ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ︽ᠪᠠᠶᠢᠴᠠᠭᠠᠬᠤ ᠪᠠᠶᠢᠭᠤᠯᠭ᠎ᠠ ᠠᠷᠠᠳ ᠠᠴᠠ ᠡᠵᠡᠡᠭᠡᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢ ᠬᠠᠮᠠᠭᠠᠯᠠᠬᠤ︾ ᠭᠣᠤᠯ ᠰᠡᠳᠦᠪᠲᠦ ᠨᠡᠭᠡᠭᠡᠯᠲᠡ ᠶᠢᠨ ᠡᠳᠦᠷ ᠤᠨ ᠬᠦᠳᠡᠯᠭᠡᠭᠡᠨ ᠦᠷᠨᠢᠭᠦᠯᠪᠡ
︽ᠪᠠᠶᠢᠴᠠᠭᠠᠬᠤ ᠪᠠᠶᠢᠭᠤᠯᠭ᠎ᠠ ᠠᠷᠠᠳ ᠠᠴᠠ ᠡᠵᠡᠡᠭᠡᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢ ᠬᠠᠮᠠᠭᠠᠯᠠᠬᠤ︾ᠰᠠᠭᠤᠳᠠᠯ ᠤᠨ ᠬᠤᠷᠠᠯ ᠤᠨ ᠪᠠᠢᠳᠠᠯ
ᠯᠢ ᠴᠢ ᠯᠢᠨ ᠪᠠᠢᠴᠠᠭᠠᠬᠤ ᠳᠠᠷᠤᠭ᠎ᠠ ᠶᠠᠷᠢᠶ᠎ᠠ ᠬᠢᠵᠦ ᠪᠠᠢᠭ᠎ᠠ ᠨᠢ
8ᠰᠠᠷ᠎ᠠ ᠶᠢᠨ28 ᠦ ᠡᠳᠦᠷ᠂20 ᠨᠡᠷᠡᠰ ᠠᠷᠠᠳ ᠠᠴᠠ ᠡᠵᠡᠡᠭᠨᠡᠭᠰᠡᠨ ᠠᠵᠤ ᠠᠬᠤᠶᠢᠯᠠᠯᠲᠠᠨ᠂ ᠦᠢᠯᠡᠳᠪᠦᠷᠢ ᠬᠤᠳᠠᠯᠳᠤᠭᠠᠨ ᠤ ᠬᠣᠯᠪᠤᠭᠠᠲᠤ ᠨᠡᠶᠢᠭᠡᠮᠯᠢᠭ ᠪᠤᠯᠤᠨ ᠨᠡᠶᠢᠲᠠ ᠶᠢᠨ ᠪᠣᠰᠤ ᠠᠵᠤ ᠠᠬᠤᠢ ᠶᠢᠨ ᠦᠢᠯᠡᠴᠢᠯᠡᠭᠡᠨ ᠦ ᠲᠥᠪ ᠦᠨ ᠲᠥᠯᠦᠭᠡᠯᠡᠭᠴᠢ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶᠠᠨ ᠤ ᠤᠷᠢᠯᠭ᠎ᠠ ᠪᠠᠷ᠂︽ᠪᠠᠶᠢᠴᠠᠭᠠᠬᠤ ᠪᠠᠶᠢᠭᠤᠯᠭ᠎ᠠ ᠠᠷᠠᠳ ᠠᠴᠠ ᠡᠵᠡᠡᠭᠡᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢ ᠬᠠᠮᠠᠭᠠᠯᠠᠬᠤ︾ ᠭᠣᠤᠯ ᠰᠡᠳᠦᠪᠲᠦ ᠨᠡᠭᠡᠭᠡᠯᠲᠡ ᠶᠢᠨ ᠡᠳᠦᠷ ᠦᠨ ᠬᠦᠳᠡᠯᠭᠡᠭᠡᠨ ᠳᠦ ᠣᠷᠤᠯᠴᠠᠪᠠ᠃ ᠯᠢ ᠴᠢ ᠯᠢᠨ ᠪᠠᠶᠢᠴᠠᠭᠠᠬᠤ ᠳᠠᠷᠤᠭ᠎ᠠ ᠰᠠᠭᠤᠳᠠᠯ ᠤᠨ ᠬᠤᠷᠠᠯ ᠳᠤ ᠣᠷᠤᠯᠴᠠᠨ ᠶᠠᠷᠢᠶ᠎ᠠ ᠬᠢᠵᠦ᠂ ᠵᠢᠶᠠᠨ ᠰᠢᠶᠣᠣ ᠸᠧᠨ ᠳᠡᠳ᠋ ᠪᠠᠶᠢᠴᠠᠭᠠᠬᠤ ᠳᠠᠷᠤᠭ᠎ᠠ ᠬᠤᠷᠠᠯ ᠢ ᠡᠷᠬᠢᠯᠡᠵᠦ᠂ ᠵᠧᠩ ᠵᠢᠨ ᠴᠦᠨ ᠳᠡᠳ᠋ ᠪᠠᠶᠢᠴᠠᠭᠠᠬᠤ ᠳᠠᠷᠤᠭ᠎ᠠ ᠪᠦᠬᠦ ᠣᠷᠤᠨ ᠤ ᠪᠠᠶᠢᠴᠠᠭᠠᠬᠤ ᠠᠵᠢᠯ ᠣᠨᠴᠠᠭᠠᠶᠢᠯᠠᠨ ᠠᠷᠠᠳ ᠤᠨ ᠡᠵᠡᠡᠭᠨᠡᠯᠲᠡ ᠶᠢᠨ ᠠᠵᠤ ᠠᠬᠤᠢ ᠶᠢᠨ ᠬᠦᠭᠵᠢᠯᠲᠡ ᠳᠦ ᠦᠢᠯᠡᠴᠢᠯᠡᠨ ᠪᠠᠲᠤᠯᠠᠬᠤ ᠬᠤᠯᠪᠤᠭᠳᠠᠯ ᠪᠦᠬᠦᠢ ᠠᠵᠢᠯ ᠤᠨ ᠪᠠᠶᠢᠳᠠᠯ ᠢ ᠮᠡᠳᠡᠭᠳᠡᠭᠦᠯᠵᠦ᠂ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠡᠭ ᠤᠨ ᠭᠡᠰᠢᠭᠦᠨ᠂ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ ᠰᠠᠭᠤᠳᠠᠯ ᠤᠨ ᠬᠣᠷᠠᠯ ᠳᠤ ᠣᠷᠤᠯᠴᠠᠪᠠ᠃
ᠬᠦᠳᠡᠯᠭᠡᠭᠡᠨ ᠳᠦ᠂20 ᠨᠡᠷᠡᠰ ᠠᠷᠠᠳ ᠠᠴᠠ ᠡᠵᠡᠡᠭᠨᠡᠭᠰᠡᠨ ᠠᠵᠤ ᠠᠬᠤᠶᠢᠯᠠᠯᠲᠠᠨ᠂ ᠦᠢᠯᠡᠳᠪᠦᠷᠢ ᠬᠤᠳᠠᠯᠳᠤᠭᠠᠨ ᠤ ᠬᠣᠯᠪᠤᠭᠠᠲᠤ ᠨᠡᠶᠢᠭᠡᠮᠯᠢᠭ ᠪᠤᠯᠤᠨ ᠨᠡᠶᠢᠲᠠ ᠶᠢᠨ ᠪᠣᠰᠤ ᠠᠵᠤ ᠠᠬᠤᠢ ᠶᠢᠨ ᠦᠢᠯᠡᠴᠢᠯᠡᠭᠡᠨ ᠦ ᠲᠥᠪ ᠦᠨ ᠲᠥᠯᠦᠭᠡᠯᠡᠭᠴᠢ ᠥᠪᠦᠷ ᠮᠣᠡᠭᠭᠤᠯ ᠤᠨ ᠪᠠᠶᠢᠴᠠᠭᠠᠬᠤ ᠬᠠᠮ ᠵᠠᠭᠤᠴᠢᠯᠠᠭᠤᠷ ᠤᠨ ᠲᠥᠪ᠂12309 ᠪᠠᠶᠢᠴᠠᠭᠠᠬᠤ ᠦᠢᠯᠡᠴᠢᠯᠡᠭᠡᠨ ᠦ ᠲᠥᠪ᠂ ᠪᠠᠶᠢᠴᠠᠭᠠᠬᠤ ᠲᠡᠥᠬᠡ ᠴᠢᠨᠳᠠᠷ ᠶᠢᠨ ᠳᠡᠯᠭᠡᠨ ᠦᠵᠡᠭᠦᠯᠭᠡ ᠶᠢᠨ ᠲᠢᠡᠭᠬᠢᠮ᠂ ᠨᠠᠮ ᠤᠨ ᠪᠠᠶᠢᠭᠤᠯᠤᠯᠲᠠ ᠶᠢᠨ ᠬᠦᠳᠡᠯᠭᠡᠭᠡᠨ ᠦ ᠭᠡᠷ ᠵᠢᠴᠢ ᠪᠠᠶᠢᠴᠠᠭᠠᠬᠤ ᠡᠭᠡᠰᠢᠭᠯᠡᠯ ᠨᠣᠮ ᠤᠨ ᠬᠦᠷᠢᠶᠡᠯᠡᠩ ᠶᠢ ᠲᠣᠭᠤᠷᠢᠨ ᠦᠵᠡᠪᠡ᠃