ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠤᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠨᠤᠭᠤᠳ ᠲᠠᠪᠤᠨ ᠵᠢᠯ ᠤᠨ ᠲᠤᠷᠰᠢ ᠲᠤᠰᠢᠶᠠᠯ ᠤᠨ ᠶᠠᠯ᠎ᠠ ᠬᠢᠭᠰᠡᠨ 4578 ᠬᠡᠷᠡᠭ 8024 ᠬᠦᠮᠦᠨ ᠢ ᠬᠡᠷᠡᠭ ᠪᠣᠯᠭᠠᠨ ᠪᠠᠶᠢᠴᠠᠭᠠᠨ ᠰᠢᠳᠭᠡᠪᠡ

2018-01-31 11:45:26
ᠵᠣᠬᠢᠶᠠᠭᠴᠢ
ᠬᠡᠰᠢᠭ

    1 ᠰᠠᠷ᠎ᠠ ᠶᠢᠨ 27 ᠤ ᠡᠳᠤᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠲᠡᠭᠡᠷ᠎ᠡ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠮᠠ ᠶᠦᠩ ᠱᠧᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠲᠡ ᠬᠢᠪᠡ᠃

    ᠮᠡᠳᠡᠬᠦᠯᠦᠯᠲᠡ ᠨᠢ ᠦᠩᠭᠡᠷᠡᠭᠰᠡᠨ ᠲᠠᠪᠤᠨ ᠵᠢᠯ ᠤᠨ ᠭᠤᠣᠯ ᠠᠵᠢᠯ ᠢᠶᠠᠨ ᠡᠷᠬᠢᠴᠡᠬᠦᠯᠪᠡ᠃ 2013 ᠤᠨ ᠠᠴᠠ ᠨᠠᠰᠢ᠂ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠤᠷᠢᠲᠦ ᠪᠣᠳᠤᠯᠭ᠎ᠠ ᠪᠠᠶᠢᠷᠢᠰᠢᠭᠤᠯᠤᠯᠲᠠ ᠪᠠ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠤᠳᠠᠭ᠎ᠠ ᠪᠦᠷᠢ ᠶᠢᠨ ᠬᠤᠷᠠᠯ ᠤᠨ ᠲᠤᠭᠳᠠᠭᠠᠯ ᠰᠢᠢᠳᠪᠤᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢ ᠪᠠᠳᠤᠯᠠᠬᠤ ᠳᠤ ᠢᠳᠡᠪᠬᠢᠲᠠᠢ  ᠦᠢᠯᠡᠴᠢᠯᠡᠨ᠂ ᠲᠥᠪ ᠭᠤᠣᠯᠴᠢ ᠰᠢᠳᠤᠷᠭᠤ ᠶᠤᠰᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂   ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠠ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠬᠦᠢᠴᠡᠳᠭᠡᠨ᠂ ᠡᠯ᠎ᠡ ᠵᠦᠢᠯ ᠤᠨ ᠪᠠᠶᠢᠴᠠᠭᠠᠬᠤ ᠠᠵᠢᠯ ᠰᠢᠨ᠎ᠡ ᠲᠠᠪᠰᠢᠯᠲᠠ ᠲᠠᠢ ᠪᠤᠯᠤᠭᠰᠠᠠ ᠪᠠᠶᠢᠨ᠎ᠠ᠃

    ᠨᠡᠶᠢᠬᠡᠮ ᠤᠨ ᠲᠤᠭᠳᠠᠭᠤᠨ ᠢ ᠬᠠᠮᠠᠭᠠᠯᠠᠨ᠂ ᠠᠵᠤ ᠠᠬᠤᠢ ᠶᠢᠨ ᠬᠦᠭᠵᠢᠯᠲᠡ ᠶᠢ ᠪᠠᠳᠤᠯᠠᠵᠤ᠂ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠪᠠ᠃ ᠪᠦᠬᠦ ᠲᠠᠯ᠎ᠠ ᠳᠤ ᠦᠢᠯᠡᠴᠢᠯᠡᠵᠤ᠂ ᠬᠦᠭᠵᠢᠯᠲᠡ ᠶᠢ ᠠᠬᠢᠭᠤᠯᠤᠨ᠂ ᠠᠷᠠᠳ ᠤᠨ ᠠᠮᠢᠳᠤᠷᠠᠯ ᠢ ᠪᠠᠲᠤᠯᠠᠬᠤ ᠶᠢ ᠪᠠᠷᠢᠮᠲᠠᠯᠠᠵᠤ ᠂ ᠪᠠᠷᠢᠪᠴᠢᠯᠠᠬᠤ ᠶᠢ ᠵᠦᠪᠰᠢᠶᠡᠷᠡᠬᠦ᠂ ᠵᠠᠭᠠᠯᠳᠤᠬᠤ ᠵᠡᠷᠭᠡ ᠡᠬᠦᠷᠭᠡ ᠴᠢᠳᠠᠪᠤᠷᠢ ᠪᠠᠨ ᠬᠠᠤᠯᠢ ᠶᠤᠰᠤᠭᠠᠷ ᠭᠦᠢᠴᠡᠳᠭᠡᠨ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠪᠦᠰᠡ ᠶᠢ ᠪᠤᠢ ᠪᠣᠯᠭᠠᠬᠤ ᠶᠢᠨ ᠲᠦᠯᠦᠭᠡ ᠬᠦᠴᠦᠨ ᠲᠡᠬᠦᠯᠳᠡᠷ ᠬᠠᠤᠯᠢ ᠪᠠᠷᠢᠬᠤ ᠪᠠᠳᠤᠯᠠᠭ᠎ᠠ ᠬᠠᠩᠭᠠᠪᠠ᠃ 5 ᠵᠢᠯ ᠤᠨ ᠲᠤᠷᠰᠢ᠂ ᠡᠯ᠎ᠡ ᠲᠦᠷᠦᠯ ᠤᠨ ᠡᠷᠡᠬᠦᠤ ᠶᠢᠨ ᠶᠠᠯ᠎ᠠ ᠬᠢᠭᠰᠡᠨ 51408 ᠬᠡᠷᠡᠭ 67283 ᠬᠦᠮᠦᠨ ᠢ ᠪᠠᠷᠢᠪᠴᠢᠯᠠᠬᠤ ᠪᠠᠷ ᠵᠦᠪᠰᠢᠶᠡᠷᠡᠵᠤ᠂ 112055 ᠬᠡᠷᠡᠭ 149056 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠵᠠᠢ᠃ ᠵᠠᠯᠬᠠᠭᠠᠨ ᠰᠢᠳᠭᠡᠬᠦ ᠪᠠ ᠰᠡᠷᠭᠡᠶᠢᠯᠡᠬᠦ ᠶᠢ ᠵᠡᠷᠭᠡᠪᠡᠷ ᠪᠠᠷᠢᠮᠲᠠᠯᠠᠵᠤ᠂ ᠱᠠᠮᠰᠢᠭᠰᠠᠳ ᠢ ᠠᠷᠢᠯᠭᠠᠨ ᠢᠯᠵᠠᠷᠠᠯ ᠢ ᠡᠰᠡᠷᠬᠦᠴᠡᠬᠦ ᠶᠢ ᠪᠦᠬᠦ ᠬᠦᠴᠦ ᠪᠠᠷ ᠢᠶᠠᠨ ᠬᠢᠵᠤ᠂ ᠢᠯᠵᠠᠷᠠᠯ ᠢ ᠡᠰᠡᠷᠬᠦᠴᠡᠬᠦ ᠲᠡᠮᠡᠴᠡᠯ ᠳᠤ ᠲᠡᠶᠢᠯᠦᠩᠬᠦᠢ ᠪᠠᠶᠢᠳᠠᠯ ᠢ ᠪᠣᠢ ᠪᠣᠯᠭᠠᠨ ᠪᠠᠶᠢᠴᠠᠭᠠᠬᠤ ᠬᠦᠴᠦᠨ ᠢᠶᠠᠨ ᠵᠤᠷᠢᠭᠤᠯᠪᠠ᠃ ︽ᠪᠠᠷᠰ︾ ︽ᠢᠯᠠᠭ᠎ᠠ︾ ᠶᠢ ᠬᠠᠮᠲᠦ ᠳᠤᠨᠢ ᠴᠤᠬᠢᠬᠤ ᠶᠢ ᠪᠠᠷᠢᠮᠲᠠᠯᠠᠵᠤ᠂ ᠵᠠᠯᠬᠠᠭᠠᠨ ᠰᠢᠳᠭᠡᠬᠦ᠂ ᠤᠷᠢᠳᠴᠢᠯᠠᠨ ᠰᠡᠷᠭᠡᠶᠢᠯᠡᠬᠦ ᠶᠢ ︽ᠵᠡᠷᠭᠡᠪᠡᠷ ᠠᠳᠬᠤᠵᠤ︾᠂ ᠢᠯᠵᠠᠷᠠᠯ ᠢ ᠡᠰᠡᠷᠬᠦᠴᠡᠬᠦ ᠦᠨᠳᠦᠷ ᠲᠠᠷᠤᠯᠳᠠᠳᠤ ᠪᠠᠶᠢᠳᠠᠯ ᠢ ᠢᠮᠠᠭᠲᠠ ᠪᠠᠷᠢᠮᠲᠠᠯᠠᠪᠠ᠃ ᠲᠠᠪᠤᠨ ᠵᠢᠯ ᠤᠨ ᠲᠤᠷᠰᠢ᠂ ᠲᠤᠰᠢᠶᠠᠯ ᠤᠨ ᠶᠠᠯ᠎ᠠ ᠬᠢᠭᠰᠡᠨ 4578 ᠬᠡᠷᠡᠭ 8024 ᠬᠦᠮᠦᠨ ᠢ ᠬᠡᠷᠡᠭ ᠪᠣᠯᠭᠠᠨ ᠪᠠᠶᠢᠴᠠᠭᠠᠨ ᠰᠢᠳᠭᠡᠵᠤ᠂ ᠳᠡᠭᠡᠷ᠎ᠡ ᠲᠠᠪᠤᠨ ᠵᠢᠯ ᠤᠨ ᠬᠢ ᠠᠴᠠ ᠲᠤᠰ ᠲᠤᠰ 42.6% ᠪᠠ 76.7% ᠪᠠᠷ ᠲᠡᠭᠡᠭᠰᠢᠯᠡᠵᠡᠢ᠃

    ᠨᠢᠭᠡ᠂ ᠲᠣᠮᠤ ᠬᠡᠷᠡᠭ ᠴᠢᠬᠤᠯᠠ ᠬᠡᠷᠡᠭ ᠢ ᠭᠤᠣᠯᠳᠠᠯᠭ᠎ᠠ ᠲᠠᠢ ᠪᠠᠶᠢᠴᠠᠭᠠᠨ ᠰᠢᠳᠭᠡᠪᠡ 

    5 ᠵᠢᠯ ᠤᠨ ᠲᠤᠷᠰᠢ᠂ ᠦᠪᠤᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠨᠤᠭᠤᠳ ᠲᠣᠮᠤ ᠬᠡᠷᠡᠭ ᠴᠢᠬᠤᠯᠠ ᠬᠡᠷᠡᠭ ᠢ ᠭᠤᠣᠯᠳᠠᠯᠭ᠎ᠠ ᠲᠠᠢ ᠪᠠᠶᠢᠴᠠᠭᠠᠨ ᠰᠢᠳᠭᠡᠪᠡ᠃ 100 ᠲᠦᠮᠡᠨ ᠲᠦᠬᠦᠷᠢᠭ ᠠᠴᠠ ᠲᠡᠭᠡᠭᠰᠢ ᠱᠠᠮᠰᠢᠭᠰᠠᠠ᠂ ᠭᠡᠭᠡᠯᠢ ᠲᠦᠯᠬᠢᠵᠤ ᠬᠠᠭ᠋ᠤᠤᠯᠢ ᠢᠳᠡᠭᠰᠡᠨ᠂ ᠠᠯᠪᠠᠨ ᠤ ᠵᠤᠭᠤᠰ ᠢ ᠨᠡᠬᠦᠯᠭᠡᠨ ᠬᠡᠷᠡᠭᠯᠡᠭᠰᠡᠨ 438 ᠬᠡᠷᠡᠭ ᠢ ᠪᠠᠶᠢᠴᠠᠭᠠᠨ ᠰᠢᠳᠭᠡᠪᠡ︔ ᠴᠢᠬᠤᠯᠠ ᠬᠡᠷᠡᠭ ᠤᠨ 409 ᠬᠦᠮᠦᠨ ᠪᠠᠶᠢᠵᠤ᠂ ᠡᠬᠦᠨ ᠳᠤ ᠲᠢᠩᠬᠢᠮ ᠲᠣᠪᠴᠢᠶᠠᠨ ᠤ ᠲᠡᠰ ᠤᠨ ᠺᠠᠳ᠋ᠷ 36 ᠬᠦᠮᠦᠨ᠂ ᠮᠣᠵᠢ ᠶᠠᠮᠣᠨ ᠤ ᠲᠡᠰ ᠤᠨ ᠺᠠᠳ᠋ᠷ 2 ᠬᠦᠮᠦᠨ ᠪᠣᠢ᠃ ᠡᠨᠡ ᠲᠠᠪᠤᠨ ᠵᠢᠯ ᠪᠣᠯ ᠮᠠᠨ ᠤ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠨ ᠰᠢᠳᠭᠡᠭᠰᠡᠨ ᠲᠤᠮᠤ ᠬᠡᠷᠡᠭ ᠴᠢᠬᠤᠯᠠ ᠬᠡᠷᠡᠭ ᠬᠠᠮᠤᠭ ᠤᠯᠠᠨ᠂ ᠪᠠᠶᠢᠴᠠᠭᠠᠨ ᠰᠢᠳᠭᠡᠭᠰᠡᠨ ᠲᠡᠭᠡᠳᠦ ᠲᠡᠰ ᠤᠨ ᠺᠠᠳ᠋ᠷ ᠬᠠᠮᠤᠭ ᠤᠯᠠᠨ᠂ ᠬᠡᠷᠡᠭ ᠲᠤ ᠬᠤᠯᠪᠤᠭᠳᠠᠭᠰᠠᠠ ᠮᠦᠩᠬᠦᠨ ᠤ ᠲᠤᠭ᠎ᠠ ᠮᠢᠩᠭᠠᠨ ᠲᠦᠮᠡ ᠶᠢ ᠲᠠᠪᠠᠵᠤ ᠳ᠋ᠦᠩᠰᠢᠭᠤᠷ ᠭᠡᠳᠦᠷᠡᠭᠰᠡᠨ ᠲᠤᠮᠤ ᠬᠡᠷᠡᠭ ᠴᠢᠬᠤᠯᠠ ᠬᠡᠷᠡᠭ ᠬᠠᠮᠤᠭ ᠤᠯᠠᠨ ᠬᠤᠭᠤᠴᠠᠭ᠎ᠠ ᠪᠣᠯᠣᠨ᠎ᠠ᠃

    ᠬᠣᠶᠠᠷ᠂ ᠠᠷᠠᠳ ᠤᠨ ᠠᠮᠢᠳᠤᠷᠠᠯ ᠠᠷᠠᠳ ᠤᠨ ᠠᠰᠢᠭ ᠢ ᠬᠤᠬᠢᠷᠠᠭᠤᠯᠤᠭᠰᠠᠠ ᠬᠡᠷᠡᠭ ᠢ ᠴᠢᠩᠭ᠎ᠠ ᠪᠠᠶᠢᠴᠠᠭᠠᠨ ᠰᠢᠳᠭᠡᠪᠡ 

    ᠤᠯᠠᠨ ᠲᠦᠮᠡᠨ ᠤ ᠲᠡᠷᠭᠡᠳᠡ ᠭᠠᠷᠤᠭᠰᠠᠠ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠠ ᠲᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠭᠡᠬᠦ ᠪᠠ ᠤᠷᠢᠳᠴᠢᠯᠠᠨ ᠰᠡᠷᠭᠡᠶᠢᠯᠡᠬᠦ ᠲᠤᠰᠬᠠᠢ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ︽ᠦᠩᠭᠡᠷᠡᠬᠦ ᠬᠤᠨ ᠤ ᠨᠣᠯᠤᠤᠷ ᠢ ᠥᠭᠳᠡᠭᠡᠬᠦ︾ ᠮᠠᠶ᠋ᠢᠭ ᠤᠨ ᠢᠯᠵᠠᠷᠠᠯ ᠢ ᠴᠡᠭᠴᠡᠯᠡᠨ ᠵᠠᠰᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠭᠰᠠᠠ ᠨᠡᠶᠢᠭᠡᠮ ᠤᠨ ᠪᠠᠳᠤᠯᠠᠭ᠎ᠠ᠂ ᠰᠤᠷᠭᠠᠨ ᠬᠦᠮᠦᠵᠢᠯ ᠠᠵᠢᠯ ᠣᠯᠭᠤᠯᠲᠠ᠂ ᠭᠠᠵᠠᠷ ᠲᠠᠲᠠᠪᠤᠷᠢᠯᠠᠨ ᠨᠤᠷᠠᠭᠠᠵᠤ ᠨᠡᠬᠦᠯᠭᠡᠬᠦ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ︽ᠢᠯᠠᠭᠠᠨ ᠱᠠᠮᠰᠢᠭᠴᠢ︾ 837 ᠬᠦᠮᠦᠨ ᠢ ᠪᠠᠶᠢᠴᠠᠭᠠᠨ ᠰᠢᠳᠭᠡᠪᠡ᠃ ᠶᠠᠳᠠᠭᠤ ᠶᠢ ᠲᠡᠳᠭᠦᠭᠦ ᠪᠡᠷᠬᠡ ᠰᠡᠳᠦᠪ ᠢ ᠰᠢᠪᠲᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠦᠯᠲᠡ ᠶᠢ ᠪᠠᠳᠤᠯᠠᠵᠤ᠂  ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠠᠯᠪᠠᠨ ᠭᠡᠷ ᠲᠠᠢ ᠬᠠᠮᠳᠤᠷᠠᠨ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠶᠢᠨ ᠲᠤᠰᠢᠶᠠᠯ ᠶᠢᠨ ᠶᠠᠯ᠎ᠠ ᠬᠢᠬᠦ ᠶᠢ ᠲᠦᠪᠯᠡᠷᠡᠬᠦᠯᠦᠨ ᠴᠡᠭᠴᠡᠯᠡᠬᠦ ᠪᠠ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠬᠤ ᠲᠤᠰᠬᠠᠢ ᠠᠵᠢᠯ ᠦᠷᠨᠢᠬᠦᠯᠵᠤ᠂ 2016 ᠣᠨ ᠠᠴᠠ ᠨᠠᠰᠢ᠂ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠶᠢᠨ ᠲᠤᠰᠢᠶᠠᠯ ᠶᠢᠨ ᠶᠠᠯ᠎ᠠ ᠬᠢᠭᠰᠡᠨ 226 ᠬᠦᠮᠦᠨ ᠢ ᠪᠠᠶᠢᠴᠠᠭᠠᠨ ᠰᠢᠳᠭᠡᠪᠡ᠃

    ᠭᠤᠷᠪᠠ᠂ ᠲᠠᠷᠤᠭ᠎ᠠ ᠪᠤᠯᠤᠭᠠᠳ ᠡᠰᠡ ᠦᠢᠯᠡᠳᠬᠦᠢ᠂ ᠲᠠᠷᠤᠭ᠎ᠠ ᠪᠣᠯᠣᠭᠠᠳ ᠲᠤᠷ᠎ᠠ ᠪᠠᠷ ᠦᠢᠯᠡᠳᠬᠦᠢ ᠶᠢ ᠴᠢᠩᠭ᠎ᠠ ᠵᠠᠯᠬᠠᠭᠠᠨ ᠰᠢᠳᠭᠡᠪᠡ

    ᠲᠤᠰᠢᠶᠠᠯ ᠢᠶᠠᠨ ᠤᠮᠳᠤᠭᠠᠶᠢᠯᠠᠵᠤ ᠬᠠᠷᠢᠭᠤᠴᠠᠯᠭ᠎ᠠ ᠪᠠᠨ ᠠᠯᠳᠠᠭᠰᠠᠠ᠂ ᠡᠷᠬᠡ ᠲᠤᠰᠢᠶᠠᠯ ᠢᠶᠠᠨ ᠲᠣᠷ᠎ᠠ ᠪᠠᠷ ᠢᠶᠠᠨ ᠬᠡᠷᠡᠭᠯᠡᠭᠰᠡᠨ ᠵᠡᠷᠭᠡ ᠲᠤᠰᠢᠶᠠᠯ ᠢᠶᠠᠨ ᠭᠤᠳᠤᠭᠠᠵᠤ ᠡᠷᠬᠡ ᠳᠤ ᠬᠠᠯᠳᠠᠭᠰᠠᠠ  ᠶᠠᠯ᠎ᠠ ᠬᠢᠭᠰᠡᠳ ᠢ ᠢᠳᠡᠪᠬᠢᠲᠠᠢ ᠪᠠᠶᠢᠴᠠᠭᠠᠨ ᠰᠢᠳᠭᠡᠵᠤ᠂ ᠪᠦᠬᠦ ᠤᠷᠤᠨ ᠤ ᠲᠤᠰᠢᠶᠠᠯ ᠢᠶᠠᠨ ᠭᠤᠳᠤᠭᠠᠭᠰᠠᠠ ᠬᠡᠷᠡᠭ ᠤᠨ ᠬᠡᠷᠡᠭ ᠪᠣᠯᠭᠠᠭᠰᠠᠠ ᠲᠤᠭ᠎ᠠ ᠶᠢᠨ ᠨᠡᠮᠡᠭᠳᠡᠯ᠂ ᠬᠦᠮᠦᠨ ᠲᠤᠮᠳᠠᠴᠢ ᠶᠢᠨ ᠬᠡᠷᠡᠭ ᠪᠣᠯᠭᠠᠭᠰᠠᠠ ᠲᠤᠭ᠎ᠠ ᠵᠠᠯᠭᠠᠪᠠᠷ 3 ᠵᠢᠯ ᠪᠦᠬᠦ ᠤᠯᠤᠰ ᠤᠨ ᠲᠡᠷᠢᠬᠦᠨ ᠤ ᠡᠩᠨᠡᠭᠡᠨ ᠳᠤ ᠪᠠᠶᠢᠷᠢᠯᠠᠪᠠ᠃ 631 ᠬᠦᠨᠳᠦ ᠣᠨᠴᠠ ᠲᠤᠮᠤ ᠬᠡᠷᠡᠭ᠂ ᠭᠠᠵᠠᠷ ᠤᠨ ᠲᠡᠰ ᠠᠴᠠ ᠲᠡᠭᠡᠭᠰᠢᠬᠢ ᠺᠠᠳ᠋ᠷ 99 ᠬᠦᠮᠦᠨ ᠢ ᠪᠠᠶᠢᠴᠠᠭᠠᠨ ᠰᠢᠳᠭᠡᠵᠤ᠂ ᠳᠡᠭᠡᠷ᠎ᠡ ᠲᠠᠪᠤᠨ ᠵᠢᠯ ᠤᠨ ᠬᠢ ᠠᠴᠠ ᠲᠤᠰ ᠲᠤᠰ 91.8% ᠪᠠ 110.6% ᠪᠠᠷ ᠲᠡᠭᠡᠭᠰᠢᠯᠡᠵᠡᠢ᠃ ᠬᠦᠨᠳᠦ ᠶᠡᠭᠡ ᠠᠮᠤᠷ ᠲᠦᠪᠰᠢᠨ ᠤ ᠠᠳᠡᠭᠳᠡᠯ ᠤᠨ ᠪᠠᠶᠢᠴᠠᠭᠠᠯᠲᠠ ᠳᠤ ᠬᠠᠤᠯᠢ ᠶᠤᠰᠤᠭᠠᠷ ᠴᠠᠭ ᠲᠠᠷᠤᠢ ᠳᠤᠨᠢ ᠤᠷᠤᠯᠴᠠᠵᠤ᠂ ᠠᠳᠡᠭᠳᠡᠯ ᠤᠨ ᠠᠷᠤ ᠳᠠᠬᠢ ᠲᠤᠰᠢᠶᠠᠯ ᠢᠶᠠᠨ ᠭᠤᠳᠤᠭᠠᠭᠰᠠᠠ ᠶᠠᠯ᠎ᠠ ᠬᠢᠭᠰᠡᠨ 266 ᠬᠦᠮᠦᠨ ᠢ ᠪᠠᠶᠢᠴᠠᠭᠠᠨ ᠰᠢᠢᠳᠪᠤᠷᠢᠯᠡᠵᠡᠢ᠃ 

ᠢᠷᠡᠯᠲᠡ
ᠦᠪᠦᠷ ᠮᠣᠩᠭᠣᠯ ᠤᠨ ᠠᠷᠠᠳ ᠤᠨ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro