ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶᠠᠨ ᠤ ᠲᠤᠳᠤᠭᠠᠲᠤ ᠪᠠᠶᠢᠭᠤᠯᠤᠮᠵᠢ ᠶᠢᠨ ᠥᠭᠡᠷᠡᠴᠢᠯᠡᠯᠲᠡ ᠵᠢᠩᠬᠢᠨᠢ ᠪᠠᠷ ᠡᠬᠢᠯᠡᠪᠡ

2019-04-28 16:09:02
ᠵᠣᠬᠢᠶᠠᠭᠴᠢ
ᠪᠠᠶᠠᠰᠤᠯ

1556438505439870.jpg1556438792912747.jpg

4 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠳᠤᠲᠤᠭᠠᠲᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠶᠢᠴᠢᠯᠠᠯᠲᠠ ᠶᠢᠨ ᠬᠤᠷᠠᠯ ᠵᠢᠴᠢ ᠳᠤᠲᠤᠭᠠᠳᠤ ᠪᠠᠶᠢᠭᠤᠯᠤᠮᠵᠢ ᠶᠢᠨ ᠫᠠᠶᠢᠰᠠ ᠰᠡᠬᠦᠬᠦ ᠶᠤᠰᠤᠯᠠᠯ  ᠶᠠᠪᠤᠭᠤᠯᠵᠤ᠂ ᠥᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶᠠᠨ ᠤ ᠳᠤᠲᠤᠭᠠᠲᠤ ᠪᠠᠶᠢᠭᠤᠯᠤᠮᠵᠢ ᠶᠢᠨ ᠥᠭᠡᠷᠡᠴᠢᠯᠡᠯᠲᠡ ᠵᠢᠩᠬᠢᠨᠢ ᠪᠠᠷ‌ ᠡᠬᠢᠯᠡᠪᠡ᠃

ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠴᠢ ᠯᠢᠨ ᠳᠠᠶᠢᠴᠢᠯᠠᠯᠲᠠ ᠶᠢᠨ ᠬᠤᠷᠠᠯ ᠳᠤ ᠣᠷᠤᠯᠴᠠᠨ ᠶᠠᠷᠢᠶ᠎ᠠ ᠬᠢᠵᠦ ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠣᠣ ᠸᠧᠨ ᠬᠤᠷᠠᠯ ᠡᠷᠬᠢᠯᠡᠨ᠂ ᠨᠠᠮ ᠤᠨ ᠣᠳᠤᠷᠢᠳᠬᠤ ᠳᠤᠭᠤᠶᠢᠯᠠᠩ ᠤᠨ ᠭᠡᠰᠢᠭᠦᠨ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠯᠢ ᠵᠢᠶᠠᠨ ᠫᠢᠡᠭ《ᠥᠪᠦᠷ ᠮᠣᠩᠭᠤᠯ ᠶᠢᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ᠂ ᠳᠣᠲᠤᠭᠠᠲᠤ ᠪᠠᠶᠢᠭᠤᠯᠤᠮᠵᠢ ᠶᠢᠨ ᠦᠭᠡᠷᠡᠴᠢᠯᠡᠯᠲᠡ ᠪᠠ ᠠᠵᠢᠯᠲᠠᠨ ᠤ ᠣᠷᠤᠨ ᠳᠣᠭᠠᠨ ᠤ ᠲᠣᠭᠲᠠᠭᠠᠯ》 ᠶᠢ ᠵᠠᠷᠯᠠᠨ ᠤᠡᠭᠰᠢᠵᠤ᠂ ᠬᠤᠷᠢᠶᠠᠨ ᠤ ᠪᠠᠶᠢᠭᠤᠯᠭ᠎ᠠ ᠶᠢᠨ ᠪᠠᠶᠢᠭᠤᠯᠤᠮᠵᠢ ᠵᠢᠨ ᠪᠠᠶᠢᠷᠢᠯᠠᠭᠤᠯᠤᠯᠲᠠ ᠶᠢᠨ ᠭᠤᠤᠯ ᠠᠭᠤᠯᠭ᠎ᠠ ᠶᠢ ᠲᠠᠨᠢᠯᠴᠠᠭᠤᠯᠪᠠ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro