᠡ ᠶᠢᠨ ᠲᠡᠮᠦᠷ ᠵᠠᠮ ᠤᠨ ᠲᠤᠪᠴᠢᠶᠠᠨ ᠣ ᠱᠠ ᠯᠢᠶᠠᠩ ᠪᠠᠷᠠᠭ᠎ᠠ ᠭᠦᠢᠯᠭᠡᠭᠡᠨ ᠣ ᠰᠠᠭᠤᠷᠢᠨ ᠭᠠᠵᠠᠷ᠂ ᠬᠦᠬᠡᠬᠤᠲᠡ ᠶᠢᠨ ᠲᠡᠮᠦᠷ ᠵᠠᠮ ᠤᠨ ᠲᠤᠪᠴᠢᠶᠠᠨ ᠣ ᠲᠤᠬᠢᠷᠠᠭᠤᠯᠤᠯᠳᠠ ᠶᠢᠨ ᠲᠦᠪ ᠵᠡᠷᠭᠡ ᠶᠢ ᠲᠤᠭᠤᠷᠢᠨ ᠪᠠᠶᠢᠴᠠᠭᠠᠵᠠᠢ᠃
ᠲᠠᠷᠠᠭᠠᠴᠢ ᠶᠢᠨ ᠡᠳᠦᠷ ᠤᠳ ᠲᠤ᠂ ᠲᠦᠯᠦᠭᠡᠯᠡᠭᠴᠢ ᠡᠴᠡ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠣ ᠲᠡᠮᠦᠷ ᠵᠠᠮ ᠤᠨ ᠪᠠᠶᠢᠴᠠᠭᠠᠬᠤ ᠲᠢᠩᠬᠢᠮ ᠦᠨ ᠲᠠᠷᠤᠭ᠎ᠠ ᠰᠢᠦᠢ ᠰᠢᠶᠠᠩ ᠴᠦᠨ ᠣ ᠪᠠᠷᠠᠳᠠᠯᠭ᠎ᠠ ᠲᠤᠤᠷ᠎ᠠ᠂ ᠤᠷᠳᠤᠰ ᠬᠤᠳᠡ᠂ ᠪᠤᠭᠤᠳᠤ ᠬᠤᠳᠡ ᠳᠤ ᠬᠦᠷᠦᠯᠴᠡᠨ᠂ ᠦᠪᠦᠷ ᠮᠤᠩᠭᠤᠯ ᠤᠨ ︽ᠠᠯᠳᠠᠨ ᠬᠤᠰᠢᠭᠤᠯᠵᠢᠨ ᠤᠷᠤᠨ︾ ᠣ ᠪᠠᠶᠢᠴᠠᠭᠠᠬᠤ ᠶᠢᠨ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠠ ᠳᠤ ᠦᠢᠯᠡᠴᠢᠯᠡᠭᠰᠡᠨ ᠠᠵᠢᠯ ᠢ ᠪᠠᠶᠢᠴᠠᠭᠠᠨ ᠦᠵᠡᠵᠡᠢ᠃
ᠲᠤᠰ ᠤᠳᠠᠭᠠᠨ ᠣ ᠪᠠᠶᠢᠴᠠᠭᠠᠨ ᠦᠵᠡᠬᠦ ᠳᠦ ᠤᠷᠤᠯᠴᠠᠭᠰᠠᠨ 14 ᠨᠡᠷᠡᠰ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠨᠠᠷ ᠪᠤᠯ᠄ ᠳᠠᠯᠠᠢ ᠶᠢᠨ ᠴᠡᠷᠢᠭ ᠦᠨ ᠤᠤᠯ ᠤᠨ ᠲᠡᠳ᠋ ᠤᠯᠤᠰ ᠲᠦᠷᠦ ᠶᠢᠨ ᠭᠡᠰᠢᠭᠦᠨ ᠳ᠋ᠢᠩ ᠬᠠᠢ ᠴᠦᠨ᠂ ᠤᠮᠠᠷᠠᠳᠤ ᠶᠢᠨ ᠲᠠᠶᠢᠨ ᠣ ᠤᠷᠤᠨ ᠣ ᠤᠤᠯ ᠤᠨ ᠲᠡᠳ᠋ ᠵᠦᠪᠯᠡᠭᠴᠢ ᠶᠢᠨ ᠲᠠᠷᠤᠭ᠎ᠠ ᠭᠣᠣ ᠴᠣᠣ᠂ ᠡᠮᠦᠨᠡᠳᠦ ᠶᠢᠨ ᠲᠠᠶᠢᠨ ᠣ ᠤᠷᠤᠨ ᠣ ᠳᠠᠯᠠᠢ ᠶᠢᠨ ᠴᠡᠷᠢᠭ ᠦᠨ ᠤᠤᠯ ᠤᠨ ᠲᠡᠳ᠋ ᠤᠯᠤᠰ ᠲᠦᠷᠦ ᠶᠢᠨ ᠭᠡᠰᠢᠭᠦᠨ ᠳ᠋ᠦ᠋ ᠪᠧᠨ ᠶᠢᠨ᠂ ᠤᠤᠯ ᠤᠨ ᠨᠢᠭᠡᠨ ᠴᠡᠷᠢᠭ ᠠᠩᠬᠢ ᠶᠢᠨ ᠤᠯᠤᠰ ᠲᠦᠷᠦ ᠶᠢᠨ ᠭᠡᠰᠢᠭᠦᠨ ᠯᠢ ᠠᠢ ᠫᠢᠩ᠂ ᠤᠤᠯ ᠤᠨ ᠠᠭᠠᠷ ᠤᠨ ᠴᠡᠷᠢᠭ ᠦᠨ ᠢᠨᠵᠧᠨᠧᠷᠢᠩ ᠦᠨ ᠶᠡᠬᠡ ᠰᠤᠷᠭᠠᠭᠤᠯᠢ ᠶᠢᠨ ᠲᠠᠶᠢᠨ ᠣ ᠰᠤᠷᠢᠯᠳᠠ ᠪᠤᠯᠪᠠᠰᠤᠷᠠᠯ ᠤᠨ ᠲᠦᠪ ᠦᠨ ᠡᠷᠬᠢᠯᠡᠭᠴᠢ ᠲᠠᠩ ᠬᠤᠩ᠂ ᠨᠢᠭᠡᠨ ᠴᠡᠷᠢᠭ ᠠᠩᠬᠢ ᠶᠢᠨ ᠲᠠᠪᠤᠳᠤᠭᠠᠷ ᠲᠠᠰᠤᠭ ᠤᠨ ᠰᠤᠳᠤᠯᠤᠭᠴᠢ ᠸᠠᠩ ᠵᠢᠶᠠᠨ ᠭᠥᠸᠧ᠂ ᠴᠡᠷᠢᠭ ᠦᠨ ᠬᠤᠷᠢᠶᠠᠨ ᠣ ᠠᠯᠪᠠᠨ ᠲᠢᠩᠬᠢᠮ ᠦᠨ ᠰᠤᠳᠤᠯᠬᠤ ᠭᠠᠵᠠᠷ ᠤᠨ ᠲᠡᠭᠡᠳᠦ ᠲᠡᠰ ᠦᠨ ᠢᠨᠵᠧᠨᠧᠷ ᠸᠠᠩ ᠡᠾᠦ᠋ᠢ᠂ ᠵᠢᠶᠠᠩᠰᠦ ᠮᠤᠵᠢ ᠶᠢᠨ ᠴᠡᠷᠢᠭ ᠦᠨ ᠲᠤᠭᠤᠷᠢᠭ ᠤᠨ ᠵᠡᠪᠰᠡᠭ ᠲᠤᠨᠤᠭᠯᠠᠯ ᠤᠨ ᠬᠡᠯᠳᠡᠰ ᠦᠨ ᠤᠤᠯ ᠤᠨ ᠲᠡᠳ᠋ ᠬᠡᠯᠳᠡᠰ ᠦᠨ ᠲᠠᠷᠤᠭ᠎ᠠ ᠰᠧ ᠴᠢ ᠹᠦ᠋᠂ ᠤᠤᠯ ᠤᠨ ᠨᠢᠭᠡᠨ ᠴᠡᠷᠢᠭ ᠠᠩᠬᠢ ᠶᠢᠨ ᠲᠦᠷᠪᠡᠳᠦᠭᠡᠷ ᠲᠠᠰᠤᠭ ᠤᠨ ᠡᠷᠬᠢᠯᠡᠭᠴᠢ ᠯᠢᠦ ᠱᠢ ᠯᠧᠢ᠂ ᠨᠢᠭᠡᠨ ᠴᠡᠷᠢᠭ ᠠᠩᠬᠢ ᠶᠢᠨ ᠤᠯᠤᠰ ᠲᠦᠷᠦ ᠶᠢᠨ ᠭᠡᠰᠢᠭᠦᠨ ᠼᠦᠢ ᠶᠦᠩ ᠵᠢᠶᠦ᠋ᠨ᠂ ᠨᠢᠭᠡᠨ ᠴᠡᠷᠢᠭ ᠠᠩᠬᠢ ᠶᠢᠨ ᠲᠡᠳ᠋ ᠡᠷᠬᠢᠯᠡᠭᠴᠢ ᠸᠠᠩ ᠵᠢᠶᠦ᠋ᠨ᠂ ᠤᠤᠯ ᠤᠨ ᠨᠢᠭᠡᠨ ᠴᠡᠷᠢᠭ ᠠᠩᠬᠢ ᠶᠢᠨ ᠲᠡᠳ᠋ ᠵᠦᠪᠯᠡᠭᠴᠢ ᠶᠢᠨ ᠲᠠᠷᠤᠭ᠎ᠠ ᠶᠠᠨ ᠶᠦᠩ ᠰᠢᠶᠠᠩ᠂ ᠨᠢᠭᠡᠨ ᠴᠡᠷᠢᠭ ᠠᠩᠬᠢ ᠶᠢᠨ ᠬᠤᠪᠢᠶᠠᠷᠢ ᠠᠩᠬᠢ ᠶᠢᠨ ᠲᠠᠷᠤᠭ᠎ᠠ ᠯᠢᠦ ᠭᠥᠸᠧ ᠯᠥᠩ᠂ ᠨᠢᠭᠡᠨ ᠴᠡᠷᠢᠭ ᠠᠩᠬᠢ ᠶᠢᠨ ᠷᠠᠳᠠᠷ ᠢᠶᠠᠷ ᠡᠰᠡᠷᠭᠦᠴᠡᠯᠳᠦᠬᠦ ᠠᠵᠢᠯᠯᠠᠭᠴᠢ ᠳ᠋ᠦ᠋ ᠬᠤᠩ ᠴᠢᠶᠠᠩ᠃
︽ᠨᠢᠭᠡ ᠪᠦᠰᠡ ᠨᠢᠭᠡ ᠵᠠᠮ︾ ᠪᠤᠯ ︽ ᠲᠤᠷᠭᠠᠨ ᠵᠠᠮ ᠤᠨ ᠠᠵᠤ ᠠᠬᠤᠢ ᠶᠢᠨ ᠪᠦᠰᠡ︾ ᠪᠠ ︽21 ᠳ᠋ᠤᠭᠡᠷ ᠵᠠᠭᠤᠨ ᠣ ᠳᠠᠯᠠᠢ ᠶᠢᠨ ᠲᠤᠷᠭᠠᠨ ᠵᠠᠮ︾ ᠤᠨ ᠲᠤᠪᠴᠢ ᠨᠡᠷ᠎ᠡ ᠪᠤᠯᠤᠨ᠎ᠠ᠃ ᠲᠡᠷᠡ ᠨᠢ ᠲᠤᠮᠳᠠᠳᠤ ᠤᠯᠤᠰ ᠪᠠ ᠬᠠᠮᠢᠶ᠎ᠠ ᠪᠦᠬᠦᠢ ᠤᠯᠤᠰ ᠤᠨ ᠤᠳᠤ ᠪᠠᠶᠢᠬᠤ ᠤᠯᠠᠨ ᠲᠠᠯ᠎ᠠ ᠶᠢᠨ ᠲᠤᠭᠳᠠᠴᠠ ᠳᠤ ᠭᠦᠢᠴᠡᠳ ᠲᠦᠰᠢᠭᠯᠡᠵᠦ᠂ ᠤᠳᠤ ᠪᠠᠶᠢᠬᠤ᠂ ᠪᠦᠳᠦᠮᠵᠢᠳᠠᠢ ᠬᠡᠷᠡᠭᠵᠢᠭᠦᠯᠦᠭᠳᠡᠬᠦ ᠤᠷᠤᠨ ᠪᠦᠰᠡ ᠶᠢᠨ ᠬᠠᠮᠳᠤᠷᠠᠭᠰᠠᠨ ᠲᠠᠪᠴᠠᠩ ᠢ ᠠᠰᠢᠭᠯᠠᠨ᠂ ᠨᠢᠭᠡ ᠪᠦᠰᠡ ᠨᠢᠭᠡ ᠵᠠᠮ ᠨᠢ ᠡᠷᠳᠡᠨ ᠣ ᠲᠤᠷᠭᠠᠨ ᠵᠠᠮ ᠤᠨ ᠲᠡᠥᠬᠡᠳᠦ ᠲᠡᠮᠳᠡᠭ ᠢ ᠵᠢᠭᠡᠯᠡᠨ ᠬᠡᠷᠡᠭᠯᠡᠵᠦ᠂ ᠡᠶ᠎ᠡ ᠨᠠᠶᠢᠷᠠᠮᠳᠠᠭᠤ ᠬᠦᠭᠵᠢᠯᠳᠡ ᠶᠢᠨ ᠲᠤᠭ ᠲᠡᠮᠳᠡᠭ ᠢ ᠦᠨᠳᠦᠷ ᠡᠷᠭᠦᠵᠦ᠂ ᠱᠤᠭᠤᠮ ᠲᠠᠭᠠᠤ ᠤᠯᠤᠰ ᠤᠨ ᠠᠵᠦ ᠠᠬᠤᠢ ᠶᠢᠨ ᠬᠤᠷᠰᠢᠬᠤ ᠬᠠᠷᠢᠴᠠᠭ᠎ᠠ ᠶᠢ ᠢᠳᠡᠪᠬᠢᠳᠡᠢ ᠬᠦᠭᠵᠢᠭᠦᠯᠵᠦ᠂ ᠤᠯᠤᠰ ᠲᠦᠷᠦ ᠶᠢᠨ ᠢᠳᠡᠭᠡᠯ᠂ ᠠᠵᠤ ᠠᠬᠤᠢ ᠶᠢᠨ ᠤᠶᠠᠯᠳᠤᠯ᠂ ᠰᠤᠶᠤᠯ ᠤᠨ ᠠᠭᠤᠰᠤᠯᠴᠠᠯ ᠤᠨ ᠠᠰᠢᠭ ᠲᠤᠰᠠ ᠶᠢᠨ ᠬᠠᠮᠳᠤ ᠴᠤᠭᠴᠠ᠂ ᠬᠤᠪᠢ ᠵᠠᠶᠠᠭᠠᠨ ᠣ ᠬᠠᠮᠳᠤ ᠴᠤᠭᠴᠠ ᠪᠠ ᠬᠠᠷᠢᠭᠤᠴᠠᠯᠭ᠎ᠠ ᠶᠢᠨ ᠬᠠᠮᠳᠤ ᠴᠤᠭᠴᠠ ᠶᠢ ᠬᠠᠮᠳᠤᠪᠠᠷ ᠪᠦᠳᠦᠭᠡᠨ ᠪᠠᠶᠢᠭᠤᠯᠬᠤ ᠵᠤᠷᠢᠯᠭ᠎ᠠ ᠲᠠᠢ ᠶᠤᠮ᠃