ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠯᠢ ᠴᠢ ᠯᠢᠨ ᠪᠠᠶᠢᠴᠠᠭᠠᠬᠤ ᠳᠠᠷᠤᠭ᠎ᠠ ᠶᠠᠳᠠᠭᠤ  ᠶᠢ ᠳᠡᠳᠭᠦᠬᠦ ᠴᠢᠭ᠋ ᠵᠠᠯᠠᠶᠢᠳ ᠬᠤᠰᠢᠭᠤᠨ  ᠤ ᠪᠠᠶᠠᠨᠲᠣᠬᠤᠢ ᠭᠠᠴᠠᠭᠠᠨ  ᠳᠤ ᠭᠦᠨᠵᠡᠭᠡᠶᠢᠷᠡᠨ ᠪᠠᠶᠢᠴᠠᠭᠠᠨ ᠰᠣᠳᠤᠯᠤᠯᠲᠠ ᠬᠢᠪᠡ

2018-03-06 14:56:13
ᠵᠣᠬᠢᠶᠠᠭᠴᠢ
ᠡᠷᠬᠡ


    

     2 ᠰᠠᠷ᠎ᠠ  ᠶᠢᠨ 25 ᠦ ᠡᠳᠦᠷ ᠂ᠦᠪᠡᠷᠲᠡᠭᠡᠨ ᠵᠠᠰᠠᠬᠤ ᠣᠷᠤᠨ  ᠤ ᠪᠠᠶᠢᠴᠠᠭᠠᠬᠤ ᠬᠣᠷᠢᠶᠠᠨ  ᠤ ᠪᠠᠶᠢᠴᠠᠭᠠᠬᠤ ᠳᠠᠷᠤᠭ᠎ᠠ ᠯᠢ ᠴᠢ ᠯᠢᠨ  ᠲᠤᠰ ᠬᠣᠷᠢᠶᠠᠨ  ᠤ  ᠪᠠᠨ ᠠᠮᠠᠯᠠᠭᠰᠠᠨ ᠶᠠᠳᠠᠭᠤ  ᠶᠢ ᠳᠡᠳᠭᠦᠬᠦ ᠴᠢᠭ᠋ ᠬᠢᠩᠭᠠᠨ ᠠᠶᠢᠮᠠᠭ  ᠤᠨ ᠵᠠᠯᠠᠶᠢᠳ ᠬᠤᠰᠢᠭᠤᠨ  ᠤ ᠠᠷᠪᠠᠨᠭᠡᠷ ᠪᠠᠯᠭᠠᠰᠤᠨ  ᠤ ᠪᠠᠶᠠᠨᠲᠣᠬᠤᠢ ᠭᠠᠴᠠᠭᠠᠨ  ᠳᠤ ᠭᠦᠨᠵᠡᠭᠡᠶᠢᠷᠡᠨ ᠪᠠᠶᠢᠴᠠᠭᠠᠨ ᠰᠣᠳᠤᠯᠤᠯᠲᠠ ᠬᠢᠪᠡ ᠃

     ᠯᠢ ᠴᠢ ᠯᠢᠨ ᠪᠠᠶᠢᠴᠠᠭᠠᠬᠤ ᠳᠠᠷᠤᠭ᠎ᠠ ᠪᠠᠶᠠᠨᠲᠣᠬᠤᠢ ᠭᠠᠴᠠᠭᠠᠨ ᠤ ᠲᠡᠵᠢᠭᠡᠨ ᠦᠷᠡᠵᠢᠭᠦᠯᠬᠦ ᠬᠦᠷᠢᠶᠡᠯᠡᠩ  ᠳᠤ ᠬᠦᠷᠴᠦ ᠪᠤᠳᠠᠲᠠᠢ ᠭᠠᠵᠠᠷ ᠲᠤᠨᠢ ᠪᠠᠶᠢᠴᠠᠭᠠᠨ ᠦᠵᠡᠵᠦ ᠂ ᠬᠤᠰᠢᠭᠤ ᠂ ᠪᠠᠯᠭᠠᠰᠤ ᠂ ᠭᠠᠴᠠᠭᠠᠨ  ᠤ ᠬᠠᠮᠢᠶ᠎ᠠ ᠪᠦᠬᠦ ᠬᠠᠷᠢᠭᠤᠴᠠᠯᠭᠠᠲᠠᠨ ᠪᠠ ᠲᠤᠰᠬᠣᠨ ᠳᠤ ᠰᠠᠭᠤᠭ᠎ᠠ ᠺᠠᠳ᠋ᠷ ᠂ᠣᠯᠠᠨ ᠲᠦᠮᠡᠨ  ᠦ ᠲᠦᠯᠦᠭᠡᠯᠡᠭᠴᠢ ᠨᠠᠷ ᠲᠠᠢ ᠰᠠᠭᠤᠳᠠᠯ  ᠤᠨ ᠬᠤᠷᠠᠯ ᠬᠤᠷᠠᠯᠳᠤᠭᠤᠯᠤᠨ ᠶᠠᠷᠢᠯᠴᠠᠪᠠ ᠃ ᠯᠢ ᠴᠢ ᠯᠢᠨ ᠪᠠᠶᠢᠴᠠᠭᠠᠬᠤ ᠳᠠᠷᠤᠭ᠎ᠠ ᠵᠢᠭᠠᠭᠰᠠᠨ ᠨᠢ ᠂ ᠦᠨᠦ ᠶᠠᠳᠠᠭᠤ  ᠠᠴᠠ ᠠᠩᠭᠢᠵᠢᠷᠠᠭᠤᠯᠬᠤ ᠬᠦᠴᠢᠷ ᠰᠡᠳᠦᠪ  ᠢ ᠢᠯᠠᠬᠤ ᠠᠵᠢᠯ ᠨᠢᠭᠡᠨᠲᠡ ᠵᠠᠩᠭᠢᠯᠠᠭ᠎ᠠ  ᠶᠢᠨ ᠱᠠᠲᠤᠨ  ᠳᠤ ᠣᠷᠤᠵᠤ ᠂ᠨᠠᠮ  ᠤᠨ ᠠᠷᠪᠠ ᠶᠢᠰᠦᠳᠦᠭᠡᠷ ᠶᠡᠬᠡ ᠬᠤᠷᠠᠯ  ᠤᠨ ᠵᠣᠷᠢᠭ ᠰᠠᠨᠠᠭ᠎ᠠ  ᠶᠢ ᠡᠷᠡᠰ  ᠢᠶᠡᠷ ᠲᠤᠤᠱᠯᠠᠭᠤᠯᠤᠨ ᠂ ᠰᠢ ᠵᠢᠨ ᠫᠢᠩ  ᠦᠨ ᠰᠢᠨ᠎ᠡ ᠴᠠᠭ ᠦᠶ᠎ᠡ  ᠶᠢᠨ ᠳᠤᠮᠳᠠᠳᠦ ᠤᠯᠤᠰ  ᠤᠨ ᠣᠨᠴᠠᠯᠢᠭ ᠪᠦᠬᠦᠢ ᠨᠡᠶᠢᠭᠡᠮ ᠵᠢᠷᠤᠮ  ᠤᠨ ᠦᠵᠡᠯ ᠰᠠᠨᠠᠭ᠎ᠠ   ᠪᠡᠷ ᠵᠢᠯᠤᠭᠤᠳᠤᠯᠭ᠎ᠠ ᠪᠣᠯᠭᠠᠬᠤ  ᠶᠢ ᠪᠠᠷᠢᠮᠲᠠᠯᠠᠨ ᠂ᠨᠠᠮ  ᠤᠨ ᠲᠦᠪ ᠬᠣᠷᠢᠶ᠎ᠠ ᠪᠠ ᠦᠪᠡᠷᠲᠡᠭᠡᠨ ᠵᠠᠰᠠᠬᠤ ᠣᠷᠤᠨ  ᠤ ᠨᠠᠮ  ᠤᠨ ᠬᠣᠷᠢᠶᠠᠨ  ᠤ ᠶᠠᠳᠠᠭᠤ  ᠠᠴᠠ ᠠᠩᠭᠢᠵᠢᠷᠠᠭᠤᠯᠬᠤ ᠬᠦᠴᠢᠷ ᠰᠡᠳᠦᠪ  ᠢ ᠢᠯᠠᠬᠤ ᠠᠵᠢᠯ ᠤᠨ ᠡᠯ᠎ᠡ ᠵᠦᠢᠯ  ᠦᠨ ᠰᠢᠢᠳᠪᠦᠷᠢᠲᠦ ᠪᠣᠳᠤᠯᠭ᠎ᠠ ᠪᠠᠶᠢᠷᠢᠰᠢᠭᠤᠯᠤᠯᠲᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ᠠᠵᠤ ᠦᠢᠯᠡᠰ  ᠢ ᠬᠦᠭᠵᠢᠭᠦᠯᠬᠦ ᠭᠡᠬᠦ ᠡᠨᠡᠬᠦ ᠭᠠᠷᠳᠠᠴᠠ  ᠶᠢ ᠯᠠᠪᠳᠠᠭᠤᠨ  ᠢᠶᠠᠷ ᠠᠳᠬᠤᠨ ᠂ᠠᠮᠢᠳᠤᠷᠠᠯ ᠬᠦᠴᠢᠷᠳᠡᠯᠲᠠᠢ ᠣᠯᠠᠨ ᠲᠦᠮᠡᠨ᠋ ᠢ ᠡᠷᠲᠡ ᠨᠢᠭᠡ ᠡᠳᠦᠷ ᠶᠠᠳᠠᠭᠤ  ᠠᠴᠠ ᠠᠩᠭᠢᠵᠢᠷᠠᠭᠤᠯᠤᠨ ᠪᠠᠶᠠᠵᠢᠭᠤᠯᠵᠤ ᠂ ᠶᠠᠳᠠᠭᠤ  ᠠᠴᠠ ᠠᠩᠭᠢᠵᠢᠷᠠᠭᠤᠯᠬᠤ ᠬᠦᠴᠢᠷ ᠰᠡᠳᠦᠪ  ᠢ ᠢᠯᠠᠬᠤ ᠳᠠᠶᠢᠨ  ᠤ ᠢᠯᠠᠯᠲᠠ  ᠶᠢ ᠡᠷᠡᠰ  ᠢᠶᠡᠷ ᠲᠡᠮᠡᠴᠡᠨ ᠣᠯᠬᠤ ᠬᠡᠷᠡᠭᠲᠡᠢ ᠭᠡᠪᠡ ᠃


ᠢᠷᠡᠯᠲᠡ
ᠦᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro