ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠦ᠋ ᠰᠢᠶᠣᠣ ᠯᠢᠨ ᠄ ᠬᠠᠤᠯᠢ ᠪᠠᠷᠢᠯᠲᠠ ᠶᠢᠨ ᠠᠵᠢᠯ ᠤᠨ ᠰᠢᠨ᠎ᠡ ᠳᠠᠪᠰᠢᠯᠲᠠ ᠶᠢ ᠦᠨᠡᠨᠬᠦ ᠮᠡᠳᠡᠷᠡᠪᠡᠢ

2019-03-25 09:41:01
ᠵᠣᠬᠢᠶᠠᠭᠴᠢ
ᠪᠠᠶᠠᠰᠤᠯ

  布小林.jpg

3 ᠰᠠᠷ᠎ᠠ ᠶᠢᠨ12 ᠦ ᠡᠳᠦᠷ ᠦᠨ ᠦᠳᠡ ᠶᠢᠨ ᠬᠤᠶᠢᠨ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢ᠂ ᠥᠪᠦᠷ ᠮᠣᠡᠭᠭᠤᠯ ᠤᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ ᠤ ᠲᠡᠷᠢᠭᠦᠯᠡᠭᠴᠢ ᠪᠦ᠋ ᠰᠢᠶᠣᠣ ᠯᠢᠨ ᠡᠴᠡ ᠬᠤᠶᠠᠷ ᠳᠡᠭᠡᠲᠦ ᠬᠣᠷᠢᠶ᠎ᠠ ᠶᠢᠨ ᠠᠵᠢᠯ ᠤᠨ ᠮᠡᠳᠡᠬᠦᠯᠦᠯᠲᠡ ᠶᠢ ᠬᠢᠨᠠᠨ ᠵᠥᠪᠯᠡᠬᠦ ᠳ᠋ᠡᠭᠡᠨ᠂ ᠬᠤᠶᠠᠷ ᠳᠡᠭᠡᠲᠦ ᠬᠤᠷᠢᠶᠠᠨ ᠤ ᠮᠡᠳᠡᠭᠦᠯᠦᠯᠲᠠ ᠨᠢ ᠰᠢ ᠵᠢᠨ ᠫᠢᠡᠭ ᠶᠡᠷᠦᠩᠬᠡᠢ ᠱᠦᠵᠢ ᠶᠢᠨ ᠬᠠᠤᠯᠢ ᠶᠣᠰᠤᠭᠠᠷ ᠤᠯᠤᠰ ᠢᠶᠠᠨ ᠪᠦᠬᠦ ᠲᠠᠯ᠎ᠠ  ᠪᠡᠷ ᠵᠠᠰᠠᠬᠤ ᠲᠤᠬᠠᠢ ᠰᠢᠨ᠎ᠡ ᠣᠶᠢᠯᠠᠭᠠᠭᠲᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠣᠳᠤᠯᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠤᠯᠭ᠎ᠠ ᠪᠠᠶᠢᠷᠢᠯᠠᠭᠤᠯᠤᠯᠲᠠ ᠶᠢ ᠬᠦᠢᠴᠡᠳ ᠲᠤᠤᠱᠯᠠᠭᠤᠯᠵᠤ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠦᠯᠦᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ ᠣᠶᠢᠯᠠᠭᠠᠭᠲᠠᠬᠤᠨ ᠢ ᠢᠯᠡᠷᠡᠭᠦᠯᠪᠡ᠃ ᠲᠤᠰ ᠬᠣᠶᠠᠷ ᠮᠡᠳᠡᠭᠦᠯᠦᠯᠲᠡ ᠶᠢ ᠪᠦᠷᠢᠮᠦᠰᠦᠨ ᠵᠦᠪᠰᠢᠶᠡᠷᠡᠨ᠎ᠡ ᠭᠡᠵᠦ ᠢᠯᠡᠷᠬᠡᠶᠢᠯᠡᠪᠡ ᠃

ᠪᠦ᠋ ᠰᠢᠶᠣᠣ ᠯᠢᠠ ᠬᠡᠯᠡᠭᠰᠡᠨ ᠨᠢ᠂ ᠬᠣᠶᠠᠷ ᠳᠡᠭᠡᠲᠦ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠡᠩ ᠦᠨ ᠴᠠᠭ ᠤᠨ ᠣᠶᠢᠯᠭᠠᠭᠰᠠᠨ  ᠪᠠᠶᠢᠳᠠᠯ ᠠᠴᠠ ᠦᠵᠡᠪᠡᠯ᠂  ᠴᠦᠮ ᠢᠶᠠᠷ ᠨᠢ ᠬᠠᠣᠯᠢ ᠪᠠᠷᠢᠯᠲᠠ ᠶᠢᠨ ᠬᠦᠷᠢᠶᠡᠨ ᠳ᠋ᠡᠬᠢ ᠰᠢᠨ᠎ᠡ ᠬᠤᠪᠢᠷᠠᠯᠲᠠ ᠰᠢᠨ᠎ᠡ ᠲᠠᠪᠰᠢᠯᠲᠠ ᠶᠢ ᠦᠨᠡᠨᠬᠦ ᠮᠡᠳᠡᠷᠡᠵᠦ ᠪᠣᠢ᠃ ᠬᠣᠶᠠᠷ ᠳᠡᠭᠡᠲᠦ ᠬᠣᠷᠢᠶ᠎ᠠ ᠨᠢ ᠨᠠᠮ ᠤᠨ ᠲᠥᠪ ᠬᠣᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠬᠠᠤᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠡᠷ ᠮᠦᠨ ᠴᠢᠨᠠᠷ ᠤᠨ ᠰᠢᠪᠲᠤᠯᠤᠯᠲᠠ ᠣᠯᠪᠠ᠃ ᠡᠷᠡᠭᠦᠦ ᠶᠢᠨ ᠬᠡᠷᠡᠭ ᠪᠠᠶᠢᠴᠠᠭᠠᠬᠤ᠂ ᠢᠷᠭᠡᠨ ᠦ ᠬᠡᠷᠡᠭ ᠪᠠᠶᠢᠴᠠᠭᠠᠬᠤ᠂ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ᠂ ᠨᠡᠶᠢᠲᠠ ᠶᠢᠨ ᠠᠰᠢᠭᠲᠤ ᠵᠠᠷᠭᠤ ᠵᠡᠷᠭᠡ ︽ᠲᠦᠷᠪᠡᠨ ᠶᠡᠬᠡ ᠪᠠᠶᠢᠴᠠᠭᠠᠬᠤ︾ ᠬᠠᠤᠯᠢ ᠴᠠᠭᠠᠵᠠ ᠶᠢᠨ ᠬᠢᠨᠡᠯᠲᠠ ᠲᠠᠯᠪᠢᠬᠤ ᠶᠡᠷᠦᠩᠬᠡᠢ ᠪᠠᠶᠢᠷᠢᠯᠠᠭᠤᠯᠤᠯ ᠤᠨ ᠪᠦᠷᠢᠯᠳᠦᠭᠰᠡᠨ ᠪᠠ ᠪᠠᠶᠢᠴᠠᠭᠠᠬᠤ ᠪᠠᠶᠢᠭᠤᠯᠭ᠎ᠠ ᠶᠢᠨ ᠳᠣᠲᠤᠭᠠᠳᠦ ᠪᠠᠶᠢᠭᠤᠯᠤᠮᠵᠢ ᠶᠢᠨ ᠰᠢᠰᠲ᠋ᠧᠮ ᠲᠠᠢ᠂ ᠳᠠᠬᠢᠨ ᠪᠠᠶᠢᠭᠤᠯᠬᠤ ᠴᠢᠨᠠᠷ ᠲᠠᠢ ᠦᠭᠡᠷᠡᠴᠢᠯᠡᠯᠲᠡ ᠨᠢ ᠪᠠᠶᠢᠴᠠᠭᠠᠬᠤ ᠡᠷᠬᠡ ᠪᠤᠯᠤᠨ ᠠᠵᠢᠯᠯᠠᠭᠤᠯᠬᠤ ᠲᠣᠭᠲᠠᠴᠠ  ᠶᠢᠨ ᠨᠢᠭᠡᠨ ᠰᠢᠨ᠎ᠡ ᠬᠤᠪᠢᠰᠤᠯ ᠪᠤᠯᠤᠨ᠎ᠠ᠃

ᠪᠦ᠋ ᠰᠢᠶᠣᠣ ᠯᠢᠨ ᠵᠢᠭᠠᠭᠰᠠᠨ ᠨᠢ ᠂ ᠬᠣᠶᠠᠷ ᠳᠡᠭᠡᠲᠦ ᠬᠣᠷᠢᠶ᠎ᠠ ᠶᠢᠨ ᠮᠡᠳᠡᠭᠦᠯᠦᠯᠲᠡ ᠨᠢ ᠨᠢᠭᠡ ᠢᠯᠡ ᠲᠣᠳᠤ ᠬᠠᠮᠲᠤ ᠶᠢᠨ ᠭᠣᠤᠯ ᠱᠣᠭᠣᠮ᠂ ᠲᠠᠷᠤᠢ ︽ᠠᠷᠠᠳ ᠲᠦᠮᠡᠨ  ᠢᠶᠠᠷ ᠲᠦᠪ ᠪᠣᠯᠭᠠᠬᠤ︾ ᠪᠠᠷ ᠰᠢᠵᠢᠮᠯᠡᠪᠡ ᠃  ᠪᠦᠬᠦᠯᠢ ᠴᠣᠭᠴᠠ ᠶᠢᠨ ᠤᠯᠤᠰ ᠤᠨ ᠠᠮᠤᠷ ᠲᠦᠪᠰᠢᠨ ᠦ ᠦᠵᠡᠯᠲᠡ ᠶᠢ ᠨᠠᠶᠢᠳᠠᠪᠤᠷᠢᠵᠢᠭᠤᠯᠬᠤ᠂ ᠠᠮᠤᠷ ᠲᠠᠶᠢᠪᠤᠡᠭ ᠲᠤᠮᠳᠠᠳᠤ ᠤᠯᠤᠰ  ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠭᠢᠭᠤᠯᠬᠤ ᠲᠠᠯ᠎ᠠ  ᠪᠡᠷ᠂ ᠬᠠᠤᠯᠢ ᠪᠠᠷᠢᠯᠲᠠ ᠶᠢᠨ ᠬᠦᠴᠦᠨ ᠢ  ᠭᠦᠢᠴᠡᠳ ᠢᠯᠡᠷᠡᠭᠦᠯᠦᠨ᠂ ᠠᠷᠠᠳ ᠲᠦᠮᠡᠨ ᠦ ᠬᠦᠷᠲᠡᠮᠵᠢ ᠶᠢᠨ ᠰᠡᠳᠭᠢᠭᠳᠡᠯ᠂ ᠵᠣᠯ ᠵᠢᠷᠭᠠᠯᠲᠤ ᠲᠦᠷᠦᠭᠲᠡᠯ᠂ ᠠᠮᠤᠷ ᠲᠥᠪᠰᠢᠨᠲᠦ ᠲᠦᠷᠦᠭᠲᠡᠯ ᠢ ᠤᠯᠠᠮ ᠨᠢᠭᠡ ᠠᠯᠬᠤᠮ ᠨᠡᠮᠡᠭᠳᠡᠭᠦᠯᠵᠦ︔  ᠢᠯᠵᠠᠷᠠᠯ ᠤᠨ ᠶᠠᠯ᠎ᠠ ᠶᠢ ᠵᠠᠯᠬᠠᠭᠠᠨ ᠰᠢᠳᠭᠡᠬᠦ ᠲᠠᠯ᠎ᠠ  ᠪᠡᠷ᠂ ᠦᠨᠳᠦᠷ ᠳᠠᠷᠤᠯᠲᠠᠲᠦ ᠪᠠᠶᠢᠳᠠᠯ ᠢᠶᠠᠨ ᠦᠷᠭᠦᠯᠵᠢᠯᠡᠨ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠬᠢᠰ ᠬᠦᠴᠦᠠ ᠢ ᠠᠷᠢᠯᠭᠠᠬᠤ ᠲᠡᠮᠡᠴᠡᠯ ᠪᠤᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠬᠠᠷᠢᠯᠴᠠᠨ ᠤᠶᠠᠯᠳᠤᠭᠤᠯᠵᠤ᠂ ᠬᠠᠷ᠎ᠠ ᠬᠠᠷᠬᠢᠰ ᠬᠦᠴᠦᠨ ᠦ ︽ᠬᠠᠮᠠᠭᠠᠯᠠᠬᠤ ᠰᠢᠬᠦᠷ︾ ᠢ ᠴᠢᠡᠭᠭ᠎ᠠ ᠰᠢᠳᠭᠡᠠ᠂ ᠨᠠᠮ ᠤᠨ ᠲᠥᠪ ᠬᠣᠷᠢᠶᠠᠨ ᠤ ᠢᠯᠵᠠᠷᠠᠯ ᠢ ᠡᠰᠡᠷᠭᠦᠴᠡᠬᠦ ᠲᠡᠮᠡᠴᠡᠯ  ᠤᠨ ᠲᠡᠶᠢᠯᠦᠡᠭᠭᠦᠢ ᠴᠢᠨᠠᠷᠲᠠᠢ ᠢᠯᠠᠯᠲᠠ ᠶᠢ ᠪᠠᠲᠤᠳᠬᠠᠨ ᠬᠦᠭᠵᠢᠭᠦᠯᠬᠦ ᠡᠷᠡᠰ ᠬᠠᠲᠠᠭᠤ ᠡᠷᠴᠢ ᠵᠣᠷᠢᠭ ᠢ ᠢᠯᠡᠷᠡᠭᠦᠯᠪᠡ ᠃

ᠪᠦ᠋ ᠰᠢᠶᠣᠣ ᠯᠢᠨ ᠢᠯᠡᠷᠬᠡᠶᠢᠯᠡᠭᠰᠡᠨ ᠨᠢ᠂ ᠨᠢᠳᠤᠨᠤᠨ ᠵᠢᠯ  ᠨᠡᠶᠢᠭᠡᠮ ᠠᠴᠠ ᠬᠠᠯᠠᠮᠵᠢᠯᠠᠵᠤ ᠪᠠᠶᠢᠭ᠎ᠠ ᠴᠢᠬᠤᠯᠠ ᠠᠰᠠᠭᠤᠲᠠᠯ ᠢ ᠰᠢᠢᠳᠪᠦᠷᠢᠯᠠᠬᠦ ᠲᠠᠯ᠎ᠠ ᠪᠠᠷ ᠮᠠᠰᠢ ᠣᠯᠠᠨ ᠰᠢᠪᠲᠤᠯᠤᠯᠲᠠ ᠲᠠᠢ᠃ ᠨᠡᠶᠢᠲᠠ ᠶᠢᠨ ᠠᠰᠢᠭᠲᠤ ᠵᠠᠷᠭᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠭᠰᠠᠨ ᠨᠢ ᠬᠠᠤᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢᠨ ᠨᠢᠭᠡᠨ ᠯᠣᠲᠤ ᠶᠡᠬᠡ ᠠᠮᠵᠢᠯᠲᠠ ᠪᠣᠯᠤᠨ᠎ᠠ᠃ ᠥᠪᠦᠷ ᠮᠣᠡᠭᠭᠤᠯ ᠪᠣᠯ ᠨᠡᠶᠢᠲᠡ ᠶᠢᠨ ᠠᠰᠢᠭᠲᠤ ᠵᠠᠷᠭᠤ ᠶᠢᠨ ᠲᠣᠷᠰᠢᠯᠲᠠ ᠶᠢᠨ ᠴᠢᠭ᠋  ᠤᠨ  ᠭᠠᠵᠠᠷ ᠣᠷᠤᠨ ᠪᠠᠶᠢᠵᠦ᠂ ᠬᠡᠳᠦᠨ ᠵᠢᠯ ᠦᠨ ᠲᠤᠷᠰᠢᠬᠢ ᠨᠡᠶᠢᠲᠡ ᠶᠢᠨ ᠠᠰᠢᠭᠲᠤ ᠵᠠᠷᠭᠤ ᠶᠢᠨ ᠠᠵᠢᠯ ᠤᠨ ᠦᠷᠨᠢᠭᠦᠯᠦᠯᠲᠡ ᠨᠢ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ᠂ ᠡᠯ᠎ᠡ ᠱᠠᠲᠤᠨ ᠤ ᠵᠠᠰᠠᠭ ᠤᠨ ᠣᠷᠳᠤᠨ ᠤ ᠬᠠᠣᠯᠢ ᠶᠣᠰᠤᠭᠠᠷ ᠵᠠᠰᠠᠭᠯᠠᠬᠤ ᠶᠢ ᠠᠭᠢᠭᠤᠯᠬᠤ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ  ᠶᠢᠨ ᠠᠰᠢᠭᠲᠤ ᠵᠠᠷᠭᠤ  ᠦᠷᠨᠢᠭᠦᠯᠬᠦ  ᠶᠢ ᠳᠠᠮᠵᠢᠬᠦ ᠪᠣᠯ ᠡᠯ᠎ᠡ ᠱᠠᠲᠤᠨ ᠤ ᠵᠠᠰᠠᠭ ᠤᠨ ᠣᠷᠳᠤᠨ ᠤ ᠤᠯᠤᠰ ᠲᠦᠷᠥ ᠶᠢᠨ ᠬᠠᠷᠢᠭᠤᠴᠠᠯᠭ᠎ᠠ ᠮᠦᠷᠲᠡᠭᠡᠨ ᠬᠠᠤᠯᠢ ᠪᠡᠷ ᠲᠣᠭᠲᠠᠭᠠᠭᠰᠠᠨ ᠡᠭᠦᠷᠭᠡ ᠮᠦᠨ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ  ᠵᠠᠷᠭᠤ ᠶᠢᠨ ᠠᠵᠢᠯ ᠦᠷᠨᠢᠭᠦᠯᠬᠦ ᠶᠢ  ᠪᠢᠳᠡ ᠦᠷᠭᠦᠯᠵᠢᠯᠡᠨ ᠪᠦᠬᠦ ᠬᠦᠴᠦᠨ ᠢᠶᠡᠷ ᠢᠶᠡᠨ ᠳᠡᠮᠵᠢᠨ ᠬᠠᠮᠵᠢᠯᠴᠠᠵᠤ᠂ ᠬᠠᠤᠯᠢ ᠪᠠᠷᠢᠯᠲᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂  ᠰᠠᠨᠠᠭᠠᠴᠢᠯᠠᠭ᠎ᠠ ᠠᠴᠠ ᠪᠠᠨ ᠲᠤᠰᠢᠶᠡᠯ ᠢᠶᠠᠨ ᠭᠦᠢᠴᠡᠳᠭᠡᠵᠦ ᠪᠤᠷᠤᠭᠤ ᠪᠠᠨ ᠵᠠᠯᠠᠷᠠᠭᠤᠯᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠤᠨ ᠲᠦᠷᠭᠡᠪᠴᠢᠯᠡᠨ ᠪᠠᠶᠢᠭᠤᠯᠤᠨ᠎ᠠ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro