ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠤᠳᠤᠷᠢᠳᠤᠯᠭ᠎ᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ ᠡᠷᠭᠢᠨ ᠦᠵᠡᠭᠰᠡᠨ ᠨᠢ
ᠯᠢ ᠴᠢ ᠯᠢᠨ ᠪᠠᠶᠢᠴᠠᠭᠠᠬᠤ ᠳᠠᠷᠤᠭ᠎ᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠯᠢᠦ ᠰᠦ ᠮᠧᠢ ᠶᠢ ᠡᠷᠭᠢᠨ ᠦᠵᠡᠵᠦ ᠪᠠᠶᠢᠭ᠎ᠠ ᠨᠢ
ᠯᠢ ᠴᠢ ᠯᠢᠨ ᠪᠠᠶᠢᠴᠠᠭᠠᠬᠤ ᠳᠠᠷᠤᠭ᠎ᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠪᠠᠶᠠᠨᠪᠦᠬᠡ ᠶᠢ ᠡᠷᠭᠢᠨ ᠦᠵᠡᠵᠦ ᠪᠠᠶᠢᠭ᠎ᠠ ᠨᠢ
ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠦᠨ ᠣᠶ ᠶᠢ ᠪᠡᠯᠭᠡᠯᠡᠵᠦ ᠪᠠᠶᠢᠭ᠎ᠠ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠤᠳᠤᠷᠢᠳᠤᠯᠭ᠎ᠠ ᠲᠤᠭᠤᠶᠢᠯᠠᠩ ᠲᠠᠭᠠᠭᠤᠯᠵᠦ ᠪᠠᠶᠢᠴᠠᠭᠠᠬᠤ ᠰᠢᠰᠲ᠋ᠧᠮ ᠦᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ ᠡᠷᠭᠢᠨ ᠦᠵᠡᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠲᠦ ᠨᠠᠮ ᠤᠨ ᠲᠥᠪ ᠬᠣᠷᠢᠶ᠎ᠠ᠂ ᠲᠦᠷᠦ ᠶᠢᠨ ᠶᠠᠪᠤᠳᠠᠯ ᠤᠨ ᠬᠣᠷᠢᠶ᠎ᠠ᠂ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠡᠴᠡ ᠤᠯᠭᠤᠭᠰᠠᠨ ︽ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠦᠨ ᠤᠢ︾ᠵᠢᠨ ᠳᠤᠷᠠᠰᠬᠠᠯ ᠤᠨ ᠲᠡᠮᠲᠡᠭ ᠢ ᠵᠡᠭᠦᠯᠭᠡᠬᠦ ᠶᠢᠨ ᠬᠠᠮᠲᠤ ᠲᠤᠬᠤᠨᠢᠭᠤᠯᠭ᠎ᠠ ᠶᠢᠨ ᠮᠦᠩᠭᠦ ᠭᠠᠷᠳᠠᠭᠤᠯᠤᠭᠰᠠᠨ ᠪᠠᠶᠢᠨ᠎ᠠ ᠃
9 ᠰᠠᠷ᠎ᠠ ᠶᠢᠨ 29 ᠦ ᠡᠳᠦᠷ ᠦᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠯᠢ ᠴᠢ ᠯᠢᠨ ᠪᠠᠶᠢᠴᠠᠭᠠᠬᠤ ᠳᠠᠷᠤᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠳᠠᠷᠤᠭ᠎ᠠ ᠰᠦᠨ ᠳ᠋ᠧ ᠵᠢᠶᠦ᠋ᠨ ᠦ ᠪᠠᠷ᠎ᠠ ᠪᠤᠯᠤᠯᠭ᠎ᠠ ᠪᠠᠷ᠂ ᠶᠠᠭ ᠡᠮᠨᠡᠯᠭᠡ ᠳᠦ ᠰᠠᠭᠤᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠯᠢᠦ ᠰᠦ ᠮᠧᠶ ᠪᠤᠯᠤᠨ ᠪᠠᠶᠠᠨᠪᠦᠬᠡ ᠶᠢ ᠡᠷᠭᠢᠨ ᠦᠵᠡᠪᠡ᠃ 9 ᠰᠠᠷ᠎ᠠ ᠶᠢᠨ 29 ᠦ ᠡᠳᠦᠷ ᠦᠨ ᠦᠳᠡ ᠶᠢᠨ ᠬᠣᠶᠢᠨᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠢᠶᠠᠨ ᠰᠢᠶᠤᠤ ᠸᠧᠨ᠂ ᠤᠤᠯ ᠤᠨ ᠳᠡᠳ᠋ ᠪᠠᠶᠢᠴᠠᠭᠠᠬᠤ ᠳᠠᠷᠤᠭ᠎ᠠ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠵᠤᠷᠢᠭᠲᠤ ᠶᠢ ᠡᠷᠭᠢᠨ ᠦᠵᠡᠪᠡ᠃ ᠲᠤᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠠᠵᠢᠯ ᠠᠴᠠ ᠪᠠᠨ ᠪᠠᠭᠤᠵᠤ ᠠᠮᠠᠷᠠᠭᠰᠠᠨ 7 ᠺᠠᠳ᠋ᠷ᠂ ᠠᠮᠢᠳᠤᠷᠠᠯ ᠨᠢ ᠬᠦᠴᠢᠷᠳᠡᠯ ᠲᠡᠶ ᠠᠵᠢᠯ ᠠᠴᠠ ᠪᠠᠨ ᠪᠠᠭᠤᠵᠤ ᠠᠮᠠᠷᠠᠭᠰᠠᠨ 6 ᠺᠠᠳ᠋ᠷ ᠢ ᠡᠷᠭᠢᠵᠦ ᠦᠵᠡᠭᠰᠡᠨ ᠪᠠᠶᠢᠨ᠎ᠠ᠃