ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠦᠬᠦ ᠣᠷᠤᠨ  ᠤ ᠭᠤᠷᠪᠠᠨ ᠱᠠᠲᠤᠨ  ᠤ ᠪᠠᠶᠢᠴᠠᠭᠠᠬᠤ ᠳᠠᠷᠤᠭ᠎ᠠ ᠨᠠᠷ  ᠤᠨ ᠬᠤᠷᠠᠯᠳᠤᠭᠠᠨ  ᠢ ᠬᠦᠬᠡᠬᠣᠲᠡ  ᠳᠤ ᠬᠤᠷᠠᠯᠳᠤᠭᠤᠯᠪᠠ

2018-05-10 08:59:08
ᠵᠣᠬᠢᠶᠠᠭᠴᠢ

01.jpg

02.jpg03.jpg04.jpg06.jpg07.jpg

     4 ᠰᠠᠷ᠎ᠠ  ᠶᠢᠨ  18  ᠤ ᠡᠳᠦᠷ ᠂ ᠦᠪᠡᠷᠲᠡᠭᠡᠨ ᠵᠠᠰᠠᠬᠤ ᠣᠷᠤᠨ  ᠤ ᠬᠤᠭᠤᠴᠠᠭ᠎ᠠ ᠰᠣᠯᠢᠭᠰᠠᠨ  ᠠᠴᠠ ᠨᠠᠰᠢᠬᠢ ᠨᠢᠭᠡᠳᠦᠭᠡᠷ ᠤᠳᠠᠭᠠᠨ  ᠤ ᠪᠦᠬᠦ ᠣᠷᠤᠨ  ᠤ ᠭᠤᠷᠪᠠᠨ ᠱᠠᠲᠤᠨ  ᠤ ᠪᠠᠶᠢᠴᠠᠭᠠᠬᠤ ᠳᠠᠷᠤᠭ᠎ᠠ ᠨᠠᠷ  ᠤᠨ ᠬᠤᠷᠠᠯᠳᠤᠭᠠᠨ  ᠢ ᠬᠦᠬᠡᠬᠣᠲᠡ  ᠳᠤ ᠬᠤᠷᠠᠯᠳᠤᠭᠤᠯᠪᠠ᠃ ᠦᠪᠡᠷᠲᠡᠭᠡᠨ ᠵᠠᠰᠠᠬᠤ ᠣᠷᠤᠨ  ᠤ ᠪᠠᠶᠢᠴᠠᠭᠠᠬᠤ ᠬᠣᠷᠢᠶᠠᠨ  ᠤ ᠪᠠᠶᠢᠴᠠᠭᠠᠬᠤ ᠳᠠᠷᠤᠭ᠎ᠠ ᠯᠢ ᠴᠢ ᠯᠢᠨ ᠢᠯᠡᠷᠬᠡᠢᠯᠡᠬᠦ ᠳ᠋ᠡᠭᠡᠨ 《ᠳᠣᠯᠤᠭ᠎ᠠ   ᠳᠦ  ᠲᠦᠪᠯᠡᠷᠡᠭᠦᠯᠦᠨ ᠂ ᠳᠣᠯᠤᠭ᠎ᠠ  ᠶᠢ ᠦᠨᠡᠨᠬᠦ ᠠᠳᠬᠤᠬᠤ 》 ᠶᠢ ᠪᠡᠶᠡᠯᠡᠭᠦᠯᠦᠨ ᠂ ᠰᠢᠨ᠎ᠡ ᠴᠠᠭ ᠦᠶ᠎ᠡ  ᠶᠢᠨ ᠪᠦᠬᠦ ᠣᠷᠤᠨ  ᠤ ᠪᠠᠶᠢᠴᠠᠭᠠᠬᠤ ᠠᠵᠢᠯ  ᠤᠨ ᠰᠢᠨ᠎ᠡ ᠬᠦᠭᠵᠢᠯᠲᠡ ᠂ ᠰᠢᠨ᠎ᠡ ᠠᠯᠬᠤᠴᠠ  ᠶᠢ ᠴᠢᠷᠮᠠᠶᠢᠨ ᠠᠬᠢᠭᠤᠯᠤᠨ᠎ᠠ  ᠭᠡᠵᠡᠢ᠃

     《ᠳᠣᠯᠤᠭ᠎ᠠ   ᠳᠦ  ᠲᠦᠪᠯᠡᠷᠡᠭᠦᠯᠦᠨ ᠂ ᠳᠣᠯᠤᠭ᠎ᠠ  ᠶᠢ ᠦᠨᠡᠨᠬᠦ ᠠᠳᠬᠤᠬᠤ 》ᠭᠡᠳᠡᠭ ᠨᠢ ᠨᠢᠭᠡ  ᠳᠦ᠂ ᠵᠦᠪ ᠣᠨᠤᠪᠴᠢᠲᠠᠢ ᠤᠯᠤᠰ ᠲᠦᠷᠦ  ᠶᠢᠨ ᠴᠢᠭᠯᠡᠯ  ᠳᠦ ᠲᠥᠪᠯᠡᠷᠡᠭᠦᠯᠦᠨ ᠂ ᠪᠠᠶᠢᠴᠠᠭᠠᠬᠤ ᠠᠵᠢᠯ  ᠤᠨ ᠦᠪᠡᠷ  ᠦᠨ ᠢᠲᠡᠭᠡᠯ  ᠢ ᠦᠨᠡᠨᠬᠦ ᠴᠢᠩᠭᠠᠷᠠᠭᠤᠯᠤᠨ᠎ᠠ ︔ ᠬᠣᠶᠠᠷ  ᠲᠤ᠂ ᠶᠡᠬᠡ ᠲᠠᠯ᠎ᠠ  ᠳᠤ ᠦᠢᠯᠡᠴᠢᠯᠡᠬᠦ  ᠳᠦ ᠲᠥᠪᠯᠡᠷᠡᠭᠦᠯᠦᠨ ᠂ ᠬᠠᠤᠯᠢ ᠪᠠᠷᠢᠬᠤ ᠪᠠᠲᠤᠯᠠᠭᠠᠨ  ᠤ ᠬᠢᠷᠢ ᠲᠥᠪᠰᠢᠨ  ᠢᠶᠡᠨ ᠦᠨᠡᠨᠬᠦ ᠲᠡᠭᠡᠭᠰᠢᠯᠡᠭᠦᠯᠦᠨ᠎ᠡ ︔ ᠭᠣᠣᠯ ᠲᠤᠬᠠᠶᠢᠯᠠᠭᠰᠠᠨ ᠠᠵᠢᠯ ᠪᠠ ᠬᠠᠷᠢᠭᠤᠴᠠᠯᠭ᠎ᠠ  ᠳᠤ ᠲᠥᠪᠯᠡᠷᠡᠭᠦᠯᠦᠨ ᠂ ᠲᠥᠪ ᠭᠣᠣᠯᠴᠢ ᠰᠢᠳᠤᠷᠭᠤ ᠶᠣᠰᠤ  ᠶᠢ ᠦᠨᠡᠨᠬᠦ ᠬᠠᠮᠠᠭᠠᠯᠠᠨ᠎ᠠ ︔ ᠭᠤᠷᠪᠠ  ᠳᠤ ᠂ ᠬᠠᠤᠯᠢ ᠪᠠᠷᠢᠬᠤ ᠪᠠᠶᠢᠭᠤᠯᠤᠯ  ᠤᠨ ᠦᠭᠡᠷᠡᠴᠢᠯᠡᠯᠲᠡ  ᠳᠦ ᠲᠥᠪᠯᠡᠷᠡᠭᠦᠯᠦᠨ ᠂ ᠬᠠᠤᠯᠢ ᠪᠠᠷᠢᠯᠲᠠ  ᠶᠢᠨ ᠢᠲᠡᠭᠡᠭᠦᠯᠬᠦ ᠬᠦᠴᠦᠨ  ᠢ ᠦᠨᠡᠨᠬᠦ ᠳᠡᠭᠡᠭᠰᠢᠯᠡᠭᠦᠯᠦᠨ᠎ᠡ ︔ ᠳᠦᠷᠪᠡ  ᠳᠦ  ᠤᠶᠤᠨᠴᠢ  ᠪᠠᠶᠢᠴᠠᠭᠠᠬᠤ ᠶᠠᠪᠤᠳᠠᠯ  ᠤᠨ ᠪᠠᠶᠢᠭᠤᠯᠤᠯᠲᠠ  ᠳᠤ ᠲᠥᠪᠯᠡᠷᠡᠭᠦᠯᠦᠨ ᠂ ᠬᠠᠤᠯᠢ ᠪᠠᠷᠢᠯᠲᠠ  ᠶᠢᠨ ᠦᠷ᠎ᠡ ᠪᠦᠲᠦᠮᠵᠢ  ᠶᠢ ᠦᠨᠡᠨᠬᠦ ᠳᠡᠭᠡᠭᠰᠢᠯᠡᠭᠦᠯᠦᠨ᠎ᠡ ︔ ᠲᠠᠪᠤ  ᠳᠤ ᠂ ᠴᠢᠳᠠᠪᠤᠷᠢ  ᠶᠢᠨ ᠪᠠᠶᠢᠭᠤᠯᠤᠯᠲᠠ  ᠳᠤ ᠲᠥᠪᠯᠡᠷᠡᠭᠦᠯᠦᠨ ᠂ ᠴᠠᠭᠠᠷᠠᠵᠤ ᠬᠠᠲᠠᠭᠤᠵᠢᠭᠰᠠᠨ ᠡᠩᠨᠡᠭᠡ  ᠶᠢ ᠦᠨᠡᠨᠬᠦ ᠪᠠᠶᠢᠭᠤᠯᠤᠨ᠎ᠠ ︔ ᠵᠢᠷᠭᠤᠭ᠎ᠠ  ᠳᠤ ᠂ ᠦᠨᠳᠦᠰᠦᠨ ᠱᠠᠲᠤᠨ  ᠳᠤ ᠰᠠᠭᠤᠷᠢᠯᠠᠬᠤ  ᠳᠤ ᠲᠥᠪᠯᠡᠷᠡᠭᠦᠯᠦᠨ ᠂ ᠪᠠᠶᠢᠴᠠᠭᠠᠬᠤ ᠠᠵᠢᠯ  ᠤᠨ ᠬᠦᠭᠵᠢᠯᠲᠡ  ᠶᠢᠨ ᠦᠨᠳᠦᠰᠦ ᠰᠠᠭᠤᠷᠢ  ᠪᠠᠨ ᠦᠨᠡᠨᠬᠦ ᠪᠠᠲᠤᠵᠢᠭᠤᠯᠤᠨ᠎ᠠ ᠃


ᠢᠷᠡᠯᠲᠡ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro