ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠪᠠᠶᠢᠭᠤᠯᠭ᠎ᠠ ᠶᠢᠨ ᠨᠠᠮ ᠤᠨ ᠶᠠᠪᠤᠳᠠᠯ ᠤᠨ ᠪᠣᠯᠪᠠᠰᠤᠷᠠᠯ ᠬᠦᠷᠲᠡᠭᠡᠬᠦ ᠠᠵᠢᠯ ᠢ ᠭᠦᠨᠵᠡᠭᠡᠶᠢᠷᠡᠭᠦᠯᠦᠨ ᠦᠷᠨᠢᠭᠦᠯᠪᠡ
ᠰᠢᠨ᠎ᠡ ᠴᠠᠭ ᠦᠶ᠎ᠡ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠶᠢᠨ ᠲᠦᠯᠦᠭᠡ ᠂ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠪᠠᠶᠢᠭᠤᠯᠭ᠎ᠠ ᠶᠢᠨ ᠨᠠᠮ ᠤᠨ ᠶᠠᠪᠤᠳᠠᠯ ᠤᠨ ᠪᠣᠯᠪᠠᠰᠤᠷᠠᠯ ᠬᠦᠷᠲᠡᠭᠡᠬᠦ ᠰᠢᠷᠢᠰ ᠠᠵᠢᠯᠯᠠᠭ᠎ᠠ ᠶᠢ ᠭᠦᠨᠵᠡᠭᠡᠶᠢᠷᠡᠭᠦᠯᠦᠨ ᠦᠷᠨᠢᠭᠦᠯᠵᠦ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠨ ᠤ ᠪᠡᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠦ ᠬᠤᠰᠢᠭᠤᠴᠢ ᠵᠢᠱᠢᠶᠡᠴᠢ ᠦᠢᠯᠡᠳᠦᠯ ᠢ ᠪᠦᠬᠦ ᠲᠠᠯ᠎ᠠ ᠪᠠᠷ ᠪᠠᠲᠤᠵᠢᠭᠤᠯᠪᠠ ᠃ 8 ᠰᠠᠷ᠎ᠠ ᠶᠢᠨ 30 ᠦ ᠡᠳᠦᠷ ᠦᠨ ᠦᠳᠡ ᠶᠢᠨ ᠡᠮᠦᠨ᠎ᠡ ᠂ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠨᠠᠮ ᠤᠨ ᠶᠠᠪᠤᠳᠠᠯ ᠤᠨ ᠺᠠᠳ᠋ᠷ ᠤᠨ ᠪᠣᠯᠪᠠᠰᠤᠷᠠᠯ ᠤᠨ ᠠᠩᠬᠢ ᠵᠢᠩᠬᠢᠨᠢ ᠪᠡᠷ ᠡᠬᠢᠯᠡᠯ᠎ᠡ ᠃ ᠦᠪᠡᠷᠲᠡᠭᠡᠨ ᠵᠠᠰᠠᠬᠤ ᠣᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠣᠷᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠬᠡᠯᠲᠡᠰ ᠤᠨ ᠳᠡᠳ᠋ ᠳᠠᠷᠤᠭ᠎ᠠ ᠰᠢᠤᠸᠠᠢ ᠷᠦᠧᠧ ᠸᠧᠢ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ᠪᠠᠶᠢᠭᠤᠯᠭ᠎ᠠ ᠶᠢᠨ ᠨᠠᠮ ᠤᠨ ᠬᠣᠷᠢᠶᠠᠨ ᠤ ᠱᠦᠵᠢ ᠂ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠸᠠᠩ ᡁᠢ ᠴᠢᠶᠠᠩ ᠠᠩᠬᠢ ᠡᠬᠢᠯᠡᠬᠦ ᠶᠣᠰᠤᠯᠠᠯ ᠳᠤ ᠣᠷᠤᠯᠴᠠᠪᠠ ᠃
8 ᠰᠠᠷ᠎ᠠ ᠶᠢᠨ 30 ᠦ ᠡᠳᠦᠷ ᠦᠨ ᠦᠳᠡ ᠶᠢᠨ ᠬᠣᠶᠢᠨᠠ ᠂ᠪᠣᠯᠪᠠᠰᠤᠷᠠᠯ ᠬᠦᠷᠲᠡᠭᠴᠢ ᠴᠢᠩ ᠱᠦᠢ ᠾᠧ ᠰᠢᠶᠠᠨ ᠤ ᠯᠣᠣ ᠨᠢᠤ ᠫᠦᠧᠧ ᠨᠠᠮ ᠤᠨ ᠭᠡᠰᠢᠭᠦᠨ ᠺᠠᠳ᠋ᠷ ᠤᠨ ᠬᠦᠮᠦᠵᠢᠯ ᠦᠨ ᠲᠥᠪ ᠲᠦ ᠬᠦᠷᠴᠦ ᠂ᠪᠤᠳᠠᠲᠠᠢ ᠭᠠᠵᠠᠷ ᠲᠤᠨᠢ ᠪᠣᠯᠪᠠᠰᠤᠷᠠᠯ ᠬᠦᠷᠲᠡᠪᠡ