ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ︽ ᠭᠠᠷ ᠭᠠᠷ ᠢᠶᠠᠨ ᠬᠣᠯᠪᠤᠯᠴᠠᠨ ᠬᠠᠶᠢᠷᠠᠯᠠᠨ ᠬᠠᠯᠠᠮᠵᠢᠯᠠᠵᠤ᠂ ᠬᠣᠶᠢᠴᠢ ᠦᠶ᠎ᠡ ᠪᠡᠨ ᠬᠠᠮᠲᠤᠪᠠᠷ ᠬᠠᠮᠠᠭᠠᠯᠠᠬᠤ︾ ᠰᠣᠨᠢᠨ ᠮᠡᠳᠡᠭᠡ  ᠨᠡᠶᠢᠲᠡᠯᠡᠬᠦ ᠬᠣᠷᠠᠯ ᠬᠤᠷᠠᠯᠳᠤᠭᠤᠯᠪᠠ

2019-06-06 15:40:42
ᠵᠣᠬᠢᠶᠠᠭᠴᠢ
ᠪᠠᠶᠠᠰᠤᠯ

1.jpg

2019ᠣᠨ ᠤ 5 ᠰᠠᠷ᠎ᠠ ᠶᠢᠨ28 ᠦ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠥᠪᠡᠷᠲᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠦᠨ ᠲᠢᠡᠭᠬᠢᠮ᠂ ᠡᠮᠡᠭᠲᠡᠶᠢᠴᠦᠳ ᠤᠨ ᠬᠣᠯᠪᠤᠭᠠᠲᠤ ᠬᠣᠷᠠᠯ᠂ ᠠᠵᠢᠯᠴᠢᠨ ᠤ  ᠶᠡᠷᠦᠡᠭᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠬᠣᠶᠢᠴᠢ ᠦᠶ᠎ᠡ  ᠪᠠᠨ ᠬᠠᠯᠠᠮᠵᠢᠯᠠᠬᠤ ᠠᠵᠢᠯ ᠤᠨ ᠵᠦᠪᠯᠡᠯ ᠲᠠᠢ ᠬᠠᠮᠲᠤᠷᠠᠨ︽ ᠭᠠᠷ ᠭᠠᠷ ᠢᠶᠠᠨ ᠬᠣᠯᠪᠤᠯᠴᠠᠨ ᠬᠠᠶᠢᠷᠠᠯᠠᠨ ᠬᠠᠯᠠᠮᠵᠢᠯᠠᠵᠤ᠂ ᠬᠣᠶᠢᠴᠢ ᠦᠶ᠎ᠡ ᠪᠡᠨ ᠬᠠᠮᠲᠤᠪᠠᠷ  ᠬᠠᠮᠠᠭᠠᠯᠠᠬᠤ︾ ᠰᠣᠨᠢᠨ ᠮᠡᠳᠡᠭᠡ ᠶᠢᠨ ᠨᠡᠶᠢᠲᠡᠯᠡᠬᠦ ᠬᠣᠷᠠᠯ ᠬᠤᠷᠠᠯᠳᠤᠭᠤᠯᠪᠠ᠃

ᠵᠢᠶᠠᠨ ᠰᠢᠶᠤᠤ ᠸᠧᠨ ᠳᠡᠳ᠋ ᠪᠠᠶᠢᠴᠠᠭᠠᠬᠤ ᠳᠠᠷᠤᠭ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠬᠢᠯᠡᠨ᠂ ᠮᠠ ᠶᠢᠩ ᠴᠦᠨ ᠲᠤᠰᠬᠠᠢ ᠲᠤᠰᠢᠶᠠᠯᠲᠦ ᠭᠡᠰᠢᠭᠦᠨ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠨᠠᠰᠤᠨ ᠳᠤ ᠦᠯᠦ ᠬᠦᠷᠦᠭᠰᠡᠳ ᠢ  ᠬᠠᠮᠠᠭᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠠᠷᠠᠳ ᠤᠨ ᠳᠠᠭᠡᠲᠤ ᠪᠠᠶᠢᠴᠠᠭᠠᠬᠤ ᠬᠣᠷᠢᠶ᠎ᠠ ᠶᠢᠨ︽ ᠨᠢᠭᠡᠳᠦᠭᠡᠷ ᠲᠤᠭᠠᠲᠤ ᠪᠠᠶᠢᠴᠠᠭᠠᠬᠤ ᠰᠠᠨᠠᠭᠤᠯᠭ᠎ᠠ︾  ᠶᠢ ᠲᠤᠤᠱᠯᠠᠭᠤᠯᠤᠭᠰᠠᠨ ᠪᠠᠶᠢᠳᠠᠯ  ᠢᠶᠠᠨ ᠮᠡᠳᠡᠭᠡᠯᠡᠪᠡ᠃

ᠰᠢᠨᠬᠤᠸᠠ ᠬᠣᠷᠢᠶ᠎ᠠ᠂ ᠠᠷᠠᠳ ᠤᠨ ᠡᠳᠦᠷ ᠦᠨ ᠰᠣᠨᠢᠨ᠂ ᠬᠠᠤᠯᠢ ᠳᠦᠷᠢᠮ ᠦᠨ ᠡᠳᠦᠷ ᠦᠨ ᠰᠣᠨᠢᠨ᠂ ᠪᠠᠶᠢᠴᠠᠭᠠᠬᠤ ᠡᠳᠦᠷ ᠦᠨ ᠰᠣᠨᠢᠨ᠂ ᠥᠪᠦᠷ ᠮᠣᠡᠭᠭᠤᠯ ᠤᠨ ᠡᠳᠦᠷ ᠦᠨ ᠰᠣᠨᠢᠨ᠂ ᠥᠪᠦᠷ ᠮᠣᠡᠭᠭᠤᠯ ᠤᠨ ᠲᠧᠯᠸᠢᠰ ᠬᠣᠷᠢᠶ᠎ᠠ ᠵᠡᠷᠭᠡ30 ᠭᠠᠷᠤᠢ ᠲᠥᠪ ᠤᠨ ᠪᠠ ᠥᠪᠡᠷᠲᠡᠭᠡᠨ ᠵᠠᠰᠠᠬᠤ ᠣᠷᠤᠨ ᠤ ᠳᠡᠰ ᠦᠨ ᠵᠠᠭᠤᠴᠢᠯᠠᠭᠤᠷ ᠤᠨ ᠬᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ᠂ ᠡᠮᠡᠭᠲᠡᠶᠢᠴᠦᠳ ᠤᠨ ᠬᠣᠯᠪᠤᠭᠠᠲᠤ ᠬᠣᠷᠠᠯ᠂ ᠠᠵᠢᠯᠴᠢᠨ ᠤ  ᠶᠡᠷᠦᠡᠭᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠬᠣᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠵᠡᠷᠭᠡ ᠨᠢᠭᠡᠴᠢ ᠶᠢᠨ ᠤᠳᠤᠷᠢᠳᠤᠯᠭ᠎ᠠ ᠰᠤᠷᠪᠤᠯᠵᠢᠯᠠᠭᠴᠢ ᠶᠢᠨ ᠰᠣᠨᠢᠷᠬᠠᠯ ᠲᠥᠷᠥᠭᠳᠡᠭᠰᠡᠨ ᠠᠰᠠᠭᠤᠯᠲᠠ ᠤᠳ  ᠲᠤ ᠨᠢᠭᠡᠳ ᠨᠢᠭᠡ ᠪᠡᠷ  ᠬᠠᠷᠢᠭᠤᠯᠲᠠ ᠦᠭᠪᠡ᠃


ᠢᠷᠡᠯᠲᠡ
ᠦᠪᠦᠷ ᠮᠣᠩᠭᠤᠯ ᠤᠨ ᠠᠷᠠᠳ ᠤᠨ ᠪᠠᠶᠢᠴᠠᠭᠠᠬᠤ ᠬᠣᠷᠢᠶᠠᠨ ᠤ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro