ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ︽ᠳᠦᠷᠪᠡᠨ ᠬᠡᠯᠪᠡᠷᠢᠲᠤ ᠨᠣᠶᠠᠨ︾ ᠤ ᠠᠰᠠᠭᠤᠳᠠᠯ ᠢ ᠬᠦᠨᠵᠡᠬᠡᠢ ᠴᠡᠭᠴᠡᠯᠡᠨ ᠵᠠᠰᠠᠵᠤ᠂ ᠪᠠᠶᠢᠭᠤᠯᠭ᠎ᠠ ᠶᠢᠨ ᠤᠯᠤᠰ ᠲᠥᠷᠦ ᠶᠢᠨ ᠠᠮᠢ ᠠᠬᠤᠢ ᠶᠢ ᠴᠡᠪᠡᠷᠰᠢᠬᠦᠯᠬᠦ ᠲᠤᠰᠬᠠᠢ ᠠᠵᠢᠯᠯᠠᠭ᠎ᠠ ᠦᠷᠨᠢᠬᠦᠯᠬᠦ ᠳᠠᠶᠢᠴᠢᠯᠠᠯᠲᠠ ᠶᠢᠨ ᠬᠤᠷᠠᠯ ᠬᠢᠪᠡ
1 ᠰᠠᠷ᠎ᠠ ᠶᠢᠨ 10 ᠤ ᠡᠳᠤᠷ᠂ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠬᠤᠷᠠᠯ ᠬᠢᠵᠤ᠂ ︽ᠳᠦᠷᠪᠡᠨ ᠬᠡᠯᠪᠡᠷᠢᠲᠤ ᠨᠣᠶᠠᠨ︾ ᠤ ᠠᠰᠠᠭᠤᠳᠠᠯ ᠢ ᠬᠦᠨᠵᠡᠬᠡᠢ ᠴᠡᠭᠴᠡᠯᠡᠨ ᠵᠠᠰᠠᠵᠤ᠂ ᠪᠠᠶᠢᠭᠤᠯᠭ᠎ᠠ ᠶᠢᠨ ᠤᠯᠤᠰ ᠲᠥᠷᠦ ᠶᠢᠨ ᠠᠮᠢ ᠠᠬᠤᠢ ᠶᠢ ᠴᠡᠪᠡᠷᠰᠢᠬᠦᠯᠬᠦ ᠠᠵᠢᠯᠯᠠᠭᠠᠨ ᠤ ᠳᠠᠶᠢᠴᠢᠯᠠᠯᠲᠠ ᠬᠢᠵᠤ ᠪᠠᠶᠢᠷᠢᠰᠢᠯᠠᠭᠤᠯᠤᠨ᠂ ᠬᠤᠷᠢᠶᠠᠨ ᠤ ᠪᠠᠶᠢᠭᠤᠯᠭ᠎ᠠ ᠶᠢᠨ ᠬᠡᠪ ᠰᠤᠷᠳᠠᠯ ᠴᠡᠭᠡᠴᠢ ᠠᠷᠢᠭᠤᠨ ᠤᠯᠤᠰ ᠲᠥᠷᠦ ᠶᠢᠨ ᠠᠮᠢ ᠠᠬᠤᠢ ᠶᠢ ᠪᠣᠢ ᠪᠣᠯᠭᠠᠵᠤ᠂ 2019 ᠣᠨ ᠤ ᠠᠵᠢᠯ ᠤᠨ ᠰᠠᠶᠢᠨ ᠰᠠᠶᠢᠬᠠᠨ ᠡᠬᠢᠯᠡᠯᠲᠡ ᠶᠢ ᠠᠬᠢᠭᠤᠯᠪᠠ᠃
ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠲᠠᠷᠤᠭ᠎ᠠ ᠯᠢ ᠴᠢ ᠯᠢᠨ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠲᠡᠳ᠋ ᠱᠦᠵᠢ᠂ ᠲᠡᠳ᠋ ᠪᠠᠶᠢᠴᠠᠭᠠᠬᠤ ᠲᠠᠷᠤᠭ᠎ᠠ ᠵᠢᠶᠡᠨ ᠰᠢᠶᠤᠤ ᠸᠧᠨ ᠬᠤᠷᠠᠯ ᠡᠷᠬᠢᠯᠡᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠯᠢ ᠵᠢᠶᠡᠨ ᠫᠢᠩ ︽ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ︽ᠳᠦᠷᠪᠡᠨ ᠬᠡᠯᠪᠡᠷᠢᠲᠤ ᠨᠣᠶᠠᠨ︾ ᠤ ᠠᠰᠠᠭᠤᠳᠠᠯ ᠢ ᠬᠦᠨᠵᠡᠬᠡᠢ ᠴᠡᠭᠴᠡᠯᠡᠨ ᠵᠠᠰᠠᠵᠤ᠂ ᠪᠠᠶᠢᠭᠤᠯᠭ᠎ᠠ ᠶᠢᠨ ᠤᠯᠤᠰ ᠲᠥᠷᠦ ᠶᠢᠨ ᠠᠮᠢ ᠠᠬᠤᠢ ᠶᠢ ᠴᠡᠪᠡᠷᠰᠢᠬᠦᠯᠬᠦ ᠠᠵᠢᠯᠯᠠᠭᠠᠨ ᠤ ᠬᠡᠷᠡᠭᠵᠢᠬᠦᠯᠬᠦ ᠲᠦᠰᠦᠯ︾ ᠢ ᠣᠩᠰᠢᠨ ᠨᠡᠶᠢᠲᠡᠯᠡᠪᠡ᠃ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠢᠩᠭᠢᠮ ᠤᠨ ᠲᠡᠰ ᠤᠨ ᠺᠠᠳ᠋ᠷ᠂ ᠪᠠᠶᠢᠭᠤᠯᠭ᠎ᠠ ᠶᠢᠨ ᠡᠯ᠎ᠡ ᠲᠤᠳᠤᠭᠠᠳᠤ ᠪᠠᠶᠢᠭᠤᠯᠤᠮᠵᠢ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠦᠬᠦ ᠠᠵᠢᠯᠲᠠᠨ᠂ ᠲᠡᠮᠤᠷ ᠵᠠᠮ ᠤᠨ ᠬᠤᠪᠢᠶᠠᠷᠢ ᠬᠤᠷᠢᠶ᠎ᠠ᠂ ᠪᠠᠭ᠎ᠠ ᠲᠦᠷᠭᠡᠨ ᠭᠤᠣᠯ ᠭᠠᠵᠠᠷ ᠣᠷᠤᠨ ᠤ ᠬᠤᠷᠢᠶ᠎ᠠ ᠶᠢᠨ ᠭᠠᠵᠠᠷ ᠭᠡᠷ ᠤᠨ ᠲᠠᠷᠤᠭ᠎ᠠ ᠨᠠᠷ ᠠᠴᠠ ᠲᠡᠭᠡᠭᠰᠢᠬᠢ ᠺᠠᠳ᠋ᠷ ᠬᠤᠷᠠᠯ ᠳᠤ ᠤᠷᠤᠯᠴᠠᠪᠠ᠃
ᠬᠡᠷᠡᠭᠵᠢᠬᠦᠯᠬᠦ ᠲᠦᠰᠦᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠡᠨᠡ ᠤᠳᠠᠭᠠᠨ ᠤ ᠴᠡᠭᠴᠡᠯᠡᠨ ᠵᠠᠰᠠᠯᠲᠠ ᠶᠢᠨ ᠭᠤᠣᠯᠳᠠᠯᠭ᠎ᠠ ᠪᠣᠯ ︽ᠵᠠᠯᠬᠠᠭᠤ ᠲᠠᠷᠤᠭ᠎ᠠ︾ ᠶᠢᠨ ᠠᠰᠠᠭᠤᠳᠠᠯ᠂ ︽ᠦᠭᠡᠨᠴᠡ ᠲᠠᠷᠤᠭ᠎ᠠ︾ ᠶᠢᠨ ᠠᠰᠠᠭᠤᠳᠠᠯ᠂ ︽ᠨᠣᠮᠣᠢ ᠲᠠᠷᠤᠭ᠎ᠠ︾ ᠶᠢᠨ ᠠᠰᠠᠭᠤᠳᠠᠯ᠂ ︽ᠪᠢᠯᠳᠠᠤᠴᠢ ᠲᠠᠷᠤᠭ᠎ᠠ︾ ᠶᠢᠨ ᠠᠰᠠᠭᠤᠳᠠᠯ ᠪᠣᠯᠣᠨ᠎ᠠ᠃ ᠪᠣᠳᠠᠳᠠᠢ ᠪᠠᠷ ︽ᠪᠠᠷᠢᠨ ᠬᠦᠢᠴᠡᠳᠭᠡᠬᠦ︾ ᠰᠤᠷᠳᠠᠯ ᠢ ᠴᠢᠩᠭᠠᠷᠠᠭᠤᠯᠵᠤ᠂ ︽ᠵᠠᠯᠬᠠᠭᠤ ᠲᠠᠷᠤᠭ᠎ᠠ︾ ᠶᠢᠨ ᠠᠰᠠᠭᠤᠳᠠᠯ ᠢ ᠴᠡᠭᠴᠡᠯᠡᠨ ᠵᠠᠰᠠᠨ᠎ᠠ︔ ︽ᠦᠷ᠎ᠡ ᠪᠦᠲᠤᠮᠵᠢ ᠶᠢᠨ ᠬᠠᠭᠤᠳᠠᠰᠤ︾ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ︽ᠦᠭᠡᠨᠴᠡ ᠲᠠᠷᠤᠭ᠎ᠠ︾ ᠶᠢᠨ ᠠᠰᠠᠭᠤᠳᠠᠯ ᠢ ᠴᠡᠭᠴᠡᠯᠡᠨ ᠵᠠᠰᠠᠨ᠎ᠠ︔ ︽ᠪᠤᠳᠠᠳᠠᠢ ᠬᠢᠬᠦ ᠶᠢ ᠡᠷᠬᠢᠮᠯᠡᠬᠦ︾ ᠤᠳᠤᠷᠢᠳᠤᠮᠵᠢ ᠶᠢ ᠴᠢᠩᠭᠠᠷᠠᠭᠤᠯᠵᠤ᠂ ︽ᠨᠣᠮᠣᠢ ᠲᠠᠷᠤᠭ᠎ᠠ︾᠂ ︽ᠪᠢᠯᠳᠠᠤᠴᠢ ᠲᠠᠷᠤᠭ᠎ᠠ︾ ᠶᠢᠨ ᠠᠰᠠᠭᠤᠳᠠᠯ ᠢ ᠴᠡᠭᠴᠡᠯᠡᠨ ᠵᠠᠰᠠᠨ᠎ᠠ︔ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠᠨ ᠴᠢᠩᠭᠠᠷᠠᠭᠤᠯᠵᠤ᠂ ᠤᠯᠤᠰ ᠲᠥᠷᠦ ᠶᠢᠨ ᠠᠮᠢ ᠠᠬᠤᠢ ᠶᠢᠨ ︽ᠪᠣᠬᠢᠷᠳᠤᠯ ᠤᠨ ᠡᠬᠢ ᠡᠭᠦᠰᠦᠯ︾ ᠢ ᠠᠷᠢᠯᠭᠠᠨ᠎ᠠ᠃ ᠴᠡᠭᠴᠡᠯᠡᠨ ᠵᠠᠰᠠᠬᠤ ᠠᠵᠢᠯᠯᠠᠭ᠎ᠠ 1 ᠰᠠᠷ᠎ᠠ ᠡᠬᠢᠯᠡᠵᠤ᠂ 11 ᠰᠠᠷ᠎ᠠ ᠶᠢᠨ ᠡᠴᠤᠰ ᠲᠤ ᠲᠠᠭᠤᠰᠤᠨ᠎ᠠ᠂ ᠲᠠᠶᠢᠴᠢᠯᠠᠨ ᠪᠠᠶᠢᠷᠢᠰᠢᠯᠠᠭᠤᠯᠬᠤ᠂ ᠠᠰᠠᠭᠤᠳᠠᠯ ᠢ ᠪᠠᠶᠢᠴᠠᠭᠠᠨ ᠵᠠᠯᠠᠷᠠᠭᠤᠯᠬᠤ᠂ ᠴᠡᠭᠴᠡᠯᠡᠨ ᠵᠠᠰᠠᠯᠲᠠ ᠶᠢ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ 4 ᠱᠠᠳᠤ ᠪᠠᠷ ᠬᠢᠬᠦ ᠪᠦᠭᠡᠳ ︽ᠳᠦᠷᠪᠡᠨ ᠬᠡᠯᠪᠡᠷᠢᠲᠤ ᠨᠣᠶᠠᠨ︾ ᠤ ᠠᠰᠠᠭᠤᠳᠠᠯ ᠤᠨ ᠴᠡᠭᠴᠡᠯᠡᠨ ᠵᠠᠰᠠᠯᠲᠠ ᠶᠢ ᠪᠠᠶᠢᠩᠭᠤᠵᠢᠭᠤᠯᠵᠤ ᠳᠠᠭᠠᠭᠠᠮᠠᠭᠠᠶᠢᠵᠢᠭᠤᠯᠬᠤ ᠶᠢ ᠠᠬᠢᠭᠤᠯᠤᠨ᠎ᠠ᠃