ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

︽ᠲᠠᠯ᠎ᠠ ᠨᠤᠳᠤᠭ ᠤᠨ ᠪᠠᠶᠢᠴᠠᠭᠠᠬᠤ ᠬᠤᠷᠢᠶ᠎ᠠ ᠶᠢᠨ ᠰᠢᠭᠤᠳ ᠦᠢᠯᠡᠴᠢᠯᠡᠬᠦ ᠲᠡᠷᠭᠡ︾ ᠨᠢ ᠨᠢᠭᠡᠨ ᠭᠤᠴᠤ ᠦᠵᠡᠮᠵᠢ ᠪᠤᠯᠪᠠ

2017-09-30 08:57:30
ᠵᠣᠬᠢᠶᠠᠭᠴᠢ
ᠪᠤᠤ ᠡᠾᠦ᠋ᠢ ᠮᠧᠢ

ᠮᠠ ᠶᠦᠩ ᠱᠧᠩ᠄ ︽ᠲᠠᠯ᠎ᠠ ᠨᠤᠳᠤᠭ ᠤᠨ ᠪᠠᠶᠢᠴᠠᠭᠠᠬᠤ ᠬᠤᠷᠢᠶ᠎ᠠ ᠶᠢᠨ ᠰᠢᠭᠤᠳ ᠦᠢᠯᠡᠴᠢᠯᠡᠬᠦ ᠲᠡᠷᠭᠡ︾ ᠶᠢ ᠡᠭᠦᠳᠴᠦ᠂ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠠ ᠶᠢ ᠬᠠᠮᠠᠭᠠᠯᠠᠶ᠎ᠠ

W020170919360197682460.png

    ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠡᠴᠡ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠠ ᠶᠢᠨ ᠴᠢᠬᠤᠯᠠ ᠶᠡᠬᠡ ᠪᠠᠶᠢᠯᠳᠤᠬᠤ ᠪᠤᠳᠤᠯᠭ᠎ᠠ ᠶᠢᠨ ᠠᠴᠢ ᠬᠤᠯᠪᠤᠭᠳᠠᠯ ᠢ ᠭᠦᠨᠵᠡᠭᠡᠢ ᠤᠶᠢᠯᠠᠭᠠᠵᠤ᠂ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶᠠᠨ ‍ᠣ ᠭᠠᠳᠠᠭᠠᠳᠤ ᠲᠠᠢ ᠶᠠᠪᠤᠯᠴᠠᠬᠤ ᠶᠢ ᠪᠦᠬᠦ ᠲᠠᠯ᠎ᠠ ᠪᠠᠷ ᠦᠷᠭᠡᠳᠭᠡᠬᠦ ᠰᠢᠢᠳᠪᠦᠷᠢ ᠪᠠᠶᠢᠷᠢᠯᠠᠭᠤᠯᠤᠯᠳᠠ ᠶᠢᠨ ᠲᠤᠭᠤᠷᠢᠨ ᠳᠤ᠂ ᠢᠳᠡᠪᠬᠢᠳᠡᠢ ᠪᠡᠷ ᠪᠦᠳᠦᠮᠵᠢᠳᠠᠢ ᠠᠷᠭ᠎ᠠ ᠬᠡᠮᠵᠢᠶ᠎ᠡ ᠠᠪᠴᠤ᠂︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠠ ᠳᠦ ᠦᠢᠯᠡᠴᠢᠯᠡᠨ ᠪᠠᠳᠤᠯᠠᠭ᠎ᠠ ᠬᠠᠩᠭᠠᠵᠤ ᠪᠠᠶᠢᠨ᠎ᠠ᠃ ᠰᠢᠨ᠎ᠡ ᠪᠠᠷᠭᠤ ᠪᠠᠷᠠᠭᠤᠨ ᠬᠤᠰᠢᠭᠤᠨ ‍ᠣ ᠠᠷᠠᠳ ᠤᠨ ᠪᠠᠶᠢᠴᠠᠭᠠᠬᠤ ᠬᠤᠷᠢᠶ᠎ᠠ ᠠᠵᠢᠯ ᠤᠨ ᠰᠢᠨ᠎ᠡ ᠶᠢ ᠡᠭᠦᠳᠴᠦ᠂ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠳᠠ ᠪᠠᠷ ᠲᠠᠭᠠᠭᠤᠯᠤᠨ᠂ ᠲᠡᠷᠭᠡᠨ ᠲᠡᠭᠡᠷᠡᠬᠢ ᠨᠡᠭᠦᠳᠡᠯ ᠪᠠᠶᠢᠴᠠᠭᠠᠬᠤ ᠲᠠᠰᠤᠭ — ︽ᠲᠠᠯ᠎ᠠ ᠨᠤᠳᠤᠭ ᠤᠨ ᠪᠠᠶᠢᠴᠠᠭᠠᠬᠤ ᠬᠤᠷᠢᠶ᠎ᠠ ᠶᠢᠨ ᠰᠢᠭᠤᠳ ᠦᠢᠯᠡᠴᠢᠯᠡᠬᠦ ᠲᠡᠷᠭᠡ︾ ᠶᠢ ᠡᠭᠦᠳᠴᠡᠢ᠃ ᠡᠨᠡ ᠲᠡᠷᠭᠡ ᠨᠢ ᠲᠠᠯ᠎ᠠ ᠨᠤᠳᠤᠭ ᠤᠨ ᠪᠤᠳᠤᠯᠢᠶᠠᠨᠳᠠᠢ ᠭᠠᠵᠠᠷ ᠤᠨ ᠪᠠᠶᠢᠴᠠ ᠲᠠᠢ ᠲᠤᠬᠢᠷᠠᠯᠴᠠᠵᠤ᠂ ᠲᠡᠷᠭᠡᠨ ᠲᠡᠭᠡᠷ᠎ᠡ ᠬᠦᠮᠦᠨ ᠦᠭᠡᠢ ᠨᠢᠰᠦᠭᠦᠷ᠂ ᠲᠠᠭᠠᠭᠤᠯᠢ ᠤᠳᠤᠨ ᠲᠧᠯᠧᠢᠰ᠂ ᠬᠦᠳᠦᠯᠦᠩᠭᠦᠢ ᠠᠨᠲ᠋ᠢᠨ᠎ᠠ ᠵᠡᠷᠭᠡ ᠲᠦᠭᠦᠭᠡᠷᠦᠮᠵᠢ ᠶᠢ ᠲᠠᠭᠠᠷᠠᠭᠤᠯᠵᠤ᠂ ᠤᠯᠠᠨ ᠤᠳᠠᠭᠠᠨ ‍ᠣ ᠬᠢᠨᠠᠨ ᠡᠵᠡᠮᠳᠡᠬᠦ᠂ ᠵᠢᠯᠤᠭᠤᠳᠬᠤ᠂ ᠰᠤᠷᠪᠤᠯᠵᠢᠯᠠᠯ ᠬᠦᠯᠢᠶᠡᠬᠦ᠂ ᠬᠡᠷᠡᠭ ᠰᠢᠳᠭᠡᠬᠦ ᠵᠢᠴᠢ ᠬᠠᠥᠯᠢ ᠴᠠᠭᠠᠵᠠ ᠶᠢᠨ ᠮᠡᠳᠡᠯᠭᠡ ᠶᠢ ᠰᠤᠷᠳᠠᠯᠴᠢᠯᠠᠬᠤ ᠡᠭᠦᠷᠭᠡ ᠶᠢ ᠠᠮᠵᠢᠯᠲᠠᠲᠠᠢ ᠪᠡᠶᠡᠯᠡᠭᠦᠯᠵᠦ᠂ ᠬᠠᠥᠯᠢ ᠴᠠᠭᠠᠵᠠ ᠤᠬᠠᠭᠤᠯᠬᠤ ᠦᠢᠯᠡᠴᠢᠯᠡᠭᠡᠨ ‍ᠣ ᠰᠢᠨ᠎ᠡ ᠠᠴᠢᠶᠠᠯᠠᠪᠤᠷᠢ᠂ ᠨᠡᠶᠢᠳᠡ ᠶᠢᠨ ᠠᠰᠢᠭᠳᠤ ᠵᠠᠷᠭᠤ ᠶᠢᠨ ᠰᠢᠨ᠎ᠡ ᠵᠡᠪᠰᠡᠭ᠂ ᠡᠷᠡᠭᠦᠦ ᠶᠢᠨ ᠭᠦᠢᠴᠡᠳᠭᠡᠯᠳᠡ ᠶᠢ ᠪᠠᠶᠢᠴᠠᠭᠠᠬᠤ ᠰᠢᠨ᠎ᠡ ᠠᠷᠭ᠎ᠠ ᠮᠠᠶ᠋ᠢᠭ ᠪᠤᠯᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ᠂︽ ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠠ ᠶᠢ ᠬᠠᠮᠠᠭᠠᠯᠠᠬᠤ ᠳᠦ ᠠᠰᠢᠭᠳᠠᠢ ᠤᠷᠤᠯᠳᠤᠯᠭ᠎ᠠ ᠬᠢᠭᠰᠡᠨ ᠪᠠ ᠢᠳᠡᠪᠬᠢᠳᠡᠢ ᠦᠢᠯᠡᠳᠦᠯ ᠦᠵᠡᠭᠦᠯᠦᠭᠰᠡᠨ ᠪᠠᠶᠢᠨ᠎ᠠ᠃

    ᠦᠪᠦᠷ ᠮᠤᠩᠭᠤᠯ ᠤᠨ ᠬᠦᠯᠦᠨ ᠪᠤᠶᠢᠷ᠄ ᠨᠡᠭᠦᠳᠡᠯ ᠪᠠᠶᠢᠴᠠᠭᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠮᠠᠯᠵᠢᠬᠤ ᠤᠷᠤᠨ ‍ᠣ ᠠᠷᠠᠳ ᠲᠦᠮᠡᠨ ᠳᠦ ᠦᠢᠯᠡᠴᠢᠯᠡᠵᠦ ᠪᠠᠶᠢᠭ᠎ᠠ ᠨᠢ

W020170919360198233675.jpg

ᠪᠠᠶᠢᠴᠠᠭᠠᠬᠤ ᠲᠤᠰᠢᠶᠠᠯᠳᠠᠨ ᠡᠴᠡ ︽ ᠰᠢᠭᠤᠳ ᠦᠢᠯᠡᠴᠢᠯᠡᠬᠦ ᠲᠡᠷᠭᠡ︾ ᠶᠢ ᠮᠤᠩᠭᠤᠯ ᠭᠡᠷ ᠦᠨ ᠲᠡᠷᠭᠡᠳᠡ ᠬᠦᠷᠭᠡᠨ᠂ ᠬᠠᠥᠯᠢ ᠴᠠᠭᠠᠵᠠ ᠶᠢᠨ ᠤᠬᠠᠭᠤᠯᠭ᠎ᠠ ᠬᠢᠵᠦ ᠪᠠᠶᠢᠭ᠎ᠠ ᠨᠢ

W020170919360198828104.jpg

    ︽︿ᠲᠠᠯ᠎ᠠ ᠨᠤᠳᠤᠭ ᠤᠨ ᠪᠠᠶᠢᠴᠠᠭᠠᠬᠤ ᠬᠤᠷᠢᠶ᠎ᠠ ᠶᠢᠨ ᠰᠢᠭᠤᠳ ᠦᠢᠯᠡᠴᠢᠯᠡᠬᠦ ᠲᠡᠷᠭᠡ﹀ ᠨᠢ ᠪᠠᠶᠢᠴᠠᠭᠠᠬᠤ ᠪᠠᠶᠢᠭᠤᠯᠭ᠎ᠠ ᠪᠠ ᠮᠠᠯᠴᠢᠳ ᠤᠨ ᠬᠤᠭᠤᠷᠤᠨᠳᠤᠬᠢ ᠵᠠᠢ ᠶᠢ ᠪᠠᠭᠠᠰᠬᠠᠵᠤ᠂ ᠮᠠᠯᠴᠢᠨ ᠲᠦᠮᠡᠨ ‍ᠣ ᠰᠡᠳᠭᠢᠯ ᠦᠨ ᠤᠭ ᠡᠴᠡ ᠪᠠᠨ ᠱᠠᠭᠠᠷᠳᠠᠭᠳᠠᠬᠤ ᠵᠦᠢᠯᠡᠰ ᠲᠦ ᠦᠢᠯᠡᠴᠢᠯᠡᠭᠡ ᠬᠠᠩᠭᠠᠵᠤ ᠴᠢᠳᠠᠬᠤ ᠪᠤᠯᠵᠠᠢ᠂ ᠡᠨᠡ ᠪᠤᠯ ᠨᠤᠲᠠᠯᠠᠭᠤᠰᠢᠳᠠᠢ ᠶᠠᠪᠤᠳᠠᠯ ᠪᠤᠯᠤᠨ᠎ᠠ᠃ ᠪᠢᠳᠡ︿ᠪᠠᠶᠢᠴᠠᠭᠠᠬᠤ ᠬᠤᠷᠢᠶ᠎ᠠ ᠶᠢᠨ ᠰᠢᠭᠤᠳ ᠦᠢᠯᠡᠴᠢᠯᠡᠬᠦ ᠲᠡᠷᠭᠡ﹀ ᠶᠢᠨ ᠬᠡᠷᠡᠭᠯᠡᠭᠡ ᠶᠢ ᠦᠷᠬᠦᠯᠵᠢᠯᠡᠨ ᠦᠷᠭᠡᠳᠭᠡᠵᠦ᠂ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠦᠨ ᠬᠦᠭᠵᠢᠬᠦ ᠳᠦ ᠨᠡᠩ ᠶᠡᠬᠡ ᠬᠤᠪᠢ ᠨᠡᠮᠡᠷᠢ ᠦᠵᠡᠭᠦᠯᠦᠨ᠎ᠡ᠃︾ ᠭᠡᠵᠦ ᠵᠠᠩ ᠰᠢᠶᠣᠣ ᠬᠤᠩ ᠶᠠᠷᠢᠭᠰᠠᠨ ᠪᠠᠶᠢᠨ᠎ᠠ᠃

    ︽ᠡᠨᠡ ᠪᠤᠯ ᠪᠠᠶᠢᠴᠠᠭᠠᠬᠤ ᠠᠵᠢᠯ ᠤᠨ ᠬᠦᠷᠦᠯᠴᠡᠭᠦᠷ ᠢ ᠤᠷᠲᠤᠳᠬᠠᠭᠰᠠᠨ ᠨᠢᠭᠡ ᠵᠦᠢᠯ ᠦᠨ ᠰᠢᠨ᠎ᠡ ᠶᠢ ᠡᠭᠦᠳᠦᠭᠰᠡᠨ ᠬᠡᠯᠪᠡᠷᠢ᠂ ᠠᠷᠠᠳ ᠤᠨ ᠲᠦᠯᠦᠭᠡ ᠬᠠᠥᠯᠢ ᠪᠠᠷᠢᠬᠤ᠂ ᠬᠠᠥᠯᠢ ᠪᠠᠷᠢᠬᠤ ᠳᠤ ᠠᠷᠠᠳ ᠲᠤ ᠲᠦᠭᠦᠮ ᠦᠵᠡᠭᠦᠯᠬᠦ ᠶᠡᠷᠦᠩᠬᠡᠢ ᠱᠠᠭᠠᠷᠳᠠᠯᠭ᠎ᠠ ᠲᠠᠢ ᠵᠤᠬᠢᠴᠠᠵᠦ ᠪᠠᠶᠢᠨ᠎ᠠ᠃ ᠡᠨᠡᠬᠦ ᠰᠢᠨ᠎ᠡ ᠶᠢ ᠡᠭᠦᠳᠦᠭᠰᠡᠨ ᠬᠡᠯᠪᠡᠷᠢ ᠨᠢ ᠪᠠᠶᠢᠴᠠᠭᠠᠬᠤ ᠠᠵᠢᠯ ᠪᠠ ᠭᠠᠵᠠᠷ ᠤᠷᠤᠨ ‍ᠣ ᠤᠨᠴᠠᠯᠢᠭ ᠲᠠᠢ ᠵᠤᠬᠢᠴᠠᠵᠤ ᠪᠠᠶᠢᠨ᠎ᠠ᠂ ᠠᠳᠠᠯᠢ ᠭᠠᠵᠠᠷ ᠤᠷᠤᠨ ᠳᠤ ᠲᠭᠤᠷᠢᠶᠠᠨ ᠬᠡᠷᠡᠭᠯᠡᠵᠦ᠂ ᠲᠡᠯᠭᠡᠷᠡᠭᠦᠯᠦᠨ ᠬᠡᠷᠡᠭᠯᠡᠵᠦ ᠪᠤᠯᠤᠨ᠎ᠠ᠃︾ ᠭᠡᠵᠦ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ︽ᠲᠠᠯ᠎ᠠ ᠨᠤᠳᠤᠭ ᠤᠨ ᠪᠠᠶᠢᠴᠠᠭᠠᠬᠤ ᠬᠤᠷᠢᠶ᠎ᠠ ᠶᠢᠨ ᠰᠢᠭᠤᠳ ᠦᠢᠯᠡᠴᠢᠯᠡᠬᠦ ᠲᠡᠷᠭᠡ︾ ᠶᠢ ᠪᠠᠶᠢᠴᠠᠭᠠᠨ ᠦᠵᠡᠬᠦ ᠳ᠋ᠡᠭᠡᠨ ᠭᠦᠢᠴᠡᠳ ᠨᠤᠳᠠᠯᠠᠭᠰᠠᠨ ᠪᠠᠶᠢᠨ᠎ᠠ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro