ᠪᠠᠶᠢᠴᠠᠭᠠᠬᠤ ᠡᠳᠦᠷ ᠦᠨ ᠰᠣᠨᠢᠨ ᠤ ᠲᠡᠷᠢᠭᠦᠨ ᠬᠡᠪᠯᠡᠯ ᠄ ᠦᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶ᠎ᠠ ᠵᠠᠰᠠᠭ ᠤᠨ ᠣᠷᠳᠤᠨ ᠨᠡᠶᠢᠲᠡ ᠶᠢᠨ ᠠᠰᠢᠭᠲᠤ ᠵᠠᠷᠭᠤ ᠶᠢ ᠳᠡᠮᠵᠢᠬᠦ ᠲᠤᠬᠠᠢ ᠬᠠᠮᠲᠤᠷᠠᠭᠰᠠᠨ ᠰᠠᠨᠠᠯ ᠨᠡᠶᠢᠲᠡᠯᠡᠪᠡ
6 ᠰᠠᠷ᠎ᠠ ᠶᠢᠨ 2 ᠦ ᠡᠳᠦᠷ ᠂ ᠪᠠᠶᠢᠴᠠᠭᠠᠬᠤ ᠡᠳᠦᠷ ᠦᠨ ᠰᠣᠨᠢᠨ ᠤ ᠲᠡᠷᠢᠭᠦᠨ ᠬᠡᠪᠯᠡᠯ ᠳᠦ ᠂《ᠦᠪᠦᠷ ᠮᠣᠩᠭᠣᠯ ᠤᠨ ᠦᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶ᠎ᠠ ᠵᠠᠰᠠᠭ ᠤᠨ ᠣᠷᠳᠤᠨ ᠨᠡᠶᠢᠲᠡ ᠶᠢᠨ ᠠᠰᠢᠭᠲᠤ ᠵᠠᠷᠭᠤ ᠶᠢ ᠳᠡᠮᠵᠢᠬᠦ ᠲᠤᠬᠠᠢ ᠬᠠᠮᠲᠤᠷᠠᠭᠰᠠᠨ ᠰᠠᠨᠠᠯ ᠨᠡᠶᠢᠲᠡᠯᠡᠭᠰᠡᠨ 》ᠲᠤᠬᠠᠢ ᠪᠦᠲᠦᠭᠡᠯ ᠨᠡᠶᠢᠲᠡᠯᠡᠭᠳᠡᠯ᠎ᠡ ᠃
ᠣᠶᠢᠷ᠎ᠠ ᠶᠢᠨ ᠡᠳᠦᠷ ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶ᠎ᠠ ᠵᠠᠰᠠᠭ ᠤᠨ ᠣᠷᠳᠤᠨ 《ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠠᠵᠢᠯ ᠢ ᠬᠠᠤᠯᠢ ᠶᠣᠰᠤᠭᠠᠷ ᠦᠷᠨᠢᠭᠦᠯᠬᠦ ᠶᠢ ᠳᠡᠮᠵᠢᠬᠦ ᠲᠤᠬᠠᠢ ᠰᠠᠨᠠᠯ 》 ᠢ ᠬᠠᠮᠲᠤᠷᠠᠨ ᠨᠡᠶᠢᠲᠡᠯᠡᠵᠦ ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠠᠵᠢᠯ ᠦᠷᠨᠢᠭᠦᠯᠬᠦ ᠳᠦ ᠬᠦᠴᠦᠲᠠᠢ ᠪᠠᠲᠤᠯᠠᠭ᠎ᠠ ᠬᠠᠩᠭᠠᠪᠠ ᠃