ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠬᠦᠬᠡᠬᠤᠲᠡ ᠴᠡᠷᠢᠭ ᠤᠨ ᠶᠠᠪᠤᠳᠠᠯ ᠤᠨ ᠪᠠᠶᠢᠴᠠᠭᠠᠬᠤ ᠬᠤᠷᠢᠶ᠎ᠠ ᠲᠠᠢ ᠬᠠᠮᠳᠤᠷᠠᠭᠰᠠᠠ ᠬᠤᠷᠠᠯ ᠬᠤᠷᠠᠯᠳᠤᠭᠤᠯᠪᠠ

2018-11-20 14:23:48
ᠵᠣᠬᠢᠶᠠᠭᠴᠢ
ᠬᠡᠰᠢᠭ

01.jpg

      11 ᠰᠠᠷ᠎ᠠ ᠶᠢᠨ 15 ᠤ ᠡᠳᠤᠷ ᠤᠨ ᠦᠳᠡ ᠶᠢᠨ ᠡᠮᠤᠨ᠎ᠡ᠂ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠪᠡ ᠬᠦᠬᠡᠬᠤᠲᠡ ᠴᠡᠷᠢᠭ ᠤᠨ ᠶᠠᠪᠤᠳᠠᠯ ᠤᠨ ᠪᠠᠶᠢᠴᠠᠭᠠᠬᠤ ᠬᠤᠷᠢᠶ᠎ᠠ ᠴᠡᠷᠢᠭ ᠪᠣᠯᠣᠨ ᠭᠠᠵᠠᠷ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠵᠢᠯᠴᠠᠭᠠᠨ ᠤ ᠬᠠᠮᠳᠤᠷᠠᠭᠰᠠᠠ ᠬᠤᠷᠠᠯ ᠬᠢᠵᠤ᠂ ︽ᠴᠡᠷᠢᠭ ᠪᠣᠯᠣᠨ ᠭᠠᠵᠠᠷ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠵᠢᠯᠴᠠᠭᠠᠨ ᠤ ᠠᠵᠢᠯ ᠢ ᠦᠷᠨᠢᠬᠦᠯᠬᠦ ᠲᠤᠬᠠᠢ ᠰᠠᠨᠠᠯ︾ ᠲᠡᠭᠡᠷ᠎ᠡ ᠬᠠᠮᠳᠤ ᠪᠠᠷ ᠭᠠᠷ ᠤᠨ ᠦᠰᠦᠭ ᠵᠢᠷᠤᠪᠠ᠃

      ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠤᠯᠤᠰ ᠲᠥᠷᠦ ᠶᠢᠨ ᠭᠡᠰᠢᠭᠦᠨ ᠸᠠᠩ ᠪᠢᠩ ᠶᠤᠸᠠᠢ᠂ ᠦᠪᠡᠷᠳᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠲᠠᠷᠤᠭ᠎ᠠ ᠯᠢ ᠴᠢ ᠯᠢᠨ᠂ ᠣᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠴᠡᠷᠢᠭ ᠤᠨ ᠶᠠᠪᠤᠳᠠᠯ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠬᠤᠷᠢᠶᠠᠨ ᠤ ᠱᠦᠵᠢ᠂ ᠪᠠᠶᠢᠴᠠᠭᠠᠬᠤ ᠲᠠᠷᠤᠭ᠎ᠠ ᠯᠢ ᠶᠦᠩ ᡁᠢ ᠬᠤᠷᠠᠯ ᠳᠤ ᠣᠷᠤᠯᠴᠠᠭᠰᠠᠠ ᠪᠦᠭᠡᠳ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠲᠡᠳ᠋ ᠪᠠᠶᠢᠴᠠᠭᠠᠬᠤ ᠲᠠᠷᠤᠭ᠎ᠠ ᠵᠧᠩ ᠶᠢᠨ ᠴᠦᠨ ᠬᠤᠷᠠᠯ ᠡᠷᠬᠢᠯᠡᠵᠡᠢ᠃ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠲᠤᠰᠬᠠᠢ ᠲᠤᠰᠢᠶᠠᠯᠲᠤ  ᠭᠡᠰᠢᠭᠦᠨ ᠶᠠᠩ ᠱᠦ ᠯᠢᠨ ᠰᠠᠨᠠᠯ ᠢ ᠣᠩᠰᠢᠪᠠ᠃ ᠬᠦᠬᠡᠬᠤᠲᠡ ᠴᠡᠷᠢᠭ ᠤᠨ ᠶᠠᠪᠤᠳᠠᠯ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠵᠣᠣ ᠰᠢᠶᠣᠣ ᠴᠧᠩ ᠦᠪᠡᠷᠲᠡᠭᠡᠨ ᠵᠠᠰᠠᠬᠤ ᠣᠷᠤᠨ ᠤ ᠴᠡᠷᠢᠭ ᠪᠣᠯᠣᠨ ᠭᠠᠵᠠᠷ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠵᠢᠯᠴᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠨᠡᠷᠡᠰ ᠢ ᠨᠡᠶᠢᠲᠡᠯᠡᠪᠡ᠃ ᠵᠧᠩ ᠶᠢᠨ ᠴᠦᠨ ᠪᠣᠯᠣᠨ ᠵᠣᠣ ᠰᠢᠶᠣᠣ ᠴᠧᠩ ︽ᠴᠡᠷᠢᠭ ᠪᠣᠯᠣᠨ ᠭᠠᠵᠠᠷ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠵᠢᠯᠴᠠᠭᠠᠨ ᠤ ᠠᠵᠢᠯ ᠢ ᠦᠷᠨᠢᠬᠦᠯᠬᠦ ᠲᠤᠬᠠᠢ ᠰᠠᠨᠠᠯ︾ ᠲᠡᠭᠡᠷ᠎ᠡ ᠭᠠᠷ ᠤᠨ ᠦᠰᠦᠭ ᠵᠢᠷᠤᠪᠠ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro