ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠪᠣᠯᠣᠨ ᠦᠪᠤᠷ ᠮᠣᠩᠭᠤᠯ ᠤᠨ ᠶᠡᠭᠡ ᠰᠤᠷᠭᠠᠭᠤᠯᠢ ᠪᠠᠶᠢᠴᠠᠭᠠᠬᠤ ᠣᠨᠣᠯ ᠬᠢᠭᠡᠳ ᠪᠤᠳᠠᠳᠤ ᠶᠠᠪᠤᠳᠠᠯ ᠤᠨ ᠰᠤᠳᠤᠯᠭᠠᠨ ᠤ ᠬᠠᠮᠲᠤᠷᠠᠯᠴᠠᠭ᠎ᠠ ᠶᠢᠨ ᠪᠦᠳᠦᠭᠦᠪᠴᠢ ᠬᠡᠯᠡᠯᠴᠡᠭᠡᠷ ᠲᠡᠭᠡᠷ᠎ᠡ ᠭᠠᠷ ᠤᠨ ᠦᠰᠦᠭ ᠵᠢᠷᠤᠪᠠ

2018-12-25 12:55:56
ᠵᠣᠬᠢᠶᠠᠭᠴᠢ
ᠬᠡᠰᠢᠭ

1545713526126586.jpg

   ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠪᠣᠯᠣᠨ ᠦᠪᠤᠷ ᠮᠣᠩᠭᠤᠯ ᠤᠨ ᠶᠡᠭᠡ ᠰᠤᠷᠭᠠᠭᠤᠯᠢ ᠶᠢᠨ ᠪᠠᠶᠢᠴᠠᠭᠠᠬᠤ ᠣᠨᠣᠯ ᠬᠢᠭᠡᠳ ᠪᠤᠳᠠᠳᠤ ᠶᠠᠪᠤᠳᠠᠯ ᠤᠨ ᠰᠤᠳᠤᠯᠭᠠᠨ ᠤ ᠬᠠᠮᠲᠤᠷᠠᠯᠴᠠᠭ᠎ᠠ ᠶᠢᠨ ᠪᠦᠳᠦᠭᠦᠪᠴᠢ ᠬᠡᠯᠡᠯᠴᠡᠭᠡᠷ ᠲᠡᠭᠡᠷ᠎ᠡ ᠭᠠᠷ ᠤᠨ ᠦᠰᠦᠭ ᠵᠢᠷᠤᠬᠤ ᠶᠤᠰᠤᠯᠠᠯ

1545713599830685.jpg   

    ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠲᠡᠳ᠋ ᠱᠦᠵᠢ᠂ ᠲᠡᠳ᠋ ᠪᠠᠶᠢᠴᠠᠭᠠᠬᠤ ᠲᠠᠷᠤᠭ᠎ᠠ ᠵᠢᠶᠡᠨ ᠰᠢᠶᠤᠤ ᠸᠧᠨ᠂ ᠦᠪᠤᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠲᠡᠳ᠋ ᠵᠠᠬᠢᠷᠣᠯ ᠡᠷᠬᠢᠮᠪᠠᠶᠠᠷ ᠪᠠᠶᠢᠴᠠᠭᠠᠬᠤ ᠬᠤᠷᠢᠶ᠎ᠠ ᠪᠠ ᠰᠤᠷᠭᠠᠭᠤᠯᠢ ᠶᠢ ᠲᠦᠯᠦᠭᠡᠯᠡᠨ ᠬᠡᠯᠡᠯᠴᠡᠭᠡᠷ ᠲᠡᠭᠡᠷ᠎ᠡ ᠭᠠᠷ ᠤᠨ ᠦᠰᠦᠭ ᠵᠢᠷᠤᠪᠠ
    12 ᠰᠠᠷ᠎ᠠ ᠶᠢᠨ 14 ᠤ ᠡᠳᠤᠷ᠂ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠪᠣᠯᠣᠨ ᠦᠪᠤᠷ ᠮᠣᠩᠭᠤᠯ ᠤᠨ ᠶᠡᠭᠡ ᠰᠤᠷᠭᠠᠭᠤᠯᠢ ᠭᠠᠷ ᠤᠨ ᠦᠰᠦᠭ ᠵᠢᠷᠤᠬᠤ ᠶᠤᠰᠤᠯᠠᠯ ᠶᠠᠪᠤᠭᠤᠯᠵᠤ᠂ ︽ᠪᠠᠶᠢᠴᠠᠭᠠᠬᠤ ᠣᠨᠣᠯ ᠬᠢᠭᠡᠳ ᠪᠤᠳᠠᠳᠤ ᠶᠠᠪᠤᠳᠠᠯ ᠤᠨ ᠰᠤᠳᠤᠯᠭᠠᠨ ᠤ ᠬᠠᠮᠲᠤᠷᠠᠯᠴᠠᠭ᠎ᠠ ᠶᠢᠨ ᠪᠦᠳᠦᠭᠦᠪᠴᠢ ᠬᠡᠯᠡᠯᠴᠡᠭᠡᠷ︾ ᠲᠡᠭᠡᠷ᠎ᠡ ᠬᠠᠮᠳᠤ ᠪᠠᠷ ᠭᠠᠷ ᠤᠨ ᠦᠰᠦᠭ ᠵᠢᠷᠤᠵᠤ᠂ ᠪᠠᠶᠢᠴᠠᠭᠠᠬᠤ ᠪᠠᠶᠢᠭᠤᠯᠭ᠎ᠠ ᠪᠠ ᠰᠤᠷᠭᠠᠭᠤᠯᠢ ᠬᠦᠨᠵᠡᠭᠡᠢ ᠬᠠᠮᠳᠤᠷᠠᠨ ᠠᠵᠢᠯᠯᠠᠬᠤ ᠬᠦᠰᠢᠭᠡ ᠶᠢ ᠰᠡᠬᠦᠯ᠎ᠡ᠃
    ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠲᠠᠷᠤᠭ᠎ᠠ ᠯᠢ ᠴᠢ ᠯᠢᠨ᠂ ᠦᠪᠤᠷ ᠮᠣᠩᠭᠤᠯ ᠤᠨ ᠶᠡᠭᠡ ᠰᠤᠷᠭᠠᠭᠤᠯᠢ ᠶᠢᠨ ᠱᠦᠵᠢ ᠵᠤ᠋ ᠪᠢᠩ ᠸᠧᠨ ᠭᠠᠷ ᠤᠨ ᠦᠰᠦᠭ ᠵᠢᠷᠤᠬᠤ ᠶᠤᠰᠤᠯᠠᠯ ᠳᠤ ᠣᠷᠤᠯᠴᠠᠭᠰᠠᠠ ᠪᠦᠭᠡᠳ ᠦᠭᠡ ᠬᠡᠯᠡᠪᠡ᠃ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠲᠡᠳ᠋ ᠱᠦᠵᠢ᠂ ᠲᠡᠳ᠋ ᠪᠠᠶᠢᠴᠠᠭᠠᠬᠤ ᠲᠠᠷᠤᠭ᠎ᠠ ᠵᠢᠶᠡᠨ ᠰᠢᠶᠤᠤ ᠸᠧᠨ᠂ ᠦᠪᠤᠷ ᠮᠣᠩᠭᠤᠯ  ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠲᠡᠳ᠋ ᠵᠠᠬᠢᠷᠣᠯ ᠡᠷᠬᠢᠮᠪᠠᠶᠠᠷ ᠪᠠᠶᠢᠴᠠᠭᠠᠬᠤ ᠬᠤᠷᠢᠶ᠎ᠠ ᠪᠠ ᠰᠤᠷᠭᠠᠭᠤᠯᠢ ᠶᠢ ᠲᠦᠯᠦᠭᠡᠯᠡᠨ ᠬᠡᠯᠡᠯᠴᠡᠭᠡᠷ ᠲᠡᠭᠡᠷ᠎ᠡ ᠭᠠᠷ ᠤᠨ ᠦᠰᠦᠭ ᠵᠢᠷᠤᠪᠠ᠃ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠭ᠎ᠠ ᠳᠠᠭᠠᠨ ᠪᠠᠶᠢᠭ᠎ᠠ ᠬᠤᠷᠢᠶᠠᠨ ᠤ ᠤᠳᠤᠷᠢᠳᠤᠯᠭ᠎ᠠ᠂ ᠲᠢᠩᠬᠢᠮ ᠤᠨ ᠲᠡᠰ ᠤᠨ ᠺᠠᠳ᠋ᠷ᠂ ᠡᠯ᠎ᠡ ᠲᠤᠳᠤᠭᠠᠳᠤᠬᠢ ᠪᠠᠶᠢᠭᠤᠯᠤᠮᠵᠢ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠵᠢᠴᠢ ᠦᠪᠤᠷ ᠮᠣᠩᠭᠤᠯ ᠤᠨ ᠶᠡᠭᠡ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠭᠠᠵᠠᠷ᠂ ᠬᠠᠤᠯᠢ ᠵᠦᠢ ᠶᠢᠨ ᠳᠡᠭᠡᠳᠤ ᠰᠤᠷᠭᠠᠭᠤᠯᠢ ᠶᠢᠨ ᠤᠳᠤᠷᠢᠳᠤᠯᠭ᠎ᠠ ᠵᠢᠴᠢ ᠫᠷᠦ᠋ᠹᠧᠰᠰᠤᠷ ᠤᠨ ᠲᠦᠯᠦᠭᠡᠯᠡᠭᠴᠢ ᠨᠠᠷ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠪᠠ᠃
    ᠡᠨᠡ ᠤᠳᠠᠭᠠᠨ ᠤ  ︽ᠬᠠᠮᠲᠤᠷᠠᠯᠴᠠᠭᠠᠨ ᠤ ᠪᠦᠳᠦᠬᠦᠪᠴᠢ ᠭᠡᠷ᠎ᠡ︾ ᠪᠣᠯ『 ᠭᠠᠳᠠᠷ ᠲᠠᠷᠢᠬᠢ』 ᠶᠢ ᠠᠰᠢᠭᠯᠠᠨ ᠪᠦᠬᠦ ᠣᠡᠤᠨ ᠤ ᠪᠠᠶᠢᠴᠠᠭᠠᠬᠤ ᠣᠨᠣᠯ ᠤᠨ ᠰᠤᠳᠤᠯᠭᠠᠨ ᠤ ᠠᠵᠢᠯ ᠤᠨ ᠪᠣᠳᠠᠳᠠᠢ ᠦᠢᠯᠡᠳᠦᠯᠭᠡ ᠶᠢ ᠲᠦᠯᠬᠢᠨ ᠠᠬᠢᠭᠤᠯᠵᠤ᠂ ᠪᠠᠶᠢᠴᠠᠭᠠᠬᠤ ᠣᠨᠣᠯ ᠤᠨ ᠰᠤᠳᠤᠯᠭᠠᠨ ᠢ ᠴᠢᠩᠭᠠᠳᠬᠠᠬᠤ ᠲᠤᠬᠠᠢ ᠲᠡᠭᠡᠳᠦ ᠪᠠᠶᠢᠴᠠᠭᠠᠬᠤ ᠬᠤᠷᠢᠶ᠎ᠠ ᠶᠢᠨ ᠴᠢᠬᠤᠯᠠ ᠪᠠᠶᠢᠷᠢᠯᠠᠭᠤᠯᠤᠯᠲᠠ ᠶᠢ ᠪᠣᠳᠠᠳᠠᠢ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ ᠪᠣᠯᠣᠨ᠎ᠠ᠂ ᠮᠥᠨᠴᠤ ᠪᠠᠶᠢᠴᠠᠭᠠᠬᠤ ᠠᠵᠢᠯᠲᠠᠨ ᠤ ᠲᠤᠬᠠᠶᠢᠯᠠᠭᠰᠠᠠ ᠠᠵᠢᠯ ᠤᠨ ᠴᠢᠳᠠᠪᠤᠷᠢ ᠪᠠ ᠣᠨᠣᠯ ᠤᠨ ᠰᠤᠳᠤᠯᠭᠠᠨ ᠤ ᠬᠢᠷᠢ ᠲᠦᠪᠰᠢᠨ ᠢ ᠳᠡᠭᠡᠭᠰᠢᠯᠡᠬᠦᠯᠬᠦ ᠪᠣᠳᠠᠳᠠᠢ ᠠᠷᠭ᠎ᠠ ᠬᠡᠮᠵᠢᠶ᠎ᠡ ᠪᠣᠯᠣᠨ᠎ᠠ᠃ ᠬᠠᠮᠳᠤᠷᠠᠯᠴᠠᠭᠠᠨ ᠤ ᠬᠡᠯᠡᠯᠴᠡᠭᠡᠷ ᠲᠡᠭᠡᠷ᠎ᠡ ᠭᠠᠷ ᠤᠨ ᠦᠰᠦᠭ ᠵᠢᠷᠤᠬᠤ ᠪᠠᠷ ᠳᠠᠮᠵᠢᠭᠤᠯᠤᠨ᠂ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠪᠣᠯᠣᠨ ᠦᠪᠤᠷ ᠮᠣᠩᠭᠤᠯ ᠤᠨ ᠶᠡᠭᠡ ᠰᠤᠷᠭᠠᠭᠤᠯᠢ ᠪᠠᠶᠢᠴᠠᠭᠠᠬᠤ ᠣᠨᠣᠯ ᠬᠢᠭᠡᠳ ᠪᠤᠳᠠᠳᠤ ᠶᠠᠪᠤᠳᠠᠯ ᠤᠨ ᠲᠤᠰᠬᠠᠢ ᠰᠤᠳᠤᠯᠭ᠎ᠠ᠂ ᠲᠤᠰᠬᠠᠢ ᠮᠡᠷᠭᠡᠵᠢᠯᠲᠡᠨ ᠤ ᠵᠥᠪᠯᠡᠯᠭᠡᠨ ᠤ ᠲᠣᠭᠲᠠᠴᠠ᠂ ᠬᠠᠷᠢᠯᠴᠠᠨ ᠴᠢᠳᠠᠪᠤᠷᠢᠲᠠᠨ ᠰᠤᠯᠢᠯᠴᠠᠬᠤ᠂ ᠮᠣᠩᠭᠤᠯ ᠬᠢᠲᠠᠳ ᠬᠤᠣᠰ ᠬᠡᠯᠡᠨ ᠤ ᠴᠢᠳᠠᠪᠤᠷᠢᠲᠠᠨ ᠬᠦᠮᠦᠵᠢᠬᠦᠯᠬᠦ ᠲᠠᠯ᠎ᠠ ᠪᠠᠷ ᠬᠠᠮᠳᠤ ᠶᠢᠨ ᠦᠵᠡᠯ ᠲᠠᠨᠢᠯᠲᠠ ᠲᠠᠢ ᠪᠣᠯᠪᠠ᠃

 

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro