ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠶᠤᠸᠠᠨ ᠪᠣᠣ ᠱᠠᠨ ᠲᠤᠭᠤᠷᠢᠭ ᠤᠨ ᠪᠠᠶᠢᠴᠠᠭᠠᠬᠤ ᠬᠤᠷᠢᠶ᠎ᠡ ᠤᠯᠡᠨ ᠠᠷᠭ᠎ᠠ ᠬᠡᠮᠵᠢᠶ᠎ᠡ ᠪᠠᠷ ᠭᠤᠮᠤᠳᠡᠯ ᠵᠠᠭᠠᠯᠳᠤᠯᠭ᠎ᠠ ᠶᠢᠨ ᠠᠵᠢᠯ ᠢᠶᠠᠨ ᠨᠠᠷᠢᠯᠢᠭᠵᠢᠭᠤᠯᠵᠤ ᠪᠤᠢ

2018-01-19 17:28:25
ᠵᠣᠬᠢᠶᠠᠭᠴᠢ
ᠨᠢ᠊ ᠤᠶᠤᠨᠪᠠᠲᠦ

      ᠶᠤᠸᠠᠨ ᠪᠣᠣ ᠱᠠᠨ ᠲᠤᠭᠤᠷᠢᠭ ᠤᠨ ᠪᠠᠶᠢᠴᠠᠭᠠᠬᠤ ᠬᠤᠷᠢᠶ᠎ᠡ ᠶᠢᠨ ᠭᠤᠮᠤᠳᠡᠯ ᠵᠠᠭᠠᠯᠳᠤᠯᠭ᠎ᠠ ᠪᠠᠶᠢᠴᠠᠭᠠᠬᠤ ᠰᠠᠯᠠᠭ᠎ᠠ ᠬᠠᠥᠯᠢ ᠪᠠᠷᠢᠯᠲᠠ ᠶᠢᠨ ᠠᠵᠢᠯᠯᠠᠭ᠎ᠠ ᠶᠢᠨ ᠳᠦᠷᠢᠮᠵᠢᠭᠦᠯᠦᠯᠲᠡ ᠪᠠᠷ ᠠᠴᠢᠶᠠᠯᠠᠪᠦᠷᠢ ᠪᠤᠯᠭᠠᠵᠦ᠂ ᠭᠤᠮᠤᠳᠡᠯ ᠵᠠᠭᠠᠯᠳᠤᠯᠭ᠎ᠠ  ᠬᠦᠯᠢᠶᠡᠨ ᠠᠪᠬᠤ ᠴᠤᠩᠬᠤᠪᠴᠢ ᠶᠢᠨ ᠪᠠᠶᠢᠭᠤᠯᠤᠯᠳᠠ ᠶᠢ ᠤᠯᠡᠮ ᠨᠢᠭᠡ ᠠᠯᠬᠤᠮ ᠴᠢᠩᠭᠠᠳᠬᠠᠨ᠂ ᠤᠯᠡᠨ ᠠᠷᠭ᠎ᠠ ᠬᠡᠮᠵᠢᠶ᠎ᠡ ᠪᠠᠷ ᠭᠤᠮᠤᠳᠠᠯ ᠵᠠᠭᠠᠯᠳᠤᠯᠭ᠎ᠠ ᠶᠢᠨ ᠠᠵᠢᠯ ᠢᠶᠠᠨ ᠨᠠᠷᠢᠯᠢᠭᠵᠢᠭᠤᠯᠵᠤ᠂《 ᠵᠢᠷᠤᠮ ᠨᠢ ᠳᠦᠭᠦᠮ᠂ ᠪᠦᠲᠦᠮᠵᠢ ᠨᠢ ᠦᠨᠳᠤᠷ᠂ ᠦᠢᠯᠡᠴᠢᠯᠡᠭᠡ ᠨᠢ ᠰᠢᠯᠢᠳᠡᠭ᠂ ᠠᠷᠡᠳ ᠢᠷᠭᠡᠳ ᠬᠠᠨᠤᠮᠵᠢᠲᠠᠢ 》ᠭᠤᠮᠤᠳᠡᠯ ᠵᠠᠭᠠᠯᠳᠤᠯᠭ᠎ᠠ ᠬᠦᠯᠢᠶᠡᠨ ᠠᠪᠬᠤ ᠴᠤᠩᠬᠤᠪᠴᠢ ᠶᠢ ᠪᠦᠬᠦ ᠬᠦᠴᠤᠨ ᠢᠶᠠᠷ ᠪᠠᠶᠢᠭᠤᠯᠵᠦ ᠪᠤᠢ᠃

      ᠨᠢᠭᠡ᠂ ᠠᠷᠡᠳ  ᠤᠯᠡᠨ ᠳᠤ ᠨᠡᠩ ᠰᠠᠶᠢᠨ ᠦᠢᠯᠡᠴᠢᠯᠡᠨ᠎ᠡ᠃ ᠬᠠᠳᠠᠭᠤ ᠲᠤᠨᠤᠭ  ᠲᠦᠬᠦᠭᠡᠷᠤᠮᠵᠢ ᠪᠠᠨ ᠰᠠᠶᠢᠵᠢᠷᠠᠭᠤᠯᠤᠨ᠂ ᠤᠯᠡᠨ ᠲᠠᠯ᠎ᠠ ᠶᠢᠨ ᠪᠤᠳᠠᠳᠠᠢ ᠦᠢᠯᠡᠴᠢᠯᠡᠭᠡ ᠬᠠᠩᠭᠠᠵᠦ᠂ ᠬᠦᠯᠢᠶᠡᠨ ᠠᠭᠤᠯᠵᠠᠬᠤ ᠲᠢᠩᠬᠢᠮ᠂  ᠪᠠᠶᠢᠴᠠᠭᠠᠬᠤ ᠲᠠᠷᠤᠭ᠎ᠠ ᠶᠢᠨ ᠬᠦᠯᠢᠶᠠᠨ ᠠᠭᠤᠯᠵᠠᠬᠤ ᠲᠠᠰᠤᠭ᠂ ᠬᠠᠥᠯᠢᠴᠢ ᠶᠢᠨ ᠡᠪᠬᠡᠮᠡᠯ ᠦᠵᠡᠬᠦ ᠲᠠᠰᠤᠭ ᠵᠡᠷᠭᠡ ᠲᠤᠰᠬᠠᠢ ᠲᠠᠯᠠᠪᠠᠢ ᠶᠢ ᠪᠠᠶᠢᠭᠤᠯᠪᠠ᠃ ᠬᠦᠯᠢᠶᠡᠨ ᠠᠪᠬᠤ ᠲᠢᠩᠬᠢᠮ ᠳᠤ ᠬᠡᠷᠡᠭ ᠯᠠᠪᠯᠠᠬᠤ ᠮᠠᠰᠢᠨ ᠲᠤᠬᠢᠷᠠᠭᠤᠯᠵᠦ᠂ ᠬᠡᠷᠡᠭ ᠰᠢᠢᠳᠪᠤᠷᠢᠯᠡᠭᠰᠡᠨ ᠪᠠᠶᠢᠳᠡᠯ ᠢ ᠲᠤᠬᠠᠢ ᠶᠢᠨ ᠬᠦᠮᠦᠨ ᠴᠠᠭ ᠲᠤᠬᠠᠢ ᠳᠤᠨᠢ ᠪᠠᠶᠢᠴᠠᠭᠠᠨ ᠯᠠᠪᠯᠠᠵᠤ᠂ ᠰᠢᠢᠳᠪᠦᠷᠢᠯᠡᠭᠰᠡᠨ ᠶᠠᠪᠤᠴᠠ ᠶᠢ ᠴᠠᠭ ᠲᠤᠬᠠᠢ ᠳᠤᠨᠢ ᠤᠶᠢᠯᠭᠠᠨ᠎ᠠ᠃

      ᠬᠤᠶᠠᠷ᠂ ᠵᠢᠷᠦᠮ ᠤᠨ ᠬᠤᠭᠤᠴᠠᠭᠠᠲᠤ ᠬᠦᠴᠦᠨ ᠢ ᠴᠢᠩᠭᠠᠳᠬᠠᠪᠠ᠃ ᠦᠢᠯᠡᠴᠢᠯᠡᠭᠡᠨ ᠤ ᠴᠢᠳᠠᠮᠵᠢ ᠶᠢ ᠨᠡᠶᠢᠳᠬᠡᠬᠦ ᠪᠠᠷ ᠳᠠᠮᠵᠢᠨ᠂ 《 ᠬᠦᠯᠢᠶᠠᠨ ᠠᠪᠬᠤ᠂ ᠲᠦᠷᠦᠯ ᠠᠩᠭᠢᠯᠡᠨ ᠰᠢᠢᠳᠪᠦᠷᠢᠯᠡᠬᠦ᠂ ᠲᠤᠳᠦᠭᠠᠲᠦ ᠳᠠᠭᠠᠨ ᠬᠠᠮᠵᠢᠯᠴᠠᠬᠤ᠂ ᠮᠦᠷᠳᠡᠨ ᠬᠢᠨᠠᠬᠤ 》ᠠᠵᠢᠯ ᠤᠨ ᠲᠤᠭᠳᠠᠴᠠ ᠶᠢᠨ ᠶᠤᠰᠤᠭᠠᠷ ᠲᠤᠲᠦᠭᠠᠲᠦ ᠳᠤ ᠪᠠᠨ ᠨᠢᠭᠡ ᠦᠷᠳᠡᠭᠡᠲᠦ ᠦᠢᠯᠡᠴᠢᠯᠡᠭᠡ ᠪᠠᠷ ᠵᠤᠬᠢᠴᠠᠭᠤᠯᠤᠨ ᠬᠠᠮᠢᠶᠠᠷᠪᠠ᠃ ᠬᠤᠷᠢᠶᠠᠨ ᠤᠯᠤᠭᠰᠡᠨ ᠬᠡᠷᠡᠭ ᠤᠨ ᠰᠦᠪᠡᠭᠴᠢ ᠪᠠᠨ ᠨᠢᠭᠡᠳᠦᠯᠲᠠᠢ ᠬᠠᠮᠢᠶᠠᠷᠤᠨ᠂ ᠨᠢᠭᠡ ᠨᠢᠭᠡ ᠪᠠᠷ ᠲᠡᠮᠳᠡᠭᠯᠡᠵᠦ᠂ ᠬᠡᠷᠡᠭ ᠤᠨ ᠰᠢᠢᠳᠪᠦᠷᠢᠯᠡᠭᠰᠡᠨ ᠪᠠᠶᠢᠳᠡᠯ ᠢ ᠲᠤᠭᠲᠠᠭᠰᠡᠨ ᠬᠤᠭᠤᠴᠠᠭ᠎ᠠ  ᠲᠠᠢ ᠪᠠᠶᠢᠴᠠᠭᠠᠵᠦ᠂ ᠡᠭᠡᠳᠡᠷᠡᠭᠡᠨᠲᠦ ᠬᠡᠷᠡᠭ ᠢ ᠬᠤᠷᠢᠶᠠᠨ ᠤ ᠤᠳᠤᠷᠢᠳᠤᠯᠭ᠎ᠠ ᠦᠪᠡᠷ ᠤᠨ ᠪᠡᠶ᠎ᠡ ᠪᠠᠷ ᠢᠶᠠᠨ  ᠲᠤᠬᠢᠷᠠᠭᠤᠯᠤᠨ ᠰᠢᠢᠳᠪᠦᠷᠢᠯᠡᠬᠦ ᠶᠢᠨ ᠬᠠᠮᠲᠦ ᠲᠤᠰᠬᠠᠢ ᠬᠦᠮᠦᠨ ᠲᠤᠬᠢᠷᠠᠭᠤᠯᠤᠨ ᠬᠢᠨᠠᠯᠳᠠ ᠲᠠᠯᠪᠢᠭᠤᠯᠪᠠ᠃

     ᠭᠤᠷᠪᠠ᠂ ᠰᠢᠨᠵᠢᠯᠡᠭᠡ ᠮᠡᠷᠭᠡᠵᠢᠯ ᠢᠶᠠᠷ ᠠᠵᠢᠯ ᠤᠨ ᠪᠦᠳᠦᠮᠵᠢ ᠪᠠᠨ ᠳᠡᠭᠡᠭᠰᠢᠯᠡᠭᠦᠯᠪᠡ᠃ ᠲᠤᠤᠷ ᠰᠦᠯᠵᠢᠶ᠎ᠠ᠂ ᠪᠥᠷᠬᠡ᠂ ᠣᠬᠤᠷ ᠮᠡᠳᠡᠭᠡ ᠵᠡᠷᠭᠡ ᠣᠳᠣ ᠦᠶ᠎ᠡ ᠶᠢᠨ ᠰᠢᠨᠵᠢᠯᠡᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠡᠨ  ᠰᠦᠯᠵᠢᠶᠡᠨ ᠳᠡᠭᠡᠷ᠎ᠡ ᠮᠡᠳᠡᠭᠳᠡᠬᠦ᠂ ᠰᠦᠯᠵᠢᠶᠠᠨ ᠳᠡᠭᠡᠷ᠎ᠡ ᠤᠷᠢᠳᠴᠢᠯᠠᠨ ᠪᠣᠯᠵᠤᠵᠤ ᠬᠡᠷᠡᠭ ᠰᠢᠢᠳᠪᠦᠷᠢᠯᠡᠬᠦ ᠵᠡᠷᠭᠡ ᠦᠢᠯᠡᠴᠢᠯᠡᠭᠡ ᠶᠢ ᠶᠠᠪᠤᠭᠳᠠᠭᠤᠯᠪᠠ᠃ ᠵᠠᠬᠢᠳᠡᠯ ᠰᠤᠷᠪᠤᠯᠵᠢᠯᠡᠯ ᠤᠨ ᠬᠡᠷᠡᠭ ᠤᠨ ᠳ᠋ᠠᠶᠢᠲ᠋ᠠ ᠬᠦᠮᠦᠷᠭᠡ ᠵᠤᠬᠢᠶᠠᠨ᠂ ᠬᠡᠷᠡᠭ ᠤᠨ ᠰᠦᠪᠡᠭᠴᠢ ᠶᠢ ᠬᠦᠳᠡᠯᠥᠩᠭᠦᠢ ᠬᠠᠮᠢᠶᠠᠷᠴᠦ᠂ ᠲᠤᠤᠷ ᠰᠦᠯᠵᠢᠶᠠᠨ ᠤ ᠶᠠᠷᠢᠶ᠎ᠠ ᠬᠡᠯᠡᠯᠴᠠᠭᠡᠨ ᠤ ᠤᠳᠤᠷᠢᠳᠤᠨ ᠳᠠᠭᠠᠭᠤᠯᠬᠤ ᠦᠢᠯᠡᠳᠤᠯ ᠢ ᠭᠦᠢᠴᠡᠳ ᠪᠠᠳᠠᠷᠠᠭᠤᠯᠵᠦ᠂ ᠠᠷᠠᠳ ᠢᠷᠭᠡᠳ ᠤᠨ ᠵᠠᠷᠭᠤ ᠶᠢᠨ ᠭᠤᠶᠤᠴᠢᠯᠡᠯ ᠤᠨ ᠰᠤᠪᠠᠭ ᠢ ᠦᠷᠭᠡᠳᠭᠡᠨ᠂ ᠭᠤᠮᠤᠳᠡᠯ ᠵᠠᠭᠠᠯᠳᠤᠯᠭ᠎ᠠ ᠶᠢᠨ ᠢᠯᠡᠴᠢᠯᠡᠨ ᠮᠡᠳᠡᠭᠦᠯᠬᠦ ᠠᠵᠢᠯ ᠢ ᠠᠷᠡᠳ ᠳᠦᠮᠡᠨ ᠲᠠᠢ ᠨᠡᠩ ᠤᠶᠢᠷᠠᠳᠤᠭᠤᠯᠤᠨ᠂ ᠤᠯᠡᠨ ᠲᠦᠮᠡᠨ ᠤ ᠰᠠᠶᠢᠨ ᠦᠨᠡᠯᠡᠯᠲᠠ ᠶᠢ ᠣᠯᠪᠠ᠃

       ᠲᠥᠷᠪᠡ᠂ 《ᠳᠦᠷᠪᠡᠨ ᠰᠤᠷᠳᠡᠯ 》 ᠢ ᠴᠡᠭᠴᠡᠯᠡᠨ ᠺᠠᠳ᠋ᠷᠴᠤᠤᠯ ᠤᠨ ᠳᠦᠷᠢ ᠳᠥᠷᠬᠦ ᠶᠢ ᠰᠠᠶᠢᠵᠢᠷᠠᠭᠤᠯᠪᠠ᠃《ᠦᠢᠯᠡᠴᠢᠯᠡᠭᠡᠨ ᠤ ᠨᠢᠭᠡᠴᠢ ᠶᠢᠨ ᠦᠢᠯᠡᠴᠢᠯᠡᠬᠦ ᠠᠵᠢᠯ ᠤᠨ ᠳᠦᠷᠢᠮᠵᠢᠯ  》᠂ 《ᠬᠦᠯᠢᠶᠠᠨ ᠠᠭᠤᠯᠵᠠᠬᠤ ᠦᠢᠯᠡᠴᠢᠯᠡᠭᠡᠨ ᠤ  ᠴᠡᠭᠡᠷ ᠦᠭᠡ ᠪᠠ ᠳᠦᠷᠢᠮᠵᠢᠯ ᠬᠡᠯᠡ ᠬᠡᠯᠡᠯᠭᠡ 》ᠵᠡᠷᠭᠡ ᠳᠦᠷᠢᠮ ᠲᠤᠭᠳᠠᠭᠠᠯ ᠢ ᠵᠠᠰᠠᠨ ᠰᠠᠶᠢᠵᠢᠷᠠᠭᠤᠯᠵᠦ᠂ ᠠᠯᠪᠠᠯᠠᠬᠤ ᠣᠷᠴᠢᠨ ᠲᠤᠭᠤᠷᠢᠨ  ᠪᠤᠯᠪᠠᠰᠤᠨ ᠶᠤᠰᠤᠷᠬᠠᠭ᠂ ᠦᠢᠯᠡᠴᠢᠯᠡᠭᠡᠨ ᠤ ᠤᠪᠣᠷ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠰᠠᠶᠢᠨ ᠪᠠᠶᠢᠵᠦ᠂《 ᠪᠤᠱᠤᠭ᠎ᠠ ᠨᠢ ᠦᠨᠳᠤᠷ᠂ ᠴᠢᠷᠠᠢ ᠨᠢ ᠮᠠᠭᠤ᠂ ᠬᠡᠷᠡᠭ ᠪᠦᠳᠦᠭᠡᠬᠦ ᠨᠢ ᠬᠦᠴᠢᠷᠲᠠᠢ 》ᠠᠰᠠᠭᠤᠳᠡᠯ ᠢ ᠲᠤᠰᠬᠠᠢ ᠴᠡᠭᠴᠡᠯᠡᠬᠦ ᠬᠦᠳᠡᠯᠭᠡᠭᠡᠨ ᠶᠠᠪᠤᠭᠤᠯᠵᠦ᠂ ᠬᠠᠷᠠᠭᠠᠨ ᠲᠠᠪᠳᠡᠮᠵᠢ ᠪᠠᠷ ᠬᠢᠨᠡᠨ ᠡᠵᠡᠮᠳᠡᠬᠦ ᠶᠢ  ᠠᠰᠢᠭᠯᠠᠨ ᠰᠤᠭᠤᠴᠢᠨ ᠪᠠᠶᠢᠴᠠᠭᠠᠵᠦ᠂ ᠺᠠᠳ᠋ᠷ ᠠᠵᠢᠯᠳᠡᠨ ᠤ ᠲᠦᠷᠪᠡᠨ ᠰᠤᠷᠳᠡᠯ ᠢ ᠦᠭᠡᠶᠢᠰᠭᠡᠨ ᠰᠠᠶᠢᠨ ᠦᠷ᠎ᠡ ᠪᠦᠳᠦᠮᠵᠢ ᠣᠯᠪᠠ᠃                          

ᠢᠷᠡᠯᠲᠡ
ᠤᠯᠠᠭᠠᠨᠬᠠᠳᠠ ᠬᠣᠲᠠ ᠶᠢᠨ ᠶᠤᠸᠠᠨ ᠪᠣᠣ ᠱᠠᠨ ᠲᠤᠭᠤᠷᠢᠭ ᠤᠨ ᠪᠠᠶᠢᠴᠠᠭᠠᠬᠤ ᠬᠤᠷᠢᠶ᠎ᠡ 
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro