ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶᠠᠨ ᠳᠤ ᠲᠣᠭᠤᠷᠢᠨ ᠪᠠᠶᠢᠴᠠᠭᠠᠬᠤ ᠠᠵᠢᠯ ᠢᠶᠠᠨ ᠡᠬᠢᠯᠡᠭᠦᠯᠦᠯ᠎ᠡ
4 ᠰᠠᠷ᠎ᠠ ᠶᠢᠨ 20 ᠦ ᠡᠳᠦᠷ ᠤᠨ ᠦᠳᠡ ᠶᠢᠨ ᠡᠮᠦᠨ᠎ᠡ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ ᠃
ᠬᠤᠷᠠᠯ ᠠᠴᠠ ᠡᠮᠦᠨ᠎ᠡ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠪᠠᠶᠢᠴᠠᠭᠠᠬᠤ ᠳᠠᠷᠤᠭ᠎ᠠ ᠯᠢ ᠷᠦ᠋ ᠯᠢᠨ ᠡᠴᠡ ᠦᠪᠦᠷ ᠮᠣᠩᠭᠣᠯ ᠤᠨ ᠦᠪᠡᠷᠲᠡᠭᠡᠨ ᠵᠠᠰᠠᠬᠤ ᠣᠷᠤᠨ ᠤ ᠤᠯᠤᠰ ᠲᠦᠷᠦ ᠶᠢᠨ ᠵᠦᠪᠯᠡᠯᠭᠡᠨ ᠦ ᠲᠡᠷᠢᠭᠦᠯᠡᠭᠴᠢ ᠂ ᠨᠠᠮ ᠤᠨ ᠬᠣᠷᠢᠶᠠᠨ ᠤ ᠳᠡᠳ᠋ ᠱᠦᠵᠢ ᠂ ᠤᠯᠤᠰ ᠲᠦᠷᠦ ᠬᠠᠤᠯᠢ ᠴᠠᠭᠠᠵᠠ ᠶᠢᠨ ᠬᠣᠷᠢᠶᠠᠨ ᠤ ᠱᠦᠵᠢ ᠯᠢ ᠵᠢᠶᠠ ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ᠂ ᠰᠠᠬᠢᠯᠭ᠎ᠠ ᠪᠠᠲᠦ ᠪᠠᠶᠢᠴᠠᠭᠠᠬᠤ ᠬᠣᠷᠢᠶᠠᠨ ᠤ ᠱᠦᠵᠢ ᠯᠢᠦ ᠴᠢ ᠹᠠᠨ ᠲᠠᠢ ᠲᠤᠰ ᠡᠭᠡᠯᠵᠢ ᠶᠢᠨ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢᠨ ᠲᠤᠬᠠᠢ ᠣᠶᠢᠯᠠᠭᠠᠨ ᠨᠡᠪᠲᠡᠷᠡᠯᠴᠡᠵᠡᠢ ᠃
ᠳᠠᠶᠢᠴᠢᠯᠠᠯᠲᠠ ᠶᠢᠨ ᠬᠤᠷᠠᠯ ᠳᠡᠭᠡᠷ᠎ᠡ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠯᠢ ᠷᠦ᠋ ᠯᠢᠨ ᠳᠡᠳ᠋ ᠪᠠᠶᠢᠴᠠᠭᠠᠬᠤ ᠳᠠᠷᠤᠭ᠎ᠠ ᠲᠣᠭᠤᠷᠢᠨ ᠪᠠᠶᠢᠴᠠᠭᠠᠬᠤ ᠠᠵᠢᠯ ᠳᠤ ᠱᠠᠭᠠᠷᠳᠠᠯᠭ᠎ᠠ ᠳᠤᠷᠠᠳᠴᠠᠢ ᠃ ᠦᠪᠦᠷ ᠮᠣᠩᠭᠣᠯ ᠤᠨ ᠰᠠᠬᠢᠯᠭ᠎ᠠ ᠪᠠᠲᠦ ᠪᠠᠶᠢᠴᠠᠭᠠᠬᠤ ᠬᠣᠷᠢᠶᠠᠨ ᠤ ᠳᠡᠳ᠋ ᠱᠦᠵᠢ ᠂ ᠬᠢᠨᠠᠨ ᠪᠠᠶᠢᠴᠠᠭᠠᠬᠤ ᠵᠦᠪᠯᠡᠯ ᠦᠨ ᠳᠡᠳ᠋ ᠡᠷᠬᠢᠯᠡᠭᠴᠢ ᠂ ᠦᠪᠡᠷᠲᠡᠭᠡᠨ ᠵᠠᠰᠠᠬᠤ ᠣᠷᠤᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠠ ᠵᠢᠶᠦ᠋ᠨ ᠪᠠ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠭᠦᠧᠧ ᠰᠢᠩ ᠸᠠᠩ ᠶᠠᠷᠢᠶ᠎ᠠ ᠬᠢᠪᠡ ᠃ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶᠠᠨ ᠤ ᠯᠢ ᠴᠢ ᠯᠢᠨ ᠪᠠᠶᠢᠴᠠᠭᠠᠬᠤ ᠳᠠᠷᠤᠭ᠎ᠠ ᠬᠤᠷᠠᠯ ᠢ ᠡᠷᠬᠢᠯᠡᠭᠰᠡᠨ ᠪᠦᠭᠡᠳ ᠣᠪᠤᠷ ᠢᠶᠠᠨ ᠢᠯᠡᠳᠭᠡᠭᠰᠡᠨ ᠶᠠᠷᠢᠶ᠎ᠠ ᠬᠢᠪᠡ ᠃
ᠣᠶᠢᠯᠠᠭᠠᠯᠲᠠ ᠪᠠᠷ ᠲᠣᠭᠤᠷᠢᠨ ᠪᠠᠶᠢᠴᠠᠭᠠᠬᠤ ᠬᠤᠭᠤᠴᠠᠭ᠎ᠠ ᠨᠢ 4 ᠰᠠᠷ᠎ᠠ ᠶᠢᠨ 20 — 6 ᠰᠠᠷ᠎ᠠ ᠶᠢᠨ 15 ᠦ ᠡᠳᠦᠷ ᠂ ᠵᠢᠵᠢᠭᠦᠷᠯᠡᠬᠦ ᠤᠲᠠᠰᠤ ᠄ 0471-5182603᠂ ᠰᠢᠤᠳᠠᠨ ᠬᠠᠶᠢᠷᠴᠠᠭ ᠤᠨ ᠬᠠᠶ᠋ᠢᠭ ᠄ ᠬᠦᠬᠡᠬᠣᠲᠡ 2587 ᠵᠠᠬᠢᠲᠠᠯ ᠤᠨ ᠬᠠᠶᠢᠷᠴᠠᠭ᠂ ᠢᠮᠧᠯ ᠄gjyxs3@spp.gov.cn᠂ ᠡᠳᠦᠷ ᠪᠦᠷᠢ ᠶᠢᠨ ᠤᠲᠠᠰᠤ ᠲᠣᠰᠬᠤ ᠴᠠᠭ ᠨᠢ 9—18 ᠴᠠᠭ ᠃