ᠬᠠᠦᠯᠢ ᠪᠤᠰᠤ ᠪᠠᠷ ᠠᠲᠠᠷ ᠬᠠᠭᠠᠯᠪᠤᠷᠢᠯᠠᠬᠤ ᠪᠠᠨ ᠪᠤᠯᠢᠵᠤ᠂ ᠪᠠᠶᠢᠭᠠᠯᠢ ᠤᠷᠴᠢᠨ ᠢ ᠤᠩᠭᠤᠨ ᠢᠶᠠᠷ ᠨᠢ ᠪᠠᠶᠢᠯᠭᠠᠶ᠎ᠠ
ᠦᠷᠭᠡᠨ ᠤᠯᠠᠨ ᠮᠠᠯᠴᠢᠨ ᠲᠠᠷᠢᠶᠠᠴᠢᠨ ᠳᠤ ᠢᠯᠡᠭᠡᠬᠦ ᠨᠢᠭᠡᠨ ᠬᠤᠪᠢ ᠢᠯᠡ ᠵᠠᠬᠢᠳᠠᠯ
ᠦᠷᠭᠡᠨ ᠤᠯᠠᠨ ᠮᠠᠯᠴᠢᠨ ᠲᠠᠷᠢᠶᠠᠴᠢᠨ ᠳᠤ᠄
ᠤᠲᠤᠭ ᠤᠨ ᠡᠮᠦᠨᠡᠲᠤ ᠬᠤᠰᠢᠭᠤ ᠨᠢ 1396 ᠲᠦᠮᠡᠨ ᠮᠤ᠋ ᠬᠡᠭᠡᠷ᠎ᠡ ᠲᠠᠯ᠎ᠠ᠂ 890 ᠲᠦᠮᠡᠨ ᠮᠤ᠋ ᠦᠢᠲᠤ ᠭᠠᠵᠠᠷ ᠲᠠᠢ ᠪᠠᠶᠢᠵᠤ᠂ ᠮᠠᠨ ᠤ ᠤᠯᠤᠰ ᠤᠨ ᠤᠮᠠᠷᠠᠲᠤ ᠬᠡᠰᠡᠭ ᠤᠨ ᠴᠢᠬᠤᠯᠠ ᠠᠮᠢ ᠠᠬᠤᠢ ᠶᠢᠨ ᠬᠠᠯᠬᠠᠪᠴᠢ ᠤᠷᠤᠨ ᠪᠤᠯᠤᠨ᠎ᠠ᠃ ᠭᠡᠪᠡᠴᠤ ᠤᠶᠢᠷ᠎ᠠ ᠶᠢᠨ ᠵᠢᠯ ᠮᠠᠨ ᠤ ᠬᠤᠰᠢᠭᠤᠨ ᠤ ᠬᠡᠪᠴᠢᠶᠡᠨ ᠳᠤ ᠬᠠᠤᠯᠢ ᠪᠤᠰᠤ ᠪᠠᠷ ᠠᠲᠠᠷ ᠭᠠᠵᠠᠷ ᠬᠠᠭᠠᠯᠪᠤᠷᠢᠯᠠᠵᠤ᠂ ᠨᠤᠲᠤᠭ ᠪᠡᠯᠴᠢᠭᠡᠷ ᠤᠨ ᠬᠦᠷᠦᠰᠤ ᠰᠢᠷᠤᠢ ᠶᠢ ᠡᠪᠳᠡᠵᠤ ᠪᠠᠶᠢᠭ᠎ᠠ ᠶᠠᠯᠠᠲᠤ ᠠᠵᠢᠯᠯᠠᠭ᠎ᠠ ᠵᠢᠯ ᠳᠠᠷᠠᠭᠠᠯᠠᠨ ᠨᠡᠮᠡᠭᠳᠡᠵᠤ᠂ 2015 ᠤᠨ ᠠᠴᠠ 2018 ᠤᠨ ᠳᠤ ᠮᠠᠨ ᠤ ᠬᠤᠷᠢᠶᠠᠨ ᠤ ᠠᠯᠪᠠᠨ ᠵᠠᠭᠠᠯᠳᠤᠯᠭ᠎ᠠ ᠶᠢᠨ ᠬᠡᠯᠲᠡᠰ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠦᠯᠢ ᠪᠤᠰᠤ ᠪᠠᠷ ᠡᠵᠡᠯᠡᠨ ᠬᠡᠷᠡᠭᠯᠡᠭᠰᠡᠨ 235 ᠶᠠᠯᠠᠲᠤ ᠬᠡᠷᠡᠭ ᠢ ᠬᠦᠯᠢᠶᠡᠨ ᠠᠪᠤᠭᠰᠠᠨ ᠪᠠᠶᠢᠨ᠎ᠠ᠃ ᠡᠭᠦᠨ ᠳᠤ 99.57 % ᠮᠠᠯᠴᠢᠨ ᠲᠠᠷᠢᠶᠠᠴᠢᠨ ᠦᠪᠡᠷ ᠤᠨ ᠳᠠᠭᠠᠭᠠᠴᠢᠯᠠᠭᠰᠠᠨ ᠪᠡᠯᠴᠢᠭᠡᠷ ᠨᠤᠲᠤᠭ ᠳᠡᠭᠡᠷ᠎ᠡ ᠪᠠᠨ ᠠᠲᠠᠷ ᠬᠠᠭᠠᠯᠪᠤᠷᠢᠯᠠᠵᠤ ᠠᠵᠤ ᠠᠬᠤᠢ ᠶᠢᠨ ᠲᠠᠷᠢᠮᠠᠯ ᠲᠠᠷᠢᠭᠰᠠᠨ ᠬᠡᠷᠡᠭ ᠪᠤᠯᠤᠨ᠎ᠠ᠃ ᠦᠷᠭᠡᠨ ᠤᠯᠠᠨ ᠮᠠᠯᠴᠢᠨ ᠲᠠᠷᠢᠶᠠᠴᠢᠨ ᠡᠷᠦᠬᠡ ᠭᠡᠷ ᠤᠨ ᠢᠶᠠᠨ ᠤᠷᠤᠯᠭ᠎ᠠ ᠶᠢ ᠨᠡᠮᠡᠭᠳᠡᠭᠦᠯᠵᠤ ᠠᠵᠤ ᠠᠮᠢᠳᠤᠷᠠᠯ ᠢᠶᠠᠨ ᠴᠢᠨᠡᠭᠡᠯᠢᠭᠵᠢᠭᠦᠯᠬᠦ ᠪᠠᠷ ᠮᠠᠷᠠᠶᠢᠭᠰᠠᠨ ᠵᠤᠷᠢᠭ ᠰᠠᠨᠠᠭ᠎ᠠ ᠨᠢ ᠮᠠᠭᠲᠠᠭᠤᠰᠢᠲᠠᠢ᠂ ᠭᠡᠪᠡᠴᠤ ᠤᠷᠴᠢᠨ ᠲᠤᠭᠤᠷᠢᠨ ᠢ ᠡᠪᠳᠡᠵᠤ ᠪᠠᠶᠢᠭᠠᠯᠢ ᠠᠬᠤᠢ ᠪᠠᠷ ᠦᠨ᠎ᠡ ᠦᠷᠲᠡᠭ ᠪᠤᠯᠭᠠᠵᠤ ᠪᠠᠶᠢᠭ᠎ᠠ ᠨᠢ ᠵᠤᠬᠢᠮᠵᠢ ᠦᠭᠡᠢ᠃
︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠤ ᠶᠢᠨ ᠬᠠᠤᠯᠢ ︾ ᠭᠤᠷᠪᠠᠨ ᠵᠠᠭᠤ ᠳᠦᠴᠢᠨ ᠬᠤᠶᠠᠳᠤᠭᠠᠷ ᠵᠦᠢᠯ ᠦᠨ ᠲᠤᠭᠲᠠᠭᠠᠯ ᠳᠤ ᠰᠢᠳᠭᠡᠭᠡᠳ ᠭᠡᠮᠡᠨ ᠲᠤᠭᠲᠠᠭᠠᠭᠰᠠᠨ ᠪᠠᠶᠢᠳᠠᠭ ᠡᠭᠦᠨ ᠳᠦ ︽ ᠡᠵᠡᠯᠡᠭᠰᠡᠨ ᠭᠠᠵᠠᠷ ᠤᠨ ︾ ᠭᠡᠳᠡᠭ ᠨᠢ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠯᠡᠭᠡ ᠡᠴᠡ ᠵᠦᠷᠢᠴᠡᠵᠤ ᠂ ᠵᠦᠪᠰᠢᠶᠡᠷᠡᠯ ᠦᠭᠡᠢ ᠪᠡᠷ ᠡᠰᠡᠭᠦᠯ᠎ᠡ ᠵᠦᠪᠰᠢᠶᠡᠷᠡᠯ ᠢ ᠮᠡᠬᠡᠯᠡᠨ ᠤᠯᠵᠤ ᠲᠠᠷᠢᠶᠠᠨ ᠭᠠᠵᠠᠷ ᠳᠡᠭᠡᠷ᠎ᠡ ᠪᠠᠷᠢᠯᠭ᠎ᠠ ᠪᠠᠷᠢᠬᠤ ᠂ ᠡᠰᠡᠭᠦᠯ᠎ᠡ ᠦᠢᠲᠤ ᠭᠠᠵᠠᠷ ᠳᠡᠭᠡᠷ᠎ᠡ ᠲᠠᠷᠢᠯᠭ᠎ᠠ ᠬᠢᠬᠦ ᠂ ᠲᠡᠵᠢᠭᠡᠨ ᠦᠷᠡᠵᠢᠭᠦᠯᠬᠦ ᠬᠠᠶᠢᠷ ᠴᠢᠯᠠᠭᠤ ᠮᠠᠯᠲᠠᠬᠤ ᠵᠡᠷᠭᠡ ᠭᠠᠵᠠᠷ ᠰᠢᠷᠤᠢ ᠶᠢᠨ ᠤᠤᠯ ᠤᠨ ᠠᠰᠢᠭᠯᠠᠬᠤ ᠲᠦᠯᠦᠪᠯᠡᠭᠡ ᠳᠦ ᠲᠤᠭᠲᠠᠭᠠᠭᠰᠠᠨ ᠬᠡᠷᠡᠭᠴᠡᠭᠡ ᠶᠢ ᠦᠭᠡᠷᠡᠴᠢᠯᠡᠬᠦ ᠠᠵᠢᠯᠯᠠᠭ᠎ᠠ ᠶᠢ ᠵᠢᠭᠠᠨ᠎ᠠ ᠃ ︽ ︾ 20 10 5 ᠃
︽ᠬᠥᠬᠡ ᠠᠭᠤᠯᠠ ᠬᠦᠬᠡᠮᠳᠦᠭ ᠤᠰᠤ ᠪᠤᠯ ᠠᠯᠳᠠ ᠮᠦᠩᠭᠦᠨ ᠠᠭᠤᠯᠠ ︾ ᠭᠡᠳᠡᠭ ᠢᠶᠠᠷ ᠡᠷᠲᠡᠨ ᠠᠴᠠ ᠡᠲᠦᠭᠡ ᠪᠤᠯᠲᠠᠯ᠎ᠠ ᠬᠦᠮᠦᠨ ᠲᠦᠷᠦᠯᠬᠢᠲᠡᠨ ᠪᠠᠶᠢᠭᠠᠯᠢ ᠤᠷᠴᠢᠨ ᠢ ᠲᠦᠰᠢᠭᠯᠡᠨ ᠠᠵᠤ ᠲᠦᠷᠦᠨ ᠠᠮᠢᠳᠤᠷᠠᠵᠤ ᠂ ᠪᠠᠶᠢᠭᠠᠯᠢ ᠤᠷᠴᠢᠨ ᠤ ᠬᠠᠷᠠᠮ ᠦᠭᠡᠢ ᠬᠠᠩᠭᠠᠯᠭ᠎ᠠ ᠶᠢ ᠬᠦᠷᠲᠡᠭᠰᠡᠭᠡᠷ ᠢᠷᠡᠭᠰᠡᠨ ᠶᠤᠮ ᠃ ᠳᠤᠷ᠎ᠠ ᠪᠠᠷ ᠬᠠᠭᠠᠯᠪᠤᠷᠢᠯᠠᠵᠤ ᠬᠡᠲᠦᠷᠡᠲᠡᠯ᠎ᠡ ᠲᠠᠷᠢᠬᠤ ᠨᠢ ᠨᠢᠳᠦᠨ ᠡᠮᠦᠨᠡᠬᠢ ᠦᠴᠦᠬᠡᠨ ᠠᠰᠢᠭ ᠬᠤᠨᠵᠢᠪᠤᠷᠢ ᠶᠢ ᠠᠪᠴᠢᠷᠠᠬᠤ ᠪᠤᠯᠪᠠᠴᠤ ᠭᠠᠵᠠᠷ ᠳᠤᠤᠷᠠᠬᠢ ᠤᠰᠤᠨ ᠳᠦᠪᠰᠢᠨ ᠳᠣᠭᠤᠭᠰᠢᠯᠠᠬᠤ᠂ ᠬᠦᠷᠦᠰᠦᠨ ᠦ ᠴᠢᠨᠠᠷ ᠮᠠᠭᠤᠲᠠᠵᠤ ᠡᠯᠡᠰᠦᠷᠬᠡᠭᠵᠢᠨ ᠰᠠᠯᠬᠢ ᠰᠢᠭᠤᠷᠭ᠎ᠠ ᠳᠡᠭᠳᠡᠬᠦ ᠵᠡᠷᠭᠡ ᠮᠠᠭᠤ ᠨᠦᠯᠦᠭᠡ ᠡᠭᠦᠰᠭᠡᠬᠦ ᠭᠡᠬᠦ ᠮᠡᠲᠦ᠃ ᠡᠷᠡᠭᠦᠯ ᠡᠩᠬᠡ ᠤᠷᠴᠢᠨ ᠲᠤᠭᠤᠷᠢᠨ ᠳᠤ ᠦᠶ᠎ᠡ ᠤᠯᠠᠷᠢᠨ ᠠᠮᠢᠳᠤᠷᠠᠬᠤ ᠶᠢᠨ ᠲᠦᠯᠦᠭᠡ᠂ ᠦᠷᠭᠡᠨ ᠤᠯᠠᠨ ᠮᠠᠯᠴᠢᠨ ᠲᠠᠷᠢᠶᠠᠴᠢᠨ ᠬᠠᠤᠯᠢ ᠲᠤᠭᠲᠠᠭᠠᠯ ᠢ ᠴᠢᠩᠭ᠎ᠠ ᠰᠠᠬᠢᠨ᠂ ᠲᠦᠷᠦ ᠶᠢᠨ ᠪᠤᠳᠤᠯᠭ᠎ᠠ ᠶᠢᠨ ᠤᠷᠢᠶᠠᠯᠠᠭ᠎ᠠ ᠶᠢ ᠬᠦᠨᠳᠦᠳᠬᠡᠨ ᠳᠠᠭᠠᠵᠤ᠂ ᠤᠬᠠᠮᠰᠠᠷ ᠠᠴᠠ ᠪᠠᠨ ᠤᠷᠴᠢᠨ ᠠᠬᠤᠢ ᠪᠠᠨ ᠬᠠᠮᠠᠭᠠᠯᠠᠵᠤ ᠂ ᠬᠠᠦᠯᠢ ᠪᠤᠰᠤ ᠪᠠᠷ ᠠᠲᠠᠷ ᠬᠠᠭᠠᠯᠪᠤᠷᠢᠯᠠᠬᠤ ᠶᠠᠯᠠᠲᠤ ᠠᠵᠢᠯᠯᠠᠭ᠎ᠠ ᠪᠠᠨ ᠂ ᠪᠠᠶᠢᠭᠠᠯᠢ ᠤᠷᠴᠢᠨ ᠢ ᠤᠩᠭᠤᠨ ᠢᠶᠠᠷ ᠨᠢ ᠪᠠᠶᠢᠯᠭᠠᠶ᠎ᠠ︕