ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠤᠯᠤᠰ ᠤᠨ ᠲᠤᠭ ᠮᠠᠨᠳᠤᠭᠤᠯᠬᠤ ᠦᠪᠡᠳᠡᠭᠰᠢ ᠶᠡᠬᠡ ᠶᠣᠰᠣᠯᠠᠯ ᠶᠠᠪᠤᠭᠳᠠᠭᠤᠯᠤᠭᠰᠠᠨ ᠪᠠᠶᠢᠨ᠎ᠠ
ᠪᠦᠬᠥ ᠪᠠᠶᠢᠴᠠᠭᠠᠬᠤ ᠪᠠᠶᠢᠭᠤᠯᠭ᠎ᠠ ᠶᠢᠨ ᠠᠵᠢᠯᠳᠡᠨ ᠤᠯᠤᠰ ᠤᠨ ᠲᠤᠭ ᠵᠦᠭ ᠶᠤᠰᠤᠯᠠᠨ ᠬᠠᠷᠠᠵᠦ ᠪᠠᠶᠢᠭ᠎ᠠ ᠨᠢ
ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠯᠢ ᠴᠢ ᠯᠢᠨ ᠪᠠᠶᠢᠴᠠᠭᠠᠬᠤ ᠳᠠᠷᠤᠭ᠎ᠠ ᠶᠣᠰᠣᠯᠠᠯ ᠳᠦ ᠤᠷᠤᠯᠴᠠᠪᠠ
ᠲᠠᠪᠤᠨ ᠤᠳᠤᠲᠦ ᠤᠯᠠᠭᠠᠨ ᠲᠤᠬ ᠠᠯᠭᠤᠷᠬᠠᠨ ᠨᠠᠮᠢᠷᠠᠨ ᠮᠠᠨᠳᠤᠵᠤ ᠪᠠᠶᠢᠭ᠎ᠠ ᠨᠢ
9 ᠰᠠᠷ᠎ᠠ ᠶᠢᠨ 29 ᠦ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠲᠤᠬ ᠮᠠᠨᠳᠤᠭᠤᠯᠬᠤ ᠶᠣᠰᠣᠯᠠᠯ ᠶᠠᠪᠤᠭᠤᠯᠵᠦ᠂ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠦᠨ ᠤᠢ ᠶᠢ ᠪᠡᠯᠭᠡᠯᠡᠪᠡ᠃ ᠶᠣᠰᠣᠯᠠᠯ ᠤᠨ ᠳᠤᠮᠳᠠ ᠳᠤᠮᠳᠠᠳᠤ ᠶᠢᠨ ᠦᠨᠳᠦᠰᠦᠲᠡᠨ ᠦ ᠪᠣᠰᠴᠤ ᠵᠤᠭᠰᠤᠭᠰᠠᠨ᠂ ᠪᠠᠶᠠᠵᠢᠭᠰᠠᠨ ᠠᠴᠠ ᠬᠦᠴᠦᠷᠬᠡᠭᠵᠢᠭᠰᠡᠨ ᠠᠭᠤᠤ ᠶᠡᠬᠡ ᠠᠶᠠᠨ ᠵᠠᠮ ᠢᠶᠠᠨ ᠡᠷᠭᠢᠴᠡᠭᠦᠯᠦᠨ ᠪᠠᠷᠠᠯᠠᠵᠦ᠂ ᠪᠠᠶᠢᠴᠠᠭᠠᠬᠤ ᠠᠵᠢᠯᠳᠡᠨ ᠤ ︽ᠤᠯᠤᠰ ᠲᠦᠷᠦ ᠶᠢ ᠡᠷᠬᠢᠮᠯᠡᠬᠦ ᠂ ᠶᠡᠬᠡ ᠲᠠᠯ᠎ᠠ ᠶᠢ ᠬᠠᠷᠠᠭᠠᠯᠵᠠᠬᠤ ᠂ ᠬᠥᠭᠵᠢᠯᠲᠡ ᠶᠢ ᠰᠦᠪᠡᠭᠴᠢᠯᠡᠬᠦ᠂ ᠦᠪᠡᠷᠲᠡᠭᠡᠨ ᠬᠦᠴᠦᠷᠬᠡᠭᠵᠢᠬᠦ ᠶᠢ ᠴᠢᠬᠤᠯᠴᠢᠯᠠᠬᠤ︾ ᠡᠬᠡ ᠣᠷᠣᠨ ᠢᠶᠠᠨ ᠬᠠᠶᠢᠷᠠᠯᠡᠬᠤ᠂ ᠨᠠᠮ ᠢᠶᠠᠨ ᠬᠠᠶᠢᠷᠠᠯᠡᠬᠤ᠂ ᠠᠵᠢᠯ ᠦᠢᠯᠡᠰ ᠢᠶᠡᠨ ᠡᠷᠬᠢᠮᠯᠡᠬᠦ ᠬᠠᠶᠢᠷ᠎ᠠ ᠰᠡᠤᠬᠢᠯᠭᠡ ᠪᠠᠨ ᠢᠯᠡᠤᠭᠡᠪᠡ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠯᠢ ᠴᠢ ᠯᠢᠨ ᠪᠠᠶᠢᠴᠠᠭᠠᠬᠤ ᠳᠠᠷᠤᠭ᠎ᠠ᠂ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ ᠦᠨ ᠳᠡᠰ ᠤᠨ ᠺᠠᠳ᠋ᠷ᠂ ᠬᠣᠷᠢᠶᠠᠨ ᠤ ᠪᠠᠶᠢᠭᠤᠯᠭ᠎ᠠ ᠶᠢᠨ ᠡᠯ᠎ᠡ ᠳᠣᠲᠣᠭᠠᠳᠤ ᠪᠠᠶᠢᠭᠤᠯᠤᠮᠵᠢ ᠵᠢᠴᠢ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠪᠦᠬᠥ ᠪᠠᠶᠢᠴᠠᠭᠠᠬᠤ ᠠᠵᠢᠯᠳᠡᠨ ᠶᠣᠰᠣᠯᠠᠯ ᠳᠤ ᠣᠷᠣᠯᠴᠠᠵᠠᠶ᠃