ᠯᠢ ᠴᠢ ᠯᠢᠨ ᠪᠠᠶᠢᠴᠠᠭᠠᠬᠤ ᠳᠠᠷᠤᠭ᠎ᠠ ᠬᠦᠬᠡᠬᠣᠲᠠ ᠶᠢᠨ ᠬᠣᠶᠠᠳᠤᠭᠠᠷ ᠳᠤᠮᠳᠠᠳᠦ ᠰᠤᠷᠭᠠᠭᠤᠯᠢ ᠶᠢᠨ ᠬᠠᠤᠯᠢᠵᠢᠯ ᠤᠨ ᠳᠡᠳ᠋ ᠵᠠᠬᠢᠷᠤᠯ ᠢᠶᠠᠷ ᠣᠷᠢᠭᠳᠠᠨ ᠠᠩᠬᠠᠨ ᠤ ᠬᠢᠴᠢᠶᠡᠯ ᠢᠶᠡᠨ ᠶᠠᠷᠢᠯ᠎ᠠ
ᠯᠢ ᠴᠢ ᠯᠢᠨ ᠪᠠᠶᠢᠴᠠᠭᠠᠬᠤ ᠳᠠᠷᠤᠭ᠎ᠠ ᠬᠦᠬᠡᠬᠣᠲᠠ ᠶᠢᠨ ᠬᠣᠶᠠᠳᠤᠭᠠᠷ ᠳᠤᠮᠳᠠᠳᠦ ᠰᠤᠷᠭᠠᠭᠤᠯᠢ ᠶᠢᠨ ᠬᠠᠤᠯᠢᠵᠢᠯ ᠤᠨ ᠳᠡᠳ᠋ ᠵᠠᠬᠢᠷᠤᠯ ᠢᠶᠠᠷ ᠣᠷᠢᠭᠳᠠᠨ ᠠᠩᠬᠠᠨ ᠤ ᠬᠢᠴᠢᠶᠡᠯ ᠢᠶᠡᠨ ᠶᠠᠷᠢᠯ᠎ᠠ
ᠯᠢ ᠴᠢ ᠯᠢᠨ ᠪᠠᠶᠢᠴᠠᠭᠠᠬᠤ ᠳᠠᠷᠤᠭ᠎ᠠ ᠰᠤᠷᠭᠠᠭᠤᠯᠢ ᠳᠤ ᠬᠠᠤᠯᠢ ᠲᠦᠭᠡᠮᠡᠯᠵᠢᠭᠦᠯᠬᠦ ᠰᠢᠷᠢᠰ ᠨᠤᠮ ᠪᠡᠯᠡᠭᠯᠡᠵᠦ ᠪᠠᠶᠢᠭ᠎ᠠ ᠨᠢ
9 ᠰᠠᠷ᠎ᠠ ᠶᠢᠨ 26 ᠦ ᠦᠳᠡ ᠶᠢᠨ ᠬᠣᠶᠢᠨᠠ ᠂ ᠯᠢ ᠴᠢ ᠯᠢᠨ ᠪᠠᠶᠢᠴᠠᠭᠠᠬᠤ ᠳᠠᠷᠤᠭ᠎ᠠ ᠬᠦᠬᠡᠬᠣᠲᠠ ᠶᠢᠨ ᠬᠣᠶᠠᠳᠤᠭᠠᠷ ᠳᠤᠮᠳᠠᠳᠦ ᠰᠤᠷᠭᠠᠭᠤᠯᠢ ᠳᠤ ᠬᠦᠷᠴᠦ ᠂ᠪᠠᠭᠰᠢ ᠰᠤᠷᠤᠭᠴᠢᠳ ᠲᠤ ᠬᠠᠤᠯᠢᠵᠢᠯ ᠤᠨ ᠬᠢᠴᠢᠶᠡᠯ ᠣᠷᠤᠯ᠎ᠠ ᠃ᠬᠢᠴᠢᠶᠡᠯ ᠡᠬᠢᠯᠡᠬᠦ ᠠᠴᠠ ᠡᠮᠦᠨ᠎ᠡ ᠂ ᠯᠢ ᠴᠢ ᠯᠢᠨ ᠪᠠᠶᠢᠴᠠᠭᠠᠬᠤ ᠳᠠᠷᠤᠭ᠎ᠠ ᠬᠦᠬᠡᠬᠣᠲᠠ ᠶᠢᠨ ᠬᠣᠶᠠᠳᠤᠭᠠᠷ ᠳᠤᠮᠳᠠᠳᠦ ᠰᠤᠷᠭᠠᠭᠤᠯᠢ ᠶᠢᠨ ᠵᠠᠬᠢᠷᠤᠯ ᠸᠠᠩ ᠸᠧᠨ ᠮᠧᠢ ᠡᠴᠡ ᠣᠯᠭᠤᠭᠰᠠᠨ ᠣᠷᠢᠯᠭ᠎ᠠ ᠶᠢᠨ ᠪᠢᠴᠢᠭ ᠢ ᠭᠠᠷᠳᠠᠨ ᠂ ᠲᠤᠰ ᠰᠤᠷᠭᠠᠭᠤᠯᠢ ᠶᠢᠨ ᠬᠠᠤᠯᠢᠵᠢᠯ ᠤᠨ ᠳᠡᠳ᠋ ᠵᠠᠬᠢᠷᠤᠯ ᠪᠣᠯᠤᠯ᠎ᠠ ᠃ ᠲᠡᠭᠦᠨ ᠦ ᠶᠠᠷᠢᠭᠰᠠᠨ ᠶᠠᠷᠢᠶ᠎ᠠ ᠲᠠᠶᠢᠯᠤᠮᠵᠢ ᠶᠢ ᠲᠤᠰ ᠰᠤᠷᠭᠠᠭᠤᠯᠢ ᠶᠢᠨ ᠦᠨᠳᠦᠷ ᠬᠣᠶᠠᠳᠤᠭᠠᠷ ᠣᠨ ᠤ 1000 ᠭᠠᠷᠤᠢ ᠪᠠᠭᠰᠢ ᠰᠤᠷᠤᠭᠴᠢ ᠰᠣᠨᠤᠰᠤᠭᠰᠠᠨ ᠪᠠᠶᠢᠨ᠎ᠠ ᠃
ᠬᠢᠴᠢᠶᠡᠯ ᠶᠠᠷᠢᠬᠤ ᠠᠴᠠ ᠡᠮᠦᠨ᠎ᠡ᠂ ᠯᠢ ᠴᠢ ᠯᠢᠨ ᠪᠠᠶᠢᠴᠠᠭᠠᠬᠤ ᠳᠠᠷᠤᠭ᠎ᠠ ᠲᠤᠰ ᠰᠤᠷᠭᠠᠭᠤᠯᠢ ᠳᠤ ︽ᠳᠤᠮᠳᠠᠳᠦ ᠰᠤᠷᠭᠠᠭᠤᠯᠢ ᠶᠢᠨ ᠰᠤᠷᠤᠭᠴᠢᠳ ᠤᠨ ᠵᠠᠪᠠᠯ ᠰᠤᠷᠤᠯᠴᠠᠬᠤ ᠬᠠᠤᠯᠢ ᠶᠢᠨ ᠮᠡᠳᠡᠯᠭᠡ ︾᠂︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ ︾᠂︽ᠰᠤᠷᠭᠠᠭᠤᠯᠢ ᠶᠢᠨ ᠬᠦᠷᠢᠶᠡᠨ ᠦ ᠠᠮᠤᠷ ᠲᠦᠪᠰᠢᠨ ᠢ ᠰᠡᠷᠭᠡᠶᠢᠯᠡᠬᠦ ᠵᠦᠭᠯᠡᠭᠦᠷ ︾ ᠵᠡᠷᠭᠡ ᠬᠠᠤᠯᠢ ᠲᠦᠭᠡᠮᠡᠯᠵᠢᠭᠦᠯᠬᠦ ᠰᠢᠷᠢᠰ ᠨᠤᠮ ᠪᠡᠯᠡᠭᠯᠡᠨ ᠂ ᠰᠤᠷᠤᠭᠴᠢᠳ ᠲᠤ ᠬᠠᠤᠯᠢ ᠶᠢ ᠰᠤᠷᠴᠤ ᠣᠶᠢᠯᠠᠭᠠᠬᠤ ᠲᠠᠪᠴᠠᠩ ᠬᠠᠩᠭᠠᠯ᠎ᠠ ᠃