ᠥᠪᠤᠷ ᠮᠣᠩᠭᠤᠯ ᠤᠨ ᠪᠠᠶᠢᠴᠠᠭᠠᠬᠤ ᠬᠤᠷᠢᠶ᠎ᠠ ᠶᠢᠨ ᠦᠯᠢᠭᠡᠷ ᠰᠤᠭᠤᠯᠵᠤ ᠦᠨᠡᠯᠡᠨ ᠪᠠᠶᠢᠴᠠᠭᠠᠬᠤ ᠠᠵᠢᠯ ᠤᠨ ︽ᠲᠤᠤᠷᠠᠳᠤ ᠱᠠᠲᠤ ᠨᠢ ᠲᠡᠭᠡᠳᠤ ᠱᠠᠳᠤ ᠪᠠᠨ ᠪᠠᠶᠢᠴᠠᠭᠠᠬᠤ︾ ᠠᠵᠢᠯᠯᠠᠭ᠎ᠠ ᠡᠬᠢᠯᠡᠵᠡᠢ
11 ᠰᠠᠷ᠎ᠠ ᠶᠢᠨ 15᠂ 16 ᠤ ᠡᠳᠤᠷ᠂ ᠰᠢᠯᠢ ᠶᠢᠨ ᠭᠤᠣᠯ ᠠᠶᠢᠮᠠᠭ ᠪᠠ ᠪᠠᠶᠠᠨᠨᠠᠭᠤᠷ ᠬᠤᠳᠠ ᠶᠢᠨ ᠬᠤᠶᠠᠷ ᠱᠠᠲᠤᠨ ᠤ ᠬᠤᠷᠢᠶ᠎ᠠ ᠶᠢᠨ ︽ᠲᠤᠤᠷᠠᠳᠤ ᠱᠠᠲᠤ ᠨᠢ ᠲᠡᠭᠡᠳᠤ ᠱᠠᠳᠤ ᠪᠠᠨ ᠪᠠᠶᠢᠴᠠᠭᠠᠬᠤ︾ ᠦᠨᠡᠯᠡᠨ ᠪᠠᠶᠢᠴᠠᠭᠠᠬᠤ ᠲᠤᠭᠤᠶᠢᠯᠠᠩ ᠥᠪᠤᠷ ᠮᠣᠩᠭᠤᠯ ᠤᠨ ᠪᠠᠶᠢᠴᠠᠭᠠᠬᠤ ᠬᠤᠷᠢᠶ᠎ᠠ ᠳᠤ ᠪᠠᠭᠤᠳᠠᠯᠯᠠᠵᠤ᠂ ᠬᠡᠷᠡᠭ ᠤᠨ ᠡᠪᠬᠡᠮᠡᠯ ᠬᠢᠨᠠᠨ ᠦᠵᠡᠬᠦ᠂ ᠮᠠᠲ᠋ᠧᠷᠢᠶᠠᠯ ᠬᠢᠨᠠᠨ ᠪᠠᠶᠢᠴᠠᠭᠠᠬᠤ᠂ ᠲᠤᠭ᠎ᠠ ᠪᠠᠷᠢᠮᠲᠠ ᠬᠠᠷᠭᠤᠭᠤᠯᠤᠨ ᠲᠤᠯᠭᠠᠬᠤ᠂ ᠰᠦᠯᠵᠢᠶ᠎ᠡ ᠪᠠᠷ ᠦᠨᠡᠯᠡᠨ ᠪᠠᠶᠢᠴᠠᠭᠠᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠦᠯᠢᠭᠡᠷ ᠰᠤᠭᠤᠯᠵᠤ ᠦᠨᠡᠯᠡᠨ ᠪᠠᠶᠢᠴᠠᠭᠠᠬᠤ ᠠᠵᠢᠯ ᠢ ᠦᠷᠨᠢᠬᠦᠯᠪᠡ᠃
ᠦᠨᠦ ᠵᠢᠯ ᠪᠤᠯ ᠥᠪᠤᠷ ᠮᠣᠩᠭᠤᠯ ᠤᠨ ᠪᠠᠶᠢᠴᠠᠭᠠᠬᠤ ᠬᠤᠷᠢᠶ᠎ᠠ ᠶᠢᠨ ᠦᠯᠢᠭᠡᠷ ᠰᠤᠭᠤᠯᠵᠤ ᠦᠨᠡᠯᠡᠨ ᠪᠠᠶᠢᠴᠠᠭᠠᠬᠤ ᠠᠵᠢᠯ ᠢ ᠦᠷᠨᠢᠬᠦᠯᠵᠤ ᠪᠠᠶᠢᠭ᠎ᠠ ᠲᠠᠪᠤᠳᠤᠭᠠᠷ ᠵᠢᠯ ᠪᠣᠯᠣᠨ᠎ᠠ᠂ ᠮᠦᠨᠴᠤ ᠬᠤᠶᠠᠷ ᠵᠢᠯ ᠳᠤ ᠨᠢᠭᠡ ᠤᠳᠠᠭ᠎ᠠ ᠬᠢᠵᠤ ᠪᠠᠶᠢᠭ᠎ᠠ ︽ᠲᠤᠤᠷᠠᠳᠤ ᠱᠠᠲᠤ ᠨᠢ ᠲᠡᠭᠡᠳᠤ ᠱᠠᠳᠤ ᠪᠠᠨ ᠪᠠᠶᠢᠴᠠᠭᠠᠬᠤ︾ ᠠᠵᠢᠯ ᠤᠨ ᠭᠤᠷᠪᠠᠳᠤᠭᠠᠷ ᠵᠢᠯ ᠪᠣᠯᠣᠨ᠎ᠠ᠃ ᠤᠶᠢᠷ᠎ᠠ ᠶᠢᠨ ᠵᠢᠯ ᠳᠤ᠂ ᠦᠪᠤᠷ ᠮᠣᠩᠭᠤᠯ ᠤᠨ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠳᠠᠬᠢ ᠬᠦᠭᠵᠢᠯᠲᠡ ᠶᠢᠨ ᠪᠠᠶᠢᠷᠢᠯᠠᠯ ᠮᠡᠳᠡᠭᠳᠡᠬᠦᠶᠢᠴᠡ ᠲᠡᠭᠡᠭᠰᠢᠯᠡᠵᠤ᠂ ᠤᠯᠠᠨ ᠵᠦᠢᠯ ᠤᠨ ᠲᠤᠬᠠᠶᠢᠯᠠᠭᠰᠠᠠ ᠠᠵᠢᠯ ᠤᠨ ᠭᠤᠣᠯ ᠪᠣᠯᠬᠤ ᠲᠤᠭ᠎ᠠ ᠲᠡᠷᠢᠬᠦᠨ ᠤ ᠡᠩᠨᠡᠭᠡᠨ ᠳᠤ ᠤᠷᠤᠵᠤ᠂ ᠪᠦᠬᠦᠶᠢᠯᠡ ᠠᠵᠢᠯ ᠦᠩᠭᠡᠷᠡᠭᠰᠡᠨ ᠤ ᠲᠤᠮᠳᠠᠭᠤᠷ ᠠᠴᠠ ᠳᠣᠣᠭᠤᠷ ᠪᠠᠶᠢᠭᠰᠠᠠ ᠠᠴᠠ ᠪᠠᠨ ᠲᠤᠮᠳᠠ ᠠᠴᠠ ᠲᠡᠭᠡᠬᠦᠷ ᠪᠠᠶᠢᠷᠢᠯᠠᠵᠤ᠂ ᠤᠯᠠᠨ ᠲᠦᠷᠦᠯ ᠤᠨ ᠠᠵᠢᠯ ᠤᠨ ᠲᠤᠷᠰᠢᠯᠭ᠎ᠠ ᠪᠦᠬᠦ ᠣᠯᠣᠰ ᠲᠤ ᠲᠠᠨᠢᠯᠴᠠᠭᠤᠯᠤᠭᠳᠠᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠬᠦᠯᠦᠯᠲᠡ ᠤᠨ ᠵᠦᠪᠰᠢᠶᠡᠷᠡᠯᠲᠡ ᠶᠢᠨ ᠨᠣᠷᠮ᠎ᠠ ᠨᠢ 2012 ᠣᠨ ᠳᠤ 80.2% ᠪᠠᠶᠢᠭᠰᠠᠠ ᠠᠴᠠ ᠪᠠᠨ ᠦᠨᠦ ᠵᠢᠯ 94.8% ᠪᠣᠯᠣᠨ ᠲᠡᠭᠡᠭᠰᠢᠯᠡᠵᠤ᠂ ᠡᠯ᠎ᠡ ᠠᠶᠢᠮᠠᠭ ᠬᠤᠳᠠ ᠶᠢᠨ ᠪᠠᠶᠢᠴᠠᠭᠠᠬᠤ ᠬᠤᠷᠢᠶᠠᠳ ᠤᠨ ᠵᠦᠪᠰᠢᠶᠡᠷᠡᠯᠲᠡ ᠶᠢᠨ ᠨᠣᠷᠮ᠎ᠠ ᠴᠤ ᠲᠡᠤᠭᠡ ᠶᠢᠨ ᠰᠢᠨ᠎ᠡ ᠲᠡᠮᠳᠡᠭᠯᠡᠯ ᠢ ᠡᠬᠦᠳᠪᠡ᠃
ᠥᠪᠤᠷ ᠮᠣᠩᠭᠤᠯ ᠤᠨ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ ᠤ ᠲᠠᠨᠢᠯᠴᠠᠭᠤᠯᠬᠤ ᠪᠠᠷ᠂ ᠦᠨᠦ ᠵᠢᠯ ᠤᠨ ᠠᠵᠢᠯ ᠤᠨ ᠣᠨᠴᠠᠯᠢᠭ ᠪᠣᠯ ᠦᠯᠢᠭᠡᠷ ᠰᠤᠭᠤᠯᠵᠤ ᠦᠨᠡᠯᠡᠨ ᠪᠠᠶᠢᠴᠠᠭᠠᠬᠤ ᠠᠵᠢᠯ ᠤᠨ ᠬᠦᠲᠦᠯᠦᠮᠵᠢ ᠶᠢ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠡᠭᠡᠷ᠎ᠡ ᠲᠠᠯᠪᠢᠵᠤ᠂ ᠦᠭᠡᠷᠡᠴᠢᠯᠡᠯᠲᠡ ᠶᠢ ᠦᠨᠡᠯᠡᠨ ᠪᠠᠶᠢᠴᠠᠭᠠᠬᠤ ᠠᠭᠤᠯᠭ᠎ᠠ ᠳᠤ ᠤᠷᠤᠭᠤᠯᠤᠭᠰᠠᠠ ᠪᠠᠶᠢᠨ᠎ᠠ︔ ᠮᠡᠳᠡᠭᠡ ᠵᠠᠩᠬᠢ ᠮᠡᠷᠭᠡᠵᠢᠯ ᠢ ᠦᠨᠡᠯᠡᠨ ᠪᠠᠶᠢᠴᠠᠭᠠᠬᠤ ᠲᠠᠢ ᠠᠭᠤᠰᠤᠯᠴᠠᠭᠤᠯᠵᠤ᠂ ᠰᠦᠯᠵᠢᠶᠡᠨ ᠤ ᠦᠨᠡᠯᠡᠨ ᠪᠠᠶᠢᠴᠠᠭᠠᠯᠲᠠ ᠶᠢ ᠲᠤᠬᠠᠢ ᠶᠢᠨ ᠭᠠᠵᠠᠷ ᠤᠨ ᠦᠨᠡᠯᠡᠨ ᠪᠠᠶᠢᠴᠠᠭᠠᠬᠤ ᠲᠠᠢ ᠬᠠᠮᠳᠤᠷᠠᠭᠤᠯᠵᠤ᠂ ᠨᠢᠭᠡᠳᠦᠯᠲᠠᠢ ᠲᠤᠬᠠᠶᠢᠯᠠᠭᠰᠠᠠ ᠠᠵᠢᠯ ᠤᠨ ᠬᠡᠷᠡᠭᠯᠡᠭᠡᠨ ᠤ ᠰᠢᠰᠲ᠋ᠧᠮ ᠪᠠ ᠭᠡᠷᠡᠭ ᠤᠨ ᠡᠪᠭᠡᠮᠡᠯ ᠮᠠᠲ᠋ᠧᠷᠢᠶᠠᠯ ᠪᠠᠶᠢᠴᠠᠭᠠᠨ ᠦᠵᠡᠬᠦ ᠶᠢ ᠤᠶᠠᠯᠳᠤᠭᠤᠯᠬᠤ ᠠᠷᠭ᠎ᠠ ᠪᠠᠷ ᠬᠢᠵᠤ᠂ ᠭᠡᠷᠡᠭ ᠰᠢᠳᠬᠡᠭᠴᠢᠳ ᠤᠨ ᠮᠡᠳᠡᠭᠡ ᠵᠠᠩᠬᠢ ᠮᠡᠷᠭᠡᠵᠢᠯ ᠢ ᠬᠡᠷᠡᠭᠯᠡᠬᠦ ᠬᠢᠷᠢ ᠬᠡᠮᠵᠢᠶ᠎ᠡ ᠪᠠ ᠴᠢᠳᠠᠪᠤᠷᠢ ᠶᠢ ᠲᠡᠭᠡᠭᠰᠢᠯᠡᠬᠦᠯᠦᠨ᠎ᠡ︔ ᠦᠩᠭᠡᠷᠡᠭᠰᠡᠨ ᠤ ᠪᠠᠶᠢᠴᠠᠭᠠᠨ ᠭᠠᠷᠭᠠᠭᠰᠠᠠ ᠠᠰᠠᠭᠤᠳᠠᠯ᠂ ᠵᠠᠰᠠᠨ ᠴᠡᠭᠴᠡᠯᠡᠬᠦ ᠶᠢ ᠣᠮᠳᠤᠭᠠᠶᠢᠯᠠᠬᠤ ᠭᠡᠮ ᠰᠤᠭᠤᠭ ᠢ ᠰᠢᠢᠳᠪᠤᠷᠢᠯᠡᠵᠤ᠂ ᠦᠨᠡᠯᠡᠨ ᠪᠠᠶᠢᠴᠠᠭᠠᠯᠲᠠ ᠶᠢᠨ ᠦᠷ᠎ᠡ ᠳ᠋ᠦᠩ ᠢ ᠪᠠᠶᠢᠴᠠᠭᠠᠬᠤ ᠲᠤᠰᠢᠶᠠᠯᠳᠠᠨ᠂ ᠪᠠᠶᠢᠴᠠᠭᠠᠬᠤ ᠲᠤᠰᠠᠯᠠᠭᠴᠢ᠂ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯᠲᠠᠨ ᠤ ᠠᠵᠢᠯ ᠤᠨ ᠠᠮᠵᠢᠯᠲᠠ ᠶᠢᠨ ᠬᠢᠨᠠᠨ ᠰᠢᠯᠭᠠᠯᠲᠠ᠂ ᠵᠢᠯ ᠤᠨ ᠡᠴᠤᠰ ᠤᠨ ᠰᠢᠯᠭᠠᠨ ᠦᠨᠡᠯᠡᠯᠲᠡ᠂ ᠠᠳᠠᠯᠢᠳᠬᠠᠨ ᠰᠢᠯᠭᠠᠷᠠᠭᠤᠯᠬᠤ ᠬᠠᠷᠠᠯᠲᠠ ᠪᠠ ᠬᠦᠬᠢᠬᠦᠯᠦᠨ ᠱᠠᠩᠨᠠᠬᠤ ᠵᠡᠷᠭᠡ ᠲᠠᠢ ᠠᠪᠴᠠᠯᠳᠤᠭᠤᠯᠤᠨ᠎ᠠ︔ ᠠᠰᠠᠭᠤᠳᠠᠯ ᠢ ᠢᠯᠡᠷᠡᠬᠦᠯᠬᠦ ᠪᠠᠷ ᠭᠤᠣᠯ ᠪᠤᠯᠭᠠᠵᠤ᠂ ᠲᠠᠬᠢᠵᠤ ᠲᠤᠭᠠᠴᠢᠯᠠᠨ ᠬᠤᠪᠢ ᠥᠭᠬᠦ ᠦᠭᠡᠢ᠂ ᠦᠨᠡᠯᠡᠨ ᠪᠠᠶᠢᠴᠠᠭᠠᠬᠤ ᠠᠵᠢᠯ ᠢ ᠪᠠᠶᠢᠴᠠᠭᠠᠨ ᠴᠡᠭᠴᠡᠯᠡᠨ ᠵᠠᠰᠠᠵᠤ ᠠᠰᠠᠭᠤᠳᠠᠯ ᠢ ᠵᠠᠯᠠᠷᠠᠭᠤᠯᠬᠤ ᠪᠠᠷ ᠭᠤᠣᠯ ᠪᠣᠯᠭᠠᠨ᠎ᠠ᠃
ᠪᠠᠶᠠᠨᠨᠠᠭᠤᠷ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠦᠨᠡᠯᠡᠨ ᠪᠠᠶᠢᠴᠠᠭᠠᠭᠴᠢ᠂ ᠲᠡᠳ᠋ ᠪᠠᠶᠢᠴᠠᠭᠠᠬᠤ ᠲᠠᠷᠤᠭ᠎ᠠ ᠯᠢᠤ ᡁᠢ ᠵᠦᠩ᠄ ᠡᠨᠡ ᠤᠳᠠᠭᠠᠨ ᠤ ︽ᠲᠤᠤᠷᠠᠳᠤ ᠱᠠᠲᠤ ᠨᠢ ᠲᠡᠭᠡᠳᠤ ᠱᠠᠳᠤ ᠪᠠᠨ ᠪᠠᠶᠢᠴᠠᠭᠠᠬᠤ︾ ᠳᠤ ᠤᠷᠤᠯᠴᠠᠬᠤ ᠪᠣᠯ ᠨᠢᠭᠡ ᠣᠯᠳᠠᠬᠤᠶ᠎ᠠ ᠪᠡᠷᠭᠡ ᠰᠤᠷᠤᠯᠴᠠᠬᠤ ᠵᠠᠪᠰᠢᠶᠠᠨ ᠪᠣᠯᠣᠨ᠎ᠠ᠂ ᠮᠠᠨ ᠤ 10 ᠦᠨᠡᠯᠡᠨ ᠪᠠᠶᠢᠴᠠᠭᠠᠬᠤ ᠲᠤᠭᠤᠶᠢᠯᠠᠩ᠂ 1 ᠲᠠᠪᠲᠠᠨ ᠪᠠᠶᠢᠴᠠᠭᠠᠬᠤ ᠲᠤᠭᠤᠶᠢᠯᠠᠩ ᠨᠢ ᠪᠠᠶᠢᠴᠠᠭᠠᠬᠤ ᠦᠢᠯᠡᠰ᠂ ᠥᠪᠤᠷ ᠮᠣᠩᠭᠤᠯ ᠤᠨ ᠪᠠᠶᠢᠴᠠᠭᠠᠬᠤ ᠬᠤᠷᠢᠶ᠎ᠠ ᠳᠤ ᠬᠠᠷᠢᠭᠤᠴᠠᠬᠤ ᠤᠪᠤᠷ ᠢᠶᠠᠷ᠂ ᠨᠢᠭᠤᠴᠠ ᠬᠠᠮᠠᠭᠠᠯᠠᠬᠤ ᠰᠠᠬᠢᠯᠭ᠎ᠠ ᠪᠠᠳᠤ ᠪᠠ ᠦᠨᠡᠯᠡᠨ ᠪᠠᠶᠢᠴᠠᠭᠠᠬᠤ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠨᠠᠷᠢᠨ ᠬᠢᠨᠠᠮᠠᠭᠠᠢ᠂ ᠪᠦᠬᠦ ᠲᠠᠯ᠎ᠠ ᠪᠠᠷ ᠦᠨᠡᠯᠡᠨ ᠪᠠᠶᠢᠴᠠᠭᠠᠵᠤ᠂ ᠠᠰᠠᠭᠤᠳᠠᠯ ᠢ ᠪᠤᠰᠤᠳᠴᠢ ᠪᠠᠷ᠂ ᠦᠨᠡᠨ ᠮᠠᠭᠠᠳ ᠢᠶᠠᠷ ᠡᠷᠢᠨ ᠭᠠᠷᠭᠠᠵᠤ᠂ ᠵᠦᠢᠲᠠᠢ ᠰᠠᠨᠠᠭᠤᠯᠭ᠎ᠠ ᠲᠤᠷᠠᠳᠤᠨ᠂ ᠪᠠᠶᠢᠴᠠᠭᠠᠬᠤ ᠠᠵᠢᠯ ᠢ ᠴᠢᠨᠠᠭᠰᠢᠲᠠ ᠲᠡᠭᠡᠭᠰᠢᠯᠡᠬᠦᠯᠬᠦ ᠪᠠᠷ ᠴᠢᠷᠮᠠᠶᠢᠨ᠎ᠠ ᠭᠡᠵᠡᠢ᠃
ᠤᠶᠢᠯᠠᠭᠠᠭᠰᠠᠠ ᠢᠶᠠᠷ᠂ 11 ᠰᠠᠷ᠎ᠠ ᠶᠢᠨ 8 ᠤ ᠡᠳᠤᠷ ᠬᠤᠷᠠᠯᠳᠤᠭᠰᠠᠠ 2017 ᠣᠨ ᠤ ᠥᠪᠤᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ ᠦᠯᠢᠭᠡᠷ ᠰᠤᠭᠤᠯᠵᠤ ᠦᠨᠡᠯᠡᠨ ᠪᠠᠶᠢᠴᠠᠭᠠᠬᠤ ᠠᠵᠢᠯ ᠤᠨ ᠲᠠᠶᠢᠴᠢᠯᠠᠯᠲᠠ ᠶᠢᠨ ᠬᠤᠷᠠᠯ ᠲᠡᠭᠡᠷ᠎ᠡ᠂ ᠠᠬᠤᠢ ᠲᠠᠯᠠᠪᠠᠢ ᠶᠢᠨ ᠰᠤᠭᠤᠴᠢᠯᠠᠯᠲᠠ ᠪᠠᠷ ᠲᠠᠮᠵᠢᠭᠠᠳ᠂ ᠤᠷᠳᠤᠰ ᠬᠤᠳᠠ ᠶᠢᠨ ᠪᠠᠶᠢᠴᠠᠭᠠᠬᠤ ᠬᠤᠷᠢᠶ᠎ᠠ ᠵᠢᠴᠢ ᠬᠠᠩᠬᠢᠨ ᠬᠤᠰᠢᠭᠤᠨ ᠤ ᠪᠠᠶᠢᠴᠠᠭᠠᠬᠤ ᠬᠤᠷᠢᠶ᠎ᠠ ᠦᠨᠦ ᠵᠢᠯ ᠤᠨ ︽ᠲᠡᠭᠡᠳᠤ ᠱᠠᠲᠤ ᠨᠢ ᠲᠤᠤᠷᠠᠳᠤ ᠱᠠᠳᠤ ᠪᠠᠨ ᠪᠠᠶᠢᠴᠠᠭᠠᠬᠤ︾ ᠶᠢᠨ ᠦᠨᠡᠯᠡᠨ ᠪᠠᠶᠢᠴᠠᠭᠠᠭᠳᠠᠬᠤ ᠡᠳᠡᠭᠡᠭᠳᠡᠬᠦᠨ ᠪᠣᠯᠪᠠ᠂ 11 ᠰᠠᠷ᠎ᠠ ᠶᠢᠨ 12 ᠤᠨ ᠡᠳᠤᠷ᠂ ᠥᠪᠤᠷ ᠮᠣᠩᠭᠤᠯ ᠤᠨ ᠪᠠᠶᠢᠴᠠᠭᠠᠬᠤ ᠬᠤᠷᠢᠶ᠎ᠠ ᠶᠢᠨ ᠦᠨᠡᠯᠡᠨ ᠪᠠᠶᠢᠴᠠᠭᠠᠬᠤ ᠲᠤᠭᠤᠶᠢᠯᠠᠩ ᠤᠷᠳᠤᠰ ᠬᠤᠳᠠ ᠶᠢᠨ ᠪᠠᠶᠢᠴᠠᠭᠠᠬᠤ ᠬᠤᠷᠢᠶ᠎ᠠ ᠶᠢ ᠦᠨᠡᠯᠡᠨ ᠪᠠᠶᠢᠴᠠᠭᠠᠬᠤ ᠠᠵᠢᠯ ᠢᠶᠠᠨ ᠡᠬᠢᠯᠡᠬᠦᠯᠦᠭᠰᠡᠨ ᠪᠠᠶᠢᠨ᠎ᠠ᠃