ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠶᠢᠴᠠᠭᠠᠬᠤ ᠠᠬᠠᠮᠠᠳ ᠢᠶᠠᠨ ᠬᠠᠯᠠᠮᠵᠢᠯᠠᠨ ᠬᠠᠶᠢᠷᠠᠯᠠᠶ᠎ᠠ

2019-04-01 16:37:36
ᠵᠣᠬᠢᠶᠠᠭᠴᠢ
ᠪᠠᠶᠠᠰᠤᠯ

01.jpg

ᠪᠠᠶᠢᠴᠠᠭᠠᠬᠤ  ᠠᠬᠠᠮᠠᠳ ᠪᠠᠶᠢᠴᠠᠭᠠᠬᠤ ᠦᠢᠯᠡᠰ ᠲᠤ ᠦᠪᠡᠷ ᠦᠨ ᠴᠡᠴᠡᠭ ᠰᠢᠭ ᠵᠠᠯᠠᠭᠤ ᠨᠠᠰᠤ ᠪᠠᠨ ᠬᠠᠨᠳᠢᠪᠯᠠᠵᠤ᠂ ᠦᠡᠭᠭᠡ ᠭᠡᠷᠡᠯᠲᠠᠢ ᠪᠠᠷ ᠠᠵᠢᠯ ᠠᠴᠠ ᠪᠠᠨ ᠠᠮᠠᠷᠠᠨ᠂ ᠬᠦᠮᠦᠨ ᠤ ᠠᠮᠢᠳᠤᠷᠠᠯ ᠤᠨ ᠦᠭᠡᠷ᠎ᠡ ᠨᠢᠭᠡᠨ ᠵᠠᠮ ᠢᠶᠠᠷ ᠠᠯᠬᠤᠬᠤ ᠪᠣᠯᠤᠭᠰᠠᠨ ᠡᠨᠡᠬᠦ ᠭᠱᠠᠨ ᠳᠤ᠂ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠠᠵᠢᠯᠴᠢᠨ ᠤ ᠡᠪᠯᠡᠯ ᠨᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠬᠣᠷᠢᠶᠠᠨ ᠤ ᠨᠠᠮ ᠤᠨ ᠤᠳᠦᠷᠢᠳᠬᠤ ᠳᠤᠭᠤᠢᠯᠠᠩ ᠤᠨ ᠵᠢᠭᠠᠪᠤᠷᠢ ᠪᠡᠷ ᠬᠠᠪᠤᠷ ᠤᠨ ᠬᠤᠭᠤᠰ ᠤᠨ ᠴᠠᠭ ᠤᠯᠠᠷᠢᠯ ᠳᠤ ᠳᠣᠬᠢᠶᠠᠯᠳᠤᠭᠤᠯᠤᠨ᠂ 2018 ᠤᠨ ᠳᠤ ᠠᠵᠢᠯ ᠠᠴᠠ ᠪᠠᠨ ᠠᠮᠠᠷᠠᠭᠰᠠᠨ 15 ᠨᠦᠬᠦᠳ ᠲᠦ ᠨᠢᠭᠡᠨ ᠬᠤᠪᠢ ᠨᠠᠨᠳᠢᠨ ᠲᠤᠷᠠᠰᠬᠠᠯ ᠤᠨ ᠪᠣᠳᠠᠰ ᠪᠡᠯᠡᠭᠯᠡᠪᠡ᠃

02.jpg

ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠡᠭ  ᠨᠢ ᠠᠵᠢᠯ ᠠᠴᠠ ᠪᠠᠨ ᠠᠮᠠᠷᠠᠭᠰᠠᠨ ᠠᠵᠢᠯᠲᠠᠨ  ᠢ ᠬᠠᠯᠠᠮᠵᠢᠯᠠᠬᠤ ᠠᠵᠢᠯ ᠢ ᠬᠡᠵᠢᠶᠡᠳᠡ ᠬᠦᠨᠳᠦᠳᠭᠡᠨ ᠦᠵᠡᠳᠡᠭ᠃ ᠠᠬᠠᠮᠠᠳ  ᠺᠠᠳ᠋ᠷ ᠴᠠᠭᠳᠠᠭ᠎ᠠ ᠨᠠᠷ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠪᠠᠶᠢᠭᠤᠯᠤᠯᠲᠠ ᠬᠦᠭᠵᠢᠭᠦᠯᠦᠯᠲᠡ ᠳᠦ ᠠᠰᠤᠷᠤ ᠶᠡᠭᠡ ᠬᠤᠪᠢ ᠨᠡᠮᠡᠷᠢ ᠪᠠᠨ ᠦᠵᠡᠭᠦᠯᠪᠡ᠂ ᠲᠡᠳᠡᠨᠠᠷ ᠨᠠᠰᠤᠨ ᠤ ᠠᠮᠠᠷᠠᠯᠲᠠ ᠪᠠᠨ ᠠᠪᠴᠤ ᠠᠵᠢᠯ ᠤᠨ ᠪᠠᠶᠢᠷᠢ ᠠᠴᠠ  ᠪᠠᠨ ᠰᠠᠯᠬᠤ ᠦᠶᠡᠰ᠂ ᠠᠵᠢᠯ ᠠᠴᠠ ᠪᠠᠨ ᠠᠮᠠᠷᠠᠬᠤ ᠳᠤᠷᠠᠰᠬᠠᠯ ᠤᠨ ᠬᠦᠳᠡᠯᠭᠡᠭᠡᠨ ᠥᠷᠨᠢᠭᠦᠯᠵᠦ ᠪᠠᠶᠢᠭ᠎ᠠ ᠨᠢ᠂ ᠶᠠᠭ ᠰᠠᠶᠢᠬᠠᠨ ᠮᠠᠨᠤᠰ ᠤᠨ ᠲᠡᠥᠬᠡ  ᠪᠡᠨ ᠬᠦᠨᠳᠦᠳᠭᠡᠨ᠂ ᠠᠬᠠᠮᠠᠳ ᠢᠶᠠᠨ ᠬᠦᠨᠳᠦᠯᠡᠬᠦ ᠦᠩᠭᠡ ᠭᠡᠷᠡᠯᠲᠦ ᠤᠯᠠᠮᠵᠢᠯᠠᠯ ᠪᠠᠶᠢᠵᠤ᠂  ᠲᠡᠳᠡᠨᠠᠷ ᠢ ᠬᠦᠨᠳᠦᠳᠭᠡᠵᠦ ᠪᠠᠶᠢᠭ᠎ᠠ ᠶᠢ ᠦᠨᠡᠨᠬᠦ ᠢᠯᠡᠷᠡᠭᠦᠯᠦᠨ᠂  ᠡᠨᠡ ᠨᠢ ᠨᠢᠭᠡ ᠶᠣᠰᠤᠨ ᠤ ᠬᠠᠶᠢᠷ᠎ᠠ ᠬᠠᠯᠠᠮᠵᠢ ᠮᠦᠷᠲᠡᠭᠡᠨ ᠪᠠᠰᠠ ᠤᠷᠲᠤ ᠬᠤᠭᠤᠴᠠᠭᠠᠨ ᠤ ᠬᠠᠲᠠᠭᠤᠵᠢᠯᠲᠠᠢ ᠬᠦᠳᠡᠯᠮᠦᠷᠢ ᠶᠢᠨ ᠬᠢᠨᠢ ᠰᠠᠶᠢᠰᠢᠶᠠᠨ ᠬᠦᠬᠢᠭᠦᠯᠦᠯ ᠪᠣᠯᠤᠨ᠎ᠠ ᠃ ᠠᠬᠠᠮᠠᠳ ᠺᠠᠲᠠᠷᠴᠤᠳ ᠤᠨ ᠪᠡᠶ᠎ᠠ ᠮᠠᠬᠠᠪᠤᠳ ᠡᠷᠡᠭᠦᠯ ᠲᠡᠡᠭᠭᠡᠯᠡᠭᠦᠨ᠂ ᠰᠠᠨᠠᠭ᠎ᠠ ᠰᠡᠳᠬᠢᠯ ᠠᠭᠤᠵᠢᠭᠤ ᠲᠠᠯᠪᠢᠭᠤ ᠪᠠᠶᠢᠵᠤ᠂ ᠪᠠᠶᠢᠴᠠᠭᠠᠬᠤ ᠦᠢᠯᠡᠰ ᠲᠠᠢ ᠪᠠᠨ ᠬᠠᠮᠲᠤᠪᠡᠷ ᠦᠭᠡᠷᠡᠴᠢᠯᠡᠯᠲᠡ ᠨᠡᠭᠡᠭᠡᠯᠲᠡ ᠶᠢᠨ ᠦᠷ᠎ᠡ ᠪᠦᠲᠦᠮᠵᠢ ᠶᠢ ᠡᠳ᠋ᠯᠡᠵᠡᠭᠡᠶ᠎ᠡ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro