ᠠᠷᠠᠳ ᠤᠨ ᠳᠡᠭᠡᠳᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ
— — 2019ᠤᠨ ᠤ 3 ᠰᠠᠷ᠎ᠠ ᠶᠢᠨ 12 ᠤᠨ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠲᠡᠭᠡᠷ᠎ᠠ
ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠵᠠᠩ ᠵᠢᠶᠦ᠋ᠨ
ᠲᠦᠯᠦᠭᠡᠯᠡᠭᠴᠢᠳ ᠡ᠄
ᠤᠳᠤ ᠪᠢ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢ ᠲᠦᠯᠦᠭᠡᠯᠡᠵᠦ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂ ᠬᠢᠨᠠᠨ ᠶᠠᠷᠢᠯᠴᠠᠬᠤ ᠪᠣᠯᠪᠠᠤ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠰᠠᠨᠠᠯ ᠢᠶᠠᠨ ᠲᠤᠷᠠᠳᠬᠤ ᠪᠣᠯᠪᠠᠤ᠃
2018 ᠤᠨ ᠤ ᠠᠵᠢᠯ ᠤᠨ ᠡᠷᠬᠢᠴᠡᠬᠦᠯᠦᠯ
2018 ᠤᠨ ᠪᠤᠯ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠤᠢ ᠮᠦᠨ᠂ ᠪᠠᠰᠠ ᠴᠤ ᠪᠠᠶᠢᠴᠠᠭᠠᠬᠤ ᠪᠠᠶᠢᠭᠤᠯᠭ᠎ᠠ ᠶᠢ ᠰᠡᠷᠬᠦᠭᠡᠵᠤ ᠲᠠᠬᠢᠨ ᠪᠠᠶᠢᠭᠤᠯᠤᠬᠰᠠᠨ 40 ᠵᠢᠯ ᠤᠨ ᠤᠢ ᠮᠦᠨ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠣᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠦᠴᠤᠳᠠᠢ ᠬᠢᠨᠠᠯᠳᠠ ᠲᠤᠤᠷ᠎ᠠ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠪᠠ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠰᠢᠢᠳᠪᠤᠷᠢ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠳᠡᠭᠡᠯ︾ ᠢᠶᠠᠨ ᠪᠠᠷᠢᠮᠳᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠤᠨ᠂ ᠰᠢᠨ᠎ᠠ ᠴᠠᠭ ᠦᠶ᠎ᠠ ᠳᠤ ᠠᠷᠠᠳ ᠤᠯᠠᠨ ᠤ ᠠᠷᠠᠳᠴᠢᠯᠠᠯ᠂ ᠬᠠᠤᠯᠢ ᠪᠠᠷ ᠵᠠᠰᠠᠬᠤ᠂ ᠲᠦᠪ ᠭᠤᠤᠯᠴᠢ᠂ ᠰᠢᠳᠤᠷᠭᠤ ᠶᠤᠰᠤ᠂ ᠠᠮᠤᠷ ᠲᠦᠪᠰᠢᠨ᠂ ᠤᠷᠴᠢᠨ ᠠᠬᠤᠢ ᠵᠡᠷᠭᠡ ᠶᠢᠨ ᠲᠤᠬᠠᠢ ᠲᠤᠷᠠᠳᠤᠬᠰᠠᠨ ᠨᠡᠩ ᠦᠨᠳᠤᠷ ᠱᠠᠭᠠᠷᠳᠠᠯᠭ᠎ᠠ ᠳᠤ ᠰᠠᠭᠤᠷᠢᠯᠠᠨ᠂ ᠢᠯᠵᠠᠷᠠᠯ ᠢ ᠡᠰᠡᠷᠭᠦᠴᠡᠬᠦ ᠠᠵᠢᠯ ᠤᠨ ᠬᠠᠷᠢᠶ᠎ᠠ ᠶᠢ ᠰᠢᠯᠵᠢᠬᠦᠯᠬᠦ᠂ ᠪᠠᠶᠢᠴᠠᠭᠠᠬᠤ ᠡᠬᠦᠷᠭᠡ ᠴᠢᠳᠠᠪᠤᠷᠢ ᠳᠤ ᠲᠤᠬᠢᠷᠠᠭᠤᠯᠤᠯᠳᠠ ᠬᠢᠬᠦ ᠳᠤ ᠢᠳᠡᠪᠬᠢᠳᠠᠢ ᠵᠤᠬᠢᠴᠠᠭᠤᠯᠵᠤ᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠬᠦᠭᠵᠢᠬᠦᠯᠬᠦ ᠶᠢ ᠪᠤᠳᠤᠯᠬᠢᠯᠠᠬᠤ᠂ ᠦᠪᠡᠷ ᠢ ᠪᠠᠨ ᠬᠦᠴᠦᠷᠭᠡᠭᠵᠢᠬᠦᠯᠬᠦ ᠶᠢ ᠴᠢᠬᠤᠯᠠᠴᠢᠯᠠᠬᠤ ᠶᠢ ᠪᠠᠷᠢᠮᠳᠠᠯᠠᠨ᠂ ᠰᠠᠨᠠᠭᠠᠴᠢᠯᠠᠭ᠎ᠠ ᠠᠴᠠ ᠪᠠᠨ ᠮᠦᠷᠳᠡᠬᠦ ᠠᠯᠢ ᠤᠯᠠᠨ ᠰᠡᠳᠬᠢᠮᠵᠢ ᠠᠷᠭ᠎ᠠ ᠭᠡᠮᠵᠢᠶ᠎ᠠ ᠶᠢ ᠠᠪᠴᠤ᠂ ᠬᠠᠷᠢᠶ᠎ᠠ ᠶᠢ ᠰᠢᠯᠵᠢᠬᠦᠯᠬᠦ ᠶᠠᠪᠤᠳᠠᠯ ᠢ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠶᠢ ᠪᠦᠬᠦ ᠲᠠᠯ᠎ᠠ ᠪᠠᠷ ᠵᠤᠬᠢᠴᠨᠩᠭᠤᠢ ᠪᠦᠭᠡᠳ ᠬᠦᠢᠴᠡᠳ ᠬᠦᠭᠵᠢᠬᠦᠯᠬᠦ ᠲᠤᠬᠢᠶᠠᠯ ᠪᠤᠯᠭᠠᠵᠤ᠂ ᠡᠯ᠎ᠠ ᠵᠦᠢᠯ ᠤᠨ ᠪᠠᠶᠢᠴᠠᠭᠠᠬᠤ ᠠᠵᠢᠯ ᠯᠠᠪᠳᠠᠭᠤᠨ ᠢᠶᠠᠷ ᠠᠬᠢᠪᠠ᠃ ᠨᠢᠭᠡ ᠵᠢᠯ ᠤᠨ ᠲᠤᠷᠰᠢ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠨᠡᠶᠢᠳᠠ 1056616 ᠡᠯ᠎ᠠ ᠲᠦᠷᠦᠯ ᠤᠨ ᠶᠠᠯ᠎ᠠ ᠬᠢᠭᠰᠡᠨ ᠰᠡᠵᠢᠭᠯᠡᠯᠲᠠᠢ ᠬᠦᠮᠤᠨ ᠢ ᠪᠠᠷᠢᠪᠴᠢᠯᠠᠬᠤ ᠶᠢ ᠵᠦᠪᠰᠢᠶᠡᠷᠡᠵᠤ᠂ 1692846 ᠬᠦᠮᠤᠨ ᠳᠤ ᠠᠯᠪᠠᠨ ᠵᠠᠭᠠᠯᠳᠤᠯᠭ᠎ᠠ ᠭᠠᠷᠭᠠᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 2.3% ᠪᠠ 0.8% ᠪᠠᠷ ᠪᠠᠭᠤᠷᠠᠵᠠᠢ︔ ᠡᠷᠡᠬᠦᠦ ᠶᠢᠨ ᠭᠡᠷᠡᠭ᠂ ᠢᠷᠭᠡᠨ ᠤ ᠭᠡᠷᠡᠭ ᠪᠠ ᠵᠠᠰᠠᠭ ᠵᠠᠬᠢᠷᠭᠠᠨ ᠤ ᠵᠠᠷᠭᠤ ᠶᠢᠨ ᠠᠵᠢᠯᠯᠠᠭ᠎ᠠ ᠲᠤᠮᠳᠡᠬᠢ ᠬᠠᠤᠯᠢ ᠠᠴᠠ ᠵᠦᠷᠢᠴᠡᠭᠰᠡᠨ ᠪᠠᠶᠢᠳᠠᠯ ᠳᠤ 447940 ᠬᠤᠪᠢ ᠤᠳᠠᠭ᠎ᠠ ᠬᠢᠨᠠᠯᠳᠠ ᠲᠠᠯᠪᠢᠪᠠ᠂ ᠡ᠊ᠨᠡ ᠨᠢ ᠠᠳᠠᠯᠢ ᠬᠤᠭᠤᠴᠠᠭᠠᠨ ᠤ ᠬᠢ ᠠᠴᠠ 22.4% ᠪᠠᠷ ᠨᠡᠮᠡᠭᠳᠡᠵᠠᠢ︔ ᠨᠠᠶᠢᠳᠠ ᠶᠢᠨ ᠠᠰᠢᠭᠲᠤ ᠵᠠᠷᠭᠤ ᠶᠢᠨ ᠭᠡᠷᠡᠭ ᠢ 113160 ᠬᠤᠪᠢ ᠭᠡᠷᠡᠭ ᠪᠤᠯᠭᠠᠨ ᠲᠠᠩᠰᠠᠯᠠᠵᠤ ᠰᠢᠢᠳᠪᠤᠷᠢᠯᠡᠵᠠᠢ᠃
ᠨᠢᠭᠡ᠂ ᠪᠠᠶᠢᠴᠠᠭᠠᠬᠤ ᠡᠬᠦᠷᠭᠡ ᠴᠢᠳᠠᠪᠤᠷᠢ ᠶᠢ ᠬᠦᠢᠴᠡᠳ ᠪᠠᠳᠠᠷᠠᠭᠤᠯᠵᠤ᠂ ᠶᠡᠭᠡ ᠲᠠᠯ᠎ᠠ ᠳᠤ ᠤᠢᠢᠯᠡᠴᠢᠯᠡᠨ᠂ ᠠᠷᠠᠳ ᠲᠦᠮᠡᠨ ᠤ ᠲᠦᠯᠦᠭᠡ ᠬᠠᠤᠯᠢ ᠪᠠᠷᠢᠪᠠ
ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠬᠤ ᠶᠢ ᠪᠠᠶᠢᠴᠠᠭᠠᠬᠤ ᠠᠵᠢᠯ ᠤᠨ ᠲᠠᠯ᠎ᠠ ᠪᠦᠬᠦᠨ ᠳᠤ ᠢᠯᠡᠷᠡᠬᠦᠯᠤᠨ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠤᠩᠭᠡᠢ ᠪᠠᠶᠢᠷᠢᠯᠠᠭᠤᠯᠤᠯᠳᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠦᠷᠢᠵᠢᠭᠤᠯᠬᠤ ᠳᠤ ᠤᠢᠢᠯᠡᠴᠢᠯᠡᠵᠤ ᠲᠡᠬᠦᠨ ᠢ ᠠᠬᠢᠭᠤᠯᠪᠠ᠃
ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠡᠮᠬᠢ ᠵᠢᠷᠤᠮ ᠢ ᠡᠷᠡᠰ ᠬᠠᠮᠠᠭᠠᠯᠠᠪᠠ᠃ ᠤᠯᠤᠰ ᠤᠨ ᠶᠡᠷᠤᠩᠭᠡᠢ ᠠᠮᠤᠷ ᠲᠦᠪᠰᠢᠨ ᠤ ᠦᠵᠡᠯᠳᠠ ᠶᠢ ᠲᠤᠤᠱᠯᠠᠭᠤᠯᠵᠤ᠂ ᠨᠡᠪᠴᠢᠯᠳᠠ ᠶᠢ ᠡᠰᠡᠷᠬᠦᠴᠡᠬᠦ᠂ ᠲᠠᠩᠨᠠᠭᠤᠯ ᠢ ᠡᠰᠡᠷᠬᠦᠴᠡᠬᠦ᠂ ᠬᠠᠭᠠᠴᠠᠭᠤᠯᠤᠯ ᠢ ᠡᠰᠡᠷᠬᠦᠴᠡᠬᠦ᠂ ᠰᠦᠷᠳᠡᠬᠦᠯᠦᠯ ᠢ ᠡᠰᠡᠷᠬᠦᠴᠡᠬᠦ᠂ ᠭᠠᠵᠢᠭᠤ ᠨᠤᠮᠯᠠᠯ ᠢ ᠡᠰᠡᠷᠬᠦᠴᠡᠬᠦ ᠲᠡᠮᠡᠴᠡᠯ ᠳᠤ ᠢᠳᠡᠪᠬᠢᠳᠠᠢ ᠤᠷᠤᠯᠴᠠᠪᠠ᠃ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠬᠠᠤᠯᠢ ᠪᠠᠷᠢᠬᠤ ᠲᠠᠶᠢᠯᠪᠤᠷᠢᠯᠡᠯᠳᠠ ᠲᠤᠬᠳᠠᠭᠠᠵᠤ᠂ ᠰᠦᠷᠳᠡᠬᠦᠯᠦᠯ ᠤᠨ ᠠᠵᠢᠯᠯᠠᠭ᠎ᠠ ᠪᠠ ᠬᠡᠳᠤᠷᠡᠮᠡᠭᠡᠢ ᠦᠵᠡᠯ ᠤᠨ ᠶᠠᠯᠠᠳᠤ ᠭᠡᠷᠡᠭ ᠤᠨ ᠶᠠᠯ᠎ᠠ ᠲᠤᠬᠳᠠᠭᠠᠬᠤ ᠪᠠᠷᠢᠮᠵᠢᠶ᠎ᠠ ᠶᠢ ᠨᠠᠷᠢᠯᠢᠬᠵᠢᠭᠤᠯᠪᠠ᠃ ᠰᠢᠨᠵᠢᠶᠠᠩ ᠤᠨ ᠰᠦᠷᠳᠡᠬᠦᠯᠦᠯ ᠢ ᠡᠰᠡᠷᠬᠦᠴᠡᠨ ᠲᠤᠬᠳᠠᠭᠤᠨ ᠪᠠᠶᠢᠳᠠᠯ ᠢ ᠬᠠᠮᠠᠭᠠᠯᠠᠬᠤ ᠡᠬᠦᠷᠭᠡ ᠬᠦᠨᠳᠤ ᠪᠠᠶᠢᠬᠤ ᠪᠠᠶᠢᠳᠠᠯ ᠳᠤ ᠬᠠᠨᠳᠤᠭᠤᠯᠤᠨ᠂ ᠪᠢᠳᠠ ᠪᠠᠶᠢᠴᠠᠭᠠᠬᠤ ᠲᠤᠰᠢᠶᠠᠯᠳᠠᠨ ᠢ ᠮᠤᠵᠢ ᠠᠯᠤᠰᠯᠠᠨ ᠰᠢᠨᠵᠢᠶᠠᠩ ᠳᠤ ᠲᠤᠮᠢᠯᠡᠵᠤ ᠬᠠᠤᠯᠢ ᠶᠢ ᠴᠢᠩᠭ᠎ᠠ ᠵᠢᠷᠤᠮᠯᠠᠨ ᠭᠡᠷᠡᠭ ᠰᠢᠢᠳᠪᠤᠷᠢᠯᠡᠬᠦ ᠳᠤᠨᠢ ᠲᠡᠮᠵᠢᠯᠭᠡ ᠦᠵᠡᠬᠦᠯᠪᠠ᠃ ᠵᠤᠷᠢᠭᠤᠳᠠ ᠬᠦᠮᠤᠨ ᠠᠯᠠᠬᠰᠠᠨ᠂ ᠤᠤᠯᠭᠠᠯᠠᠬᠰᠠᠨ ᠵᠡᠷᠭᠡ ᠬᠦᠨᠳᠤ ᠨᠤᠴᠢᠳᠠᠢ ᠬᠦᠴᠦᠷᠭᠡᠭᠯᠡᠯ ᠤᠨ ᠶᠠᠯᠠᠳᠤ ᠠᠵᠢᠯᠯᠠᠭ᠎ᠠ ᠶᠢ ᠦᠷᠬᠦᠯᠵᠢᠯᠡᠨ ᠴᠢᠩᠭ᠎ᠠ ᠰᠢᠳᠭᠡᠵᠦ ᠂ 59717 ᠬᠦᠮᠤᠨ ᠢ ᠵᠠᠭᠠᠯᠳᠤᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 5.9% ᠪᠠᠷ ᠪᠠᠭᠤᠷᠠᠵᠠᠢ᠃ ᠲᠤᠨᠤᠨ ᠲᠡᠭᠡᠷᠡᠮᠳᠡᠭᠰᠡᠨ᠂ ᠪᠤᠯᠢᠶᠠᠬᠰᠠᠨ᠂ ᠬᠤᠯᠠᠭᠠᠢᠢᠯᠠᠬᠰᠠᠨ ᠵᠡᠷᠭᠡ ᠤᠯᠠᠨᠳᠠ ᠡᠬᠦᠰᠬᠦ ᠴᠢᠨᠠᠷᠳᠠᠢ ᠡᠳ᠋ ᠬᠦᠷᠦᠩᠭᠡ ᠳᠤ ᠬᠠᠯᠳᠠᠬᠰᠠᠨ ᠶᠠᠯ᠎ᠠ ᠬᠢᠭᠰᠡᠨ 361478ᠬᠦᠮᠤᠨ ᠢ ᠵᠠᠭᠠᠯᠳᠤᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 6.9% ᠪᠠᠷ ᠪᠠᠭᠤᠷᠠᠵᠠᠢ᠃ ︽ᠵᠠᠯᠢᠳᠤ ᠵᠢᠭᠡᠯᠡᠯᠭᠡ︾︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ ᠳᠤ ᠬᠤᠯᠪᠤᠬᠳᠠᠬᠤ ᠮᠡᠭᠡᠯᠡᠭᠰᠡᠨ᠂ ᠬᠢᠬᠠᠨ ᠠᠪᠤᠬᠰᠠᠨ ᠵᠡᠷᠭᠡ ᠶᠠᠯᠠᠳᠤ ᠠᠵᠢᠯᠯᠠᠭ᠎ᠠ ᠶᠢ ᠡᠷᠡᠰ ᠵᠠᠯᠬᠠᠭᠠᠨ ᠰᠢᠳᠭᠡᠵᠦ 2973ᠬᠦᠮᠤᠨ ᠢ ᠵᠠᠭᠠᠯᠳᠤᠪᠠ᠃ ᠰᠦᠯᠵᠢᠶᠠᠨ ᠤ ᠡᠮᠬᠢ ᠵᠢᠷᠤᠮ ᠢ ᠬᠠᠤᠯᠢ ᠶᠤᠰᠤᠭᠠᠷ ᠬᠠᠮᠠᠭᠠᠯᠠᠵᠤ᠂ ᠴᠠᠬᠢᠯᠭᠠᠨ ᠬᠤᠯᠪᠤᠭ᠎ᠠ ᠪᠠ ᠰᠦᠯᠵᠢᠶᠠᠨ ᠤ ᠮᠡᠭᠡᠯᠡᠯ ᠤᠨ ᠶᠠᠯᠠᠳᠤ ᠠᠵᠢᠯᠯᠠᠭ᠎ᠠ ᠬᠢᠭᠰᠡᠨ 43929 ᠬᠦᠮᠤᠨ ᠢ ᠵᠠᠭᠠᠯᠳᠤᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 29.3% ᠪᠠᠷ ᠨᠡᠮᠡᠭᠳᠡᠵᠠᠢ᠂ ᠲᠤᠳᠤᠭᠠᠳᠤ ᠶᠢ ᠬᠠᠮᠠᠭᠠᠯᠠᠬᠤ ᠶᠠᠮᠤᠨ ᠲᠠᠢ ᠬᠠᠮᠳᠤᠷᠠᠨ ᠬᠢᠯᠢ ᠶᠢᠨ ᠭᠠᠳᠠᠨᠠᠬᠢ ᠬᠠᠤᠯᠢ ᠭᠡᠷᠡᠭᠵᠢᠬᠦᠯᠬᠦ ᠬᠠᠤᠯᠢ ᠪᠠᠷᠢᠬᠤ ᠬᠠᠮᠳᠤᠷᠠᠯᠴᠠᠭ᠎ᠠ ᠶᠢ ᠴᠢᠩᠭᠠᠳᠬᠠᠵᠤ᠂ ᠬᠦᠸᠧ ᠱᠢ ᠮᠢᠨ᠂ ᠰᠢ ᠬᠤᠸᠠᠨ ᠵᠡᠷᠭᠡ ᠤᠯᠤᠰ ᠠᠯᠤᠰᠯᠠᠬᠰᠠᠨ ᠴᠠᠬᠢᠯᠭᠠᠨ ᠬᠤᠯᠪᠤᠭ᠎ᠠ ᠪᠠ ᠰᠦᠯᠵᠢᠶᠠᠨ ᠤ ᠮᠡᠭᠡᠯᠡᠯ ᠤᠨ ᠶᠠᠯ᠎ᠠ ᠬᠢᠭᠰᠡᠨ ᠰᠡᠵᠢᠭᠯᠡᠯᠲᠠᠢ ᠬᠦᠮᠤᠰ ᠢ ᠬᠠᠤᠯᠢ ᠪᠠᠷ ᠰᠢᠳᠭᠡᠪᠡ︔ ᠰᠦᠯᠵᠢᠶ᠎ᠠ ᠶᠢ ᠠᠰᠢᠬᠯᠠᠨ ᠵᠤᠭᠤᠰ ᠨᠠᠭᠠᠳᠤᠬᠰᠠᠨ᠂ ᠱᠠᠯᠢᠭ ᠵᠠᠪᠬᠠᠢ ᠵᠦᠢᠯ ᠢ ᠲᠠᠷᠬᠠᠭᠠᠬᠰᠠᠨ᠂ ᠬᠤᠪᠢ ᠬᠦᠮᠤᠨ ᠤ ᠮᠡᠳᠡᠭᠡ ᠵᠠᠩᠬᠢ ᠶᠢ ᠵᠠᠳᠠᠷᠠᠭᠤᠯᠤᠬᠰᠠᠨ ᠵᠡᠷᠭᠡ ᠶᠠᠯ᠎ᠠ ᠬᠢᠭᠰᠡᠨ 15003ᠬᠦᠮᠤᠨ ᠢ ᠵᠠᠭᠠᠯᠳᠤᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 41.3% ᠪᠠᠷ ᠨᠡᠮᠡᠭᠳᠡᠵᠠᠢ᠃ ᠨᠡᠶᠢᠭᠡᠮ ᠨᠡᠶᠢᠳᠠ ᠪᠠᠷ ᠢᠶᠠᠨ ᠲᠡᠭᠡᠳᠤ ᠭᠡᠮᠵᠢᠶ᠎ᠠ ᠪᠠᠷ ᠠᠩᠬᠠᠷᠴᠤ ᠪᠠᠶᠢᠭ᠎ᠠ ᠮᠠᠰᠢᠨ ᠵᠢᠯᠤᠭᠤᠳᠴᠤ ᠬᠦᠮᠤᠨ ᠢ ᠲᠠᠭᠠᠷᠢᠬᠰᠠᠨ᠂ ᠬᠠᠮᠢᠶ᠎ᠠ ᠦᠭᠡᠢ ᠬᠦᠮᠤᠨ ᠢ ᠴᠠᠪᠴᠢᠵᠤ ᠠᠯᠠᠬᠰᠠᠨ ᠵᠡᠷᠭᠡ ᠬᠦᠨᠳᠤ ᠶᠡᠭᠡ ᠬᠦᠨᠦᠭᠡᠯᠳᠤ ᠭᠡᠷᠡᠭ ᠲᠤ ᠤᠷᠤᠨ ᠨᠤᠳᠤᠭ ᠤᠨ ᠪᠠᠶᠢᠴᠠᠭᠠᠬᠤ ᠪᠠᠶᠢᠭᠤᠯᠭ᠎ᠠ ᠶᠢ ᠵᠢᠯᠤᠭᠤᠳᠤᠨ ᠦᠳᠳᠡᠷ ᠲᠦᠷᠭᠡᠨ ᠤᠷᠤᠯᠴᠠᠭᠤᠯᠵᠤ᠂ ᠬᠠᠤᠯᠢ ᠶᠤᠰᠤᠭᠠᠷ ᠪᠠᠷᠢᠪᠴᠢᠯᠠᠬᠤ ᠶᠢ ᠵᠦᠪᠰᠢᠶᠡᠷᠡᠬᠦᠯᠬᠦ ᠪᠠ ᠵᠠᠭᠠᠯᠳᠤᠯᠭ᠎ᠠ ᠭᠠᠷᠭᠠᠭᠤᠯᠪᠠ᠃ ᠨᠡᠶᠢᠳᠠ ᠶᠢᠨ ᠮᠠᠰᠢᠨ ᠲᠡᠷᠭᠡ ᠮᠦᠷᠡᠨ ᠳᠤ ᠤᠨᠠᠬᠰᠠᠨ ᠬᠠᠷᠠᠰᠠᠯᠳᠤ ᠭᠡᠷᠡᠭ ᠡᠬᠦᠰᠦᠭᠰᠡᠨ ᠤ ᠲᠠᠷᠠᠭ᠎ᠠ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠵᠢᠯᠤᠭᠤᠳᠬᠤ ᠰᠠᠨᠠᠯ ᠲᠤᠬᠳᠠᠭᠠᠵᠤ᠂ ᠨᠠᠶᠢᠳᠠ ᠶᠢᠨ ᠮᠠᠰᠢᠨ ᠲᠡᠷᠬᠡ ᠶᠢ ᠠᠶᠤᠯᠬᠦᠢ ᠪᠠᠷ ᠵᠢᠯᠤᠭᠤᠳᠬᠤ ᠶᠢ ᠬᠦᠨᠳᠤ ᠨᠤᠴᠢᠳᠠᠢ ᠬᠠᠷᠰᠢᠯᠠᠬᠰᠠᠨ ᠤᠢᠢᠯᠠ ᠠᠵᠢᠯᠯᠠᠭ᠎ᠠ ᠶᠢ ᠠᠶᠤᠯᠳᠠᠢ ᠠᠷᠭ᠎ᠠ ᠪᠠᠷ ᠤᠯᠠᠨ ᠨᠠᠶᠢᠳᠠ ᠶᠢᠨ ᠠᠮᠤᠷ ᠲᠦᠪᠰᠢᠨ ᠳᠤ ᠬᠤᠤᠷ ᠬᠦᠨᠤᠭᠡᠯ ᠤᠴᠠᠷᠠᠭᠤᠯᠤᠬᠰᠠᠨ ᠶᠠᠯ᠎ᠠ ᠪᠠᠷ ᠳᠤᠭᠠᠴᠠᠵᠤ ᠴᠢᠩᠭ᠎ᠠ ᠵᠠᠯᠬᠠᠭᠠᠨ ᠰᠢᠳᠭᠡᠪᠡ᠂ ᠬᠠᠤᠯᠢ ᠪᠠᠷ ᠵᠠᠰᠠᠬᠤ ᠨᠡᠶᠢᠭᠡᠮ ᠳᠤ ᠭᠡᠨ ᠴᠤ ᠭᠡᠳ ᠲᠤᠷ᠎ᠠ ᠵᠤᠷᠢᠭ ᠢᠶᠠᠷ ᠢᠶᠠᠨ ᠠᠭᠠᠰᠢᠯᠠᠵᠤ ᠪᠤᠯᠬᠤ ᠦᠭᠡᠢ ᠶᠤᠮ᠃
ᠬᠠᠷ᠎ᠠ ᠬᠠᠷᠬᠢᠰ ᠬᠦᠴᠤᠨ ᠢ ᠤᠰᠠᠳᠬᠠᠬᠤ ᠲᠤᠰᠬᠠᠢ ᠲᠡᠮᠡᠴᠡᠯ ᠳᠤ ᠲᠡᠭᠡᠳᠤ ᠭᠡᠮᠵᠢᠶᠠᠨ ᠤ ᠬᠠᠷᠢᠭᠤᠴᠠᠯᠭᠠᠳᠤ ᠰᠡᠳᠬᠢᠯᠭᠡ ᠪᠠᠷ ᠤᠷᠤᠯᠴᠠᠪᠠ᠃ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠵᠠᠷᠯᠠᠯ ᠨᠠᠶᠢᠳᠠᠯᠡᠵᠤ᠂ ᠵᠢᠯᠤᠭᠤᠳᠬᠤ ᠰᠠᠨᠠᠯ ᠲᠤᠬᠳᠠᠭᠠᠨ᠂ ᠴᠤᠬᠢᠯᠳᠠ ᠦᠭᠬᠦ ᠭᠤᠤᠯᠳᠠᠯᠭ᠎ᠠ ᠪᠤᠯᠬᠤ 11 ᠲᠦᠷᠦᠯ ᠤᠨ ᠦᠢᠯᠡ ᠠᠵᠢᠯᠯᠠᠭ᠎ᠠ ᠶᠢ ᠲᠤᠳᠤᠷᠬᠠᠢ ᠲᠤᠬᠳᠠᠭᠠᠵᠤ᠂ ᠬᠠᠷ᠎ᠠ ᠨᠡᠶᠢᠬᠡᠮ ᠤᠨ ᠴᠢᠨᠠᠷᠳᠠᠢ ᠵᠤᠬᠢᠶᠠᠨ ᠪᠠᠶᠢᠭᠤᠯᠤᠯᠳᠠ ᠳᠤ ᠬᠤᠯᠪᠤᠬᠳᠠᠬᠰᠠᠨ 69 ᠬᠤᠪᠢ ᠬᠦᠨᠳᠤ ᠶᠡᠭᠡ ᠭᠡᠷᠡᠭ ᠢ ᠫᠠᠶᠢᠰᠠ ᠡᠯᠬᠦᠵᠤ ᠰᠢᠪᠠᠳᠠᠨ ᠰᠢᠢᠳᠪᠤᠷᠢᠯᠡᠬᠦᠯᠪᠡ᠃ ᠬᠠᠷ᠎ᠠ ᠨᠡᠶᠢᠬᠡᠮ ᠤᠨ ᠴᠢᠨᠠᠷᠳᠠᠢ ᠵᠤᠬᠢᠶᠠᠨ ᠪᠠᠶᠢᠭᠤᠯᠤᠯᠳᠠ ᠳᠤ ᠬᠤᠯᠪᠤᠬᠳᠠᠬᠰᠠᠨ 11183 ᠶᠠᠯ᠎ᠠ ᠬᠢᠭᠰᠡᠨ ᠰᠡᠵᠢᠭᠯᠡᠯᠲᠠᠢ ᠬᠦᠮᠤᠨ ᠢ ᠪᠠᠷᠢᠪᠴᠢᠯᠠᠬᠤ ᠶᠢ ᠵᠦᠪᠰᠢᠶᠡᠷᠡᠵᠤ᠂ 10361 ᠬᠦᠮᠤᠨ ᠢ ᠨᠢᠭᠡᠨᠳᠠ ᠵᠠᠭᠠᠯᠳᠤᠪᠠ︔ ᠬᠠᠷᠬᠢᠰ ᠬᠦᠴᠤᠨ ᠳᠤ ᠬᠤᠯᠪᠤᠬᠳᠠᠬᠰᠠᠨ 62202 ᠶᠠᠯ᠎ᠠ ᠬᠢᠭᠰᠡᠨ ᠰᠡᠵᠢᠭᠯᠡᠯᠲᠠᠢ ᠬᠦᠮᠤᠨ ᠢ ᠪᠠᠷᠢᠪᠴᠢᠯᠠᠬᠤ ᠶᠢ ᠵᠦᠪᠰᠢᠶᠡᠷᠡᠵᠤ᠂ 50827 ᠬᠦᠮᠤᠨ ᠢ ᠨᠢᠭᠡᠨᠳᠠ ᠵᠠᠭᠠᠯᠳᠤᠪᠠ᠃ ᠯᠦᠸᠧ ᠨᠢᠩ ᠤᠨ ︽ᠠᠷᠪᠠᠨ ᠨᠠᠢᠮᠠᠨ ᠠᠬ᠎ᠠ ᠲᠡᠬᠦᠦ ᠶᠢᠨ ᠪᠦᠯᠦᠭ︾᠂ ᠸᠧᠨ ᠰᠢ ᠶᠢᠨ ︽ᠾᠸᠤ ᠤᠪᠤᠬᠳᠤ ᠠᠬ᠎ᠠ ᠲᠡᠬᠦᠦ︾᠂ ᠪᠠᠶᠢᠴᠧᠩ ᠤᠨ ᠱᠢ ᠮᠢᠶᠤᠤ ᠵᠡᠷᠭᠡ ᠮᠠᠭᠤ ᠭᠡᠷᠡᠭ ᠤᠢᠢᠯᠡᠳᠤᠨ ᠶᠤᠰᠤ ᠪᠤᠰᠤ ᠪᠠᠷ ᠠᠭᠠᠰᠢᠯᠠᠬᠰᠠᠨ᠂ ᠠᠷᠠᠳ ᠢ ᠬᠦᠨᠤᠭᠡᠨ ᠬᠤᠤᠷᠯᠠᠬᠰᠠᠨ ᠬᠠᠷ᠎ᠠ ᠨᠡᠶᠢᠬᠡᠮ ᠤᠨ ᠴᠢᠨᠠᠷᠳᠠᠢ ᠵᠤᠬᠢᠶᠠᠨ ᠪᠠᠶᠢᠭᠤᠯᠤᠯᠳᠠ ᠳᠤ ᠬᠤᠯᠪᠤᠬᠳᠠᠬᠰᠠᠨ ᠡᠪᠰᠡᠯ ᠪᠦᠯᠦᠭ ᠢ ᠴᠢᠩᠭ᠎ᠠ ᠰᠢᠳᠭᠡᠪᠡ᠃ ᠪᠤᠳᠠᠳᠤ ᠶᠠᠪᠤᠳᠠᠯ ᠢᠶᠠᠷ ᠦᠨᠳᠤᠰᠤᠯᠡᠯ ᠪᠤᠯᠭᠠᠨ᠂ ᠬᠠᠤᠯᠢ ᠴᠠᠭᠠᠵᠠ ᠪᠠᠷ ᠪᠠᠷᠢᠮᠵᠢᠶ᠎ᠠ ᠪᠤᠯᠭᠠᠵᠤ᠂ ᠬᠠᠷ᠎ᠠ ᠬᠠᠷᠬᠢᠰ ᠬᠦᠴᠤᠨ ᠤ ᠶᠠᠯᠠᠳᠤ ᠠᠵᠢᠯᠯᠠᠭ᠎ᠠ ᠮᠦᠨ ᠪᠤᠯ ᠨᠢᠭᠡ ᠶᠢ ᠨᠢ ᠴᠤ ᠠᠯᠳᠠᠵᠤ ᠭᠠᠷᠭᠠᠬᠤ ᠦᠭᠡᠢ᠂ ᠬᠠᠷ᠎ᠠ ᠬᠠᠷᠬᠢᠰ ᠬᠦᠴᠤᠨ ᠤ ᠶᠠᠯᠠᠳᠤ ᠠᠵᠢᠯᠯᠠᠭ᠎ᠠ ᠪᠢᠰᠢ ᠪᠤᠯ ᠨᠢᠭᠡ ᠶᠢ ᠴᠤ ᠭᠡᠰᠡᠨ ᠠᠯᠪᠠ ᠪᠠᠷ ᠲᠤᠭ᠎ᠠ ᠬᠦᠢᠴᠡᠭᠡᠬᠦ ᠦᠭᠡᠢ ᠪᠠᠶᠢᠬᠤ ᠶᠢ ᠪᠠᠷᠢᠮᠳᠠᠯᠠᠪᠠ᠃ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠬᠠᠷ᠎ᠠ ᠬᠠᠷᠬᠢᠰ ᠬᠦᠴᠤᠨ ᠳᠤ ᠬᠤᠯᠪᠤᠬᠳᠠᠬᠤ ᠶᠠᠯᠠᠳᠤ ᠭᠡᠷᠡᠭ ᠢᠶᠠᠷ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠬᠦᠯᠦᠨ ᠬᠦᠷᠬᠡᠭᠰᠡᠨ ᠭᠡᠷᠡᠭ ᠤᠨ 9154 ᠬᠤᠪᠢ ᠶᠢ ᠨᠢ ᠪᠠᠶᠢᠴᠠᠭᠠᠬᠤ ᠪᠠᠶᠢᠭᠤᠯᠭ᠎ᠠ ᠮᠠᠭᠠᠳᠯᠠᠨ ᠲᠤᠬᠳᠠᠭᠠᠵᠤ ᠦᠭᠬᠦᠭᠰᠡᠨ ᠦᠭᠡᠢ︔ ᠬᠠᠷ᠎ᠠ ᠬᠠᠷᠬᠢᠰ ᠬᠦᠴᠤᠨ ᠳᠤ ᠬᠤᠯᠪᠤᠬᠳᠠᠬᠤ ᠶᠠᠯᠠᠳᠤ ᠭᠡᠷᠡᠭ ᠢᠶᠠᠷ ᠰᠢᠯᠵᠢᠬᠦᠯᠦᠨ ᠬᠦᠷᠬᠡᠭᠰᠡᠨ ᠪᠢᠰᠢ ᠭᠡᠷᠡᠭ ᠤᠨ 2117 ᠬᠤᠪᠢ ᠶᠢ ᠨᠢ ᠬᠠᠤᠯᠢ ᠶᠤᠰᠤᠭᠠᠷ ᠮᠠᠭᠠᠳᠯᠠᠨ ᠲᠤᠬᠳᠠᠭᠠᠪᠠ᠃ ᠵᠧᠵᠢᠶᠠᠩ᠂ ᠵᠢᠶᠠᠩᠰᠢ᠂ ᠾᠧᠨᠠᠨ ᠵᠡᠷᠭᠡ ᠭᠠᠵᠠᠷ ᠤᠨ ᠬᠢᠬᠦ ᠠᠷᠭ᠎ᠠ ᠶᠢ ᠲᠡᠯᠭᠡᠷᠡᠬᠦᠯᠵᠤ᠂ ᠮᠤᠵᠢ ᠶᠢᠨ ᠱᠠᠳᠤᠨ ᠤ ᠪᠠᠶᠢᠴᠠᠭᠠᠬᠤ ᠬᠤᠷᠢᠶ᠎ᠠ ᠬᠠᠷ᠎ᠠ ᠨᠡᠶᠢᠬᠡᠮ ᠤᠨ ᠴᠢᠨᠠᠷᠳᠠᠢ ᠵᠤᠬᠢᠶᠠᠨ ᠪᠠᠶᠢᠭᠤᠯᠤᠯᠳᠠ ᠳᠤ ᠬᠤᠯᠪᠤᠬᠳᠠᠬᠰᠠᠨ ᠪᠠ ᠬᠠᠷᠬᠢᠰ ᠬᠦᠴᠤᠨ ᠳᠤ ᠬᠤᠯᠪᠤᠬᠳᠠᠬᠰᠠᠨ ᠬᠦᠨᠳᠤ ᠶᠡᠭᠡ ᠭᠡᠷᠡᠭ ᠤᠨ ᠪᠠᠷᠢᠮᠵᠢᠶ᠎ᠠ ᠶᠢ ᠨᠢᠭᠡᠳᠤᠯᠳᠠᠢ ᠴᠢᠩᠭ᠎ᠠ ᠡᠵᠡᠮᠰᠢᠵᠤ᠂ ᠭᠡᠷᠡᠭ ᠰᠢᠢᠳᠪᠤᠷᠢᠯᠡᠬᠦ ᠴᠢᠨᠠᠷ ᠴᠢᠨᠰᠠᠭ᠎ᠠ ᠶᠢ ᠦᠨᠡᠨ ᠬᠦ ᠪᠠᠳᠤᠯᠠᠪᠠ᠃ ︽ᠬᠠᠷᠢᠴᠠᠭᠠᠨ ᠤ ᠲᠤᠤᠷ ᠢ ᠨᠢ ᠡᠪᠳᠡᠵᠤ ᠬᠠᠯᠬᠠᠪᠴᠢ ᠶᠢ ᠨᠢ ᠠᠷᠢᠯᠭᠠᠬᠤ︾ᠴᠢᠩᠭ᠎ᠠ ᠴᠤᠬᠢᠯᠳᠠ ᠦᠭᠴᠤ᠂ ᠬᠠᠷ᠎ᠠ ᠬᠠᠷᠬᠢᠰ ᠬᠦᠴᠤᠨ ᠤ ᠶᠠᠯᠠᠳᠤ ᠠᠵᠢᠯᠯᠠᠭ᠎ᠠ ᠶᠢᠨ ︽ᠬᠠᠯᠬᠠᠪᠴᠢ︾ ᠪᠤᠯᠵᠤ ᠪᠠᠶᠢᠬᠰᠠᠨ 350 ᠬᠦᠮᠤᠨ ᠢ ᠵᠠᠭᠠᠯᠳᠤᠪᠠ᠃
ᠭᠤᠷᠪᠠᠨ ᠶᠡᠭᠡ ᠪᠡᠷᠭᠡ ᠰᠡᠳᠤᠪ ᠢ ᠰᠢᠢᠳᠪᠤᠷᠢᠯᠡᠬᠦ ᠠᠵᠢᠯ ᠢ ᠰᠠᠶᠢᠳᠤᠷ ᠬᠢᠬᠦ ᠳᠤ ᠰᠠᠨᠠᠭᠠᠴᠢᠯᠠᠭ᠎ᠠ ᠠᠴᠠ ᠪᠠᠨ ᠤᠢᠢᠯᠡᠴᠢᠯᠡᠪᠠ᠃ ᠪᠠᠩᠬᠢ ᠪᠠ ᠲᠠᠭᠠᠳᠬᠠᠯ ᠤᠨ ᠬᠢᠨᠠᠯᠳᠠ ᠬᠠᠮᠢᠶᠡᠷᠤᠯᠳᠠ ᠶᠢᠨ ᠵᠦᠪᠯᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠪᠠ ᠠᠮᠢ ᠠᠬᠤᠢ ᠶᠢᠨ ᠤᠷᠴᠢᠨ ᠨᠦᠬᠦᠴᠡᠯ ᠤᠨ ᠶᠠᠮᠤᠨ ᠲᠠᠢ ᠵᠦᠪᠳᠡᠯᠴᠡᠵᠤ᠂ ︽8 ᠵᠤᠷᠪᠤᠰ ᠰᠠᠨᠠᠯ︾ ᠢ ᠰᠤᠳᠤᠯᠤᠨ ᠲᠤᠬᠳᠠᠭᠠᠪᠠ᠃ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠲᠦᠭᠰᠢᠬᠦᠷᠢ ᠶᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠳᠤ ᠢᠳᠡᠪᠬᠢᠳᠠᠢ ᠤᠷᠤᠯᠴᠠᠨ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠬᠠᠤᠯᠢ ᠪᠠᠷᠢᠬᠤ ᠲᠠᠶᠢᠯᠪᠤᠷᠢᠯᠠᠯᠳᠠ ᠲᠤᠬᠳᠠᠭᠠᠵᠤ᠂ ᠮᠦᠡᠭᠬᠦᠨ ᠬᠦᠢᠯᠭᠡᠭᠡᠨ ᠤ ᠡᠮᠬᠢ ᠵᠢᠷᠤᠮ ᠢ ᠡᠪᠳᠡᠭᠰᠡᠨ ᠶᠠᠯᠠᠳᠤ ᠠᠵᠢᠯᠯᠠᠭ᠎ᠠ ᠶᠢ ᠴᠢᠩᠭ᠎ᠠ ᠰᠢᠳᠭᠡᠪᠡ᠃ ᠤᠯᠠᠨ ᠨᠠᠶᠢᠳᠠ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠲᠠᠳᠠᠬᠰᠠᠨ᠂ ᠪᠡᠯᠡ ᠮᠦᠡᠭᠬᠦ ᠴᠤᠬᠯᠠᠭᠤᠯᠵᠤ ᠮᠡᠭᠡᠯᠡᠭᠰᠡᠨ᠂ ᠲᠠᠮᠵᠢᠭᠤᠯᠤᠨ ᠪᠤᠷᠤᠯᠠᠭᠤᠯᠤᠬᠰᠠᠨ ᠵᠡᠷᠭᠡ ᠤᠯᠠᠨ ᠬᠦᠮᠤᠨ ᠳᠤ ᠬᠤᠯᠪᠤᠬᠳᠠᠬᠤ ᠬᠡᠯᠪᠡᠷᠢ ᠶᠢᠨ ᠠᠵᠤ ᠠᠬᠤᠢ ᠶᠢᠨ ᠶᠠᠯ᠎ᠠ ᠬᠢᠭᠰᠡᠨ 26974 ᠬᠦᠮᠤᠨ ᠢ ᠵᠠᠭᠠᠯᠳᠤᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 10.9% ᠪᠠᠷ ᠨᠡᠮᠡᠭᠳᠡᠵᠠᠢ᠂ ᠡᠬᠦᠨ ᠤ ᠬᠠᠮᠳᠤ ᠪᠤᠵᠠᠷ ᠡᠳ᠋ ᠢ ᠨᠡᠭᠡᠮᠵᠢᠯᠡᠨ ᠬᠤᠬᠢᠷᠠᠯ ᠢ ᠨᠦᠬᠦᠪᠦᠷᠢᠯᠡᠬᠦ ᠶᠢ ᠬᠦᠴᠦᠯᠡᠨ ᠠᠬᠢᠭᠤᠯᠪᠠ᠃ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠭᠡ ᠶᠢ ᠬᠠᠤᠯᠢ ᠪᠠᠷᠢᠯᠳᠠ ᠪᠠᠷ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ 32 ᠬᠤᠪᠢ ᠬᠦᠨᠳᠤ ᠶᠡᠭᠡ ᠨᠡᠶᠢᠳᠡᠯᠢᠭ ᠭᠡᠷᠡᠭ ᠢ ᠫᠠᠶᠢᠰᠠ ᠡᠯᠬᠦᠨ ᠰᠢᠪᠠᠳᠠᠨ ᠰᠢᠢᠳᠪᠤᠷᠢᠯᠡᠬᠦᠯᠵᠦ᠂ ᠲᠤᠰᠬᠠᠢ ᠠᠰᠢᠭ᠂ ᠲᠠᠸᠡᠷ ᠤᠨ ᠲᠡᠮᠳᠡᠭᠳᠤ᠂ ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠵᠡᠷᠭᠡ ᠶᠠᠯ᠎ᠠ ᠬᠢᠭᠰᠡᠨ 8325 ᠬᠦᠮᠤᠨ ᠢ ᠵᠠᠭᠠᠯᠳᠤᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 16.3% ᠪᠠᠷ ᠨᠡᠮᠡᠭᠳᠡᠵᠠᠢ᠃ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠯ ᠢ ᠴᠢᠩᠭ᠎ᠠ ᠰᠢᠳᠭᠡᠵᠦ ᠂ ᠶᠠᠳᠠᠭᠤ ᠶᠢ ᠲᠡᠳᠬᠦᠬᠦ ᠪᠡᠯᠡ ᠮᠦᠡᠭᠬᠦ ᠶᠢ ᠱᠠᠮᠰᠢᠨ ᠵᠠᠯᠬᠢᠬᠰᠠᠨ᠂ ᠲᠠᠯᠳᠠᠭᠤᠷ ᠬᠤᠪᠢᠶᠠᠯᠴᠠᠬᠰᠠᠨ ᠵᠡᠷᠭᠡ ᠶᠠᠯ᠎ᠠ ᠬᠢᠭᠰᠡᠨ 1160 ᠬᠦᠮᠤᠨ ᠢ ᠵᠠᠭᠠᠯᠳᠤᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠯᠦᠭᠡ ᠬᠠᠮᠳᠤ ᠪᠠᠷ ᠬᠠᠤᠯᠢ ᠪᠠᠷᠢᠯᠳᠠ ᠪᠠᠷ ᠠᠪᠤᠷᠠᠨ ᠲᠤᠰᠠᠯᠠᠵᠤ ᠶᠠᠳᠠᠭᠤ ᠶᠢ ᠲᠡᠳᠬᠦᠬᠦ ᠪᠡᠷᠭᠡ ᠰᠡᠳᠤᠪ ᠢ ᠰᠢᠢᠳᠪᠤᠷᠢᠯᠡᠬᠦ ᠳᠤ ᠲᠠᠮᠵᠢᠯᠭᠡ ᠦᠵᠡᠬᠦᠯᠬᠦ ᠶᠢ ᠭᠡᠷᠡᠭᠵᠢᠬᠦᠯᠬᠦ ᠰᠠᠨᠠᠯ ᠢ ᠲᠤᠬᠳᠠᠭᠠᠵᠤ ᠂ ᠱᠠᠨᠳᠦ᠋ᠩ ᠂ ᠭᠤᠸᠠᠩᠰᠢ ᠂ ᠰᠧᠴᠤᠸᠠᠨ᠂ ᠭᠠᠨᠰᠤ ᠵᠡᠷᠭᠡ ᠭᠠᠵᠡᠷ ᠤᠨ ᠬᠢᠬᠦ ᠠᠷᠭ᠎ᠠ ᠶᠢ ᠲᠡᠯᠭᠡᠷᠡᠬᠦᠯᠵᠤ ᠂ ᠵᠠᠷᠭᠤ ᠬᠢᠭᠰᠡᠨ ᠠᠴᠠ ᠪᠤᠯᠤᠭᠠᠳ ᠶᠠᠳᠠᠭᠤᠷᠠᠬᠰᠠᠨ ᠪᠠ ᠲᠠᠬᠢᠵᠤ ᠶᠠᠳᠠᠭᠤᠷᠠᠬᠰᠠᠨ ᠪᠠᠶᠢᠳᠠᠯ ᠢ ᠬᠠᠤᠯᠢ ᠪᠠᠷᠢᠯᠳᠠ ᠶᠢᠨ ᠠᠪᠤᠷᠠᠨ ᠲᠤᠰᠠᠯᠠᠬᠤ ᠭᠡᠪᠴᠢᠶ᠎ᠠ ᠳᠤ ᠤᠷᠤᠭᠤᠯᠵᠤ ᠂ 4214 ᠡᠷᠤᠭᠡ ᠳᠤ 4905 ᠲᠦᠮᠡᠨ ᠲᠦᠬᠦᠷᠢᠭ ᠤᠨ ᠠᠪᠤᠷᠠᠨ ᠲᠤᠰᠠᠯᠠᠬᠤ ᠮᠦᠡᠭᠬᠦ ᠦᠭᠪᠠ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ ᠶᠢ ᠲᠤᠤᠱᠯᠠᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠡᠷᠭᠡ ᠰᠡᠳᠤᠪ ᠢ ᠰᠢᠢᠳᠪᠤᠷᠢᠯᠡᠬᠦ ᠠᠵᠢᠯ ᠳᠤ ᠢᠳᠡᠪᠬᠢᠳᠠᠢ ᠤᠷᠤᠯᠴᠠᠵᠤ᠂ ᠤᠷᠴᠢᠨ ᠠᠬᠤᠢ ᠶᠢ ᠪᠤᠬᠢᠷᠳᠤᠭᠤᠯᠤᠬᠰᠠᠨ ᠡᠷᠡᠬᠦᠦ ᠶᠢᠨ ᠭᠡᠷᠡᠭ ᠢ ᠰᠢᠢᠳᠪᠤᠷᠢᠯᠡᠬᠦ ᠵᠢᠷᠤᠮᠵᠢᠯ ᠢ ᠲᠦᠷᠦᠬᠦᠯᠡᠨ ᠲᠤᠬᠳᠠᠭᠠᠵᠤ᠂ ᠤᠷᠴᠢᠨ ᠠᠬᠤᠢ ᠶᠢᠨ ᠡᠬᠢ ᠪᠠᠶᠠᠯᠢᠭ ᠢ ᠡᠪᠳᠡᠭᠰᠡᠨ ᠶᠠᠯ᠎ᠠ ᠬᠢᠭᠰᠡᠨ 42195 ᠬᠦᠮᠤᠨ ᠢ ᠵᠠᠭᠠᠯᠳᠤᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠵᠠᠢ᠃ ᠤᠰᠤᠨ ᠠᠰᠢᠬᠯᠠᠯᠳᠠ ᠶᠢᠨ ᠶᠠᠮᠤᠨ ᠲᠠᠢ ᠬᠠᠮᠳᠤᠷᠠᠨ ᠬᠠᠳᠤᠨ ᠭᠤᠤᠯ ᠤᠨ ᠰᠠᠪᠠ ᠭᠠᠵᠡᠷ ᠤᠨ 9 ᠮᠤᠵᠢ ᠤᠷᠤᠨ ᠤ ᠪᠠᠶᠢᠴᠠᠭᠠᠬᠤ ᠪᠠᠶᠢᠭᠤᠯᠭ᠎ᠠ ᠶᠢ ᠵᠤᠬᠢᠶᠠᠨ ᠪᠠᠶᠢᠭᠤᠯᠵᠤ ᠭᠤᠤᠯ ᠤᠨ ᠲᠠᠷᠤᠭ᠎ᠠ ᠶᠢᠨ ᠲᠦᠷᠢᠮ ᠤᠨ ᠠᠯᠪᠠᠨ ᠭᠡᠷ ᠯᠦᠭᠡ ᠬᠠᠮᠳᠤ ᠪᠠᠷ ︽ᠲᠦᠷᠪᠡᠨ ᠲᠤᠷ᠎ᠠ ᠪᠠᠷ ᠪᠠᠶᠢᠬᠤ ᠦᠵᠡᠭᠳᠡᠯ ᠢ ᠬᠠᠮᠳᠤ ᠪᠠᠷ ᠠᠷᠢᠯᠭᠠᠵᠤ᠂ ᠬᠠᠳᠤᠨ ᠭᠤᠤᠯ ᠢᠶᠠᠨ ᠬᠠᠮᠠᠭᠠᠯᠠᠬᠤ︾ᠲᠤᠰᠬᠠᠢ ᠠᠵᠢᠯᠯᠠᠭ᠎ᠠ ᠶᠢ ᠦᠷᠨᠢᠬᠦᠯᠪᠡ᠃ ᠬᠦᠭᠡᠮᠦ᠋ᠷᠡᠨ ᠲᠠᠭᠠᠤ ᠶᠢᠨ 11 ᠮᠤᠵᠢ ᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠮᠵᠢᠯᠴᠠᠬᠤ ᠲᠤᠬᠳᠠᠴᠠ ᠶᠢ ᠪᠠᠶᠢᠭᠤᠯᠵᠤ᠂ ᠬᠦᠭᠡᠮᠦ᠋ᠷᠡᠨ ᠤ ᠠᠵᠤ ᠠᠬᠤᠢ ᠶᠢᠨ ᠪᠦᠰᠠ ᠶᠢᠨ ᠬᠦᠭᠵᠢᠯᠳᠠ ᠳᠤ ᠤᠢᠢᠯᠡᠴᠢᠯᠡᠬᠦ ︽10 ᠵᠦᠢᠯ ᠤᠨ ᠠᠷᠭ᠎ᠠ ᠭᠡᠮᠵᠢᠶ᠎ᠠ︾ ᠶᠢ ᠨᠡᠶᠢᠳᠡᠯᠡᠵᠤ᠂ ᠠᠨᠾᠦ᠋ᠢ᠂ ᠬᠤᠪᠸᠢ ᠵᠡᠷᠭᠡ ᠭᠠᠵᠡᠷ ᠤᠨ ᠪᠠᠶᠢᠴᠠᠭᠠᠬᠤ ᠪᠠᠶᠢᠭᠤᠯᠭ᠎ᠠ ᠶᠢ ᠵᠢᠯᠤᠭᠤᠳᠴᠤ ᠪᠠᠶᠢᠭᠠᠳ ᠮᠤᠵᠢ ᠠᠯᠤᠰᠯᠠᠨ ᠬᠠᠳᠠᠭᠤ ᠪᠡᠶᠡᠳᠤ ᠬᠠᠶᠠᠬᠳᠠᠮᠠᠯ ᠪᠤᠳᠠᠰ ᠴᠢᠳᠬᠤᠬᠰᠠᠨ᠂ ᠬᠠᠤᠯᠢ ᠪᠤᠰᠤ ᠪᠠᠷ ᠪᠤᠬᠢᠷᠳᠤᠯ ᠪᠤᠳᠠᠰ ᠭᠠᠳᠠᠭᠰᠢᠯᠠᠭᠤᠯᠤᠬᠰᠠᠨ᠂ ᠬᠠᠤᠯᠢ ᠪᠤᠰᠤ ᠪᠠᠷ ᠬᠠᠶᠢᠷ ᠮᠠᠯᠳᠠᠨ ᠭᠠᠷᠭᠠᠬᠰᠠᠨ ᠵᠡᠷᠭᠡ ᠨᠢᠭᠡ ᠪᠦᠯᠦᠭ ᠭᠡᠷᠡᠭ ᠢ ᠰᠢᠢᠳᠪᠤᠷᠢᠯᠡᠬᠦᠯᠤᠭᠡᠳ᠂ ︽ᠬᠦᠭᠡᠮᠦ᠋ᠷᠡᠨ ᠤ ᠨᠤᠮᠢᠨ ᠲᠤᠩᠭᠠᠯᠠᠭ ᠤᠷᠤᠰᠬᠠᠯ᠂ ᠬᠤᠶᠠᠷ ᠡᠷᠬᠢ ᠶᠢᠨ ᠬᠦᠬᠡ ᠴᠡᠩᠭᠡᠷ ᠠᠭᠤᠯᠠᠰ︾ ᠢᠶᠠᠨ ᠬᠠᠮᠳᠤ ᠪᠠᠷ ᠬᠠᠮᠠᠭᠠᠯᠠᠪᠠ᠃
ᠡᠯ᠎ᠠ ᠲᠦᠷᠦᠯ ᠤᠨ ᠠᠵᠤ ᠠᠬᠤᠢᠢᠯᠠᠯ ᠤᠨ ᠬᠠᠤᠯᠢ ᠶᠤᠰᠤᠨ ᠤ ᠡᠷᠭᠡ ᠠᠰᠢᠭ ᠢ ᠠᠳᠠᠯᠢ ᠲᠡᠭᠰᠢ ᠪᠠᠷ ᠬᠠᠮᠠᠭᠠᠯᠠᠪᠠ᠃ ᠶᠡᠷᠤᠩᠭᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠭᠰᠡᠨ ᠠᠵᠤ ᠠᠬᠤᠢᠢᠯᠠᠯ ᠤᠨ ᠶᠠᠷᠢᠯᠴᠠᠬᠤ ᠬᠤᠷᠠᠯ ᠲᠡᠭᠡᠷ᠎ᠠ ᠶᠠᠷᠢᠬᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠬᠠᠤᠯᠢ ᠪᠠᠷᠢᠵᠤ ᠭᠡᠷᠡᠭ ᠰᠢᠢᠳᠪᠤᠷᠢᠯᠡᠬᠦ ᠶᠠᠪᠤᠴᠠ ᠳᠤ ᠤᠯᠤᠰ ᠤᠨ ᠦᠮᠴᠢᠯᠡᠯ ᠤᠨ ᠠᠵᠤ ᠠᠬᠤᠢᠢᠯᠠᠯ ᠪᠠ ᠠᠷᠠᠳ ᠤᠨ ᠡᠵᠡᠩᠨᠡᠭᠰᠡᠨ ᠠᠵᠤ ᠠᠬᠤᠢᠢᠯᠠᠯ᠂ ᠲᠤᠳᠤᠭᠠᠳᠤ ᠪᠡᠯᠡᠳᠤ ᠠᠵᠤ ᠠᠬᠤᠢᠢᠯᠠᠯ ᠪᠠ ᠭᠠᠳᠠᠭᠠᠳᠤ ᠪᠡᠯᠡᠳᠤ ᠠᠵᠤ ᠠᠬᠤᠢᠢᠯᠠᠯ᠂ ᠲᠤᠮᠤ ᠲᠤᠮᠳᠠ ᠵᠢᠵᠢᠭ ᠪᠢᠴᠢᠯ ᠠᠵᠤ ᠠᠬᠤᠢᠢᠯᠡᠯ ᠳᠤ ᠠᠳᠠᠯᠢ ᠲᠡᠭᠰᠢ ᠪᠠᠷ ᠬᠠᠨᠳᠤᠬᠤ ᠶᠢ ᠰᠠᠶᠢᠳᠤᠷ ᠨᠠᠶᠢᠳᠠᠪᠦᠷᠢᠵᠢᠭᠤᠯᠪᠠ᠃ ᠪᠦᠬᠦ ᠤᠯᠤᠰ ᠤᠨ ᠤᠢᠢᠯᠡᠳᠪᠤᠷᠢ ᠬᠤᠳᠠᠯᠳᠤᠭᠠᠴᠢᠳ ᠤᠨ ᠬᠤᠯᠪᠤᠭ᠎ᠠ ᠲᠠᠢ ᠬᠠᠮᠳᠤᠷᠠᠨ ᠪᠠᠶᠢᠴᠠᠭᠠᠨ ᠰᠤᠳᠤᠯᠤᠯᠳᠠ ᠬᠢᠵᠤ ᠶᠠᠷᠢᠯᠴᠠᠯᠭ᠎ᠠ ᠦᠷᠨᠢᠬᠦᠯᠤᠨ᠂ ᠠᠷᠠᠳ ᠤᠨ ᠡᠵᠡᠩᠨᠡᠭᠰᠡᠨ ᠠᠵᠤ ᠠᠬᠤᠢᠢᠯᠡᠯ ᠤᠨ ᠠᠵᠤ ᠠᠬᠤᠢᠢᠯᠠᠯᠳᠠᠨ ᠤ ᠰᠠᠨᠠᠯ ᠢ ᠬᠦᠢᠴᠡᠳ ᠰᠤᠨᠤᠰᠪᠠ᠃ ᠨᠢᠭᠡᠨᠳᠠ ᠲᠠᠷᠬᠠᠭᠠᠬᠰᠠᠨ 3 ᠬᠠᠤᠯᠢ ᠪᠠᠷᠢᠬᠤ ᠪᠢᠴᠢᠭ ᠮᠠᠲ᠋ᠧᠷᠢᠶᠠᠯ ᠤᠨ ᠲᠤᠳᠤᠷ᠎ᠠ ᠠᠴᠠ 11 ᠵᠦᠢᠯ ᠤᠨ ᠪᠤᠳᠠᠳᠠᠢ ᠪᠠᠶᠢᠴᠠᠭᠠᠬᠤ ᠠᠵᠢᠯ ᠤᠨ ᠲᠦᠷᠦ ᠶᠢᠨ ᠪᠤᠳᠤᠯᠭ᠎ᠠ ᠶᠢ ᠬᠤᠷᠢᠶᠠᠩᠭᠤᠢᠢᠯᠠᠨ ᠭᠠᠷᠭᠠᠵᠤ᠂ ᠵᠦᠢ ᠶᠤᠰᠤᠨ ᠤ ᠪᠡᠯᠡ ᠲᠤᠬᠢᠷᠠᠭᠤᠯᠭ᠎ᠠ ᠪᠤᠯᠤᠨ ᠬᠠᠤᠯᠢ ᠪᠤᠰᠤ ᠪᠡᠯᠡ ᠴᠤᠬᠯᠠᠭᠤᠯᠭ᠎ᠠ᠂ ᠦᠮᠴᠢᠯᠡᠯ ᠤᠨ ᠡᠷᠭᠡ ᠶᠢᠨ ᠵᠢᠭᠤᠷᠠᠯᠳᠤᠭᠠᠨ ᠪᠤᠯᠤᠨ ᠮᠠᠭᠤ ᠰᠠᠨᠠᠭ᠎ᠠ ᠲᠠᠢ ᠪᠠᠷ ᠡᠵᠡᠯᠡᠨ ᠠᠪᠬᠤ᠂ ᠬᠤᠪᠢ ᠬᠦᠮᠤᠨ ᠤ ᠡᠳ᠋ ᠬᠦᠷᠦᠩᠭᠡ ᠪᠤᠯᠤᠨ ᠠᠵᠤ ᠠᠬᠤᠢᠢᠯᠠᠯ ᠬᠠᠤᠯᠢ ᠶᠢᠨ ᠬᠦᠮᠤᠨ ᠤ ᠡᠳ᠋ ᠬᠦᠷᠦᠩᠭᠡ ᠵᠡᠷᠭᠡ ᠶᠢᠨ ᠵᠠᠭᠠᠭ ᠬᠢᠵᠠᠭᠠᠷ ᠢ ᠴᠢᠩᠭ᠎ᠠ ᠢᠯᠭᠠᠵᠤ᠂ ᠬᠦᠮᠤᠨ ᠤ ᠪᠡᠶ᠎ᠠ ᠶᠢᠨ ᠡᠷᠭᠡ ᠪᠠ ᠡᠳ᠋ ᠬᠦᠷᠦᠩᠭᠡ ᠶᠢᠨ ᠡᠷᠭᠡ ᠶᠢ ᠬᠢᠵᠠᠭᠠᠷᠯᠠᠬᠤ ᠭᠡᠷᠡᠭ ᠰᠢᠢᠳᠪᠤᠷᠢᠯᠡᠬᠦ ᠠᠯᠪᠠᠳᠠᠯᠭ᠎ᠠ ᠶᠢᠨ ᠠᠷᠭ᠎ᠠ ᠭᠡᠮᠵᠢᠶ᠎ᠠ ᠶᠢ ᠪᠤᠯᠭᠤᠮᠵᠢᠳᠠᠢ ᠭᠡᠷᠡᠭᠯᠡᠬᠦ ᠶᠢ ᠴᠢᠬᠤᠯᠠᠴᠢᠯᠠᠪᠠ᠃ ᠠᠵᠤ ᠠᠬᠤᠢᠢᠯᠡᠯ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠰᠠᠨ 4 ᠨᠡᠶᠢᠳᠡᠯᠢᠭ ᠭᠡᠷᠡᠭ ᠤᠨ ᠵᠢᠱᠢᠶ᠎ᠠ ᠶᠢ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠳᠤ ᠲᠠᠷᠤᠮᠠᠯᠯᠠᠨ ᠲᠠᠷᠬᠠᠭᠠᠵᠤ ᠯᠠᠪᠯᠠᠯᠳᠠ ᠪᠤᠯᠭᠠᠪᠠ᠃ ᠵᠠᠩ ᠸᠧᠨ ᠵᠦᠩ ᠤᠨ ᠬᠡᠷᠡᠭ ᠵᠡᠷᠭᠡ ᠦᠮᠴᠢᠯᠡᠯ ᠤᠨ ᠡᠷᠭᠡ ᠳᠤ ᠬᠤᠯᠪᠤᠬᠳᠠᠬᠰᠠᠨ ᠭᠡᠷᠡᠭ ᠢ ᠬᠠᠤᠯᠢ ᠶᠤᠰᠤᠭᠠᠷ ᠰᠢᠢᠳᠪᠤᠷᠢᠯᠡᠵᠤ᠂ ᠦᠮᠴᠢᠯᠡᠯ ᠤᠨ ᠡᠷᠭᠡ ᠳᠤ ᠬᠤᠯᠪᠤᠬᠳᠠᠬᠰᠠᠨ ᠡᠷᠡᠬᠦᠦ ᠶᠢᠨ ᠭᠡᠷᠡᠭ ᠤᠨ ᠭᠤᠮᠤᠳᠠᠯ ᠲᠤᠭᠠᠴᠢᠯᠳᠠ ᠶᠢᠨ 68 ᠬᠤᠪᠢ ᠶᠢ ᠨᠢ ᠰᠢᠭᠤᠳ ᠰᠢᠪᠠᠳᠠᠨ ᠰᠢᠢᠳᠪᠤᠷᠢᠯᠡᠬᠦᠯᠪᠠ᠃ ᠦᠨᠡᠨ ᠠᠴᠠ ᠵᠦᠪ ᠢ ᠡᠷᠢᠬᠦ ᠶᠢ ᠪᠠᠷᠢᠮᠳᠠᠯᠠᠵᠤ᠂ ᠭᠡᠷᠡᠭ ᠢ ᠪᠦᠬᠦᠳᠠ ᠪᠤᠷᠤᠭᠤ ᠰᠢᠢᠳᠪᠤᠷᠢᠯᠡᠭᠰᠡᠨ ᠪᠤᠯ ᠪᠦᠬᠦᠳᠠ ᠶᠢ ᠨᠢ ᠵᠠᠯᠠᠷᠠᠭᠤᠯᠵᠤ᠂ ᠭᠡᠰᠡᠭ ᠪᠤᠷᠤᠭᠤ ᠰᠢᠢᠳᠪᠤᠷᠢᠯᠡᠭᠰᠡᠨ ᠪᠤᠯ ᠭᠡᠰᠡᠭ ᠢ ᠨᠢ ᠵᠠᠯᠠᠷᠠᠭᠤᠯᠪᠠ᠂ ᠠᠯᠳᠠᠭ᠎ᠠ ᠪᠤᠷᠤᠭᠤ ᠪᠠᠨ ᠨᠢᠭᠤᠵᠤ ᠳᠠᠯᠳᠠᠯᠠᠬᠤ ᠦᠭᠡᠢ᠂ ᠪᠠᠰᠠ ᠪᠦᠬᠦᠨ ᠢ ᠦᠭᠡᠶᠢᠰᠭᠡᠬᠦ ᠦᠭᠡᠢ᠃
ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠳᠠ ᠳᠤ ᠢᠳᠡᠪᠬᠢᠳᠠᠢ ᠬᠠᠮᠵᠢᠪᠠ᠃ ᠨᠢᠭᠡ ᠵᠢᠯ ᠤᠨ ᠲᠤᠷᠰᠢ᠂ ᠬᠢᠨᠠᠨ ᠪᠠᠶᠢᠴᠠᠭᠠᠬᠤ ᠪᠠ ᠪᠠᠶᠢᠴᠠᠭᠠᠬᠤ ᠠᠵᠢᠯ ᠢ ᠰᠢᠭᠤᠳ ᠰᠢᠯᠤᠭᠤᠨ ᠵᠤᠯᠭᠠᠯᠳᠤᠭᠤᠯᠤᠨ ᠬᠠᠮᠵᠢᠯᠴᠠᠭᠤᠯᠵᠤ᠂ ᠬᠠᠷᠢᠯᠴᠠᠨ ᠬᠢᠵᠠᠭᠠᠷᠯᠠᠬᠤ ᠵᠠᠷᠴᠢᠮ ᠢ ᠪᠦᠳᠤᠮᠵᠢᠳᠠᠢ ᠨᠠᠶᠢᠳᠠᠪᠤᠷᠢᠵᠢᠭᠤᠯᠪᠠ᠃ ᠤᠯᠤᠰ ᠤᠨ ᠬᠢᠨᠠᠨ ᠪᠠᠶᠢᠴᠠᠭᠠᠬᠤ ᠵᠦᠪᠯᠡᠯ ᠲᠠᠢ ᠬᠠᠮᠳᠤᠷᠠᠨ ᠡᠷᠭᠡ ᠲᠤᠰᠢᠶᠠᠯ ᠢᠶᠠᠨ ᠠᠰᠢᠬᠯᠠᠨ ᠬᠢᠭᠰᠡᠨ ᠶᠠᠯᠠᠳᠤ ᠭᠡᠷᠡᠭ ᠢ ᠰᠢᠢᠳᠪᠤᠷᠢᠯᠡᠬᠦ ᠠᠵᠢᠯ ᠢ ᠵᠤᠯᠭᠠᠯᠳᠤᠭᠤᠯᠬᠤ᠂ ᠭᠡᠷᠡᠴᠢ ᠪᠠᠷᠢᠮᠳᠠ ᠶᠢ ᠴᠤᠬᠯᠠᠭᠤᠯᠬᠤ ᠪᠠ ᠬᠢᠨᠠᠨ ᠪᠠᠶᠢᠴᠠᠭᠠᠬᠤ ᠵᠡᠷᠭᠡ ᠶᠢᠨ ᠵᠢᠷᠤᠮᠵᠢᠯ ᠢ ᠲᠤᠬᠳᠠᠭᠠᠪᠠ᠃ ᠡᠯ᠎ᠠ ᠱᠠᠳᠤᠨ ᠤ ᠬᠢᠨᠠᠨ ᠪᠠᠶᠢᠴᠠᠭᠠᠬᠤ ᠵᠦᠪᠯᠡᠯ ᠤᠨ ᠰᠢᠯᠵᠢᠬᠦᠯᠦᠨ ᠬᠦᠷᠭᠡᠭᠰᠡᠨ ᠡᠷᠭᠡ ᠲᠤᠰᠢᠶᠠᠯ ᠢᠶᠠᠨ ᠠᠰᠢᠬᠯᠠᠨ ᠶᠠᠯ᠎ᠠ ᠬᠢᠭᠰᠡᠨ 16092 ᠬᠦᠮᠤᠨ ᠢ ᠬᠦᠯᠢᠶᠠᠨ ᠠᠪᠴᠤ ᠰᠢᠢᠳᠪᠤᠷᠢᠯᠡᠵᠤ᠂ 9802ᠬᠦᠮᠤᠨ ᠢ ᠨᠢ ᠨᠢᠭᠡᠨᠳᠠ ᠵᠠᠭᠠᠯᠳᠤᠵᠤ᠂ 250 ᠬᠦᠮᠤᠨ ᠢ ᠨᠢ ᠦᠯᠦ ᠵᠠᠭᠠᠯᠳᠤᠵᠤ᠂1869 ᠬᠦᠮᠤᠨ ᠤᠳᠠᠭ᠎ᠠ ᠨᠦᠬᠦᠪᠤᠷᠢᠯᠡᠨ ᠪᠠᠶᠢᠴᠠᠭᠠᠯᠭᠠᠬᠤ ᠪᠠᠷ ᠪᠤᠴᠠᠭᠠᠪᠠ᠂ ᠦᠯᠦ ᠵᠠᠭᠠᠯᠳᠤᠬᠤ ᠨᠤᠷᠮ᠎ᠠ᠂ ᠪᠠᠶᠢᠴᠠᠭᠠᠯᠭᠠᠬᠤ ᠪᠠᠷ ᠪᠤᠴᠠᠭᠠᠬᠤ ᠨᠤᠷᠮ᠎ᠠ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 9.5 ᠪᠠ 37 ᠵᠠᠭᠤᠨ ᠤ ᠨᠢᠭᠡᠴᠢ ᠪᠠᠷ ᠪᠠᠭᠤᠷᠠᠵᠠᠢ᠃ ᠰᠦᠨ ᠵᠧᠩ ᠼᠠᠢ᠂ ᠸᠠᠩ ᠰᠠᠨ ᠶᠦᠨ ᠵᠡᠷᠬᠡ ᠤᠤᠯ ᠳᠠᠭᠠᠨ ᠮᠤᠵᠢ ᠶᠠᠮᠤᠨ ᠤ ᠳᠡᠰ ᠠᠴᠠ ᠳᠡᠬᠡᠭᠰᠢᠬᠢ ᠺᠠᠳ᠋ᠷ ᠪᠠᠶᠢᠭᠰᠠᠨ 32 ᠬᠦᠮᠦᠨ ᠳᠤ ᠬᠠᠤᠯᠢ ᠶᠤᠰᠤᠭᠠᠷ ᠠᠯᠪᠠᠨ ᠵᠠᠭᠠᠯᠳᠤᠯᠭ᠎ᠠ ᠭᠠᠷᠭᠠᠪᠠ᠃ ︽ᠨᠡᠭᠡᠮᠵᠢᠯᠠᠨ ᠪᠠᠷᠢᠪᠴᠢᠯᠠᠬᠤ ᠤᠯᠠᠭᠠᠨ ᠵᠠᠷ ᠲᠡᠭᠡᠷᠡᠬᠢ ᠵᠠᠭᠤᠨ ᠬᠦᠮᠤᠨ︾ ᠤ ᠲᠤᠳᠤᠷᠠᠬᠢ ᠰᠢᠤᠢ ᠴᠤᠤ ᠹᠠᠨ᠂ ᠵᠢᠶᠠᠩ ᠯᠸᠢ ᠵᠡᠷᠭᠡ ᠬᠦᠮᠤᠨ ᠢ ᠨᠡᠭᠡᠮᠵᠢᠯᠡᠨ ᠪᠠᠷᠢᠪᠴᠢᠯᠠᠬᠤ ᠳᠤ ᠢᠳᠡᠪᠬᠢᠳᠠᠢ ᠤᠷᠤᠯᠴᠠᠵᠤ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠠᠯᠪᠠᠨ ᠵᠠᠷ ᠨᠠᠶᠢᠳᠠᠯᠠᠵᠤ᠂ ᠤᠷᠭᠤᠨ ᠲᠤᠳᠠᠭᠠᠵᠤ ᠪᠠᠶᠢᠭ᠎ᠠ ᠬᠦᠮᠤᠰ ᠤᠨ ᠶᠠᠯ᠎ᠠ ᠪᠠᠨ ᠬᠦᠯᠢᠶᠡᠵᠤ ᠦᠴᠢᠭ ᠢᠶᠠᠨ ᠲᠤᠰᠢᠶᠠᠬᠤ ᠶᠢ ᠰᠢᠪᠠᠳᠠᠨ ᠱᠠᠭᠠᠷᠳᠠᠪᠠ᠃ ᠤᠷᠤᠨ ᠨᠤᠳᠤᠭ ᠤᠨ ᠪᠠᠶᠢᠴᠠᠭᠠᠬᠤ ᠪᠠᠶᠢᠭᠤᠯᠭ᠎ᠠ ᠶᠢ ᠵᠢᠯᠤᠭᠤᠳᠴᠤ ᠪᠠᠶᠢᠭᠠᠳ ᠡᠷᠭᠡ ᠲᠤᠰᠢᠶᠠᠯ ᠢᠶᠠᠨ ᠠᠰᠢᠬᠯᠠᠨ ᠶᠠᠯ᠎ᠠ ᠬᠢᠭᠰᠡᠨ ᠰᠡᠵᠢᠭᠯᠡᠯᠲᠠᠢ ᠬᠦᠮᠤᠨ ᠨᠢ ᠨᠢᠭᠤᠨ ᠲᠠᠯᠳᠠᠯᠠᠬᠰᠠᠨ᠂ ᠦᠬᠦᠭᠰᠡᠨ 17 ᠭᠡᠷᠡᠭ ᠤᠨ ᠬᠠᠤᠯᠢ ᠠᠴᠠ ᠵᠦᠷᠢᠴᠡᠵᠤ ᠤᠯᠤᠬᠰᠠᠨ ᠤᠯᠵᠠ ᠠᠰᠢᠭ ᠢ ᠬᠤᠷᠢᠶᠠᠨ ᠠᠪᠬᠤ ᠵᠢᠷᠤᠮ ᠢ ᠡᠬᠢᠯᠡᠬᠦᠯᠪᠠ᠂ ᠭᠡᠷᠡᠭ ᠲᠤ ᠬᠤᠯᠪᠤᠬᠳᠠᠬᠰᠠᠨ ᠪᠤᠵᠠᠷ ᠵᠤᠭᠤᠰ ᠢ ᠵᠠᠪᠠᠯ ᠡᠭᠡᠬᠦᠯᠤᠨ ᠠᠪᠴᠢᠷᠠᠬᠤ ᠭᠡᠷᠡᠭᠳᠠᠢ᠃
ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠢ ᠬᠠᠤᠯᠢ ᠶᠤᠰᠤᠭᠠᠷ ᠬᠠᠮᠠᠭᠠᠯᠠᠪᠠ᠃ ᠬᠠᠭᠤᠷᠮᠠᠭ ᠮᠠᠭᠤ ᠡᠮ ᠤᠢᠢᠯᠡᠳᠴᠤ ᠪᠤᠷᠤᠯᠠᠭᠤᠯᠤᠬᠰᠠᠨ᠂ ᠬᠤᠤᠷ ᠬᠦᠨᠤᠭᠡᠯ ᠲᠠᠢ ᠢᠳᠡᠭᠡᠨ ᠤ ᠵᠦᠢᠯ ᠤᠢᠢᠯᠡᠳᠴᠤ ᠪᠤᠷᠤᠯᠠᠭᠤᠯᠤᠬᠰᠠᠨ ᠵᠡᠷᠭᠡ ᠶᠠᠯ᠎ᠠ ᠬᠢᠭᠰᠡᠨ 12360 ᠬᠦᠮᠤᠨ ᠢ ᠵᠠᠭᠠᠯᠳᠤᠪᠡ᠂ ᠡᠨᠡ ᠨᠢ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠵᠠᠢ᠃ ᠴᠠᠩ ᠱᠧᠩ ᠺᠤᠮᠫᠠᠨᠢ ᠶᠢᠨ ᠠᠰᠠᠭᠤᠳᠠᠯ ᠲᠠᠢ ᠸᠠᠺᠼᠢᠨ ᠤ ᠭᠡᠷᠡᠭ ᠡᠬᠦᠰᠦᠭᠰᠡᠨ ᠤ ᠲᠠᠷᠠᠭ᠎ᠠ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠫᠠᠶᠢᠰᠠ ᠡᠯᠬᠦᠨ ᠰᠢᠪᠠᠳᠠᠨ ᠰᠢᠢᠳᠪᠤᠷᠢᠯᠡᠬᠦᠯᠵᠤ᠂ ᠬᠢᠷᠢᠨ ᠤ ᠪᠠᠶᠢᠴᠠᠭᠠᠬᠤ ᠪᠠᠶᠢᠭᠤᠯᠭ᠎ᠠ ᠬᠠᠤᠯᠢ ᠶᠤᠰᠤᠭᠠᠷ 18 ᠬᠦᠮᠤᠨ ᠢ ᠪᠠᠷᠢᠪᠴᠢᠯᠠᠬᠤ ᠶᠢ ᠵᠦᠪᠰᠢᠶᠡᠷᠡᠪᠡ᠃ ︽ᠲᠦᠮᠡ ᠮᠢᠩᠭᠠᠨ ᠡᠷᠤᠭᠡ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠳᠤᠯᠠᠬᠤ︾ᠨᠡᠶᠢᠳᠠ ᠶᠢᠨ ᠠᠰᠠᠷᠠᠮᠵᠢ ᠶᠢᠨ ᠵᠠᠷᠭᠤ ᠳᠤ ᠲᠤᠰᠬᠠᠢ ᠬᠢᠨᠠᠯᠳᠠ ᠲᠠᠯᠪᠢᠬᠤ ᠶᠢ ᠪᠠᠶᠢᠷᠢᠯᠠᠭᠤᠯᠵᠤ᠂ ᠲᠤᠮᠳᠠᠳᠤ ᠪᠠᠭ᠎ᠠ ᠰᠤᠷᠭᠠᠭᠤᠯᠢ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠢᠳᠡᠬᠡᠨ ᠤ ᠵᠦᠢᠯ ᠪᠠ ᠰᠦᠯᠵᠢᠶᠠᠨ ᠲᠡᠭᠡᠷ᠎ᠠ ᠭᠠᠳᠠᠬᠰᠢ ᠬᠤᠳᠠᠯᠳᠤᠬᠤ ᠢᠳᠡᠭᠡᠨ ᠤ ᠵᠦᠢᠯ ᠤᠨ ᠠᠮᠤᠷ ᠲᠦᠪᠰᠢᠨ ᠢ ᠨᠦᠯᠦᠭᠡᠯᠡᠭᠰᠡᠨ ᠨᠠᠶᠢᠳᠡ ᠶᠢᠨ ᠠᠰᠠᠷᠠᠮᠵᠢ ᠶᠢᠨ ᠵᠠᠷᠭᠤ ᠶᠢ ᠭᠤᠤᠯᠳᠠᠯᠭ᠎ᠠ ᠲᠠᠢ ᠰᠢᠢᠳᠪᠤᠷᠢᠯᠡᠪᠠ᠃ ᠪᠡᠭᠡᠵᠢᠩ ᠂ ᠦᠪᠤᠷ ᠮᠤᠩᠭᠤᠯ᠂ ᠰᠧᠴᠤᠸᠠᠨ᠂ ᠶᠦᠨᠨᠠᠨ ᠵᠡᠷᠭᠡ ᠭᠠᠵᠡᠷ ᠤᠨ ᠪᠠᠶᠢᠴᠠᠭᠠᠬᠤ ᠪᠠᠶᠢᠭᠤᠯᠭ᠎ᠠ ᠨᠢ ᠬᠤᠯᠪᠤᠬᠳᠠᠯ ᠪᠦᠬᠦᠢ ᠡᠬᠦᠷᠭᠡ ᠲᠤᠰᠢᠶᠠᠯᠳᠤ ᠰᠠᠯᠠᠭ᠎ᠠ ᠮᠦᠴᠢᠷ ᠢ ᠰᠢᠪᠠᠳᠠᠨ ᠴᠢᠩᠭ᠎ᠠ ᠬᠢᠨᠠᠨ ᠬᠠᠮᠢᠶᠡᠷᠤᠭᠤᠯᠵᠤ᠂ ᠰᠦᠯᠵᠢᠶᠠᠨ ᠲᠡᠭᠡᠷᠡᠬᠢ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ 5 ᠲᠦᠮᠠ ᠭᠠᠷᠤᠢ ᠢᠳᠡᠭᠡᠨ ᠤᠮᠳᠠᠭᠠᠨ ᠤ ᠲᠡᠯᠭᠡᠬᠦᠷ ᠢ ᠴᠡᠭᠴᠡᠯᠡᠨ ᠰᠠᠶᠢᠵᠢᠷᠠᠭᠤᠯᠤᠭᠠᠳ᠂ ᠤᠯᠠᠨ ᠲᠦᠮᠡᠨ ᠢ ᠭᠠᠳᠠᠨ᠎ᠠ ᠠᠴᠠ ᠬᠤᠭᠤᠯᠠ ᠵᠠᠬᠢᠶᠠᠯᠠᠬᠤ ᠳᠤ ᠨᠡᠩ ᠰᠠᠨᠠᠭ᠎ᠠ ᠠᠮᠤᠷ ᠪᠤᠯᠭᠠᠪᠠ᠃
ᠨᠠᠰᠤᠨ ᠳᠤ ᠦᠯᠦ ᠬᠦᠷᠦᠭᠰᠡᠳ ᠤᠨ ᠭᠡᠷᠡᠭ ᠢ ᠪᠠᠶᠢᠴᠠᠭᠠᠬᠤ ᠠᠵᠢᠯ ᠢ ᠰᠡᠳᠬᠢᠯ ᠳᠠᠯᠪᠢᠨ ᠰᠠᠶᠢᠳᠤᠷ ᠬᠢᠪᠠ᠃ ᠬᠦᠡᠭᠭᠡᠪᠳᠤᠷ ᠶᠠᠯ᠎ᠠ ᠬᠢᠭᠰᠡᠨ ᠰᠡᠵᠢᠭᠯᠡᠯᠲᠠᠢ ᠪᠦᠭᠡᠳ ᠭᠡᠮᠰᠢᠬᠦ ᠢᠯᠡᠷᠡᠯ ᠲᠠᠢ ᠨᠠᠰᠤᠨ ᠳᠤ ᠦᠯᠦ ᠬᠦᠷᠦᠭᠰᠡᠳ ᠤᠨ 15205 ᠬᠦᠮᠦᠨ ᠢ ᠪᠠᠷᠢᠪᠴᠢᠯᠠᠬᠤ ᠶᠢ ᠦᠯᠦ ᠵᠦᠪᠰᠢᠶᠡᠷᠡᠵᠤ ᠂ 8332 ᠬᠦᠮᠤᠨ ᠢ ᠦᠯᠦ ᠵᠠᠭᠠᠯᠳᠤᠵᠤ᠂ 6959 ᠬᠦᠮᠤᠨ ᠢ ᠨᠦᠬᠦᠴᠡᠯ ᠲᠠᠢ ᠪᠠᠷ ᠦᠯᠤ ᠵᠠᠭᠠᠯᠳᠤᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ ᠳᠤᠰ ᠳᠤᠰ 6.9%᠂ 13.8% ᠪᠠ 16% ᠪᠠᠷ ᠨᠡᠮᠡᠭᠳᠡᠪᠡ︔ ᠬᠠᠤᠯᠢ ᠶᠤᠰᠤᠭᠠᠷ ᠴᠢᠩᠭ᠎ᠠ ᠵᠠᠯᠬᠠᠭᠠᠨ ᠴᠡᠬᠡᠷᠯᠡᠬᠦᠯᠬᠦ ᠶᠤᠰᠤᠲᠠᠢ 29350 ᠬᠦᠮᠤᠨ ᠢ ᠪᠠᠷᠢᠪᠴᠢᠯᠠᠬᠤ ᠶᠢ ᠵᠦᠪᠰᠢᠶᠡᠷᠡᠵᠦ᠂ 39760 ᠬᠦᠮᠤᠨ ᠢ ᠵᠠᠭᠠᠯᠳᠤᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 4.4% ᠪᠠᠷ ᠨᠡᠮᠡᠭᠳᠡᠵᠤ᠂ 8.8% ᠪᠠᠷ ᠪᠠᠭᠤᠷᠠᠵᠠᠢ︔ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠬᠦ ᠨᠠᠰᠤᠨ ᠳᠤ ᠦᠯᠦ ᠬᠦᠷᠦᠭᠰᠡᠳ ᠢ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠬᠢᠵᠠᠭᠠᠷᠯᠠᠨ ᠰᠤᠷᠭᠠᠵᠤ ᠂ ᠴᠢᠩᠭ᠎ᠠ ᠵᠠᠰᠠᠷᠠᠭᠤᠯᠪᠠ᠃ ᠤᠷᠴᠢᠮ ᠤᠨ ᠵᠢᠯ ᠳᠤ ᠂ ᠨᠠᠰᠤᠨ ᠳᠤ ᠦᠯᠦ ᠬᠦᠷᠦᠭᠰᠡᠳ ᠲᠤ ᠪᠡᠯᠭᠡ ᠶᠢᠨ ᠬᠠᠯᠳᠠᠯᠭ᠎ᠠ ᠬᠢᠭᠰᠡᠨ᠂ ᠲᠠᠳᠡᠨ ᠢ ᠮᠡᠭᠡᠯᠡᠨ ᠬᠤᠳᠠᠯᠳᠤᠬᠰᠠᠨ᠂ ᠬᠠᠷᠠᠳᠠᠵᠤ ᠲᠠᠮᠤᠯᠠᠬᠰᠠᠨ᠂ ᠭᠡᠮᠳᠤᠭᠡᠨ ᠰᠢᠷᠬᠠᠳᠤᠭᠤᠯᠤᠬᠰᠠᠨ ᠶᠠᠯᠠᠳᠤ ᠠᠵᠢᠯᠯᠠᠭ᠎ᠠ ᠦᠷᠬᠦᠯᠵᠢᠯᠡᠨ ᠤᠯᠠᠨᠳᠠ ᠡᠬᠦᠰᠴᠤ ᠂ ᠨᠢᠳᠤᠨᠤᠨ 50705 ᠬᠦᠮᠤᠨ ᠢ ᠵᠠᠭᠠᠯᠳᠤᠪᠡ᠂ ᠡᠨᠡ ᠨᠢ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠵᠠᠢ᠃ ᠴᠢ ᠤᠪᠤᠬᠳᠤ ᠤᠯᠠᠨ ᠵᠢᠭᠠᠯ ᠭᠡᠤᠭᠡᠨ ᠢ ᠬᠦᠴᠦᠷᠭᠡᠭᠯᠡᠨ ᠨᠦᠵᠢᠳᠯᠡᠭᠰᠡᠨ ᠪᠠ ᠱᠠᠯᠢᠬᠯᠠᠭᠠᠳ᠂ ᠶᠠᠯ᠎ᠠ ᠪᠠᠨ ᠮᠡᠳᠡᠷᠡᠬᠦ ᠶᠢ ᠲᠠᠪᠴᠢᠭ᠍ᠰᠡᠨ ᠪᠠᠶᠢᠳᠠᠯ᠎ᠠ ᠲᠡᠬᠦᠨ ᠢ ᠵᠦᠪᠭᠡᠨ 10 ᠵᠢᠯ ᠬᠤᠭᠤᠴᠠᠭ᠎ᠠ ᠲᠠᠢ ᠬᠤᠷᠢᠬᠤ ᠡᠷᠡᠬᠦᠦ ᠪᠠᠷ ᠰᠢᠢᠳᠭᠡᠪᠠ ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠡᠰᠡᠷᠬᠦᠴᠡᠨ ᠵᠠᠭᠠᠯᠳᠤᠬᠰᠠᠨ ᠤ ᠲᠠᠷᠠᠭ᠎ᠠ ᠬᠤᠭᠤᠴᠠᠭ᠎ᠠ ᠦᠭᠡᠢ ᠬᠤᠷᠢᠬᠤ ᠡᠷᠡᠬᠦᠦ ᠪᠠᠷ ᠦᠭᠡᠷᠡᠴᠢᠯᠡᠨ ᠲᠠᠰᠤᠯᠪᠠ᠃ ᠲᠤᠰ ᠭᠡᠷᠡᠭ ᠲᠤ ᠢᠯᠡᠷᠡᠬᠦᠯᠦᠭᠰᠡᠨ ᠠᠰᠠᠭᠤᠳᠠᠯ ᠤᠨ ᠲᠤᠬᠠᠢ ᠂ ᠰᠤᠷᠭᠠᠨ ᠬᠦᠮᠤᠵᠢᠯ ᠤᠨ ᠶᠠᠮᠤᠨ ᠳᠤ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠨᠢᠭᠡᠳᠤᠭᠡᠷ ᠲᠤᠭᠠᠳᠤ ᠪᠠᠶᠢᠴᠠᠭᠠᠬᠰᠠᠨ ᠰᠠᠨᠠᠭᠤᠯᠭ᠎ᠠ ᠭᠠᠷᠭᠠᠬᠰᠠᠨ ᠪᠦᠭᠡᠳ ᠡᠯ᠎ᠠ ᠮᠤᠵᠢ ᠶᠢᠨ ᠱᠠᠳᠤᠨ ᠤ ᠪᠠᠶᠢᠴᠠᠭᠠᠬᠤ ᠬᠤᠷᠢᠶ᠎ᠠ ᠶᠢ ᠵᠡᠷᠭᠡ ᠪᠠᠷ ᠨᠠᠶᠢᠳᠠᠪᠦᠷᠢᠵᠢᠭᠤᠯᠤᠭᠤᠯᠬᠤ ᠪᠠᠷ ᠱᠠᠭᠠᠷᠳᠠᠪᠠ᠃ ᠰᠤᠷᠭᠠᠨ ᠬᠦᠮᠤᠵᠢᠯ ᠤᠨ ᠶᠠᠮᠤᠨ ᠪᠠ ᠡᠯ᠎ᠠ ᠭᠠᠵᠠᠷ ᠤᠨ ᠰᠤᠷᠭᠠᠨ ᠬᠦᠮᠤᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠬᠠᠤᠯᠢ ᠠᠴᠠ ᠵᠦᠷᠢᠴᠡᠵᠤ ᠪᠡᠯᠬᠡ ᠶᠢᠨ ᠬᠠᠯᠳᠠᠯᠭ᠎ᠠ ᠶᠢᠨ ᠶᠠᠯ᠎ᠠ ᠬᠢᠭᠰᠡᠳ ᠤᠨ ᠠᠵᠢᠯ ᠡᠷᠬᠢᠯᠡᠬᠦ ᠴᠠᠭᠠᠵᠠ ᠬᠤᠷᠢᠭ᠎ᠠ᠂ ᠰᠤᠷᠭᠠᠭᠤᠯᠢ ᠶᠢᠨ ᠬᠦᠷᠢᠶᠡᠨ ᠳᠤ ᠭᠠᠷᠤᠬᠰᠠᠨ ᠪᠡᠯᠭᠡ ᠶᠢᠨ ᠬᠠᠯᠳᠠᠯᠭ᠎ᠠ ᠶᠢᠨ ᠭᠡᠷᠡᠭ ᠢ ᠠᠯᠪᠠᠳᠠᠯᠭ᠎ᠠ ᠪᠠᠷ ᠮᠡᠳᠡᠬᠦᠯᠬᠦ ᠂ ᠡᠮᠡᠭᠲᠠᠢ ᠰᠤᠷᠤᠬᠴᠢᠳ ᠤᠨ ᠪᠠᠶᠢᠷᠢ ᠶᠢ ᠪᠢᠳᠡᠬᠦᠮᠵᠢᠯᠠᠨ ᠬᠠᠮᠢᠶᠡᠷᠬᠤ ᠵᠡᠷᠭᠡ ᠲᠦᠷᠢᠮ ᠢ ᠨᠠᠶᠢᠳᠠᠪᠦᠷᠢᠵᠢᠭᠤᠯᠬᠤ ᠶᠢ ᠠᠬᠢᠭᠤᠯᠪᠠ᠃ ᠵᠠᠷᠢᠮ ︽ᠮᠠᠭᠤ ᠠᠮᠢᠳᠠᠳ︾ᠰᠦᠯᠵᠢᠶᠠᠨ ᠲᠡᠭᠡᠷ᠎ᠠ ᠵᠤᠭᠤᠬᠳᠠᠬᠤ ᠪᠠᠷ ᠲᠠᠮᠵᠢᠭᠤᠯᠤᠨ ᠵᠢᠭᠠᠯ ᠦᠬᠢᠳ ᠢ ᠰᠦᠷᠳᠡᠬᠦᠯᠵᠤ ᠪᠠᠶᠢᠭᠠᠳ ᠨᠢᠴᠤᠬᠦᠨ ᠭᠡᠷᠡᠯ ᠵᠢᠷᠤᠭ ᠠᠪᠤᠭᠤᠯᠤᠨ ᠰᠦᠯᠵᠢᠶᠠᠨ ᠳᠡᠬᠡᠷ᠎ᠡ ᠭᠠᠷᠭᠠᠵᠤ᠂ ᠭᠡᠤᠭᠡᠳ ᠤᠨ ᠨᠡᠷ᠎ᠠ ᠬᠦᠨᠳᠤ ᠪᠠ ᠪᠡᠶ᠎ᠠ ᠰᠡᠳᠬᠢᠯ ᠤᠨ ᠡᠷᠡᠬᠦᠯ ᠮᠠᠨᠳᠤ ᠳᠤ ᠬᠦᠨᠳᠤ ᠨᠤᠴᠢᠲᠠᠢ ᠬᠤᠤᠷ ᠬᠦᠨᠤᠭᠡᠯ ᠤᠴᠠᠷᠠᠭᠤᠯᠵᠤ ᠪᠠᠶᠢᠬᠤ ᠪᠠᠶᠢᠳᠠᠯ ᠳᠤ ᠬᠠᠨᠳᠤᠭᠤᠯᠤᠨ᠂ ᠡᠰᠡᠷᠬᠦᠴᠡᠨ ᠵᠠᠭᠠᠯᠳᠤᠭᠠᠳ ᠦᠭᠡᠷᠡᠴᠢᠯᠡᠨ ᠲᠠᠰᠤᠯᠤᠬᠰᠠᠨ ᠨᠢᠬᠡᠨ ᠭᠡᠷᠡᠭ ᠢ ᠭᠡᠷᠡᠭ ᠤᠨ ᠵᠢᠱᠢᠶ᠎ᠠ ᠪᠤᠯᠭᠠᠵᠤ᠂ ᠪᠡᠶ᠎ᠠ ᠮᠠᠬᠠᠪᠤᠳ ᠲᠠᠢ ᠨᠢ ᠬᠦᠷᠦᠯᠴᠡᠭᠰᠡᠨ ᠦᠭᠡᠢ ᠱᠠᠯᠢᠬᠯᠠᠬᠰᠠᠨ ᠤᠢᠢᠯᠠ ᠠᠵᠢᠯᠯᠠᠭ᠎ᠠ ᠪᠤᠯᠤᠨ ᠭᠡᠤᠭᠡᠳ ᠤᠨ ᠪᠡᠶ᠎ᠠ ᠮᠠᠬᠠᠪᠤᠳ ᠲᠠᠢ ᠰᠢᠭᠤᠳ ᠬᠦᠷᠦᠯᠴᠡᠵᠤ ᠱᠠᠯᠢᠭᠯᠠᠬᠰᠠᠨ ᠤᠢᠢᠯᠠ ᠠᠵᠢᠯᠯᠠᠭ᠎ᠠ ᠶᠢ ᠠᠳᠠᠯᠢ ᠶᠠᠯ᠎ᠠ ᠪᠠᠷ ᠨᠡᠬᠡᠮᠵᠢᠯᠡᠨ ᠵᠠᠭᠠᠯᠳᠤᠬᠤ ᠵᠠᠷᠴᠢᠮ ᠢ ᠲᠤᠬᠳᠠᠭᠠᠪᠠ᠃ ᠰᠤᠷᠭᠠᠭᠤᠯᠢ ᠶᠢᠨ ᠬᠦᠷᠢᠶᠡᠨ ᠤ ᠬᠦᠴᠦᠷᠭᠡᠭᠯᠡᠯ ᠳᠤ ᠴᠢᠭᠯᠡᠬᠦᠯᠤᠨ ᠭᠡᠷᠡᠭ ᠤᠨ ᠵᠢᠱᠢᠶ᠎ᠠ ᠨᠠᠶᠢᠳᠡᠯᠡᠵᠤ᠂ ᠨᠠᠰᠤᠨ ᠳᠤ ᠬᠦᠷᠦᠭᠰᠡᠳ ᠨᠢ ᠨᠠᠰᠤᠨ ᠳᠤ ᠦᠯᠦ ᠬᠦᠷᠦᠭᠰᠡᠳ ᠤᠨ ᠨᠢᠯᠬ᠎ᠠ ᠪᠠᠭ᠎ᠠ ᠲᠤᠷᠤᠢ ᠪᠠᠭᠤᠷᠠᠢ ᠭᠡᠤᠭᠡᠳ ᠢ ᠲᠤᠷᠤᠮᠵᠢᠯᠠᠵᠤ ᠪᠠᠶᠢᠬᠤ ᠲᠠᠢ ᠲᠠᠭᠠᠷᠠᠯᠳᠤᠵᠤ᠂ ᠬᠤᠷᠢᠬᠯᠠᠭᠠᠳ ᠲᠤᠰᠠ ᠭᠠᠷᠬᠤ ᠦᠭᠡᠢ ᠪᠠᠶᠢᠳᠠᠯ ᠲᠤᠤᠷ᠎ᠠ᠂ ᠬᠦᠴᠦᠷᠭᠡᠭᠯᠡᠯ ᠶᠠᠪᠤᠭᠤᠯᠵᠤ ᠪᠠᠶᠢᠭ᠎ᠠ ᠬᠦᠮᠤᠨ ᠢ ᠡᠰᠡᠷᠬᠦᠴᠡᠨ ᠵᠦᠢ ᠶᠤᠰᠤᠨ ᠤ ᠬᠠᠮᠠᠭᠠᠯᠠᠯᠳᠠ ᠬᠢᠵᠤ ᠪᠤᠯᠤᠨ᠎ᠠ᠂ ᠤᠯᠵᠤ ᠦᠵᠡᠭᠰᠡᠨ ᠪᠠᠶᠢᠳᠠᠯ᠎ᠠ ᠬᠠᠮᠢᠶᠡᠷᠬᠤ ᠦᠭᠡᠢ ᠪᠠᠷ ᠵᠠᠶᠢᠯᠠᠵᠤ ᠶᠠᠪᠤᠵᠤ ᠪᠤᠯᠬᠤ ᠦᠭᠡᠢ ᠭᠡᠵᠤ ᠳᠤᠳᠤᠷᠬᠠᠢᠢᠯᠠᠪᠠ᠃ ︽ᠬᠠᠤᠯᠢ ᠪᠠᠷ ᠵᠠᠰᠠᠬᠤ ᠬᠦᠮᠤᠵᠢᠯ ᠢ ᠭᠡᠤᠭᠡᠳ ᠠᠴᠠ ᠡᠬᠢᠯᠡᠵᠤ ᠠᠳᠬᠤᠬᠤ︾ ᠶᠢ ᠨᠠᠶᠢᠳᠠᠪᠦᠷᠢᠵᠢᠭᠤᠯᠵᠤ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠲᠦᠷᠦᠬᠦᠯᠡᠨ ᠬᠢᠵᠤ᠂ ᠲᠦᠷᠪᠡᠨ ᠱᠠᠳᠤᠨ ᠤ ᠪᠠᠶᠢᠴᠠᠭᠠᠬᠤ ᠬᠤᠷᠢᠶ᠎ᠠ ᠶᠢᠨ 1796 ᠨᠡᠷᠡᠰ ᠪᠠᠶᠢᠴᠠᠭᠠᠬᠤ ᠲᠠᠷᠤᠭ᠎ᠠ ᠲᠤᠮᠳᠠᠳᠤ ᠪᠠᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ ᠠᠵᠢᠯ ᠢ ᠬᠠᠮᠢᠶᠡᠷᠬᠤ ᠲᠠᠳ᠋ ᠵᠠᠬᠢᠷᠤᠯ ᠤᠨ ᠲᠤᠰᠢᠶᠠᠯ ᠢ ᠬᠠᠪᠰᠤᠷᠭᠠᠪᠠ᠃ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠪᠠ ᠡᠯ᠎ᠠ ᠮᠤᠵᠢ ᠶᠢᠨ ᠱᠠᠳᠤᠨ ᠤ ᠪᠠᠶᠢᠴᠠᠭᠠᠬᠤ ᠬᠤᠷᠢᠶ᠎ᠠ ᠨᠠᠰᠤᠨ ᠳᠤ ᠦᠯᠦ ᠬᠦᠷᠦᠭᠰᠡᠳ ᠤᠨ ᠭᠡᠷᠡᠭ ᠪᠠᠶᠢᠴᠠᠭᠠᠬᠤ ᠪᠠᠶᠢᠭᠤᠯᠤᠮᠵᠢ ᠶᠢ ᠲᠤᠰᠬᠠᠢ ᠪᠠᠶᠢᠭᠤᠯᠵᠤ᠂ ᠨᠠᠮ ᠪᠠ ᠤᠯᠤᠰ ᠠᠴᠠ ᠨᠠᠰᠤᠨ ᠳᠤ ᠦᠯᠦ ᠬᠦᠷᠦᠭᠰᠡᠳ ᠢ ᠬᠠᠤᠯᠢ ᠪᠠᠷᠢᠯᠳᠠ ᠪᠠᠷ ᠬᠠᠮᠠᠭᠠᠯᠠᠬᠤ ᠶᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠪᠠ᠃
ᠭᠡᠷᠡᠭ ᠰᠢᠢᠳᠪᠤᠷᠢᠯᠡᠬᠦ ᠳᠤ ᠰᠠᠭᠤᠷᠢᠯᠠᠵᠤ ᠨᠡᠶᠢᠭᠡᠮ ᠤᠨ ᠵᠠᠰᠠᠯᠳᠠ ᠳᠤ ᠤᠷᠤᠯᠴᠠᠪᠠ᠃ ᠪᠠᠶᠢᠴᠠᠭᠠᠬᠤ ᠪᠠᠶᠢᠭᠤᠯᠭ᠎ᠠ ᠰᠢᠨ᠎ᠠ ᠴᠠᠭ ᠦᠶ᠎ᠠ ᠶᠢᠨ︽ᠹᠧᠩ ᠴᠢᠶᠤᠤ ᠶᠢᠨ ᠲᠤᠷᠰᠢᠯᠭ᠎ᠠ︾ ᠶᠢ ᠤᠢᠢᠯᠡᠳᠤᠯᠭᠡᠵᠢᠬᠦᠯᠬᠦ ᠳᠤ ᠂ ᠵᠦᠷᠢᠴᠡᠯ ᠢ ᠠᠷᠢᠯᠭᠠᠨ᠂ ᠭᠡᠷᠡᠭ ᠢ ᠰᠢᠬᠦᠨ ᠲᠠᠭᠤᠰᠬᠠᠵᠤ ᠤᠴᠢᠷ ᠶᠠᠪᠤᠳᠠᠯ ᠢ ᠲᠡᠭᠦᠰᠭᠡᠬᠦ ᠶᠢ ᠴᠢᠬᠤᠯᠠᠴᠢᠯᠠᠬᠤ ᠭᠡᠷᠡᠭᠳᠠᠢ᠂ ᠬᠠᠷᠢᠨ ᠵᠢᠷᠤᠮ ᠶᠤᠰᠤᠭᠠᠷ ᠭᠡᠷᠡᠭ ᠢ ᠲᠠᠭᠤᠰᠬᠠᠭᠠᠳ ᠵᠤᠭᠰᠤᠵᠤ ᠪᠤᠯᠬᠤ ᠦᠭᠡᠢ᠃ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠳᠤ ᠦᠨᠡᠨ ᠰᠡᠳᠬᠢᠯ ᠠᠴᠠ ᠪᠠᠨ ᠬᠠᠨᠳᠤᠵᠤ᠂ 7 ᠡᠳᠤᠷ ᠤᠨ ᠲᠤᠳᠤᠷ᠎ᠠ ᠵᠢᠷᠤᠮ ᠶᠤᠰᠤᠭᠠᠷ ᠬᠠᠷᠢᠭᠤᠯᠳᠠ ᠦᠭᠬᠦ ᠂ 3 ᠰᠠᠷ᠎ᠠ ᠶᠢᠨ ᠲᠤᠳᠤᠷ᠎ᠠ ᠰᠢᠢᠳᠪᠤᠷᠢᠯᠡᠬᠦ ᠶᠠᠪᠤᠴᠠ ᠪᠤᠶᠤ ᠦᠷ᠎ᠠ ᠳ᠋ᠦᠩ ᠤᠨ ᠲᠤᠬᠠᠢ ᠬᠠᠷᠢᠭᠤᠯᠳᠠ ᠦᠭᠬᠦ ᠲᠦᠷᠢᠮ ᠢ ᠲᠤᠬᠳᠠᠭᠠᠪᠠ᠃ ᠬᠦᠯᠢᠶᠠᠨ ᠠᠪᠴᠤ ᠰᠢᠢᠳᠪᠤᠷᠢᠯᠡᠬᠦ ᠨᠦᠬᠦᠴᠡᠯ ᠳᠤ ᠨᠡᠶᠢᠴᠡᠬᠦ ᠦᠭᠡᠢ ᠪᠤᠶᠤ ᠬᠢᠨᠠᠨ ᠪᠠᠶᠢᠴᠠᠭᠠᠬᠰᠠᠨ ᠤ ᠲᠠᠷᠠᠭ᠎ᠠ ᠭᠤᠮᠤᠳᠠᠯ ᠲᠤᠭᠠᠴᠢᠯᠳᠠ ᠶᠢ ᠨᠢ ᠦᠯᠦ ᠲᠡᠮᠵᠢᠭᠰᠡᠨ 58181 ᠬᠤᠪᠢ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠲᠤ᠂ ᠬᠠᠯᠠᠰᠢᠷᠠᠯ ᠦᠭᠡᠢ ᠪᠠᠷ ᠰᠡᠵᠢᠭ ᠢ ᠨᠢ ᠲᠠᠶᠢᠯᠵᠤ ᠲᠦᠭᠡᠷᠢᠭᠳᠡᠯ ᠠᠴᠠ ᠭᠠᠷᠭᠠᠵᠤ᠂ ᠲᠤᠬᠠᠢ ᠶᠢᠨ ᠬᠦᠮᠤᠨ ᠤ ᠢᠳᠡᠭᠡᠯ ᠪᠢᠰᠢᠷᠡᠯ ᠢ ᠤᠯᠪᠠ᠃︽ᠭᠡᠨ ᠬᠠᠤᠯᠢ ᠶᠢ ᠭᠡᠷᠡᠭᠵᠢᠬᠦᠯᠪᠠᠯ ᠭᠡᠨ ᠬᠠᠤᠯᠢ ᠴᠠᠭᠠᠵᠠ ᠶᠢᠨ ᠶᠡᠷᠤ ᠶᠢᠨ ᠮᠡᠳᠡᠯᠭᠡ ᠶᠢ ᠲᠦᠭᠡᠮᠡᠯᠵᠢᠬᠦᠯᠬᠦ︾ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠦᠷᠢᠵᠢᠭᠤᠯᠵᠤ᠂ ᠭᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠶᠢ ᠪᠤᠳᠠᠳᠠᠢ ᠨᠠᠶᠢᠳᠠᠪᠦᠷᠢᠵᠢᠭᠤᠯᠤᠨ᠂ ᠨᠠᠶᠢᠳᠠ 4 ᠪᠦᠯᠦᠭ 13 ᠬᠤᠪᠢ ᠵᠢᠯᠤᠭᠤᠳᠬᠤ ᠴᠢᠨᠠᠷᠳᠠᠢ ᠭᠡᠷᠡᠭ ᠤᠨ ᠵᠢᠱᠢᠶ᠎ᠠ ᠶᠢ ᠦᠬᠡᠷᠡᠴᠢᠯᠡᠨ ᠨᠠᠶᠢᠳᠠᠯᠠᠪᠠ᠃ ᠵᠠᠭᠤᠴᠢᠯᠠᠭᠤᠷ ᠤᠨ ᠬᠢᠨ︽ᠺᠦᠨᠱᠠᠨ ᠤ ᠭᠡᠳᠡᠷᠬᠦ ᠪᠠᠨ ᠠᠯᠠᠬᠳᠠᠬᠰᠠᠨ ᠭᠡᠷᠡᠭ︾ ᠢ ᠢᠯᠡᠷᠡᠬᠦᠯᠦᠭᠰᠡᠨ ᠤ ᠲᠠᠷᠠᠭ᠎ᠠ᠂ ᠵᠢᠶᠠᠩᠰᠤ ᠶᠢᠨ ᠪᠠᠶᠢᠴᠠᠭᠠᠬᠤ ᠪᠠᠶᠢᠭᠤᠯᠭ᠎ᠠ ᠶᠢ ᠵᠢᠯᠤᠭᠤᠳᠴᠤ ᠪᠠᠶᠢᠭᠠᠳ ᠤᠷᠢᠳᠴᠢᠯᠠᠨ ᠤᠷᠤᠯᠴᠠᠭᠤᠯᠵᠤ᠂ ᠭᠡᠷᠡᠭ ᠤᠨ ᠰᠢᠨᠵᠢ ᠴᠢᠨᠠᠷ ᠢ ᠲᠤᠬᠳᠠᠭᠠᠬᠤ ᠲᠠᠯ᠎ᠠ ᠪᠠᠷ ᠰᠠᠨᠠᠯ ᠲᠤᠷᠠᠳᠴᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠡᠷᠡᠭ ᠢ ᠬᠦᠴᠤᠨ ᠦᠭᠡᠢ ᠪᠤᠯᠭᠠᠬᠤ ᠶᠢ ᠨᠢ ᠲᠡᠮᠵᠢᠭᠰᠡᠨ ᠪᠦᠭᠡᠳ ᠵᠦᠢ ᠶᠤᠰᠤᠨ ᠤ ᠬᠠᠮᠠᠭᠠᠯᠠᠯᠳᠠ ᠬᠢᠭᠰᠡᠨ ᠨᠡᠶᠢᠳᠡᠯᠢᠭ ᠭᠡᠷᠡᠭ ᠤᠨ ᠵᠢᠱᠢᠶ᠎ᠠ ᠪᠤᠯᠭᠠᠨ ᠨᠠᠶᠢᠳᠡᠯᠡᠪᠠ︔ ᠹᠦᠵᠸᠤ ᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢ ᠵᠢᠯᠤᠭᠤᠳᠴᠤ ᠪᠠᠶᠢᠭᠠᠳ ᠵᠤᠤ ᠢᠤᠢ ᠶᠢᠨ ᠦᠨᠡᠨ ᠶᠤᠰᠤᠨ ᠤ ᠲᠦᠯᠦᠭᠡ ᠡᠷᠡᠯᠭᠡᠭ ᠢᠶᠠᠷ ᠲᠡᠮᠡᠴᠡᠭᠡᠳ ᠬᠠᠤᠯᠢ ᠪᠤᠰᠤ ᠪᠠᠷ ᠬᠠᠯᠳᠠᠬᠰᠠᠳ ᠢ ᠬᠦᠨᠳᠤ ᠰᠢᠷᠬᠠᠳᠤᠭᠤᠯᠤᠬᠰᠠᠨ ᠨᠢ ᠵᠦᠢ ᠶᠤᠰᠤᠨ ᠤ ᠬᠠᠮᠠᠭᠠᠯᠠᠯᠳᠠ ᠳᠤ ᠲᠤᠭᠠᠴᠠᠬᠳᠠᠵᠤ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠡᠬᠦᠷᠭᠡᠯᠡᠬᠦ ᠦᠭᠡᠢ ᠪᠠᠷ ᠮᠠᠭᠠᠳᠯᠠᠨ ᠲᠤᠬᠳᠠᠭᠠᠯᠭᠠᠵᠤ᠂ ᠬᠠᠤᠯᠢ ᠰᠠᠬᠢᠬᠴᠢ ᠨᠢ ᠬᠠᠤᠯᠢ ᠪᠤᠰᠤ ᠡᠳᠡᠭᠡᠳ ᠲᠤ ᠨᠠᠶᠢᠷ ᠲᠠᠯᠪᠢᠵᠤ ᠪᠤᠯᠬᠤ ᠦᠭᠡᠢ ᠭᠡᠳᠡᠭ ᠢ ᠮᠡᠳᠡᠭᠳᠡᠪᠠ᠃
ᠬᠤᠶᠠᠷ᠂ ᠵᠠᠷᠭᠤ ᠶᠢᠨ ᠠᠵᠢᠯᠯᠠᠭ᠎ᠠ ᠳᠤ ᠬᠠᠣᠯᠢ ᠴᠠᠭᠠᠵᠠ ᠶᠢᠨ ᠭᠢᠨᠠᠯᠳᠠ ᠲᠠᠯᠪᠢᠬᠤ ᠶᠢ ᠴᠢᠩᠭᠠᠳᠬᠠᠵᠤ᠂ ᠬᠠᠤᠯᠢ ᠪᠠᠷᠢᠯᠳᠠ ᠶᠢᠨ ᠲᠥᠪ ᠭᠤᠣᠯᠴᠢ ᠨᠡᠶᠢᠲᠡ ᠶᠢᠨ ᠢᠲᠡᠭᠡᠮᠵᠢ ᠶᠢ ᠬᠠᠮᠠᠭᠠᠯᠠᠪᠠ
ᠪᠠᠶᠢᠴᠠᠭᠠᠬᠤ ᠬᠢᠨᠠᠯᠳᠠ ᠨᠢ ᠲᠡᠭ ᠨᠡᠶᠢᠯᠡᠪᠦᠷᠢ ᠶᠢᠨ ᠦᠵᠡᠯᠴᠡᠭᠡᠨ ᠪᠢᠰᠢ᠂ ᠬᠢᠨᠠᠯᠳᠠ ᠳᠠᠯᠪᠢᠬᠤ ᠪᠤᠯᠤᠨ ᠬᠢᠨᠠᠯᠳᠠ ᠬᠦᠯᠢᠶᠡᠬᠦ ᠶᠢᠨ ᠬᠠᠷᠠᠯᠳᠠ ᠨᠢ ᠨᠢᠬᠡᠳᠦᠯᠳᠠᠢ ᠪᠠᠶᠢᠳᠠᠭ᠂ ᠳᠡᠳᠡᠬᠡᠷ ᠨᠢ ᠴᠦᠮ ᠠᠷᠠᠳ ᠲᠦᠮᠡᠨ ᠢᠶᠠᠷ ᠭᠤᠤᠯ ᠪᠤᠯᠭᠠᠬᠤ ᠶᠢ ᠦᠢᠯᠡᠳᠦᠯᠬᠡᠵᠢᠬᠦᠯᠵᠦ᠂ ᠬᠠᠤᠯᠢ ᠪᠠᠷᠢᠭᠰᠠᠨ ᠬᠡᠷᠡᠭ ᠨᠢᠭᠡᠪᠦᠷᠢ ᠠᠴᠠ ᠴᠦᠮ ᠳᠦᠪ ᠭᠤᠤᠯᠴᠢ ᠰᠢᠳᠤᠷᠭᠤ ᠶᠤᠰᠤ ᠶᠢ ᠠᠷᠠᠳ ᠤᠯᠠᠨ ᠳᠤ ᠮᠡᠳᠡᠷᠡᠬᠦᠯᠬᠦ ᠪᠠᠷ ᠴᠢᠷᠮᠡᠶᠢᠪᠠ᠃
ᠡᠷᠡᠬᠦᠦ ᠶᠢᠨ ᠵᠠᠷᠭᠤ ᠳᠤ ᠬᠢᠨᠠᠯᠳᠠ ᠲᠠᠯᠪᠢᠬᠤ ᠶᠢ ᠭᠦᠨᠵᠡᠭᠡᠶᠢᠷᠡᠭᠦᠯᠪᠠ᠃ ᠠᠭᠤᠴᠢᠯᠠᠨ ᠰᠢᠳᠭᠡᠬᠦ ᠪᠠ ᠴᠢᠩᠭ᠎ᠠ ᠰᠢᠳᠭᠡᠬᠦ ᠶᠢ ᠬᠤᠤᠰᠯᠠᠭᠤᠯᠬᠤ ᠡᠷᠡᠬᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠪᠠ᠃ ᠶᠠᠯ᠎ᠠ ᠬᠢᠭᠰᠡᠨ ᠰᠡᠵᠢᠭᠯᠡᠯᠳᠡᠢ ᠪᠤᠯᠪᠠᠴᠦ ᠪᠠᠷᠢᠪᠴᠢᠯᠠᠬᠤ ᠴᠢᠬᠤᠯᠠ ᠦᠭᠡᠢ 116452ᠬᠦᠮᠦᠨ ᠢ ᠦᠯᠦ ᠪᠠᠷᠢᠪᠴᠢᠯᠠᠬᠤ ᠪᠠᠷ ᠲᠤᠭᠳᠠᠭᠠᠵᠤ᠂ ᠶᠠᠯ᠎ᠠ ᠬᠢᠭᠰᠡᠨ ᠦᠢᠯᠡ ᠪᠠᠶᠢᠳᠠᠯ ᠨᠢ ᠬᠦᠡᠭᠭᠡᠪᠳᠦᠷ᠂ ᠬᠠᠤᠯᠢ ᠶᠤᠰᠤᠭᠠᠷ ᠡᠷᠡᠬᠦᠦ ᠰᠢᠳᠭᠡᠯ ᠢᠶᠠᠷ ᠰᠢᠳᠭᠡᠬᠦ ᠦᠬᠡᠢ ᠪᠠᠶᠢᠵᠤ ᠪᠤᠯᠬᠤ 102572ᠬᠦᠮᠦᠨ ᠢ ᠦᠯᠦ ᠵᠠᠭᠠᠯᠳᠤᠬᠤ ᠪᠠᠷ ᠲᠤᠭᠳᠠᠭᠠᠪᠠ᠂ ᠡ᠊ᠨᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 4.5%ᠪᠠ 25.5% ᠪᠠᠷ ᠨᠡᠮᠡᠭᠳᠡᠵᠠᠢ᠃ ᠶᠠᠯ᠎ᠠ ᠪᠠᠨ ᠮᠡᠳᠡᠷᠡᠭᠰᠡᠨ ᠪᠠ ᠰᠢᠳᠭᠡᠯ ᠢ ᠬᠦᠯᠢᠶᠡᠭᠰᠡᠨ ᠢ ᠠᠭᠤᠴᠢᠯᠠᠨ ᠰᠢᠳᠭᠡᠬᠦ ᠬᠡᠷᠡᠭ ᠢ ᠰᠢᠢᠳᠪᠦᠷᠢᠯᠡᠬᠦ ᠳᠤᠮᠳᠠ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠪᠠᠶᠢᠴᠠᠭᠠᠬᠤ ᠪᠠᠶᠢᠭᠤᠯᠭ᠎ᠠ ᠲᠤᠰ ᠳᠦᠷᠢᠮ ᠢ ᠬᠡᠷᠡᠭᠯᠡᠵᠦ ᠰᠢᠭᠦᠬᠦ ᠰᠠᠨᠠᠭᠤᠯᠭ᠎ᠠ ᠳᠤᠷᠠᠳᠤᠭᠰᠠᠨ ᠨᠢ 98.3% ᠶᠢ ᠡᠵᠡᠯᠡᠵᠦ᠂ ᠡᠷᠡᠭᠦᠦ ᠰᠢᠳᠭᠡᠯ ᠣᠨᠣᠭᠳᠠᠭᠤᠯᠬᠤ ᠰᠠᠨᠠᠭᠤᠯᠭ᠎ᠠ ᠶᠢ ᠬᠦᠯᠢᠶᠡᠨ ᠠᠪᠤᠭᠰᠠᠨ ᠨᠣᠷᠮ᠎ᠠ ᠨᠢ 96% ᠳᠤ ᠬᠦᠷᠪᠡ᠃ ᠬᠢᠯᠢᠰ ᠪᠤᠷᠤᠭᠤ ᠭᠡᠷᠡᠭ ᠢ ᠵᠠᠯᠠᠷᠠᠭᠤᠯᠵᠤ ᠰᠡᠷᠬᠡᠶᠢᠯᠡᠬᠦ ᠪᠠᠷ ᠴᠥᠬᠦᠷᠡᠰᠢ ᠦᠭᠡᠢ ᠴᠢᠷᠮᠡᠶᠢᠪᠠ᠃ ᠶᠠᠯ᠎ᠠ ᠪᠤᠯᠵᠤ ᠪᠦᠷᠢᠯᠳᠦᠭᠰᠡᠨ ᠦᠭᠡᠢ ᠪᠤᠶᠤ ᠭᠡᠷᠡᠴᠢ ᠪᠠᠷᠢᠮᠳᠠ ᠨᠢ ᠬᠦᠢᠴᠡᠳ ᠪᠤᠰᠤ 168458 ᠬᠦᠮᠦᠨ ᠢ ᠦᠯᠦ ᠪᠠᠷᠢᠪᠴᠢᠯᠠᠬᠤ᠂ 34398 ᠬᠦᠮᠦᠨ ᠢ ᠦᠯᠤ ᠵᠠᠭᠠᠯᠳᠤᠬᠤ ᠪᠠᠷ ᠲᠤᠭᠳᠠᠭᠠᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 15.9% ᠪᠠ 14.1% ᠪᠠᠷ ᠨᠡᠮᠡᠭᠳᠡᠵᠠᠢ᠃ ᠢᠯᠡᠷᠡᠬᠦᠯᠦᠭᠰᠡᠨ ᠬᠢᠯᠢᠰ ᠪᠤᠷᠤᠭᠤ ᠭᠡᠷᠡᠭ ᠲᠤ ᠡᠰᠡᠷᠭᠦᠴᠡᠨ ᠵᠡᠭᠠᠯᠳᠦᠬᠤ ᠵᠠᠭᠠᠯᠳᠤᠯᠭ᠎ᠠ᠂ ᠲᠡᠬᠢᠠ ᠰᠢᠭᠦᠯᠬᠡᠬᠦ ᠪᠠᠶᠢᠴᠠᠭᠠᠬᠤ ᠰᠠᠨᠠᠭᠤᠯᠭ᠎ᠠ ᠶᠢ ᠴᠠᠭ ᠳᠤᠬᠠᠢ ᠳᠤᠨᠢ ᠳᠤᠷᠠᠳᠴᠤ᠂ ᠵᠠᠯᠠᠷᠠᠭᠤᠯᠬᠤ ᠶᠢᠨ ᠬᠠᠮᠲᠤ ᠰᠤᠷᠭᠠᠮᠵᠢ ᠶᠢ ᠬᠦᠨᠵᠡᠭᠡᠢ ᠳ᠋ᠦᠡᠭᠨᠡᠪᠠ᠃ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠳᠠᠬᠢᠨ ᠰᠢᠬᠦᠯᠬᠡᠬᠦ ᠪᠠᠶᠢᠴᠠᠭᠠᠬᠤ ᠰᠠᠨᠠᠭᠤᠯᠭ᠎ᠠ ᠳᠤᠷᠠᠳᠤᠭᠰᠠᠨ ︽ᠯᠢ ᠶᠢᠨ ᠯᠢᠶᠠᠨ ᠤ ᠵᠤᠷᠢᠭᠤᠲᠠ ᠬᠦᠮᠦᠨ ᠠᠯᠠᠭᠰᠠᠨ ᠬᠡᠷᠡᠭ︾︽ᠽᠸᠦ ᠵᠢᠶᠦ᠋ᠨ ᠮᠢᠨ ᠤ ᠬᠣᠣᠷᠠᠲᠦ ᠡᠳ᠋ ᠫᠠᠨᠽᠠᠯᠠᠭᠰᠠᠨ ᠬᠡᠷᠡᠭ︾ ᠢ ᠴᠦᠮ ᠥᠭᠡᠷᠡᠴᠢᠯᠡᠨ ᠲᠠᠰᠤᠯᠪᠠ᠃ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠬᠤ᠂ ᠲᠤᠷᠰᠢᠨ ᠪᠠᠶᠢᠴᠠᠭᠠᠬᠤ᠂ ᠰᠢᠭᠦᠨ ᠲᠠᠰᠤᠯᠬᠤ ᠠᠵᠢᠯᠯᠠᠭ᠎ᠠ ᠳᠤ ᠬᠢᠨᠠᠯᠳᠡ ᠲᠠᠯᠪᠢᠬᠤ ᠶᠢ ᠴᠢᠩᠭᠠᠳᠬᠠᠪᠠ᠃ ᠬᠡᠷᠡᠭ ᠪᠠᠶᠢᠳᠠᠯ᠎ᠠ ᠬᠡᠷᠡᠭ ᠪᠣᠯᠭᠠᠨ ᠲᠠᠩᠰᠠᠯᠠᠭᠰᠠᠨ ᠥᠭᠡᠢ᠂ ᠶᠡᠯ᠎ᠠ ᠲᠠᠢ ᠪᠠᠶᠢᠳᠡᠯ᠎ᠠ ᠨᠡᠭᠡᠮᠵᠢᠯᠡᠭᠰᠡᠨ ᠤᠢᠭᠡᠢ ᠪᠤᠯᠤᠨ ᠵᠦᠢ ᠪᠤᠰᠤ ᠪᠠᠷ ᠬᠡᠷᠡᠭ ᠪᠤᠯᠭᠠᠨ ᠲᠠᠩᠰᠠᠯᠠᠭᠰᠠᠨ᠂ ᠡᠷᠬᠡ ᠠᠴᠠ ᠪᠠᠨ ᠳᠠᠪᠠᠵᠤ ᠬᠠᠮᠢᠶᠠᠷᠤᠨ ᠬᠠᠷᠢᠶᠠᠯᠠᠭᠰᠠᠨ ᠵᠡᠷᠬᠡ ᠠᠰᠠᠭᠤᠳᠠᠯ ᠢ ᠴᠢᠩᠭ᠎ᠠ ᠮᠦᠷᠳᠡᠵᠦ᠂ ᠲᠤᠷᠰᠢᠨ ᠪᠠᠶᠢᠴᠠᠭᠠᠬᠤ ᠪᠠᠶᠢᠭᠤᠯᠭ᠎ᠠ ᠶᠢ ᠰᠢᠪᠠᠳᠠᠵᠦ ᠪᠠᠶᠢᠭᠠᠳ 22215ᠬᠡᠷᠡᠭ ᠢ ᠬᠡᠷᠡᠭ ᠪᠣᠯᠭᠠᠨ ᠳᠠᠩᠰᠠᠯᠠᠭᠤᠯᠵᠤ ᠂ 18385ᠭᠡᠷᠡᠭ ᠢ ᠭᠦᠴᠦᠨ ᠦᠭᠡᠢ ᠪᠣᠯᠭᠠᠭᠤᠯᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 19.5%ᠪᠠ 32% ᠢᠶᠠᠷ ᠨᠡᠮᠡᠭᠳᠡᠵᠠᠢ︔ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠪᠤᠰᠤ ᠪᠠᠷ ᠬᠡᠷᠡᠴᠢ ᠠᠪᠤᠭᠰᠠᠨ᠂ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠶᠢ ᠵᠤᠬᠢᠰ ᠦᠬᠡᠢ ᠬᠡᠷᠡᠭᠯᠡᠭᠰᠡᠨ ᠵᠡᠷᠬᠡ ᠪᠠᠶᠢᠳᠠᠯ ᠤᠨ ᠲᠤᠬᠠᠢ ᠵᠠᠯᠠᠷᠠᠭᠤᠯᠬᠤ ᠰᠠᠨᠠᠯ ᠢ 58744 ᠬᠤᠪᠢ ᠤᠳᠠᠭ᠎ᠠ ᠪᠢᠴᠢᠭ ᠢᠶᠠᠷ ᠲᠤᠷᠠᠳᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 22.8% ᠪᠠᠷ ᠨᠡᠮᠡᠭᠳᠠᠵᠠᠢ᠃ ᠦᠨᠡᠭᠡᠷ ᠪᠤᠷᠤᠭᠤ ᠲᠠᠢ ᠬᠡᠵᠤ ᠦᠵᠡᠭᠰᠡᠨ ᠡᠷᠡᠬᠦᠦ ᠶᠢᠨ ᠬᠡᠷᠡᠭ ᠤᠨ ᠳᠠᠰᠤᠯᠤᠨ ᠳᠤᠭᠳᠠᠭᠠᠯᠳᠠ ᠳᠤ 8504ᠬᠤᠪᠢ ᠡᠰᠡᠷᠬᠦᠴᠡᠨ ᠵᠠᠭᠠᠯᠳᠤᠬᠤ ᠵᠠᠭᠠᠯᠳᠤᠯᠭ᠎ᠠ ᠳᠤᠷᠠᠳᠴᠤ ᠂ ᠰᠢᠬᠦᠬᠦ ᠬᠤᠷᠢᠶ᠎ᠠ ᠨᠢᠬᠡᠨᠳᠠ 5244ᠬᠡᠷᠡᠭ ᠢ ᠥᠭᠡᠷᠡᠴᠢᠯᠡᠨ ᠲᠠᠰᠤᠯᠤᠬᠰᠠᠨ ᠪᠠ ᠡᠷᠬᠢᠵᠦ ᠰᠢᠭᠦᠯᠭᠡᠬᠦ ᠪᠠᠷ ᠪᠤᠴᠠᠭᠠᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 7.2% ᠪᠠ 8.4% ᠪᠠᠷ ᠨᠡᠮᠡᠭᠳᠡᠵᠠᠢ︔ ᠡᠷᠡᠭᠦᠦ ᠶᠢᠨ ᠬᠡᠷᠡᠭ ᠤᠨ ᠭᠦᠢᠴᠡᠳᠬᠡᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠡᠷᠡᠭᠦᠦ ᠰᠢᠳᠭᠡᠯ ᠢ ᠨᠢ ᠬᠦᠡᠭᠭᠡᠷᠡᠭᠦᠯᠦᠭᠰᠡᠨ᠂ ᠲᠡᠩᠰᠡᠨ ᠰᠤᠯᠠᠯᠠᠬᠰᠠᠨ᠂ ᠬᠢᠨᠳᠡᠨ ᠤ ᠭᠠᠳᠠᠨ᠎ᠠ ᠲᠦᠷ ᠬᠦᠢᠴᠡᠳᠭᠡᠬᠦᠯᠦᠭᠰᠡᠨ ᠨᠢ ᠵᠤᠬᠢᠰ ᠦᠭᠡᠢ ᠬᠡᠷᠡᠭ ᠢ 39287 ᠬᠦᠮᠦᠨ ᠤᠳᠠᠭ᠎ᠠ ᠬᠢᠨᠡᠵᠤ ᠵᠠᠯᠠᠷᠠᠭᠤᠯᠤᠭᠤᠯᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 38.9% ᠪᠠᠷ ᠨᠡᠮᠡᠭᠳᠡᠵᠠᠢ︔ ᠰᠢᠭᠦᠯᠲᠡ ᠶᠢᠨ ᠡᠮᠦᠨ᠎ᠡ᠂ ᠰᠢᠭᠦᠯᠲᠡ ᠶᠢᠨ ᠳᠤᠮᠳᠠ ᠦᠷᠭᠦᠯᠵᠢᠯᠡᠨ ᠳᠠᠷᠤᠬᠤ ᠦᠭᠡᠢ ᠪᠠᠶᠢᠵᠤ ᠪᠣᠯᠬᠤ ᠳᠤᠨᠢ ᠰᠤᠯᠠᠯᠠᠬᠤ ᠪᠤᠶᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠤᠪᠢᠷᠠᠭᠤᠯᠬᠤ ᠰᠠᠨᠠᠭᠤᠯᠭ᠎ᠠ ᠳᠤᠷᠠᠳᠴᠤ ᠂ ᠬᠡᠷᠡᠭ ᠰᠢᠢᠳᠪᠦᠷᠢᠯᠡᠬᠦ ᠨᠢᠭᠡᠴᠢ 64106 ᠬᠤᠪᠢ ᠶᠢ ᠨᠢ ᠬᠦᠯᠢᠶᠡᠨ ᠠᠪᠤᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠵᠠᠢ︔ ᠪᠣᠳᠠᠲᠤ ᠡᠷᠡᠭᠦᠦ ᠪᠠᠷ ᠰᠢᠳᠭᠡᠭᠳᠡᠬᠦ ᠶᠠᠯᠠᠲᠠᠨ ᠤ ᠡᠷᠡᠬᠦᠦ ᠰᠢᠳᠭᠡᠯ ᠬᠦᠢᠴᠡᠳᠬᠡᠭᠰᠡᠨ ᠦᠬᠡᠢ ᠪᠠᠶᠢᠳᠠᠯ ᠲᠠᠢ 3031 ᠬᠦᠮᠦᠨ ᠢ ᠵᠠᠯᠠᠷᠠᠭᠤᠯᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠵᠠᠢ︔ ᠡᠳ᠋ ᠬᠦᠷᠦᠩᠬᠡ ᠶᠢᠨ ᠡᠷᠡᠭᠦᠦ ᠬᠦᠢᠴᠡᠳᠬᠡᠯᠳᠠ ᠳᠤ ᠳᠠᠯᠪᠢᠬᠤ ᠳᠤᠰᠬᠠᠢ ᠬᠢᠨᠠᠯᠳᠠ ᠶᠢ ᠭᠦᠨᠵᠡᠭᠡᠶᠢᠷᠡᠭᠦᠯᠦᠨ᠂ 31464ᠬᠤᠪᠢ ᠵᠠᠯᠠᠷᠠᠭᠤᠯᠬᠤ ᠰᠠᠨᠠᠯ ᠢ ᠪᠢᠴᠢᠭ ᠢᠶᠠᠷ ᠲᠤᠷᠠᠳᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 33% ᠪᠠᠷ ᠨᠡᠮᠡᠭᠳᠡᠵᠠᠢ ᠂ 28052ᠬᠤᠪᠢ ᠬᠦᠢᠴᠡᠳᠬᠡᠯᠳᠠ ᠶᠢ ᠠᠬᠢᠭᠤᠯᠵᠤ ᠂ ᠭᠦᠢᠴᠡᠳᠬᠡᠵᠦ ᠳᠠᠭᠤᠰᠬᠠᠭᠰᠠᠨ ᠵᠤᠭᠤᠰᠤᠨ ᠤ ᠲᠤᠭ᠎ᠠ 5.5ᠳ᠋ᠦᠩᠰᠢᠭᠤᠷ ᠲᠦᠭᠦᠷᠢᠭ ᠲᠤ ᠬᠦᠷᠪᠡ︔ ᠨᠡᠶᠢᠭᠡᠮ ᠲᠤᠭᠤᠷᠢᠭ ᠲᠤ ᠡᠷᠡᠬᠦᠦ ᠰᠢᠳᠭᠡᠯ ᠬᠦᠢᠴᠡᠳᠭᠡᠵᠦ ᠪᠠᠶᠢᠬᠤ ᠬᠦᠮᠦᠰ ᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠬᠠᠮᠢᠶᠠᠷᠤᠯᠳᠠ ᠠᠴᠠ ᠮᠤᠯᠲᠤᠷᠠᠵᠤ ᠬᠠᠮᠢᠶᠠᠷᠤᠯᠳᠠ ᠠᠴᠠ ᠭᠤᠭᠤᠵᠢᠭᠳᠠᠬᠤ ᠪᠠᠶᠢᠳᠠᠯ ᠢ ᠴᠦᠭᠡᠷᠡᠭᠦᠯᠵᠤ᠂ ᠨᠢᠳᠤᠨᠤᠨ 4439 ᠬᠦᠮᠦᠨ ᠢ ᠵᠠᠯᠠᠷᠠᠭᠤᠯᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 36.8% ᠪᠠᠷ ᠪᠠᠭᠤᠷᠠᠵᠠᠢ᠃ ᠯᠢᠩᠶᠤᠸᠠᠨ ᠤ ᠭᠤᠷᠪᠠᠳᠤᠭᠠᠷ ᠬᠢᠨᠳᠠᠨ ᠤ ᠶᠠᠯᠠᠳᠠᠨ ᠤ ᠤᠷᠭᠤᠨ ᠲᠤᠳᠠᠭᠠᠭᠰᠠᠨ ᠭᠡᠷᠡᠭ ᠶᠠᠪᠤᠳᠠᠯ ᠠᠴᠠ ᠢᠯᠡᠷᠡᠬᠦᠯᠦᠭᠰᠡᠨ ᠲᠤᠮᠢᠯᠠᠨ ᠰᠠᠭᠤᠯᠭᠠᠵᠤ ᠬᠢᠨᠠᠯᠲᠠ ᠲᠠᠯᠪᠢᠬᠤ ᠳᠠᠭᠠᠨ ᠰᠡᠷᠭᠡᠭ ᠴᠢᠨᠠᠷ ᠢᠶᠠᠷ ᠴᠢᠩᠭ᠎ᠠ ᠪᠢᠰᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ 12 ᠮᠤᠵᠢ ᠤᠷᠤᠨ ᠳᠤ ᠬᠢᠨᠳᠠᠨ ᠢ ᠲᠤᠭᠤᠷᠢᠨ ᠪᠠᠶᠢᠴᠠᠭᠠᠬᠤ ᠦᠭᠡᠷᠡᠴᠢᠯᠡᠯᠲᠡ ᠶᠢᠨ ᠲᠤᠷᠰᠢᠯᠲᠠ ᠶᠢᠨ ᠲᠤᠷᠰᠢᠯᠭ᠎ᠠ ᠶᠢ ᠳ᠋ᠦᠩᠨᠡᠵᠦ᠂ ᠵᠠᠰᠠᠨ ᠲᠤᠭᠲᠠᠭᠠᠭᠰᠠᠨ ᠤ ᠲᠠᠷᠠᠭᠠᠬᠢ ᠠᠷᠠᠳ ᠤᠨ ᠪᠠᠶᠢᠴᠠᠭᠠᠬᠤ ᠬᠤᠷᠢᠶᠠᠨ ᠤ ᠵᠤᠬᠢᠶᠠᠨ ᠪᠠᠶᠢᠭᠤᠯᠬᠤ ᠬᠠᠤᠯᠢ ᠳᠤ ︽ᠲᠤᠮᠢᠯᠠᠨ ᠰᠠᠭᠤᠯᠭᠠᠬᠤ + ᠲᠤᠭᠤᠷᠢᠨ ᠪᠠᠶᠢᠴᠠᠭᠠᠬᠤ︾ ᠪᠠᠶᠢᠴᠠᠭᠠᠯᠲᠠ ᠶᠢᠨ ᠠᠷᠭ᠎ᠠ ᠬᠡᠯᠪᠡᠷᠢ ᠶᠢ ᠲᠤᠳᠤᠷᠬᠠᠢ ᠲᠤᠭᠲᠠᠭᠠᠪᠠ᠃
ᠢᠷᠭᠡᠨ ᠤ ᠵᠠᠷᠭᠤ ᠳᠤ ᠬᠢᠨᠠᠯᠲᠠ ᠲᠠᠯᠪᠢᠬᠤ ᠶᠢ ᠴᠢᠬᠤᠯᠠᠴᠢᠯᠠᠪᠠ᠃ ᠢᠷᠭᠡᠨ ᠤ ᠬᠡᠷᠡᠭ ᠤᠨ ᠡᠰᠡᠷᠬᠦᠴᠡᠨ ᠵᠠᠭᠠᠯᠳᠤᠬᠤ ᠵᠠᠭᠠᠯᠳᠤᠯᠭ᠎ᠠ ᠶᠢ ᠨᠠᠷᠢᠯᠢᠭ ᠤᠨᠤᠴᠠᠲᠠᠢ ᠪᠠᠶᠢᠯᠭᠠᠬᠤ ᠪᠠᠷ ᠴᠢᠷᠮᠠᠶᠢᠪᠠ᠃ ᠬᠠᠤᠯᠢ ᠪᠠᠷᠢᠬᠤ ᠤᠢᠢᠯᠠᠭᠠᠭᠳᠠᠬᠤᠨ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ᠂ ᠬᠠᠤᠯᠢ ᠴᠠᠭᠠᠵᠠ ᠶᠢᠨ ᠬᠡᠷᠡᠭᠯᠡᠯᠲᠡ ᠶᠢᠨ ᠲᠠᠯ᠎ᠠ ᠪᠠᠷ ᠰᠢᠨ᠎ᠡ ᠶᠢ ᠡᠬᠦᠳᠬᠦ ᠪᠠ ᠬᠦᠲᠦᠯᠦᠨ ᠲᠠᠭᠠᠭᠤᠯᠬᠤ ᠦᠷᠲᠡᠭ ᠲᠠᠢ ᠨᠡᠶᠢᠳᠡᠯᠢᠭ ᠬᠡᠷᠡᠭ ᠲᠤ ᠠᠩᠬᠠᠷᠤᠯ ᠢᠶᠠᠨ ᠲᠥᠪᠯᠡᠷᠡᠭᠦᠯᠵᠦ ᠂ ᠡᠰᠡᠷᠭᠦᠴᠡᠨ ᠵᠠᠭᠠᠯᠳᠤᠬᠤ ᠪᠠᠷ ᠳᠠᠮᠵᠢᠨ ᠠᠳᠠᠯᠢ ᠲᠦᠷᠦᠯ ᠤᠨ ᠬᠡᠷᠡᠭ ᠲᠤ ᠵᠢᠯᠤᠭᠤᠳᠬᠤ ᠦᠢᠯᠡᠳᠦᠯ ᠢ ᠪᠠᠳᠠᠷᠠᠭᠤᠯᠵᠤ ᠂ ᠦᠨᠡᠬᠡᠷ ᠪᠤᠷᠤᠭᠤ ᠲᠠᠢ ᠪᠤᠰᠤᠳ ᠣᠨᠴᠠᠭᠠᠢ ᠬᠡᠷᠡᠭ ᠢ ᠪᠠᠶᠢᠴᠠᠭᠠᠬᠤ ᠰᠠᠨᠠᠭᠤᠯᠭ᠎ᠠ ᠵᠡᠷᠭᠡ ᠠᠷᠭ᠎ᠠ ᠬᠡᠯᠪᠡᠷᠢ ᠪᠠᠷ ᠵᠠᠯᠠᠷᠠᠭᠤᠯᠬᠤ ᠶᠢ ᠠᠬᠢᠭᠤᠯᠪᠠ᠃ ᠢᠷᠭᠡᠨ ᠤ ᠬᠡᠷᠡᠭ ᠤᠨ ᠡᠰᠡᠷᠬᠦᠴᠡᠨ ᠵᠠᠭᠠᠯᠳᠤᠬᠤ ᠵᠠᠭᠠᠯᠳᠤᠯᠭ᠎ᠠ ᠶᠢ ᠨᠡᠶᠢᠲᠡ 3933 ᠬᠤᠪᠢ ᠲᠤᠷᠠᠳᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 25.1% ᠪᠠᠷ ᠨᠡᠮᠡᠭᠳᠡᠵᠡᠢ ᠂ ᠰᠢᠬᠦᠬᠦ ᠬᠤᠷᠢᠶ᠎ᠠ ᠠᠴᠠ ᠨᠢᠭᠡᠨᠲᠡ 1982 ᠬᠤᠪᠢ ᠶᠢ ᠨᠢ ᠰᠢᠬᠦᠨ ᠲᠠᠭᠤᠰᠬᠠᠵᠤ ᠂ ᠲᠡᠬᠦᠨ ᠤ ᠳᠤᠳᠤᠷᠠᠬᠢ ᠦᠭᠡᠷᠡᠴᠢᠯᠡᠨ ᠲᠠᠰᠤᠯᠤᠭᠰᠠᠨ ᠂ ᠡᠷᠬᠢᠵᠤ ᠰᠢᠬᠦᠯᠭᠡᠬᠦ ᠪᠠᠷ ᠪᠤᠴᠠᠭᠠᠭᠰᠠᠨ᠂ ᠡᠶᠡᠳᠡᠬᠦᠯᠦᠭᠰᠡᠨ᠂ ᠡᠶᠡᠳᠡᠵᠤ ᠵᠠᠭᠠᠯᠳᠤᠯᠭ᠎ᠠ ᠪᠠᠨ ᠪᠤᠴᠠᠭᠠᠭᠰᠠᠨ ᠨᠢ 1499 ᠬᠤᠪᠢ ᠬᠦᠷᠴᠠᠢ︔ 4087 ᠬᠤᠪᠢ ᠲᠠᠬᠢᠨ ᠰᠢᠬᠦᠯᠭᠡᠬᠦ ᠪᠠᠶᠢᠴᠠᠭᠠᠬᠤ ᠰᠠᠨᠠᠭᠤᠯᠭ᠎ᠠ ᠲᠤᠷᠠᠳᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 32.1% ᠪᠠᠷ ᠨᠡᠮᠡᠭᠳᠡᠵᠡᠢ ᠂ ᠰᠢᠬᠦᠬᠦ ᠬᠤᠷᠢᠶ᠎ᠠ ᠠᠴᠠ ᠨᠢᠭᠡᠨᠲᠡ 2132 ᠬᠤᠪᠢ ᠶᠢᠨ ᠬᠢᠨᠢ ᠲᠠᠬᠢᠨ ᠰᠢᠭᠦᠬᠦ ᠵᠢᠷᠤᠮ ᠢ ᠡᠬᠢᠯᠡᠭᠦᠯᠪᠡ᠃ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠠᠴᠠ 33 ᠬᠤᠪᠢ ᠨᠡᠶᠢᠳᠡᠯᠢᠭ ᠬᠡᠷᠡᠭ ᠲᠤ ᠡᠰᠡᠷᠬᠦᠴᠡᠨ ᠵᠠᠭᠠᠯᠳᠤᠬᠤ ᠵᠠᠭᠠᠯᠳᠤᠯᠭ᠎ᠠ ᠲᠤᠷᠠᠳᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠵᠠᠢ᠃ ᠬᠢᠨᠠᠯᠲᠠ ᠲᠠᠯᠪᠢᠬᠤ ᠬᠡᠷᠡᠭ ᠤᠨ ᠲᠤᠰᠬᠠᠭᠰᠠᠨ ᠢᠷᠭᠡᠨ ᠤ ᠬᠡᠷᠡᠭ ᠤᠨ ᠠᠯᠪᠠᠨ ᠵᠡᠷ ᠤᠨ ᠬᠦᠷᠭᠡᠯᠲᠡ ᠨᠢ ᠵᠢᠷᠤᠮᠵᠢᠭᠤᠨ ᠪᠤᠰᠤ ᠪᠠᠶᠢᠬᠤ ᠠᠰᠠᠭᠤᠳᠠᠯ ᠤᠨ ᠲᠤᠬᠠᠢ ᠠᠷᠠᠳ ᠤᠨ ᠲᠡᠭᠡᠳᠤ ᠰᠢᠬᠦᠬᠦ ᠬᠤᠷᠢᠶ᠎ᠠ ᠳᠤ ᠪᠠᠶᠢᠴᠠᠭᠠᠬᠤ ᠰᠠᠨᠠᠭᠤᠯᠭ᠎ᠠ ᠭᠠᠷᠭᠠᠭᠠᠳ ᠢᠳᠡᠪᠬᠢᠲᠠᠢ ᠬᠠᠷᠢᠭᠤ ᠤᠯᠪᠠ ᠃ ᠬᠤᠳᠠᠯ ᠬᠠᠭᠤᠷᠮᠠᠭ ᠵᠠᠷᠭᠤ ᠶᠢ ᠴᠢᠩᠭ᠎ᠠ ᠰᠢᠳᠭᠡᠪᠡ ᠃ ᠠᠷᠠᠳ ᠤᠨ ᠲᠡᠭᠡᠳᠤ ᠰᠢᠬᠦᠬᠦ ᠬᠤᠷᠢᠶ᠎ᠠ ᠲᠠᠢ ᠬᠠᠮᠳᠤᠷᠠᠨ ᠬᠤᠯᠪᠤᠭᠳᠠᠯ ᠪᠦᠬᠦᠢ ᠬᠠᠤᠯᠢ ᠪᠠᠷᠢᠬᠤ ᠲᠠᠶᠢᠯᠪᠤᠷᠢᠯᠠᠯᠲᠠ ᠲᠤᠭᠲᠠᠭᠠᠵᠤ ᠂ 1484 ᠬᠤᠪᠢ ︽ᠬᠠᠭᠤᠷᠮᠠᠭ ᠵᠠᠷᠭᠤ︾ ᠶᠢ ᠬᠢᠨᠠᠵᠤ ᠵᠠᠯᠠᠷᠠᠭᠤᠯᠤᠭᠤᠯᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 48.4% ᠪᠠᠷ ᠨᠡᠮᠡᠭᠳᠡᠵᠠᠢ︔ 500 ᠶᠠᠯ᠎ᠠ ᠬᠢᠭᠰᠡᠨ ᠰᠡᠵᠢᠭᠯᠡᠯᠲᠠᠢ ᠬᠦᠮᠦᠨ ᠢ ᠵᠠᠭᠠᠯᠳᠤᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 55.3% ᠪᠠᠷ ᠨᠡᠮᠡᠭᠳᠡᠵᠠᠢ᠃ ᠰᠢᠬᠦᠬᠦ ᠬᠤᠷᠢᠶ᠎ᠠ ᠶᠢᠨ ᠬᠠᠤᠯᠢ ᠶᠤᠰᠤᠭᠠᠷ ᠬᠦᠢᠴᠡᠳᠭᠡᠬᠦ ᠳᠤ ᠬᠢᠨᠠᠯᠲᠠ ᠲᠠᠯᠪᠢᠵᠤ ᠂ ᠲᠡᠮᠵᠢᠯᠭᠡ ᠦᠵᠡᠬᠦᠯᠪᠡ᠃ ᠰᠤᠩᠭᠤᠯᠲᠠ ᠶᠢᠨ ᠴᠢᠨᠠᠷᠲᠠᠢ ᠬᠦᠢᠴᠡᠳᠭᠡᠭᠰᠡᠨ᠂ ᠬᠡᠪᠴᠢᠶ᠎ᠡ ᠠᠴᠠ ᠲᠠᠪᠠᠵᠤ ᠪᠠᠶᠢᠴᠠᠭᠠᠨ ᠪᠢᠳᠡᠬᠦᠮᠵᠢᠯᠡᠵᠤ ᠲᠠᠷᠤᠵᠤ ᠠᠪᠤᠭᠰᠠᠨ ᠵᠡᠷᠭᠡ ᠬᠠᠤᠯᠢ ᠠᠴᠠ ᠵᠦᠷᠢᠴᠡᠭᠰᠡᠨ ᠪᠠᠶᠢᠳᠠᠯ ᠳᠤ 23814 ᠬᠤᠪᠢ ᠪᠠᠶᠢᠴᠠᠭᠠᠬᠤ ᠰᠠᠨᠠᠭᠤᠯᠭ᠎ᠠ ᠲᠤᠷᠠᠳᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠵᠠᠢ︔ ᠲᠠᠰᠤᠯᠤᠯᠲᠠ ᠲᠤᠭᠲᠠᠭᠠᠯᠲᠠ ᠶᠢ ᠬᠦᠢᠴᠡᠳᠭᠡᠬᠦ ᠶᠢ ᠲᠡᠪᠴᠢᠭᠰᠡᠨ ᠦᠢᠯᠡ ᠪᠠᠶᠢᠳᠠᠯ ᠨᠢ ᠬᠦᠨᠳᠤ ᠨᠤᠴᠢᠲᠠᠢ ᠪᠠᠶᠢᠬᠤ 2376 ᠬᠦᠮᠦᠨ ᠢ ᠪᠠᠷᠢᠪᠴᠢᠯᠠᠬᠤ ᠶᠢ ᠵᠦᠪᠰᠢᠶᠡᠷᠡᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 36.9% ᠪᠠᠷ ᠨᠡᠮᠡᠭᠳᠡᠵᠠᠢ᠃
ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠦᠨᠡᠬᠡᠷ ᠪᠤᠷᠤᠭᠤ ᠲᠠᠢ ᠭᠡᠵᠦ ᠦᠵᠡᠭᠰᠡᠨ ᠵᠠᠰᠠᠭ ᠵᠠᠬᠢᠷᠭᠠᠨ ᠤ ᠲᠠᠰᠤᠯᠤᠯᠲᠠ᠂ ᠲᠠᠰᠤᠯᠤᠨ ᠲᠣᠭᠲᠠᠭᠠᠯᠲᠠ ᠳᠤ 117 ᠬᠤᠪᠢ ᠡᠰᠡᠷᠬᠦᠴᠡᠨ ᠵᠠᠭᠠᠯᠳᠤᠬᠤ ᠵᠠᠭᠠᠯᠳᠤᠯᠭ᠎ᠠ ᠲᠤᠷᠠᠳᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 15.8% ᠪᠠᠷ ᠪᠠᠭᠤᠷᠠᠵᠠᠢ︔ 90 ᠬᠤᠪᠢ ᠲᠠᠬᠢᠨ ᠰᠢᠬᠦᠯᠭᠡᠬᠦ ᠪᠠᠶᠢᠴᠠᠭᠠᠬᠤ ᠰᠠᠨᠠᠭᠤᠯᠭ᠎ᠠ ᠲᠤᠷᠠᠳᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 50% ᠪᠠᠷ ᠨᠡᠮᠡᠭᠳᠡᠵᠠᠢ᠃ ᠭᠠᠵᠠᠷ ᠲᠠᠳᠠᠪᠤᠷᠢᠯᠠᠨ ᠨᠤᠷᠠᠭᠠᠵᠤ ᠨᠡᠬᠦᠯᠭᠡᠬᠦ᠂ ᠨᠡᠶᠢᠭᠡᠮ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠬᠡᠷᠡᠭ ᠲᠤ ᠭᠤᠤᠯᠳᠠᠯᠭ᠎ᠠ ᠲᠠᠢ ᠪᠠᠷ ᠬᠢᠨᠠᠯᠲᠠ ᠲᠠᠯᠪᠢᠵᠠᠢ᠃ ᠵᠠᠰᠠᠭ ᠵᠠᠬᠢᠷᠭᠠᠨ ᠤ ᠵᠠᠷᠭᠤ ᠶᠢᠨ ᠪᠤᠰᠤ ᠬᠦᠢᠴᠡᠳᠭᠡᠯᠳᠠ ᠳᠤ ᠲᠤᠰᠬᠠᠢ ᠬᠢᠨᠠᠯᠲᠠ ᠦᠷᠨᠢᠬᠦᠯᠵᠤ ᠂ ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠢᠪᠠᠳᠠᠨ ᠠᠯᠪᠠᠳᠠᠨ ᠬᠦᠢᠴᠡᠳᠭᠡᠬᠦᠯᠬᠦ ᠪᠠᠷ ᠬᠠᠤᠯᠢ ᠶᠤᠰᠤᠭᠠᠷ ᠭᠤᠶᠤᠴᠢᠯᠠᠭᠤᠯᠵᠤ᠂ ᠰᠢᠬᠦᠬᠦ ᠬᠤᠷᠢᠶᠠᠨ ᠤ ᠬᠠᠤᠯᠢ ᠶᠤᠰᠤᠭᠠᠷ ᠬᠢᠨᠠᠨ ᠪᠠᠶᠢᠴᠠᠭᠠᠵᠤ ᠰᠢᠢᠳᠪᠦᠷᠢᠯᠡᠬᠦ ᠳᠤ ᠬᠢᠨᠠᠯᠲᠠ ᠲᠠᠯᠪᠢᠵᠤ ᠂ 6528 ᠬᠤᠪᠢ ᠪᠠᠶᠢᠴᠠᠭᠠᠬᠤ ᠰᠠᠨᠠᠭᠤᠯᠭ᠎ᠠ ᠲᠤᠷᠠᠳᠴᠦ ᠂ 5117 ᠬᠤᠪᠢ ᠶᠢ ᠨᠢ ᠨᠢᠭᠡᠨᠲᠡ ᠬᠦᠯᠢᠶᠡᠨ ᠠᠪᠴᠠᠢ᠃
ᠬᠠᠤᠯᠢ ᠪᠠᠷᠢᠬᠤ ᠠᠵᠢᠯᠲᠠᠨ ᠤ ᠡᠷᠭᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠳᠤ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠪᠡ᠃ ᠨᠢᠳᠤᠨᠤᠨ ᠤ 10 ᠰᠠᠷ᠎ᠠ ᠳᠤ ᠵᠠᠰᠠᠪᠤᠷᠢ ᠤᠷᠤᠭᠤᠯᠤᠭᠰᠠᠨ ᠡᠷᠡᠬᠦᠦ ᠶᠢᠨ ᠵᠠᠷᠭᠤ ᠶᠢᠨ ᠬᠠᠤᠯᠢ ᠨᠢ ᠪᠠᠶᠢᠴᠠᠭᠠᠬᠤ ᠪᠠᠶᠢᠭᠤᠯᠭ᠎ᠠ ᠳᠤ ᠬᠠᠤᠯᠢ ᠪᠠᠷᠢᠬᠤ ᠠᠵᠢᠯᠲᠠᠨ ᠤ ᠡᠷᠭᠡ ᠲᠤᠰᠢᠶᠠᠯ ᠢᠶᠠᠨ ᠠᠰᠢᠭᠯᠠᠨ ᠠᠷᠠᠳ ᠢᠷᠭᠡᠨ ᠤ ᠡᠷᠭᠡ ᠳᠤ ᠬᠠᠯᠳᠠᠬᠤ ᠂ ᠬᠠᠤᠯᠢ ᠪᠠᠷᠢᠯᠲᠠ ᠶᠢᠨ ᠲᠦᠪ ᠭᠤᠤᠯᠴᠢ ᠶᠢ ᠬᠤᠬᠢᠷᠠᠭᠤᠯᠬᠤ ᠶᠠᠯᠠᠳᠤ ᠠᠵᠢᠯᠯᠠᠭ᠎ᠠ ᠬᠢᠭᠰᠡᠨ ᠢ ᠲᠤᠷᠰᠢᠨ ᠪᠠᠶᠢᠴᠠᠭᠠᠬᠤ ᠡᠷᠭᠡ ᠤᠯᠭᠤᠭᠰᠠᠨ ᠨᠢ ᠬᠠᠤᠯᠢ ᠪᠠᠷᠢᠯᠲᠠ ᠶᠢᠨ ᠲᠦᠪ ᠭᠤᠤᠯᠴᠢ ᠶᠢ ᠬᠠᠮᠠᠭᠠᠯᠠᠬᠤ ᠴᠢᠬᠤᠯᠠ ᠲᠦᠷᠢᠮ ᠤᠨ ᠵᠢᠷᠤᠭ ᠲᠦᠯᠦᠪᠯᠡᠭᠡ ᠮᠦᠨ᠃ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠵᠢᠯᠤᠭᠤᠳᠬᠤ ᠰᠠᠨᠠᠯ ᠨᠡᠶᠢᠲᠡᠯᠡᠵᠤ᠂ ᠲᠤᠰᠢᠶᠠᠯ ᠬᠠᠷᠢᠭᠤᠴᠠᠯᠭ᠎ᠠ ᠪᠠᠨ ᠵᠢᠷᠤᠮᠵᠢᠭᠤᠨ ᠭᠦᠢᠴᠡᠳᠬᠡᠬᠦ ᠶᠢ ᠠᠬᠢᠭᠤᠯᠪᠡ᠂ ᠨᠢᠬᠡᠨᠳᠠ 20 ᠮᠤᠵᠢ ᠥᠪᠡᠷᠲᠡᠭᠡᠨ ᠵᠠᠰᠠᠬᠤ ᠣᠷᠣᠨ ᠬᠤᠲᠠ ᠶᠢᠨ ᠪᠠᠶᠢᠴᠠᠭᠠᠬᠤ ᠪᠠᠶᠢᠭᠤᠯᠭ᠎ᠠ 71 ᠬᠦᠮᠦᠨ ᠢ ᠬᠡᠷᠡᠭ ᠪᠤᠯᠭᠠᠨ ᠲᠠᠩᠰᠠᠯᠠᠵᠤ ᠲᠤᠷᠰᠢᠨ ᠪᠠᠶᠢᠴᠠᠭᠠᠪᠠ᠃
ᠬᠠᠤᠯᠢᠴᠢ ᠶᠢᠨ ᠠᠵᠢᠯ ᠡᠷᠬᠢᠯᠡᠬᠦ ᠡᠷᠭᠡ ᠶᠢ ᠬᠦᠨᠳᠦᠳᠭᠡᠨ ᠪᠠᠲᠤᠯᠠᠪᠠ᠃ ᠬᠠᠤᠯᠢᠴᠢ ᠶᠢᠨ ᠵᠠᠷᠭᠤᠯᠳᠤᠬᠤ ᠡᠷᠭᠡ ᠪᠠᠨ ᠬᠡᠷᠡᠭᠵᠢᠬᠦᠯᠬᠦ ᠶᠢ ᠬᠠᠷᠰᠢᠯᠠᠭᠰᠠᠨ ᠲᠤᠬᠠᠢ ᠵᠠᠭᠠᠯᠳᠤᠯᠭ᠎ᠠ ᠭᠤᠮᠤᠳᠠᠯ ᠲᠤᠭᠠᠴᠢᠯᠲᠠ ᠶᠢ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠵᠤ᠂ ᠬᠤᠯᠪᠤᠭᠳᠠᠯ ᠪᠦᠬᠦᠢ ᠬᠠᠤᠯᠢ ᠬᠡᠷᠡᠭᠵᠢᠬᠦᠯᠬᠦ ᠬᠠᠤᠯᠢ ᠪᠠᠷᠢᠬᠤ ᠪᠠᠶᠢᠭᠤᠯᠭ᠎ᠠ ᠳᠤ ᠬᠢᠨᠠᠯᠲᠠ ᠲᠠᠯᠪᠢᠵᠤ 1011 ᠬᠤᠪᠢ ᠵᠠᠷᠭᠤ ᠶᠢ ᠵᠠᠯᠠᠷᠠᠭᠤᠯᠤᠭᠤᠯᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 37.8% ᠪᠠᠷ ᠨᠡᠮᠡᠭᠳᠡᠵᠠᠢ᠃ ᠡᠯᠧᠺᠲᠷᠤᠨ ᠬᠡᠷᠡᠭ ᠤᠨ ᠡᠪᠬᠡᠮᠡᠯ ᠢ ᠪᠦᠬᠦ ᠲᠠᠯ᠎ᠠ ᠪᠠᠷ ᠬᠡᠷᠡᠭᠵᠢᠬᠦᠯᠵᠤ ᠂ ᠰᠦᠯᠵᠢᠶᠡᠨ ᠲᠡᠭᠡᠷ᠎ᠡ ᠤᠨᠳᠤᠤ ᠭᠠᠵᠠᠷ ᠡᠪᠬᠡᠮᠡᠯ ᠦᠵᠡᠬᠦ ᠪᠠ ᠠᠭᠤᠯᠵᠠᠬᠤ ᠶᠢ ᠲᠡᠯᠭᠡᠷᠡᠬᠦᠯᠦᠨ᠂ ᠬᠠᠤᠯᠢᠴᠢ ᠶᠢᠨ ᠰᠦᠯᠵᠢᠶᠡᠨ ᠲᠡᠭᠡᠷ᠎ᠡ ᠪᠤᠯᠵᠤᠬᠤ ᠭᠤᠶᠤᠴᠢᠯᠠᠯ ᠢ 10.9 ᠲᠦᠮᠡᠨ ᠬᠦᠮᠦᠨ ᠤᠳᠠᠭ᠎ᠠ ᠬᠦᠯᠢᠶᠡᠨ ᠠᠪᠴᠤ ᠂ ᠬᠠᠤᠯᠢᠴᠢ ᠶᠢᠨ ᠬᠡᠷᠡᠭ ᠰᠢᠢᠳᠪᠦᠷᠢᠯᠡᠬᠦ ᠳᠤ ᠠᠯᠢ ᠪᠣᠯᠬᠤ ᠪᠠᠷ ᠳᠥᠭᠦᠮ ᠦᠵᠡᠬᠦᠯᠪᠡ ᠃ 14184 ᠨᠡᠷᠡᠰ ᠬᠠᠤᠯᠢᠴᠢ ᠶᠢ ᠤᠷᠢᠵᠤ ᠪᠠᠶᠢᠴᠠᠭᠠᠬᠤ ᠪᠠᠶᠢᠭᠤᠯᠭ᠎ᠠ ᠳᠤ ᠡᠭᠡᠯᠵᠢᠯᠡᠬᠦᠯᠦᠨ ᠰᠠᠭᠤᠯᠭᠠᠵᠤ᠂ ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠤᠷᠢᠯᠡᠬᠦ ᠳᠤ ᠤᠷᠤᠯᠴᠠᠭᠤᠯᠤᠨ᠂ ᠵᠠᠬᠢᠳᠠᠯ ᠰᠤᠷᠪᠤᠯᠵᠢᠯᠠᠭ᠎ᠠ ᠬᠢᠭᠰᠡᠨ ᠤᠯᠠᠨ ᠲᠦᠮᠡᠨ ᠤ ᠬᠠᠤᠯᠢ ᠶᠤᠰᠤᠨ ᠤ ᠡᠷᠭᠡ ᠠᠰᠢᠭ ᠢ ᠬᠠᠮᠳᠤ ᠪᠠᠷ ᠰᠠᠶᠢᠳᠤᠷ ᠬᠠᠮᠠᠭᠠᠯᠠᠪᠠ᠃
ᠭᠤᠷᠪᠠ᠂ ᠨᠡᠶᠢᠲᠡ ᠶᠢᠨ ᠠᠰᠢᠭᠲᠤ ᠵᠠᠷᠭᠤ ᠶᠢ ᠬᠠᠤᠯᠢ ᠶᠤᠰᠤᠭᠠᠷ ᠦᠷᠭᠡᠨ ᠢᠶᠠᠷ ᠦᠷᠨᠢᠬᠦᠯᠵᠤ ᠂ ᠨᠡᠶᠢᠲᠡ ᠶᠢᠨ ᠠᠰᠢᠭ ᠤᠨ ᠬᠠᠮᠠᠭᠠᠯᠠᠯᠲᠠ ᠶᠢᠨ ᠡᠷᠬᠢᠮ ᠳᠡᠭᠡᠳᠦ ᠡᠭᠦᠷᠭᠡ ᠪᠠᠨ ᠭᠦᠢᠴᠡᠳᠬᠡᠪᠡ
ᠪᠢᠳᠡ ᠨᠠᠮ ᠪᠠ ᠠᠷᠠᠳ ᠲᠦᠮᠡᠨ ᠤ ᠨᠠᠶᠢᠳᠠᠯᠭ᠎ᠠ ᠶᠢ ᠪᠠᠲᠤ ᠴᠡᠭᠡᠵᠢᠯᠡᠨ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠨᠠᠶᠢᠳᠠᠪᠤᠷᠢᠵᠢᠭᠤᠯᠵᠤ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠯᠲᠠ ᠶᠢᠨ ᠵᠠᠮ ᠢᠶᠠᠷ ᠡᠷᠡᠯᠭᠡᠭᠯᠡᠨ ᠤᠷᠤᠭᠰᠢᠯᠠᠵᠤ ᠂ ᠭᠠᠷᠤᠭᠠᠨ ᠤ ᠦᠷ᠎ᠡ ᠪᠥᠲᠥᠭᠡᠯ ᠨᠢ ᠰᠠᠶᠢᠨ ᠪᠠᠶᠢᠨ᠎ᠠ᠃ ᠪᠦᠬᠦ ᠵᠢᠯ ᠳᠤ ᠨᠡᠶᠢᠲᠡ 4393 ᠬᠤᠪᠢ ᠢᠷᠭᠡᠨ ᠤ ᠬᠡᠷᠡᠭ ᠤᠨ ᠨᠡᠶᠢᠲᠡ ᠶᠢᠨ ᠠᠰᠢᠭᠲᠤ ᠵᠠᠷᠭᠤ ᠪᠠ 108767 ᠬᠤᠪᠢ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠷᠭᠤ ᠶᠢ ᠬᠡᠷᠡᠭ ᠪᠣᠯᠭᠠᠨ ᠳᠠᠩᠰᠠᠯᠠᠵᠤ ᠰᠢᠢᠳᠪᠤᠷᠢᠯᠡᠪᠡ᠃ ᠡᠭᠦᠨ ᠳᠤ ᠠᠮᠢ ᠠᠬᠤᠢ ᠶᠢᠨ ᠣᠷᠴᠢᠨ ᠨᠥᠬᠦᠴᠡᠯ ᠪᠠ ᠡᠬᠢ ᠪᠠᠶᠠᠯᠢᠭ ᠤᠨ ᠬᠠᠮᠠᠭᠠᠯᠠᠯᠲᠠ ᠳᠤ ᠬᠤᠯᠪᠣᠭᠳᠠᠭᠰᠠᠨ 59312 ᠬᠤᠪᠢ ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠳᠤ ᠬᠤᠯᠪᠤᠭᠳᠠᠭᠰᠠᠨ 41118 ᠬᠤᠪᠢ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠠᠭᠠᠯᠠᠯᠳᠠ ᠳᠤ ᠬᠤᠯᠪᠤᠭᠳᠠᠭᠰᠠᠨ 10025 ᠬᠤᠪᠢ ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ ᠰᠢᠯᠵᠢᠭᠦᠯᠦᠨ ᠥᠭᠭᠦᠯᠳᠠ ᠳᠤ ᠬᠤᠯᠪᠤᠭᠳᠠᠭᠰᠠᠨ 2648 ᠬᠤᠪᠢ ᠂ ᠥᠷᠡᠭᠳᠡᠭᠰᠡᠨ ᠪᠠᠭᠠᠲᠤᠷᠴᠤᠳ ᠤᠨ ᠡᠷᠬᠡ ᠠᠰᠢᠭ ᠤᠨ ᠬᠠᠮᠠᠭᠠᠯᠠᠯᠳᠠ ᠳᠤ ᠬᠤᠯᠪᠤᠭᠳᠠᠭᠰᠠᠨ 57 ᠬᠤᠪᠢ ᠪᠠᠶᠢᠨ᠎ᠠ᠃ ᠬᠡᠷᠡᠭ ᠢ ᠰᠢᠢᠳᠪᠤᠷᠢᠯᠡᠬᠦ ᠪᠠᠷ ᠲᠠᠮᠵᠢᠭᠤᠯᠤᠨ ᠂ 211 ᠲᠦᠮᠡᠨ ᠮᠦ ᠪᠤᠬᠢᠷᠳᠤᠭᠳᠠᠨ ᠰᠦᠢᠳᠭᠡᠭᠳᠡᠭᠰᠡᠨ ᠲᠠᠷᠢᠶᠠᠨ ᠭᠠᠵᠠᠷ ᠂ ᠨᠤᠭᠤ ᠭᠠᠵᠠᠷ ᠂ ᠤᠢᠢᠳᠤ ᠭᠠᠵᠠᠷ ᠂ ᠲᠠᠯ᠎ᠠ ᠭᠠᠵᠠᠷ ᠢ ᠰᠢᠪᠠᠳᠠᠨ ᠵᠠᠰᠠᠭᠤᠯᠵᠤ ᠂ 2000ᠲᠦᠮᠡᠨ ᠲᠤᠨ ᠬᠠᠳᠠᠭᠤ ᠪᠡᠶᠡᠳᠤ ᠬᠠᠶᠠᠭᠳᠠᠮᠠᠯ ᠪᠤᠳᠠᠰ ᠂ ᠠᠮᠢᠳᠤᠷᠠᠯ ᠤᠨ ᠬᠤᠭ ᠨᠤᠪᠰᠢ ᠶᠢ ᠰᠢᠪᠠᠳᠠᠨ ᠴᠡᠪᠡᠷᠯᠡᠬᠦᠯᠵᠡᠢ︔ 40 ᠲᠦᠮᠡᠨ ᠺᠢᠯᠦᠭᠷᠠᠮ ᠬᠠᠭᠤᠷᠮᠠᠭ ᠮᠠᠭᠤ ᠢᠳᠡᠭᠡᠨ ᠤ ᠵᠦᠢᠯ ᠢ ᠰᠢᠪᠠᠳᠠᠨ ᠪᠠᠶᠢᠴᠠᠭᠠᠨ ᠰᠢᠢᠳᠪᠤᠷᠢᠯᠡᠬᠦᠯᠦᠭᠰᠡᠨ ᠪᠠ ᠬᠤᠷᠢᠶᠠᠨ ᠠᠪᠤᠭᠤᠯᠵᠤ ᠂ 9606ᠺᠢᠯᠦᠭᠷᠠᠮ ᠬᠠᠭᠤᠷᠮᠠᠭ ᠡᠮ ᠪᠠ ᠨᠢᠭᠤᠴᠠ ᠪᠠᠷ ᠠᠷᠠᠯᠵᠢᠶᠠᠯᠠᠭᠰᠠᠨ ᠡᠮ ᠤᠨ ᠵᠦᠢᠯ ᠢ ᠰᠢᠪᠠᠳᠠᠨ ᠪᠠᠶᠢᠴᠠᠭᠠᠨ ᠰᠢᠢᠳᠪᠤᠷᠢᠯᠡᠬᠦᠯᠦᠭᠰᠡᠨ ᠪᠠ ᠬᠤᠷᠢᠶᠠᠨ ᠠᠪᠤᠭᠤᠯᠵᠠᠢ︔ 257 ᠳ᠋ᠦᠡᠭᠰᠢᠭᠤᠷ ᠲᠦᠬᠦᠷᠢᠭ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠰᠢᠪᠠᠳᠠᠨ ᠨᠡᠭᠡᠮᠵᠢᠯᠡᠨ ᠬᠤᠷᠢᠶᠠᠯᠭᠠᠵᠠᠢ︔ ᠠᠮᠢ ᠠᠬᠤᠢ ᠶᠢ ᠰᠡᠷᠭᠦᠭᠡᠬᠦ ᠂ ᠤᠷᠴᠢᠨ ᠠᠬᠤᠢ ᠶᠢ ᠵᠠᠰᠠᠬᠤ ᠵᠠᠷᠤᠳᠠᠯ 30 ᠳ᠋ᠦᠩᠰᠢᠭᠤᠷ ᠲᠥᠭᠦᠷᠢᠭ ᠢ ᠨᠡᠬᠡᠮᠵᠢᠯᠡᠨ ᠲᠥᠯᠥᠭᠦᠯᠵᠠᠢ᠂ ᠬᠤᠬᠢᠷᠠᠯ ᠤᠴᠠᠷᠠᠭᠰᠠᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠰᠡᠷᠭᠦᠬᠡᠬᠦ ᠳᠤ ᠬᠠᠤᠯᠢ ᠵᠥᠷᠢᠴᠡᠭᠰᠡᠳ ᠢᠶᠠᠷ ᠵᠠᠪᠠᠯ ︽ᠳᠤᠭᠠᠴᠠᠭ᠎ᠠ ᠬᠢᠯᠬᠡᠬᠦ︾ᠬᠡᠷᠡᠭᠳᠠᠢ᠃
ᠬᠤᠶᠠᠷ ᠲᠠᠯ᠎ᠠ ᠪᠠᠷ ᠲᠤᠰᠨ ᠬᠦᠷᠲᠡᠬᠦ᠂ ᠤᠯᠠᠨ ᠲᠠᠯ᠎ᠠ ᠪᠠᠷ ᠲᠤᠰᠠ ᠬᠦᠷᠲᠡᠬᠦ᠂ ᠬᠠᠮᠳᠤ ᠪᠠᠷ ᠲᠤᠰᠠ ᠬᠦᠷᠲᠡᠬᠦ ᠤᠢᠢᠯᠠᠭᠠᠭᠳᠠᠬᠤᠨ ᠢ ᠪᠤᠢ ᠪᠤᠯᠭᠠᠪᠠ᠃ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠷᠭᠤ ᠨᠢ ᠵᠠᠰᠠᠭ ᠤᠨ ᠤᠷᠳᠤᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠳᠤ ᠬᠤᠯᠪᠤᠭᠳᠠᠨ᠎ᠠ ᠂ ᠮᠦᠨ ᠴᠢᠨᠠᠷ ᠨᠢ ᠵᠠᠰᠠᠭ ᠤᠨ ᠤᠷᠳᠤᠨ ᠤ ᠬᠠᠤᠯᠢ ᠶᠤᠰᠤᠭᠠᠷ ᠵᠠᠰᠠᠭ ᠶᠠᠪᠤᠭᠤᠯᠬᠤ ᠳᠤ ᠲᠤᠰᠠᠯᠠᠵᠤ ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠠᠮᠳᠤ ᠪᠠᠷ ᠬᠠᠮᠠᠭᠠᠯᠠᠵᠤ ᠂ ᠡᠯ᠎ᠡ ᠲᠠᠯ᠎ᠠ ᠶᠢᠨ ᠬᠢᠨ ᠤ ᠬᠦᠴᠦᠲᠡᠢ ᠳᠡᠮᠵᠢᠯᠭᠡ ᠶᠢ ᠣᠯᠬᠤ ᠳᠤ ᠤᠷᠤᠰᠢᠨ᠎ᠡ᠃ ᠬᠠᠷᠠᠮᠦ᠋ᠷᠡᠨ ᠮᠤᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠨᠡᠶᠢᠲᠡ ᠶᠢᠨ ᠠᠰᠢᠭᠲᠤ ᠵᠠᠷᠭᠤ ᠶᠢ ᠪᠠᠶᠢᠴᠠᠭᠠᠬᠤ ᠲᠤᠬᠠᠢ ᠲᠤᠰᠬᠠᠢᠢᠯᠠᠨ ᠲᠤᠭᠲᠠᠭᠠᠯ ᠭᠠᠷᠭᠠᠵᠠᠢ ᠂ ᠲᠤᠰ ᠮᠤᠵᠢ ᠶᠢᠨ ᠪᠠᠶᠢᠴᠠᠭᠠᠬᠤ ᠪᠠᠶᠢᠭᠤᠯᠭ᠎ᠠ 387 ᠵᠢᠵᠢᠭ ᠨᠡᠬᠦᠷᠡᠰᠦᠨ ᠠᠭᠤᠷᠬᠠᠢ ᠶᠢᠨ ᠡᠬᠦᠳᠡ ᠶᠢ ᠨᠢ ᠬᠠᠭᠠᠯᠭᠠᠨ ᠴᠡᠭᠴᠡᠯᠡᠨ ᠵᠠᠰᠠᠬᠤ ᠲᠤᠬᠠᠢ ᠨᠡᠶᠢᠲᠡ ᠶᠢᠨ ᠠᠰᠢᠭ ᠤᠨ ᠬᠠᠮᠠᠭᠠᠯᠠᠯᠲᠠ ᠶᠢᠨ ᠠᠰᠠᠭᠤᠳᠠᠯ ᠳᠤ ᠲᠤᠰᠬᠠᠢ ᠪᠠᠶᠢᠴᠠᠭᠠᠯᠳᠠ ᠬᠢᠵᠤ᠂ ᠬᠠᠤᠯᠢ ᠴᠠᠭᠠᠵᠨ ᠲᠦᠷᠢᠮ ᠲᠤᠭᠲᠠᠭᠠᠯ ᠠᠴᠠ ᠵᠦᠷᠢᠴᠡᠭᠰᠡᠨ ᠪᠠ ᠶᠠᠯ᠎ᠠ ᠬᠢᠭᠰᠡᠨ ᠠᠰᠠᠭᠤᠳᠠᠯ ᠤᠨ ᠰᠦᠪᠡᠭᠴᠢ ᠶᠢ 132 ᠬᠤᠪᠢ ᠢᠯᠡᠷᠡᠬᠦᠯᠪᠡ︔ ᠨᠡᠶᠢᠳᠡ ᠶᠢᠨ ᠠᠰᠢᠭ ᠲᠤ ᠬᠤᠬᠢᠷᠠᠯ ᠤᠴᠠᠷᠠᠭᠤᠯᠤᠭᠰᠠᠨ ᠬᠡᠷᠡᠭ ᠤᠨ ᠳᠤᠬᠠᠢ ᠂ ᠪᠠᠶᠢᠴᠠᠭᠠᠬᠤ ᠰᠠᠨᠠᠭᠤᠯᠭ᠎ᠠ ᠳᠤᠷᠠᠳᠴᠤ ᠡᠷᠬᠢᠯᠡᠨ ᠬᠠᠮᠢᠶᠠᠷᠬᠤ ᠪᠠᠶᠢᠭᠤᠯᠭ᠎ᠠ ᠶᠢ ᠰᠢᠪᠠᠳᠠᠨ ᠲᠤᠰᠢᠶᠠᠯ ᠬᠠᠷᠢᠭᠤᠴᠠᠯᠭ᠎ᠠ ᠶᠢ ᠨᠢ ᠬᠦᠢᠴᠡᠳᠭᠡᠬᠦᠯᠦᠭᠡᠳ᠂ ᠰᠠᠶᠢᠨ ᠦᠷ᠎ᠡ ᠪᠦᠲᠦᠮᠵᠢ ᠤᠯᠪᠠ᠃ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠤᠨ ᠬᠠᠷᠢᠶᠠᠯᠠᠯ ᠢ ᠲᠤᠭᠲᠠᠭᠠᠬᠤ ᠳᠤ ᠬᠦᠴᠢᠷᠲᠡᠢ ᠂ ᠪᠠᠶᠢᠴᠠᠭᠠᠵᠤ ᠭᠡᠷᠡᠴᠢ ᠠᠪᠬᠤ ᠳᠤ ᠬᠦᠴᠢᠷᠲᠡᠢ ᠂ ᠬᠠᠤᠯᠢ ᠪᠠᠷᠢᠬᠤ ᠬᠢᠨᠠᠨ ᠲᠤᠭᠲᠠᠭᠠᠯᠲᠠ ᠬᠢᠬᠦ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠬᠦᠯᠦᠨ᠂ ᠠᠷᠠᠳ ᠤᠨ ᠲᠡᠭᠡᠳᠤ ᠰᠢᠬᠦᠬᠦ ᠬᠤᠷᠢᠶ᠎ᠠ ᠲᠠᠢ ᠬᠠᠮᠳᠤᠷᠠᠨ ᠬᠠᠤᠯᠢ ᠪᠠᠷᠢᠬᠤ ᠲᠠᠶᠢᠯᠪᠤᠷᠢᠯᠠᠯᠲᠠ ᠨᠡᠶᠢᠲᠡᠯᠡᠵᠤ᠂ ᠠᠮᠢ ᠠᠬᠤᠢ ᠶᠢᠨ ᠤᠷᠴᠢᠨ ᠨᠦᠬᠦᠴᠡᠯ ᠤᠨ ᠶᠠᠮᠤᠨ ᠵᠡᠷᠭᠡ 9 ᠶᠠᠮᠤᠨ ᠬᠤᠷᠢᠶ᠎ᠠ ᠯᠤᠭ᠎ᠠ ᠬᠠᠮᠵᠢᠯᠴᠠᠬᠤ ᠰᠠᠨᠠᠯ ᠳᠤ ᠬᠠᠮᠳᠤ ᠪᠠᠷ ᠭᠠᠷ ᠤᠨ ᠦᠰᠦᠭ ᠵᠢᠷᠤᠪᠠ︔ ᠾᠧᠪᠸᠢ᠂ ᠱᠠᠩᠬᠠᠢ᠂ ᠭᠤᠸᠠᠩᠰᠢ᠂ ᠱᠠᠨᠰᠢ ᠵᠡᠷᠭᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠠᠢ᠃ ᠪᠦᠬᠦ ᠤᠯᠤᠰ ᠤᠨ ᠰᠢᠶᠡᠨ ᠤ ᠱᠠᠲᠤᠨ ᠤ ᠪᠠᠶᠢᠴᠠᠭᠠᠬᠤ ᠬᠤᠷᠢᠶ᠎ᠠ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠰᠢᠢᠳᠪᠤᠷᠢᠯᠡᠬᠦ ᠶᠢ ᠨᠡᠶᠢᠳᠡᠮ ᠪᠦᠷᠬᠦᠬᠦᠯᠬᠦ ᠶᠢ ᠨᠢᠭᠡᠨᠲᠡ ᠪᠡᠶᠡᠯᠡᠭᠦᠯᠪᠡ᠃
ᠨᠡᠶᠢᠲᠡ ᠶᠢᠨ ᠠᠰᠢᠭ ᠢ ᠬᠠᠮᠠᠭᠠᠯᠠᠬᠤ ᠵᠤᠷᠢᠯᠭ᠎ᠠ ᠶᠢ ᠵᠠᠷᠭᠤ ᠶᠢᠨ ᠡᠮᠦᠨ᠎ᠡ ᠪᠡᠶᠡᠯᠡᠬᠦᠯᠬᠦ ᠶᠠᠪᠤᠳᠠᠯ ᠢ ᠬᠠᠮᠤᠭ ᠤᠨ ᠰᠠᠶᠢᠨ ᠪᠠᠶᠢᠳᠠᠯ ᠪᠤᠯᠭᠠᠪᠠ᠃ ᠪᠠᠶᠢᠴᠠᠭᠠᠬᠤ ᠪᠠᠶᠢᠭᠤᠯᠭ᠎ᠠ ᠵᠠᠷᠭᠤ ᠶᠢᠨ ᠡᠮᠦᠨ᠎ᠡ ᠠᠯᠪᠠᠨ ᠵᠠᠷ ᠪᠤᠶᠤ ᠪᠠᠶᠢᠴᠠᠭᠠᠬᠤ ᠰᠠᠨᠠᠭᠤᠯᠭ᠎ᠠ ᠭᠠᠷᠭᠠᠬᠤ ᠪᠠᠷ ᠲᠠᠮᠵᠢᠭᠤᠯᠤᠨ ᠂ ᠬᠤᠯᠪᠣᠭᠳᠠᠯ ᠪᠦᠬᠦᠢ ᠪᠡᠶᠡᠴᠢ ᠴᠤᠭᠴᠠ ᠶᠢᠨ ᠵᠠᠭᠠᠯᠳᠤᠭᠤᠯᠬᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠶᠢ ᠨᠢ ᠬᠦᠢᠴᠡᠳᠭᠡᠬᠦᠯᠬᠦ ᠨᠢ ᠨᠡᠶᠢᠲᠡ ᠶᠢᠨ ᠠᠰᠢᠭ ᠢ ᠴᠠᠭ ᠲᠤᠬᠠᠢ ᠳᠤᠨᠢ ᠬᠠᠮᠠᠭᠠᠯᠠᠵᠤ ᠪᠤᠯᠬᠤ ᠪᠠᠷ ᠪᠠᠷᠠᠬᠤ ᠦᠭᠡᠢ ᠨᠡᠩ ᠴᠦ ᠬᠠᠮᠤᠭ ᠤᠨ ᠴᠦᠬᠡᠨ ᠬᠠᠤᠯᠢ ᠪᠠᠷᠢᠬᠤ ᠣᠷᠣᠭᠤᠯᠤᠯᠲᠠ ᠪᠠᠷ ᠬᠠᠮᠤᠭ ᠤᠨ ᠰᠠᠶᠢᠨ ᠨᠡᠶᠢᠭᠡᠮ ᠤᠨ ᠦᠷ᠎ᠡ ᠪᠦᠲᠦᠮᠵᠢ ᠤᠯᠬᠤ ᠪᠤᠯᠤᠨ᠎ᠠ᠃ ᠵᠠᠷᠭᠤ ᠶᠢᠨ ᠡᠮᠦᠨᠡᠬᠢ ᠵᠢᠷᠤᠮ ᠤᠨ ᠬᠡᠷᠡᠭ ᠢ ᠨᠡᠶᠢᠲᠡ 102975 ᠬᠤᠪᠢ ᠰᠢᠢᠳᠪᠤᠷᠢᠯᠡᠪᠡ᠃ ᠡᠬᠦᠨ ᠳᠤ ᠂ ᠠᠯᠪᠠᠨ ᠵᠠᠷ ᠨᠡᠶᠢᠲᠡᠯᠡᠵᠤ ᠬᠤᠯᠪᠤᠭᠳᠠᠯ ᠪᠦᠬᠦᠢ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠰᠢᠪᠠᠳᠠᠨ 1721 ᠬᠤᠪᠢ ᠢᠷᠭᠡᠨ ᠤ ᠬᠡᠷᠡᠭ ᠤᠨ ᠨᠡᠶᠢᠲᠡ ᠶᠢᠨ ᠠᠰᠢᠭᠲᠤ ᠵᠠᠷᠭᠤ ᠬᠢᠯᠭᠡᠪᠠ︔ ᠵᠠᠰᠠᠭ ᠵᠠᠬᠢᠷᠭᠠᠨ ᠤ ᠪᠠᠶᠢᠭᠤᠯᠭ᠎ᠠ ᠳᠤ101254 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠭᠰᠠᠨ ᠤ ᠬᠢᠨᠢ 97.2% ᠢ ᠨᠢ ᠬᠦᠯᠢᠶᠡᠨ ᠠᠪᠴᠤ ᠂ ᠨᠡᠩ ᠤᠯᠠᠨ ᠠᠰᠠᠭᠤᠳᠠᠯ ᠢ ᠵᠠᠷᠭᠤ ᠶᠢᠨ ᠡᠮᠦᠨ᠎ᠡ ᠰᠢᠢᠳᠪᠤᠷᠢᠯᠡᠪᠡ᠃ ᠴᠠᠩᠱᠠ ᠬᠤᠲᠠ ᠶᠢᠨ ᠪᠠᠢ ᠵᠢᠶᠠ ᠵᠸᠤ ᠨᠢ ᠰᠢᠶᠠᠩᠵᠢᠶᠠᠩ ᠮᠦᠷᠡᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠤᠷᠤᠨ ᠳᠤ ᠪᠠᠶᠢᠷᠢᠯᠠᠵᠤ᠂ ᠪᠤᠬᠢᠷ ᠤᠰᠤ ᠶᠢ ᠰᠢᠭᠤᠳ ᠭᠠᠳᠠᠭᠰᠢᠯᠠᠭᠤᠯᠵᠠᠢ᠃ ᠪᠠᠶᠢᠴᠠᠭᠠᠬᠤ ᠪᠠᠶᠢᠭᠤᠯᠭ᠎ᠠ ᠪᠠᠶᠢᠴᠠᠭᠠᠬᠤ ᠰᠠᠨᠠᠭᠤᠯᠭ᠎ᠠ ᠭᠠᠷᠭᠠᠭᠰᠠᠨ ᠤ ᠳᠠᠷᠠᠭ᠎ᠠ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠦᠬᠦ ᠬᠦᠴᠦ ᠪᠠᠷ ᠢᠶᠠᠨ ᠨᠠᠶᠢᠳᠠᠪᠤᠷᠢᠵᠢᠭᠤᠯᠵᠤ᠂ ᠠᠷᠠᠯ ᠲᠡᠭᠡᠷᠡᠬᠢ ᠠᠷᠠᠳ ᠢ ᠦᠳᠳᠡᠷ ᠲᠦᠷᠭᠡᠨ ᠨᠡᠬᠦᠯᠭᠡᠨ᠂ ᠬᠠᠤᠯᠢ ᠠᠴᠠ ᠵᠦᠷᠢᠴᠡᠵᠤ ᠪᠠᠷᠢᠭᠰᠠᠨ ᠪᠠᠷᠢᠯᠭ᠎ᠠ ᠶᠢ ᠨᠤᠷᠠᠭᠠᠵᠤ᠂ ᠬᠤᠭᠤᠯᠠ ᠤᠮᠳᠠ ᠶᠢᠨ ᠤᠡᠭᠭᠤᠴᠠ ᠰᠠᠯ ᠢ ᠴᠡᠪᠡᠷᠯᠡᠨ᠂ ᠬᠦᠴᠦᠨ ᠢᠶᠠᠨ ᠬᠠᠮᠳᠤᠳᠬᠠᠨ ᠨᠢᠭᠡ ᠤᠳᠠᠭᠠᠨ ᠤ ︽ᠴᠡᠪᠡᠷ ᠤᠰᠤ ᠶᠢ ᠬᠠᠮᠠᠭᠠᠯᠠᠬᠤ ᠲᠠᠶᠢᠨ︾ ᠬᠢᠪᠡ᠃
ᠵᠠᠭᠠᠯᠳᠤᠯᠭ᠎ᠠ ᠭᠠᠷᠭᠠᠬᠤ ᠶᠢ ᠠᠮᠢᠳᠤᠯᠢᠭ ᠪᠤᠲᠠᠲᠠᠢ ᠬᠠᠤᠯᠢ ᠪᠠᠷ ᠵᠠᠰᠠᠬᠤ ᠬᠢᠴᠢᠶᠡᠯ ᠪᠤᠯᠭᠠᠪᠠ᠃ ᠵᠠᠷᠭᠤ ᠶᠢᠨ ᠡᠮᠦᠨᠡᠬᠢ ᠪᠠᠶᠢᠴᠠᠭᠠᠬᠤ ᠰᠠᠨᠠᠭᠤᠯᠭ᠎ᠠ ᠶᠢ ᠪᠦᠲᠦᠮᠵᠢᠲᠠᠢ ᠨᠠᠶᠢᠳᠠᠪᠤᠷᠢᠵᠢᠭᠤᠯᠵᠤ ᠲᠡᠶᠢᠯᠬᠦ ᠦᠭᠡᠢ ᠪᠣᠯ᠂ ᠵᠠᠭᠠᠯᠳᠤᠯᠭ᠎ᠠ᠂ ᠲᠢᠩᠬᠢᠮ ᠤᠨ ᠰᠢᠬᠦᠯᠲᠡ ᠬᠢᠬᠦ ᠪᠠᠷ ᠬᠦᠴᠦ ᠵᠠᠯᠭᠠᠨ ᠠᠰᠠᠭᠤᠳᠠᠯ ᠢ ᠰᠢᠢᠳᠪᠤᠷᠢᠯᠡᠬᠦ ᠶᠢ ᠠᠬᠢᠭᠤᠯᠵᠤ ᠂ ᠨᠢᠭᠡ ᠪᠦᠯᠦᠭ ᠬᠦᠮᠦᠰ ᠲᠤ ᠰᠡᠷᠡᠮᠵᠢ ᠦᠭᠴᠦ ᠂ ᠨᠡᠶᠢᠭᠡᠮ ᠲᠠᠶᠠᠭᠠᠷ ᠲᠤ ᠬᠦᠮᠦᠵᠢᠯ ᠬᠦᠷᠲᠡᠭᠡᠪᠡ᠃ ᠨᠡᠶᠢᠲᠡ 3228 ᠬᠤᠪᠢ ᠨᠡᠶᠢᠲᠡ ᠶᠢᠨ ᠠᠰᠢᠭᠲᠤ ᠵᠠᠷᠭᠤ ᠬᠢᠵᠤ᠂ ᠰᠢᠬᠦᠬᠦ ᠬᠤᠷᠢᠶ᠎ᠠ ᠠᠴᠠ ᠨᠢᠭᠡᠨᠳᠡ 1526 ᠬᠤᠪᠢ ᠶᠢ ᠨᠢ ᠲᠠᠰᠤᠯᠵᠤ ᠂ 1525 ᠬᠤᠪᠢ ᠵᠠᠭᠠᠯᠳᠤᠭᠰᠠᠨ ᠰᠠᠨᠠᠯ ᠢ ᠲᠡᠮᠵᠢᠪᠡ᠃ ᠴᠦᠡᠭᠴᠢᠩ ᠬᠤᠲᠠ ᠶᠢᠨ ᠷᠦᠡᠭᠴᠠᠩ ᠲᠤᠭᠤᠷᠢᠭ ᠤᠨ ᠯᠠᠢ ᠰᠢ ᠾᠧ ᠭᠤᠤᠯ ᠤᠨ ᠡᠷᠬᠢ ᠲᠠᠭᠠᠤ ᠶᠢᠨ ᠲᠡᠵᠢᠭᠡᠬᠦ ᠶᠢ ᠴᠠᠭᠠᠵᠠᠯᠠᠬᠤ ᠤᠷᠤᠨ ᠳᠤ 286 ᠲᠡᠵᠢᠭᠡᠨ ᠦᠷᠡᠵᠢᠬᠦᠯᠬᠦ ᠡᠷᠦᠭᠡ ᠲᠤᠭᠲᠠᠭᠠᠯ ᠠᠴᠠ ᠵᠦᠷᠢᠴᠡᠨ ᠡᠵᠡᠩᠨᠡᠵᠤ ᠂ ᠮᠠᠯ ᠵᠢᠬᠦᠷᠲᠡᠨ ᠤ ᠪᠠᠭᠠᠰᠤ ᠰᠢᠭᠡᠰᠤ ᠲᠠᠢ ᠪᠤᠬᠢᠷ ᠤᠰᠤ ᠶᠢ ᠰᠢᠭᠤᠳ ᠭᠠᠳᠠᠭᠰᠢᠯᠠᠭᠤᠯᠤᠭᠰᠠᠨ ᠪᠠᠶᠢᠪᠠ᠃ ᠪᠠᠶᠢᠴᠠᠭᠠᠬᠤ ᠪᠠᠶᠢᠭᠤᠯᠭ᠎ᠠ ᠠᠴᠠ 16 ᠪᠠᠯᠭᠠᠰᠤ ᠵᠡᠭᠡᠯᠢ ᠳᠤ ᠪᠠᠶᠢᠴᠠᠭᠠᠬᠤ ᠰᠠᠨᠠᠭᠤᠯᠭ᠎ᠠ ᠭᠠᠷᠭᠠᠵᠤ ᠂ ᠲᠡᠭᠦᠨ ᠤ ᠳᠤᠮᠳᠠᠬᠢ ᠤᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠨᠠᠵᠠᠭᠠᠢ ᠪᠠᠷ ᠬᠦᠢᠴᠡᠳᠭᠡᠭᠰᠡᠨ ᠭᠦᠴᠠᠩ ᠪᠠᠯᠭᠠᠰᠤᠨ ᠤ ᠵᠠᠰᠠᠭ ᠤᠨ ᠣᠷᠳᠣᠨ ᠲᠠᠢ ᠨᠡᠶᠢᠲᠡ ᠶᠢᠨ ᠠᠰᠢᠭᠲᠤ ᠵᠠᠷᠭᠤ ᠬᠢᠵᠦ᠂ ᠲᠢᠩᠭᠢᠮ ᠤᠨ ᠰᠢᠭᠦᠯᠲᠡ ᠶᠢᠨ ᠳᠡᠮᠵᠢᠯᠭᠡ ᠶᠢ ᠣᠯᠤᠭᠠᠳ᠂ ᠲᠡᠵᠢᠭᠡᠬᠦ ᠶᠢ ᠴᠠᠭᠠᠵᠠᠯᠠᠬᠤ ᠤᠷᠤᠨ ᠳᠠᠬᠢ ᠭᠤᠤᠯ ᠤᠨ ᠤᠷᠤᠰᠬᠠᠯ ᠤᠨ ᠪᠤᠬᠢᠷᠳᠤᠯ ᠢ ᠪᠦᠬᠦ ᠲᠠᠯ᠎ᠠ ᠪᠠᠷ ᠵᠠᠰᠠᠪᠠ᠃
ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠦᠷᠡᠭᠳᠡᠭᠰᠡᠨ ᠪᠠᠭᠠᠳᠤᠷᠴᠤᠳ ᠤᠨ ᠨᠡᠷ᠎ᠡ ᠬᠦᠨᠳᠤ ᠶᠢ ᠬᠠᠮᠠᠭᠠᠯᠠᠪᠠ᠃ ᠦᠷᠡᠭᠳᠡᠭᠰᠡᠨ ᠪᠠᠭᠠᠳᠤᠷᠴᠤᠳ ᠢ ᠬᠠᠮᠠᠭᠠᠯᠠᠬᠤ ᠬᠠᠤᠯᠢ ᠶᠢ ᠬᠢᠨᠠᠮᠠᠭᠠᠢ ᠲᠤᠤᠱᠯᠠᠭᠤᠯᠵᠤ᠂ ᠦᠷᠡᠭᠳᠡᠭᠰᠡᠨ ᠪᠠᠭᠠᠳᠤᠷᠴᠤᠳ ᠤᠨ ᠤᠪᠤᠭ ᠨᠡᠷ᠎ᠡ ᠂ ᠬᠦᠷᠦᠭ ᠳᠦᠷᠢ ᠂ ᠨᠡᠷ᠎ᠡ ᠲᠦᠷᠤ ᠂ ᠢᠷᠠᠭᠤ ᠠᠯᠳᠠᠷ ᠲᠤ ᠬᠠᠯᠳᠠᠵᠤ ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ 21 ᠦᠢᠯᠡ ᠠᠵᠢᠯᠯᠠᠭ᠎ᠠ ᠳᠤ ᠂ ᠠᠯᠪᠠᠨ ᠵᠠᠷ ᠭᠠᠷᠭᠠᠬᠤ ᠪᠤᠶᠤ ᠨᠢᠭᠤᠷᠳᠠᠨ ᠰᠠᠨᠠᠯ ᠬᠤᠷᠢᠶᠠᠬᠤ ᠪᠠᠷ ᠲᠠᠮᠵᠢᠭᠤᠯᠤᠨ᠂ ᠦᠷᠡᠭᠳᠡᠭᠰᠡᠨ ᠪᠠᠭᠠᠳᠤᠷᠴᠤᠳ ᠤᠨ ᠤᠢᠢᠷ᠎ᠠ ᠲᠦᠷᠦᠯ ᠰᠠᠳᠤᠨ ᠢ ᠰᠢᠪᠠᠳᠠᠨ ᠭᠤᠶᠤᠴᠢᠯᠠᠵᠤ ᠵᠠᠭᠠᠯᠳᠤᠯᠭ᠎ᠠ ᠭᠠᠷᠭᠠᠭᠤᠯᠪᠠ᠃ ᠵᠠᠭᠠᠯᠳᠤᠯᠭ᠎ᠠ ᠭᠠᠷᠭᠠᠵᠤ ᠲᠡᠶᠢᠯᠦᠭᠰᠡᠨ ᠦᠭᠡᠢ ᠳᠤᠨᠢ᠂ ᠵᠢᠶᠠᠩᠰᠦ᠂ ᠱᠠᠨᠳᠦ᠋ᠩ ᠵᠡᠷᠭᠡ ᠭᠠᠵᠠᠷ ᠤᠨ ᠪᠠᠶᠢᠴᠠᠭᠠᠬᠤ ᠪᠠᠶᠢᠭᠤᠯᠭ᠎ᠠ 6 ᠬᠤᠪᠢ ᠢᠷᠭᠡᠨ ᠤ ᠬᠡᠷᠡᠭ ᠤᠨ ᠨᠡᠶᠢᠲᠡ ᠶᠢᠨ ᠠᠰᠢᠭᠲᠤ ᠵᠠᠷᠭᠤ ᠬᠢᠪᠠ︔ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠲᠦᠬᠦᠭᠡᠷᠤᠮᠵᠢ ᠶᠢ ᠬᠠᠮᠠᠭᠠᠯᠠᠭᠰᠠᠨ ᠢᠶᠠᠷ ᠬᠦᠷᠦᠯᠴᠡᠬᠦ ᠦᠬᠡᠢ ᠪᠠᠶᠢᠬᠰᠠᠨ ᠢ ᠯᠢᠶᠣᠣᠨᠢᠩ᠂ ᠬᠠᠶᠢᠨᠠᠨ᠂ ᠭᠦᠢᠵᠸᠦ᠂ ᠨᠢᠩᠰᠢᠶᠠ ᠵᠡᠷᠭᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ 36 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠵᠤ ᠂ ᠲᠤᠷᠠᠳᠤᠭᠰᠠᠨ ᠵᠦᠢᠯ ᠢ ᠨᠢ ᠪᠦᠷ ᠵᠠᠯᠠᠷᠠᠭᠤᠯᠵᠤ ᠂ ᠦᠷᠡᠭᠳᠡᠭᠰᠡᠨ ᠪᠠᠭᠠᠲᠤᠷᠴᠤᠳ ᠤᠨ ᠨᠡᠷ᠎ᠡ ᠬᠦᠨᠳᠦ ᠶᠢ ᠬᠠᠮᠠᠭᠠᠯᠠᠨ᠂ ᠦᠷᠡᠭᠳᠡᠭᠰᠡᠨ ᠪᠠᠭᠠᠳᠤᠷᠴᠤᠳ ᠤᠨ ᠠᠷᠢᠭᠤᠨ ᠰᠦᠨᠡᠰᠦ ᠶᠢ ᠠᠮᠤᠷᠯᠢᠭᠤᠯᠪᠠ᠃
ᠲᠦᠷᠪᠡ᠂ ᠪᠠᠶᠢᠴᠠᠭᠠᠬᠤ ᠴᠢᠳᠠᠪᠤᠷᠢ ᠪᠠᠨ ᠴᠢᠷᠮᠠᠶᠢᠨ ᠳᠡᠬᠡᠭᠰᠢᠯᠡᠬᠦᠯᠵᠦ᠂ ᠰᠢᠨ᠎ᠠ ᠴᠠᠭ ᠦᠶ᠎ᠡ ᠶᠢᠨ ᠨᠡᠩ ᠦᠨᠳᠦᠷ ᠨᠡᠩ ᠴᠢᠩᠭ᠎ᠠ ᠱᠠᠭᠠᠷᠳᠠᠯᠭ᠎ᠠ ᠳᠤ ᠵᠤᠬᠢᠴᠠᠭᠤᠯᠪᠠ
ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ᠦᠬᠡᠷᠡᠴᠢᠯᠠᠯᠳᠠ ᠬᠢᠵᠦ ᠰᠢᠨ᠎ᠠ ᠶᠢ ᠡᠬᠦᠳᠬᠦ ᠶᠢ ᠬᠦᠨᠵᠡᠬᠡᠶᠢᠷᠡᠬᠦᠯᠦᠨ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠰᠢᠨ᠎ᠠ ᠴᠠᠭ ᠦᠶ᠎ᠡ ᠶᠢᠨ ᠠᠷᠠᠳ ᠤᠨ ᠪᠠᠶᠢᠴᠠᠭᠠᠬᠤ ᠳᠤᠰᠢᠶᠠᠯᠳᠠᠨ ᠤ ᠠᠵᠢᠯᠯᠠᠭᠠᠨ ᠤ ᠵᠦᠭᠯᠡᠬᠦᠷ ᠪᠤᠯᠭᠠᠪᠠ᠃
ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠬᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠪᠠ᠃ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠵᠤ ᠂ ᠪᠦᠬᠦ ᠠᠵᠢᠯᠳᠠᠨ ᠤ ᠡᠭᠡᠯᠵᠢᠳᠤ ᠪᠤᠯᠪᠠᠰᠤᠷᠠᠭᠤᠯᠤᠯ ᠪᠠ ᠲᠤᠰᠬᠠᠢ ᠰᠡᠳᠦᠪᠳᠤ ᠰᠦᠯᠵᠢᠶᠡᠨ ᠤ ᠪᠤᠯᠪᠠᠰᠤᠷᠠᠭᠤᠯᠤᠯ ᠢ ᠵᠤᠬᠢᠶᠠᠨ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠢ ᠪᠦᠬᠦ ᠲᠠᠯ᠎ᠠ ᠪᠠᠷ ᠬᠠᠤᠯᠢ ᠶᠤᠰᠤᠭᠠᠷ ᠵᠠᠰᠠᠬᠤ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠤᠢᠢᠯᠠᠭᠠᠭᠤᠯᠪᠠ᠃ ᠰᠢᠨ᠎ᠡ ᠪᠠᠷ ᠵᠠᠰᠠᠪᠤᠷᠢ ᠤᠷᠤᠭᠤᠯᠤᠭᠰᠠᠨ ᠦᠨᠳᠦᠰᠦᠨ ᠬᠠᠤᠯᠢ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ ᠂ ᠦᠨᠳᠦᠰᠦᠨ ᠬᠠᠤᠯᠢ ᠶᠢᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠨ ᠬᠠᠤᠯᠢ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠵᠦ ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠪᠠ᠃ ᠪᠠᠶᠢᠴᠠᠭᠠᠬᠤ ᠪᠠᠶᠢᠭᠤᠯᠭ᠎ᠠ ᠶᠢ ᠰᠡᠷᠬᠦᠭᠡᠵᠤ ᠲᠠᠬᠢᠨ ᠪᠠᠶᠢᠭᠤᠯᠤᠭᠰᠠᠨ 40 ᠵᠢᠯ ᠤᠨ ᠤᠢ ᠶᠢ ᠲᠤᠷᠠᠰᠬᠠᠵᠤ ᠂ ᠲᠤᠯᠭᠤᠷ ᠵᠤᠷᠢᠯᠲᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ ᠂ ᠲᠦᠷᠦᠭᠡ ᠴᠢᠩᠭᠠᠯᠠᠨ ᠲᠠᠬᠢᠨᠲᠠ ᠮᠤᠷᠳᠠᠪᠠ᠃ ︽ᠦᠭᠡᠷᠡᠴᠢᠯᠡᠯᠲᠡ ᠶᠢᠨ ᠬᠤᠰᠢᠭᠤᠴᠢ︾ᠵᠠᠩ ᠪᠢᠶᠤᠤ ᠂ ︽ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠲᠠᠨ︾ᠵᠸᠤ ᠾᠦᠢ ᠮᠢᠩ ᠵᠡᠷᠭᠡ ᠪᠠᠭᠠᠳᠤᠷ ᠵᠢᠱᠢᠶᠡᠴᠢ ᠶᠢᠨ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠨᠠᠮ ᠳᠠᠭᠠᠨ ᠦᠨᠡᠨᠴᠢ ᠰᠢᠳᠤᠷᠭᠤ ᠂ ᠠᠷᠠᠳ ᠲᠦᠮᠡᠨ ᠳᠡᠭᠡᠨ ᠦᠢᠯᠡᠴᠢᠯᠡᠬᠦ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯᠲᠠᠨ ᠪᠤᠯᠬᠤ ᠪᠠᠷ ᠴᠢᠷᠮᠠᠶᠢᠪᠠ᠃
ᠲᠤᠳᠤᠭᠠᠳᠤ ᠪᠠᠶᠢᠭᠤᠯᠤᠮᠵᠢ ᠶᠢᠨ ᠰᠢᠰᠲ᠋ᠧᠮ ᠤᠨ ᠴᠢᠨᠠᠷᠲᠠᠢ ᠂ ᠲᠠᠬᠢᠨ ᠴᠤᠭᠴᠠᠯᠠᠬᠤ ᠴᠢᠨᠠᠷᠲᠠᠢ ᠦᠭᠡᠷᠡᠴᠢᠯᠡᠯᠲᠡ ᠶᠢ ᠠᠬᠢᠭᠤᠯᠪᠠ᠃ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠨᠭ᠍ᠭᠠᠬᠤ ᠳᠤ ᠂ ᠡᠷᠬᠡᠪᠰᠢ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠬᠤᠴᠤᠷᠤᠩᠭᠤᠢ ᠪᠤᠯᠵᠤ ᠪᠠᠶᠢᠬᠤ ᠠᠰᠠᠭᠤᠳᠠᠯ ᠢ ᠡᠩ ᠲᠡᠷᠢᠬᠦᠨ ᠳᠤ ᠰᠢᠢᠳᠪᠤᠷᠢᠯᠡᠬᠦ ᠬᠡᠷᠡᠭᠲᠠᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠤ ᠂ ᠲᠤᠳᠤᠭᠠᠳᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠪᠠᠶᠢᠴᠠᠭᠠᠬᠤ ᠠᠵᠢᠯ ᠤᠨ ᠰᠢᠨ᠎ᠡ ᠶᠢ ᠡᠬᠦᠳᠬᠦ ᠬᠦᠭᠵᠢᠯᠳᠠ ᠶᠢᠨ ᠰᠢᠪᠳᠤᠯᠬᠤ ᠴᠡᠭ ᠪᠤᠯᠭᠠᠵᠤ ᠂ ᠤᠷᠢᠳ ᠢᠶᠠᠷ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠠᠴᠠ ᠡᠬᠢᠯᠡᠨ ᠦᠭᠡᠷᠡᠴᠢᠯᠡᠬᠦ ᠬᠡᠷᠡᠭᠲᠠᠢ᠃ ᠪᠠᠷᠢᠪᠴᠢᠯᠠᠬᠤ ᠶᠢ ᠵᠦᠪᠰᠢᠶᠡᠷᠡᠬᠦ ᠪᠠ ᠵᠠᠭᠠᠯᠳᠤᠯᠭ᠎ᠠ ᠭᠠᠷᠭᠠᠬᠤ ᠡᠬᠦᠷᠭᠡ ᠴᠢᠳᠠᠪᠤᠷᠢ ᠨᠢ ᠨᠢᠬᠲᠠ ᠬᠠᠷᠢᠴᠠᠭ᠎ᠠ ᠬᠤᠯᠪᠤᠭ᠎ᠠ ᠲᠠᠢ ᠪᠠᠶᠢᠵᠤ᠂ ᠲᠤᠰ ᠲᠤᠰ ᠲᠤᠨᠢ ᠬᠡᠷᠡᠭᠵᠢᠬᠦᠯᠪᠡᠯ ᠬᠡᠷᠡᠭ ᠰᠢᠢᠳᠪᠤᠷᠢᠯᠡᠬᠦ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠨᠢ ᠨᠦᠯᠦᠭᠡᠯᠡᠬᠦ ᠠᠰᠠᠭᠤᠳᠠᠯ ᠳᠤ ᠴᠢᠭᠯᠡᠬᠦᠯᠦᠨ᠂ ᠪᠠᠷᠢᠪᠴᠢᠯᠠᠬᠤ ᠶᠢ ᠵᠦᠪᠰᠢᠶᠡᠷᠡᠬᠦ ᠪᠠ ᠵᠠᠭᠠᠯᠳᠤᠯᠭ᠎ᠠ ᠭᠠᠷᠭᠠᠬᠤ ᠶᠢ ᠨᠢᠭᠡ ᠴᠤᠭᠴᠠᠵᠢᠭᠤᠯᠤᠨ ᠦᠭᠡᠷᠡᠴᠢᠯᠡᠵᠤ᠂ ᠮᠦᠨ ᠨᠢᠭᠡ ᠬᠡᠷᠡᠭ ᠤᠨ ᠪᠠᠷᠢᠪᠴᠢᠯᠠᠬᠤ ᠶᠢ ᠵᠦᠪᠰᠢᠶᠡᠷᠡᠬᠦ ᠪᠠ ᠵᠠᠭᠠᠯᠳᠤᠯᠭ᠎ᠠ ᠭᠠᠷᠭᠠᠬᠤ ᠶᠢ ᠮᠦᠨ ᠨᠢᠭᠡ ᠬᠡᠷᠡᠭ ᠰᠢᠢᠳᠪᠤᠷᠢᠯᠡᠬᠦ ᠵᠤᠬᠢᠶᠠᠨ ᠪᠠᠶᠢᠭᠤᠯᠤᠯᠲᠠ᠂ ᠮᠦᠨ ᠨᠢᠭᠡ ᠪᠠᠶᠢᠴᠠᠭᠠᠬᠤ ᠲᠤᠰᠢᠶᠠᠯᠲᠠᠨ ᠠᠴᠠ ᠡᠴᠦᠰ ᠲᠤᠨᠢ ᠲᠤᠯᠳᠠᠯ᠎ᠠ ᠬᠠᠷᠢᠭᠤᠴᠠᠬᠤ ᠪᠤᠯᠭᠠᠪᠠ᠃ ᠢᠷᠭᠡᠨ ᠤ ᠬᠡᠷᠡᠭ ᠂ ᠵᠠᠰᠠᠭ ᠵᠠᠬᠢᠷᠭᠠᠨ ᠤ ᠭᠤᠮᠤᠳᠠᠯ ᠲᠤᠭᠠᠴᠢᠯᠲᠠ ᠦᠷᠬᠦᠯᠵᠢᠯᠡᠨ ᠨᠡᠮᠡᠭᠳᠡᠬᠦ ᠂ ᠬᠢᠨᠠᠯᠲᠠ ᠲᠠᠯᠪᠢᠬᠤ ᠬᠡᠷᠡᠭ ᠶᠡᠭᠡ ᠬᠡᠮᠵᠢᠶ᠎ᠡ ᠪᠠᠷ ᠲᠠᠷᠤᠭᠳᠠᠵᠤ ᠪᠠᠶᠢᠭ᠎ᠠ ᠪᠠᠶᠢᠳᠠᠯ ᠳᠤ ᠴᠢᠭᠯᠡᠬᠦᠯᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠢᠨᠠᠨ ᠶᠠᠷᠢᠯᠴᠠᠭᠰᠠᠨ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠵᠤ ᠂ ︽ᠡᠷᠡᠬᠦᠦ ᠶᠢᠨ ᠬᠡᠷᠡᠭ ᠢ ᠴᠢᠬᠤᠯᠠᠴᠢᠯᠠᠨ ᠢᠷᠭᠡᠨ ᠤ ᠬᠡᠷᠡᠭ ᠢ ᠬᠦᠡᠭᠭᠡᠪᠴᠢᠯᠡᠬᠦ︾ ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ ᠢᠷᠭᠡᠨ ᠤ ᠬᠡᠷᠡᠭ ᠤᠨ ᠪᠠ ᠵᠠᠰᠠᠭ ᠵᠠᠬᠢᠷᠭᠠᠨ ᠤ ᠪᠠᠶᠢᠴᠠᠭᠠᠬᠤ ᠪᠠᠶᠢᠭᠤᠯᠤᠮᠵᠢ ᠶᠢ ᠲᠤᠰ ᠲᠤᠰ ᠪᠠᠶᠢᠭᠤᠯᠪᠠ᠃ ᠤᠯᠠᠨ ᠨᠡᠶᠢᠲᠡ ᠶᠢᠨ ᠠᠰᠢᠭ ᠲᠤᠰᠠ ᠶᠢᠨ ᠲᠦᠯᠦᠭᠡᠯᠡᠭᠴᠢ ᠶᠢᠨ ᠨᠠᠶᠢᠳᠠᠯᠭ᠎ᠠ ᠪᠠ ᠬᠠᠤᠯᠢ ᠴᠠᠭᠠᠵᠠ ᠠᠴᠠ ᠤᠯᠭᠤᠭᠰᠠᠨ ᠡᠷᠭᠡ ᠳᠤ ᠦᠨᠡᠨᠴᠢ ᠰᠢᠳᠤᠷᠭᠤ ᠪᠠᠶᠢᠵᠤ ᠂ ᠲᠦᠪ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠦᠪᠯᠡᠯ ᠤᠨ ᠭᠤᠷᠪᠠᠳᠤᠭᠠᠷ ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠪᠠᠶᠢᠭᠤᠯᠤᠮᠵᠢ ᠶᠢ ᠲᠤᠰᠬᠠᠢ ᠪᠠᠶᠢᠭᠤᠯᠪᠠ᠃ ᠨᠢᠳᠤᠨᠤᠨ ᠤ 12 ᠰᠠᠷ᠎ᠠ ᠳᠤ ᠂ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠲᠤᠳᠤᠭᠠᠳᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠪᠤᠳᠠᠳᠠᠢ ᠨᠠᠶᠢᠳᠠᠪᠤᠷᠢᠵᠢᠭᠤᠯᠵᠤ᠂ ᠤᠷᠤᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠵᠡᠷᠭᠡ ᠪᠠᠷ ᠪᠠᠶᠢᠷᠢᠯᠠᠭᠤᠯᠪᠠ᠃ ᠡᠷᠡᠬᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ᠂ ᠨᠡᠶᠢᠲᠡ ᠶᠢᠨ ᠠᠰᠢᠭᠲᠤ ᠵᠠᠷᠭᠤ ᠬᠡᠬᠦ ︽ᠲᠦᠷᠪᠡᠨ ᠶᠡᠭᠡ ᠪᠠᠶᠢᠴᠠᠭᠠᠯᠲᠠ︾ ᠶᠢᠨ ᠬᠠᠤᠯᠢ ᠴᠠᠭᠠᠵᠠ ᠶᠢᠨ ᠬᠢᠨᠠᠯᠲᠠ ᠶᠢᠨ ᠶᠡᠷᠦᠩᠭᠡᠢ ᠪᠠᠶᠢᠷᠢᠯᠠᠭᠤᠯᠤᠯᠳᠠ ᠶᠢ ᠬᠦᠴᠦᠲᠡᠢ ᠠᠬᠢᠭᠤᠯᠪᠠ᠃
ᠬᠠᠤᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠲᠡ ᠶᠢ ᠬᠦᠨᠵᠡᠭᠡᠶᠢᠷᠡᠬᠦᠯᠪᠡ᠃ ᠬᠠᠤᠯᠢ ᠪᠠᠷᠢᠬᠤ ᠪᠠᠶᠢᠭᠤᠯᠤᠯ ᠤᠨ ᠶᠡᠷᠦᠩᠭᠡᠶᠢᠯᠡᠭᠰᠡᠨ ᠢᠵᠢ ᠪᠦᠷᠢᠳᠦᠬᠦᠯᠬᠦ ᠦᠭᠡᠷᠡᠴᠢᠯᠡᠯᠲᠡ ᠶᠢ ᠢᠳᠡᠪᠬᠢᠲᠠᠢ ᠠᠬᠢᠭᠤᠯᠵᠤ᠂ ᠪᠠᠶᠢᠴᠠᠭᠠᠬᠤ ᠠᠵᠢᠯᠲᠠᠨ ᠤ ᠲᠦᠷᠦᠯ ᠬᠤᠪᠢᠶᠠᠭᠰᠠᠨ ᠬᠠᠮᠢᠶᠠᠷᠤᠯᠲᠠ᠂ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠢᠳᠪᠤᠷᠢᠯᠡᠬᠦ ᠬᠠᠷᠢᠭᠤᠴᠠᠯᠭ᠎ᠠ ᠶᠢᠨ ᠲᠦᠷᠢᠮ ᠢ ᠲᠠᠰᠤᠷᠠᠯᠲᠠ ᠦᠭᠡᠢ ᠲᠡᠬᠦᠯᠳᠡᠷᠵᠢᠬᠦᠯᠵᠤ᠂ ᠪᠠᠶᠢᠴᠠᠭᠠᠬᠤ ᠲᠤᠰᠢᠶᠠᠯᠳᠠᠨ ᠤ ᠲᠤᠰᠠᠭᠠᠷ ᠳᠤᠰᠢᠶᠠᠯ ᠤᠨ ᠳᠠᠷᠠᠭᠠᠯᠠᠯ ᠵᠢᠴᠢ ᠴᠠᠯᠢᠩ ᠤᠨ ᠲᠦᠷᠢᠮ ᠢ ᠠᠯᠬᠤᠮ ᠠᠯᠬᠤᠮ ᠢᠶᠠᠷ ᠪᠦᠷᠢᠨᠰᠢᠬᠦᠯᠵᠤ᠂ ᠪᠠᠶᠢᠴᠠᠭᠠᠬᠤ ᠠᠵᠢᠯᠲᠠᠨ ᠤ ᠠᠵᠢᠯ ᠮᠡᠷᠭᠡᠵᠢᠯ ᠤᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠦᠨᠳᠦᠰᠦᠨ ᠳᠡᠭᠡᠨ ᠨᠠᠶᠢᠳᠠᠪᠤᠷᠢᠵᠢᠭᠤᠯᠪᠠ᠃ ᠵᠠᠰᠠᠭ ᠵᠠᠬᠢᠷᠭᠠᠨ ᠤ ᠤᠷᠤᠨ ᠬᠤᠪᠢᠶᠠᠷᠢᠯᠠᠯ ᠠᠯᠤᠰᠯᠠᠭᠰᠠᠨ ᠪᠠᠶᠢᠴᠠᠭᠠᠬᠤ ᠠᠵᠢᠯ ᠤᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠤ᠂ ᠵᠢᠶᠠᠩᠰᠤ ᠡᠾᠧᠨᠠᠨ ᠠᠨᠾᠦ᠋ᠢ ᠭᠤᠷᠪᠠᠨ ᠮᠤᠵᠢ ᠳᠤ ᠬᠤᠯᠪᠤᠭᠳᠠᠭᠰᠠᠨ ᠤᠰᠤᠨ ᠤᠷᠤᠨ ᠢ ᠪᠤᠬᠢᠷᠳᠤᠭᠤᠯᠤᠭᠰᠠᠨ ᠨᠢᠭᠡᠨ ᠬᠡᠷᠡᠭ ᠢ ᠬᠤᠯᠪᠤᠭᠳᠠᠯ ᠪᠦᠬᠦᠢ ᠪᠠᠶᠢᠴᠠᠭᠠᠬᠤ ᠪᠠᠶᠢᠭᠤᠯᠭ᠎ᠠ ᠶᠢ ᠵᠢᠭᠠᠨ ᠲᠤᠭᠲᠠᠭᠠᠵᠤ ᠤᠨᠳᠤᠤ ᠭᠠᠵᠠᠷ ᠲᠤ ᠰᠢᠢᠳᠪᠤᠷᠢᠯᠡᠬᠦᠯᠪᠡ︔ ᠱᠠᠩᠬᠠᠢ ᠶᠢᠨ ᠬᠦᠭᠡᠮᠦ᠋ᠷᠡᠨ ᠤ ᠭᠤᠷᠪᠠᠯᠵᠢᠨ ᠬᠤᠶᠢᠭ ᠤᠨ ᠤᠷᠴᠢᠨ ᠠᠬᠤᠢ ᠶᠢᠨ ᠬᠠᠮᠠᠭᠠᠯᠠᠯᠲᠠ ᠶᠢᠨ ᠨᠢᠭᠡ ᠴᠤᠭᠴᠠᠵᠢᠭᠰᠠᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠤᠭᠲᠠᠴᠠ ᠶᠢ ᠲᠦᠷᠦᠬᠦᠯᠡᠨ ᠰᠦᠪᠡᠭᠴᠢᠯᠡᠬᠦ ᠶᠢ ᠲᠡᠮᠵᠢᠪᠡ᠃ 2018 — 2022 ᠤᠨ ᠤ ᠪᠠᠶᠢᠴᠠᠭᠠᠬᠤ ᠠᠵᠢᠯ ᠤᠨ ᠦᠭᠡᠷᠡᠴᠢᠯᠡᠯᠲᠡ ᠶᠢᠨ ᠠᠵᠢᠯ ᠤᠨ ᠲᠦᠯᠦᠪᠵᠢᠬᠦᠯᠭᠡ ᠶᠢ ᠲᠤᠭᠲᠠᠭᠠᠵᠤ ᠂ 46 ᠵᠦᠢᠯ ᠤᠨ ᠴᠢᠬᠤᠯᠠ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠬᠦᠮᠦᠰ ᠮᠠᠰᠢ ᠶᠡᠭᠡ ᠠᠩᠬᠠᠷᠤᠯ ᠳᠠᠯᠪᠢᠵᠤ ᠬᠦᠰᠡᠯ ᠡᠷᠡᠮᠡᠯᠵᠠᠯ ᠢᠶᠠᠨ ᠨᠠᠶᠢᠳᠠᠵᠤ ᠪᠠᠶᠢᠭ᠎ᠠ ᠶᠤᠮ᠃
ᠲᠤᠬᠠᠢᠢᠯᠠᠭᠰᠠᠨ ᠠᠵᠢᠯ ᠤᠨ ᠪᠠᠶᠢᠭᠤᠯᠤᠯᠲᠠ ᠶᠢ ᠰᠢᠨ᠎ᠡ ᠶᠢ ᠡᠬᠦᠳᠦᠨ ᠠᠬᠢᠭᠤᠯᠪᠠ᠃ ᠶᠡᠭᠡ ᠬᠡᠪᠴᠢᠶᠡᠨ ᠤ ᠵᠢᠩᠬᠢᠨᠢᠴᠢᠯᠡᠭᠰᠡᠨ ᠬᠦᠮᠦᠵᠢᠯ ᠪᠤᠯᠪᠠᠰᠤᠷᠠᠭᠤᠯᠤᠯ ᠢ ᠲᠡᠰ ᠪᠠ ᠲᠦᠷᠦᠯ ᠬᠤᠪᠢᠶᠠᠨ ᠦᠷᠨᠢᠬᠦᠯᠵᠤ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠠᠴᠠ 1.7 ᠲᠦᠮᠡᠨ ᠬᠦᠮᠦᠨ ᠤᠳᠠᠭ᠎ᠠ ᠰᠢᠭᠤᠳ ᠪᠤᠯᠪᠠᠰᠤᠷᠠᠭᠤᠯᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠠᠢ᠃ ᠤᠳᠤᠷᠢᠳᠬᠤ ᠺᠠᠳ᠋ᠷᠴᠤᠳ ᠢ ᠲᠦᠷᠦᠬᠦᠯᠡᠨ ᠬᠦᠨᠳᠤ ᠶᠡᠭᠡ ᠲᠦᠪᠡᠭ ᠪᠤᠳᠤᠯᠢᠶᠠᠨᠳᠠᠢ ᠬᠡᠷᠡᠭ ᠢ ᠰᠢᠢᠳᠪᠤᠷᠢᠯᠡᠵᠤ᠂ ᠬᠡᠷᠡᠭ ᠰᠢᠢᠳᠪᠦᠷᠢᠯᠡᠬᠦ ᠶᠢ ᠵᠢᠷᠤᠮᠵᠢᠭᠤᠯᠬᠤ ᠲᠡᠯ᠎ᠡ ᠪᠠᠷ ᠬᠡᠪ ᠲᠠᠭᠤᠷᠢᠶᠠᠯ ᠦᠵᠡᠬᠦᠯᠬᠦ ᠬᠡᠷᠡᠭᠲᠠᠢ ᠭᠡᠵᠤ ᠱᠠᠭᠠᠷᠳᠠᠪᠠ᠃ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠲᠦᠷᠦᠬᠦᠯᠡᠨ ᠪᠠᠶᠢᠴᠠᠭᠠᠬᠤ ᠲᠠᠷᠤᠭ᠎ᠠ ᠶᠢᠨ ᠰᠢᠬᠦᠨ ᠲᠠᠰᠤᠯᠬᠤ ᠵᠦᠪᠯᠡᠯ ᠤᠨ ᠬᠤᠷᠠᠯᠳᠤᠭᠠᠨ ᠳᠤ ᠰᠤᠯᠠ ᠤᠷᠤᠯᠴᠠᠬᠤ ᠲᠦᠷᠢᠮ ᠢ ᠨᠠᠶᠢᠳᠠᠪᠤᠷᠢᠵᠢᠭᠤᠯᠵᠤ ᠂ ᠡᠯ᠎ᠡ ᠱᠠᠳᠤᠨ ᠤ ᠪᠠᠶᠢᠴᠠᠭᠠᠬᠤ ᠲᠠᠷᠤᠭ᠎ᠠ᠂ ᠲᠡᠳ᠋ ᠪᠠᠶᠢᠴᠠᠭᠠᠬᠤ ᠲᠠᠷᠤᠭ᠎ᠠ ᠰᠢᠬᠦᠨ ᠲᠠᠰᠤᠯᠬᠤ ᠵᠦᠪᠯᠡᠯ ᠤᠨ ᠬᠤᠷᠠᠯᠳᠤᠭᠠᠨ ᠳᠤ 8713 ᠬᠦᠮᠦᠨ ᠤᠳᠠᠭ᠎ᠠ ᠰᠤᠯᠠ ᠤᠷᠤᠯᠴᠠᠵᠤ ᠂ ᠮᠤᠵᠢ ᠶᠢᠨ ᠱᠠᠳᠤᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠠᠩᠬ᠎ᠠ ᠤᠳᠠᠭ᠎ᠠ ᠪᠦᠬᠦᠳᠡᠭᠡᠷ ᠢᠶᠠᠨ ᠰᠤᠯᠠ ᠤᠷᠤᠯᠴᠠᠪᠠ᠃ ᠦᠨᠳᠦᠰᠦᠨ ᠱᠠᠲᠤᠨ ᠤ ᠪᠠᠶᠢᠴᠠᠭᠠᠬᠤ ᠬᠤᠷᠢᠶ᠎ᠠ ᠠᠴᠠ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠳᠤ ᠰᠢᠭᠤᠳ ᠨᠡᠪᠲᠡᠷᠡᠬᠦ ᠲᠤᠰᠬᠠᠢ ᠮᠡᠷᠭᠡᠵᠢᠯ ᠤᠨ ᠲᠠᠪᠴᠠᠩ ᠪᠤᠯᠬᠤ ︽ᠪᠠᠶᠢᠴᠠᠭᠠᠬᠤ ᠠᠵᠢᠯ ᠤᠨ ᠵᠦᠪᠯᠡᠮᠵᠢ ᠬᠠᠷᠢᠭᠤᠯᠳᠠ ᠦᠭᠬᠦ ᠰᠦᠯᠵᠢᠶ᠎ᠡ︾ ᠶᠢ ᠪᠠᠶᠢᠭᠤᠯᠵᠤ ᠂ 1.1 ᠲᠦᠮᠡᠨ ᠡᠯ᠎ᠡ ᠲᠦᠷᠦᠯ ᠤᠨ ᠠᠰᠠᠭᠤᠯᠲᠠ ᠳᠤ ᠬᠠᠷᠢᠭᠤᠯᠲᠠ ᠦᠭᠪᠡ᠃ ︽ᠤᠶᠤᠯᠢᠭ ᠲᠤᠰᠠᠯᠠᠮᠵᠢ︾ ᠶᠢ ᠴᠢᠬᠤᠯᠠᠴᠢᠯᠠᠵᠦ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠠᠴᠠ 103 ᠨᠡᠷᠡᠰ ᠲᠤᠰᠬᠠᠢ ᠮᠡᠷᠭᠡᠵᠢᠯᠲᠡᠨ ᠡᠷᠳᠡᠮᠳᠠᠨ᠂ ᠬᠠᠤᠯᠢ ᠴᠠᠭᠠᠵᠠ ᠶᠢᠨ ᠡᠲᠡᠭᠡᠳ ᠤᠨ ᠲᠦᠯᠦᠭᠡᠯᠡᠭᠴᠢ ᠭᠡᠰᠢᠬᠦᠨ᠂ ᠬᠠᠤᠯᠢᠴᠢ ᠵᠡᠷᠭᠡ ᠶᠢ ᠤᠷᠢᠵᠤ᠂ ᠬᠡᠷᠡᠭ ᠰᠢᠢᠳᠪᠦᠷᠢᠯᠡᠬᠦ ᠵᠦᠪᠯᠡᠯᠬᠡ ᠦᠭᠬᠦ ᠵᠦᠪᠯᠡᠯ ᠢ ᠵᠤᠬᠢᠶᠠᠨ ᠪᠠᠶᠢᠭᠤᠯᠪᠠ︔ ᠠᠮᠢ ᠠᠬᠤᠢ ᠶᠢᠨ ᠤᠷᠴᠢᠨ ᠨᠦᠬᠦᠴᠡᠯ᠂ ᠵᠠᠬ᠎ᠠ ᠲᠡᠯᠭᠡᠬᠦᠷ ᠤᠨ ᠬᠢᠨᠠᠯᠲᠠ ᠬᠠᠮᠢᠶᠠᠷᠤᠯᠲᠠ᠂ ᠮᠦᠡᠭᠬᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠲᠠᠢ ᠬᠠᠮᠵᠢᠯᠴᠠᠵᠤ᠂ ᠬᠠᠷᠢᠯᠴᠠᠨ ᠺᠠᠳ᠋ᠷ ᠲᠤᠮᠢᠯᠠᠵᠤ ᠲᠤᠰᠢᠶᠠᠯ ᠡᠬᠦᠷᠭᠡᠯᠡᠬᠦᠯᠦᠨ ᠰᠤᠯᠢᠯᠴᠠᠭᠤᠯᠵᠤ᠂ ᠬᠡᠷᠡᠭ ᠰᠢᠢᠳᠪᠤᠷᠢᠯᠡᠬᠦ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠᠨ ᠯᠠᠪᠳᠠᠭᠤᠨ ᠪᠠᠲᠤᠲᠠᠢ ᠲᠡᠭᠡᠭᠰᠢᠯᠡᠬᠦᠯᠪᠡ᠃
ᠴᠢᠩᠭ᠎ᠠ ᠬᠠᠮᠢᠶᠠᠷᠬᠤ ᠨᠢ ᠭᠦᠨ ᠬᠠᠶᠢᠷ᠎ᠠ ᠮᠦᠨ ᠭᠡᠬᠦ ᠦᠵᠡᠯᠲᠡ ᠶᠢ ᠪᠠᠷᠢᠮᠲᠠᠯᠠᠪᠠ᠃ ᠪᠠᠶᠢᠴᠠᠭᠠᠬᠤ ᠬᠤᠷᠢᠶᠠᠨ ᠤ ᠰᠦᠯᠳᠡ ᠳᠤ ᠲᠤᠭᠤᠰᠤ ᠰᠠᠭᠤᠯᠭᠠᠵᠤ ᠪᠤᠯᠬᠤ ᠦᠬᠡᠢ᠂ ᠡᠷᠭᠡ ᠶᠢ ᠵᠠᠪᠠᠯ ᠰᠠᠶᠢᠳᠤᠷ ᠬᠠᠮᠢᠶᠠᠷᠬᠤ ᠬᠡᠷᠡᠭᠳᠡᠢ᠃ ᠢᠯᠳᠦᠨ ᠤ ᠢᠷ ᠢ ᠲᠤᠳᠤᠭᠰᠢ ᠬᠠᠨᠳᠤᠭᠤᠯᠤᠨ᠂9 ᠮᠤᠵᠢ ᠶᠢᠨ ᠱᠠᠳᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠲᠤᠭᠤᠢᠢᠯᠠᠩ ᠂ ᠠᠯᠪᠠᠨ ᠪᠠᠶᠢᠭᠤᠯᠭ᠎ᠠ ᠶᠢᠨ 4 ᠲᠢᠩᠬᠢᠮ ᠤᠨ ᠲᠡᠰ ᠤᠨ ᠨᠢᠬᠡᠴᠢ ᠶᠢᠨ ᠨᠠᠮ ᠤᠨ ᠵᠤᠬᠢᠶᠠᠨ ᠪᠠᠶᠢᠭᠤᠯᠤᠯᠳᠠ ᠳᠤ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢ ᠬᠤᠶᠠᠷ ᠡᠬᠡᠯᠵᠢ ᠬᠤᠪᠢᠶᠠᠨ ᠦᠷᠨᠢᠬᠦᠯᠵᠤ᠂ ᠪᠦᠬᠦ ᠤᠯᠤᠰ ᠤᠨ ᠪᠠᠶᠢᠴᠠᠭᠠᠬᠤ ᠲᠠᠷᠤᠭ᠎ᠠ ᠨᠠᠷ ᠤᠨ ᠬᠤᠷᠠᠯᠳᠤᠭᠠᠨ ᠲᠡᠭᠡᠷ᠎ᠠ ᠲᠤᠭᠤᠷᠢᠨ ᠪᠠᠶᠢᠴᠠᠭᠠᠭᠠᠳ ᠢᠯᠡᠷᠡᠬᠦᠯᠦᠭᠰᠡᠨ ᠠᠰᠠᠭᠤᠳᠠᠯ ᠤᠨ ᠲᠤᠬᠠᠢ᠂ ᠤᠪᠤᠭ ᠨᠡᠷ᠎ᠠ ᠶᠢ ᠨᠢ ᠲᠤᠷᠠᠳᠴᠤ ᠪᠠᠶᠢᠭᠠᠳ ᠵᠠᠷᠯᠠᠨ ᠨᠡᠶᠢᠳᠡᠯᠡᠵᠤ᠂ ᠦᠨᠡᠬᠡᠷ ᠨᠢᠭᠤᠷ ᠢ ᠨᠢ ᠤᠯᠠᠶᠢᠯᠭᠠᠵᠤ᠂ ᠦᠨᠡᠬᠡᠷ ᠬᠦᠯᠦᠰᠦ ᠶᠢ ᠨᠢ ᠭᠠᠷᠭᠠᠪᠠ᠃ ᠡᠯ᠎ᠠ ᠱᠠᠳᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ ᠵᠢᠴᠢ ᠲᠡᠬᠦᠨ ᠤ ᠲᠤᠮᠢᠯᠠᠨ ᠰᠠᠭᠤᠯᠭᠠᠬᠤ ᠪᠠᠶᠢᠭᠤᠯᠤᠮᠵᠢ ᠶᠢᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ ᠂ 774ᠨᠡᠷᠡᠰ ᠪᠠᠶᠢᠴᠠᠭᠠᠬᠤ ᠠᠵᠢᠯᠳᠠᠨ ᠰᠠᠬᠢᠯᠭ᠎ᠠ ᠪᠠᠳᠤ ᠬᠠᠤᠯᠢ ᠴᠠᠭᠠᠵᠠ ᠠᠴᠠ ᠵᠦᠷᠢᠴᠡᠭᠡᠳ ᠪᠠᠶᠢᠴᠠᠭᠠᠨ ᠰᠢᠢᠳᠪᠦᠷᠢᠯᠡᠭᠳᠡᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 44.4% ᠪᠠᠷ ᠨᠡᠮᠡᠭᠳᠡᠵᠠᠢ᠃ ᠪᠠᠶᠢᠴᠠᠭᠠᠬᠤ ᠠᠵᠢᠯᠲᠠᠨ ᠤ ᠰᠠᠬᠢᠯᠭ᠎ᠠ ᠪᠠᠳᠤ ᠬᠠᠤᠯᠢ ᠴᠠᠭᠠᠵᠠ ᠠᠴᠠ ᠵᠦᠷᠢᠴᠡᠭᠰᠡᠨ 49 ᠬᠤᠪᠢ ᠨᠡᠶᠢᠳᠡᠯᠢᠭ ᠭᠡᠷᠡᠭ ᠢ ᠵᠠᠷᠯᠠᠨ ᠨᠡᠶᠢᠳᠡᠯᠡᠵᠤ᠂ ᠰᠡᠷᠡᠮᠵᠢᠯᠡᠬᠦᠯᠬᠦ ᠬᠦᠮᠤᠵᠢᠯ ᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠬᠦᠨ ᠢ ᠬᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠴᠢᠩᠭ᠎ᠠ ᠨᠡᠶᠢᠳᠠᠪᠤᠷᠢᠵᠢᠭᠤᠯᠵᠤ ᠂ ︽ᠲᠦᠷᠪᠡᠨ ᠰᠤᠷᠳᠠᠯ︾ ᠤᠨ ᠠᠰᠠᠭᠤᠳᠠᠯ ᠢ ᠰᠢᠨᠳᠠᠷᠡᠰᠢ ᠦᠬᠡᠢ ᠴᠡᠭᠴᠡᠯᠡᠨ ᠵᠠᠰᠠᠪᠠ᠃
ᠲᠠᠪᠤ᠂ ᠠᠷᠠᠳ ᠲᠦᠮᠡᠨ ᠤ ᠬᠢᠨᠡᠯᠳᠡ ᠶᠢ ᠬᠦᠯᠢᠶᠡᠵᠤ᠂ ᠪᠠᠶᠢᠴᠠᠭᠠᠬᠤ ᠡᠷᠭᠡ ᠶᠢᠨ ᠵᠢᠷᠤᠮᠵᠢᠭᠤᠨ ᠶᠠᠪᠤᠭᠳᠠᠬᠤ ᠶᠢ ᠦᠨᠡᠨ ᠬᠦ ᠪᠠᠳᠤᠯᠠᠪᠠ
ᠠᠷᠠᠳ ᠤᠨ ᠪᠠᠶᠢᠴᠠᠭᠠᠬᠤ ᠬᠤᠷᠢᠶ᠎ᠠ ᠠᠷᠠᠳ ᠲᠦᠮᠡᠨ ᠢᠶᠠᠷ ᠭᠤᠤᠯ ᠪᠤᠯᠭᠠᠬᠤ ᠶᠢ ᠲᠤᠤᠱᠯᠠᠭᠤᠯᠵᠤ᠂ ᠡᠷᠭᠡᠪᠰᠢ ᠠᠷᠠᠳ ᠲᠦᠮᠡᠨ ᠳᠤ ᠬᠠᠷᠢᠭᠤᠴᠠᠵᠤ᠂ ᠠᠷᠠᠳ ᠲᠦᠮᠡᠨ ᠤ ᠬᠢᠨᠡᠯᠳᠡ ᠶᠢ ᠬᠦᠯᠢᠶᠡᠵᠤ᠂ ᠠᠷᠠᠳ ᠲᠦᠮᠡᠨ ᠤ ᠰᠢᠯᠭᠠᠯᠳᠠ ᠶᠢ ᠰᠠᠶᠢᠳᠤᠷ ᠬᠠᠷᠢᠭᠤᠯᠬᠤ ᠪᠠᠷ ᠴᠢᠷᠮᠠᠶᠢᠬᠤ ᠬᠡᠷᠡᠭᠳᠠᠢ᠃
ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠪᠠ᠃ ᠲᠦᠷᠪᠡᠨ ᠱᠠᠳᠤᠨ ᠤ ᠪᠠᠶᠢᠴᠠᠭᠠᠬᠤ ᠬᠤᠷᠢᠶᠠᠨ ᠤ ᠳᠧᠯᠸᠢᠰ ᠳ᠋ᠢᠶᠠᠩᠬᠤᠸᠠ ᠶᠢᠨ ᠬᠤᠷᠠᠯᠳᠤᠭᠠᠨ ᠢ ᠬᠤᠷᠠᠯᠳᠤᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠪᠠ᠃ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠳᠤ ᠢᠷᠭᠡᠨ ᠤ ᠵᠠᠷᠭᠤ ᠶᠢᠨ ᠪᠠ ᠭᠦᠢᠴᠡᠳᠭᠡᠭᠦ ᠠᠵᠢᠯᠯᠠᠭ᠎ᠠ ᠳᠤ ᠬᠠᠤᠯᠢ ᠴᠠᠭᠠᠵᠠ ᠶᠢᠨ ᠭᠢᠨᠠᠯᠳᠠ ᠲᠠᠯᠪᠢᠬᠰᠠᠨ ᠠᠵᠢᠯ ᠤᠨ ᠲᠤᠬᠠᠢ ᠲᠤᠰᠬᠠᠢ ᠰᠡᠳᠦᠪᠳᠤ ᠮᠡᠳᠡᠬᠦᠯᠦᠯᠳᠡ ᠬᠢᠵᠤ᠂ ᠠᠩᠬ᠎ᠠ ᠤᠳᠠᠭ᠎ᠠ ᠲᠤᠰᠬᠠᠢ ᠰᠡᠳᠦᠪᠳᠤ ᠯᠠᠪᠯᠠᠨ ᠠᠰᠠᠭᠤᠯᠳᠠ ᠶᠢ ᠬᠦᠯᠢᠶᠡᠪᠡ᠃ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠦᠪᠯᠡᠯ᠂ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠬᠢᠨᠠᠨ ᠪᠠᠶᠢᠴᠠᠭᠠᠬᠤ ᠪᠠ ᠬᠠᠤᠯᠢ ᠪᠠᠷᠢᠬᠤ ᠵᠦᠪᠯᠡᠯ᠂ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠬᠠᠣᠯᠢ ᠳᠦᠷᠢᠮ ᠤᠨ ᠠᠵᠢᠯ ᠤᠨ ᠵᠦᠪᠯᠡᠯ ᠯᠦᠭᠡ ᠰᠠᠨᠠᠭᠠᠴᠢᠯᠠᠭ᠎ᠠ ᠠᠴᠠ ᠪᠠᠨ ᠨᠠᠪᠳᠠᠯᠴᠠᠵᠤ᠂ ᠬᠠᠤᠯᠢ ᠲᠤᠭᠳᠠᠭᠠᠬᠤ ᠰᠠᠨᠠᠭᠤᠯᠭ᠎ᠠ ᠶᠢ ᠬᠢᠨᠠᠮᠠᠭᠠᠢ ᠪᠦᠬᠡᠳ ᠬᠠᠷᠢᠭᠤᠴᠠᠬᠤ ᠤᠪᠤᠷ ᠢᠶᠠᠷ ᠲᠤᠷᠠᠳᠤᠨ ᠭᠠᠷᠭᠠᠪᠠ᠃ ᠲᠦᠯᠦᠬᠡᠯᠡᠭᠴᠢᠳ ᠤᠨ 124 ᠬᠤᠪᠢ ᠰᠠᠨᠠᠭᠤᠯᠭ᠎ᠠ ᠶᠢ ᠨᠠᠷᠢᠨ ᠨᠢᠮᠪᠠᠢ ᠰᠢᠢᠳᠪᠤᠷᠢᠯᠡᠵᠤ᠂ ᠰᠢᠢᠳᠪᠤᠷᠢᠯᠡᠬᠦ ᠠᠴᠠ ᠪᠠᠨ ᠡᠮᠦᠨ᠎ᠠ ᠬᠠᠷᠢᠯᠴᠠᠵᠤ ᠂ ᠰᠢᠢᠳᠪᠤᠷᠢᠯᠡᠬᠦ ᠶᠢᠨ ᠲᠤᠮᠳᠠ ᠨᠠᠪᠳᠡᠷᠡᠯᠴᠡᠵᠤ ᠂ ᠰᠢᠢᠳᠪᠤᠷᠢᠯᠡᠭᠰᠡᠨ ᠤ ᠲᠠᠷᠠᠭ᠎ᠠ ᠬᠠᠷᠢᠭᠤ ᠰᠤᠷᠪᠤᠯᠵᠢᠯᠠᠪᠡ᠃ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠰᠢᠯᠵᠢᠬᠦᠯᠦᠨ ᠲᠤᠰᠢᠶᠠᠬᠰᠠᠨ ᠤᠯᠠᠨ ᠲᠦᠮᠡᠨ ᠤ ᠵᠠᠬᠢᠳᠡᠯ ᠰᠤᠷᠪᠤᠯᠵᠢᠯᠠᠭ᠎ᠠ ᠶᠢᠨ ᠵᠦᠢᠯ ᠢ ᠰᠡᠳᠬᠢᠯ ᠲᠠᠯᠪᠢᠨ ᠰᠠᠶᠢᠳᠤᠷ ᠰᠢᠢᠳᠪᠤᠷᠢᠯᠡᠵᠤ᠂ ᠰᠠᠶᠢᠳᠤᠷ ᠬᠠᠷᠢᠭᠤ ᠲᠤᠰᠬᠠᠪᠠ᠃ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠲᠦᠯᠦᠬᠡᠯᠡᠭᠴᠢᠳ ᠤᠨ ᠠᠵᠢᠯ ᠤᠨ ᠢᠯᠡᠳᠭᠡᠯ ᠢ ᠬᠢᠨᠠᠨ ᠶᠠᠷᠢᠯᠴᠠᠭᠰᠠᠨ᠂ ᠪᠠᠶᠢᠴᠠᠭᠠᠨ ᠦᠵᠡᠭᠰᠡᠨ᠂ ᠶᠠᠷᠢᠯᠴᠠᠬᠤ ᠳᠠᠭᠠᠨ ᠲᠤᠷᠠᠳᠤᠨ ᠭᠠᠷᠭᠠᠭᠰᠠᠨ 3293 ᠵᠤᠷᠪᠤᠰ ᠰᠠᠨᠠᠯ ᠰᠠᠨᠠᠭᠤᠯᠭ᠎ᠠ ᠶᠢ ᠪᠦᠬᠦ ᠲᠠᠯ᠎ᠠ ᠪᠠᠷ ᠡᠮᠬᠢᠯᠡᠨ᠂ ᠬᠢᠨᠠᠮᠠᠭᠠᠢ ᠰᠤᠳᠤᠯᠤᠨ ᠨᠠᠶᠢᠳᠠᠪᠤᠷᠢᠵᠢᠭᠤᠯᠪᠠ᠃ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ 98 ᠨᠡᠷᠡᠰ ᠲᠦᠯᠦᠬᠡᠯᠡᠭᠴᠢ ᠶᠢ ᠤᠨᠴᠠ ᠤᠷᠢᠭᠰᠠᠨ ᠬᠢᠨᠠᠯᠳᠠ ᠲᠠᠯᠪᠢᠬᠴᠢ ᠪᠠᠷ ᠤᠷᠢᠵᠤ ᠂ 365 ᠨᠡᠷᠡᠰ ᠲᠦᠯᠦᠭᠡᠯᠡᠭᠴᠢ ᠶᠢ ᠤᠷᠢᠵᠦ ᠂ ᠬᠡᠷᠡᠭ ᠢ ᠪᠠᠶᠢᠴᠠᠭᠠᠨ ᠦᠵᠡᠬᠦ ᠪᠠ ᠢᠯᠡ ᠪᠠᠷ ᠬᠢᠨᠡᠨ ᠪᠠᠶᠢᠴᠠᠭᠠᠬᠤ ᠳᠤ ᠤᠷᠤᠯᠴᠠᠭᠤᠯᠤᠨ᠂ ᠬᠢᠨᠠᠯᠳᠡ ᠶᠢ ᠦᠨᠡᠨ ᠬᠦ ᠬᠦᠯᠢᠶᠡᠪᠡ᠃
ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃
ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠳᠤ ᠠᠵᠢᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠬᠦᠯᠪᠠ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠢ ᠤᠷᠢᠵᠤ ᠪᠠᠶᠢᠴᠠᠭᠠᠨ ᠦᠵᠡᠬᠦᠯᠵᠤ ᠪᠠᠶᠢᠴᠠᠭᠠᠨ ᠰᠤᠳᠤᠯᠤᠯᠳᠠ ᠬᠢᠯᠬᠡᠪᠡ᠃ 47 ᠬᠤᠪᠢ ᠤᠯᠤᠰ ᠲᠦᠷᠦ ᠶᠢᠨ ᠵᠦᠪᠯᠡᠯᠬᠡᠨ ᠤ ᠰᠠᠨᠠᠯ ᠲᠤᠷᠠᠳᠤᠯᠭ᠎ᠠ ᠶᠢ ᠴᠦᠮ ᠬᠢᠨᠠᠮᠠᠭᠠᠢ ᠰᠢᠢᠳᠪᠤᠷᠢᠯᠡᠵᠤ ᠲᠠᠭᠤᠰᠬᠠᠬᠰᠠᠨ ᠪᠦᠬᠡᠳ ᠲᠡᠳᠡᠭᠡᠷ ᠲᠤ ᠬᠠᠷᠢᠭᠤᠯᠳᠠ ᠦᠭᠴᠡᠢ᠃ ᠡᠯ᠎ᠠ ᠠᠷᠠᠳᠴᠢᠯᠠᠬᠰᠠᠨ ᠨᠠᠮ ᠪᠦᠯᠦᠭ ᠤᠨ ᠲᠦᠪ ᠬᠤᠷᠢᠶ᠎ᠠ ᠳᠤ ᠳᠤᠰ ᠳᠤᠰ ᠬᠦᠷᠴᠦ ᠰᠤᠷᠪᠤᠯᠵᠢᠯᠠᠨ᠂ ᠬᠦᠢᠴᠡᠳ ᠤᠢᠢᠯᠠᠭᠠᠯᠴᠠᠨ ᠰᠤᠯᠢᠯᠴᠠᠵᠦ᠂ ᠬᠢᠨᠠᠯᠳᠠ ᠲᠠᠯᠪᠢᠬᠰᠠᠨ ᠰᠠᠨᠠᠯ ᠢ ᠨᠢ ᠦᠨᠡᠨ ᠰᠡᠳᠬᠢᠯ ᠠᠴᠠ ᠪᠠᠨ ᠬᠢᠴᠢᠶᠠᠨ ᠰᠤᠨᠤᠰᠪᠠ᠃ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠴᠢᠳ ᠤᠨ ᠬᠤᠯᠪᠤᠭ᠎ᠠ ᠶᠢᠨ ᠬᠢᠨ ᠲᠠᠢ ᠠᠵᠢᠯ ᠤᠨ ᠲᠤᠭᠳᠠᠴᠠ ᠶᠢ ᠪᠠᠶᠢᠭᠤᠯᠵᠦ᠂ ᠮᠠᠳᠡᠭᠡ ᠵᠠᠩᠭᠢ ᠶᠢ ᠬᠠᠮᠳᠦ ᠪᠠᠷ ᠡᠳ᠋ᠯᠡᠨ᠂ ᠠᠷᠠᠳ ᠤᠨ ᠡᠵᠡᠩᠨᠡᠭᠰᠡᠨ ᠠᠵᠦ ᠠᠬᠤᠢ ᠶᠢᠨ ᠡᠷᠡᠬᠦᠯ ᠢᠶᠠᠷ ᠬᠦᠭᠵᠢᠬᠦ ᠳᠤ ᠬᠠᠮᠳᠦ ᠪᠠᠷ ᠦᠢᠯᠡᠴᠢᠯᠡᠪᠡ᠃
ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠢᠵᠠᠭᠠᠷᠯᠠᠯ ᠢ ᠤᠬᠠᠮᠰᠠᠷ ᠠᠴᠠ ᠪᠠᠨ ᠬᠦᠯᠢᠶᠡᠪᠡ᠃
ᠰᠢᠬᠦᠬᠦ ᠬᠤᠷᠢᠶᠠᠨ ᠤ ᠶᠠᠯ᠎ᠠ ᠦᠭᠡᠢ ᠪᠠᠷ ᠵᠠᠷᠯᠠᠬᠰᠠᠨ ᠠᠯᠪᠠᠨ ᠵᠠᠭᠠᠯᠳᠤᠯᠭ᠎ᠠ ᠶᠢᠨ ᠬᠡᠷᠡᠭ ᠲᠤ᠂ ᠲᠠᠩᠰᠠ ᠡᠪᠬᠡᠮᠡᠯ ᠢ ᠰᠢᠯᠵᠢᠬᠦᠯᠵᠦ ᠠᠪᠴᠢᠷᠠᠨ ᠬᠢᠨᠠᠨ ᠪᠠᠶᠢᠴᠠᠭᠠᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠨ ᠭᠡᠷᠡᠭ ᠰᠢᠢᠳᠪᠤᠷᠢᠯᠡᠬᠦ ᠴᠢᠨᠠᠷ ᠴᠢᠨᠰᠠᠭ᠎ᠠ ᠶᠢ ᠲᠡᠭᠡᠭᠰᠢᠯᠡᠬᠦᠯᠪᠡ᠃ ᠲᠣᠳᠣᠭᠠᠳᠦ ᠶᠢ ᠬᠠᠮᠠᠭᠠᠯᠠᠬᠤ ᠪᠠᠶᠢᠭᠤᠯᠭ᠎ᠠ ᠠᠴᠠ ᠲᠠᠬᠢᠨ ᠵᠦᠪᠯᠡᠬᠦᠯᠬᠦ ᠲᠠᠬᠢᠨ ᠬᠠᠷᠭᠤᠭᠤᠯᠬᠤ ᠪᠠᠷ ᠲᠡᠪᠰᠢᠬᠦᠯᠦᠭᠰᠡᠨ ᠪᠠᠷᠢᠪᠴᠢᠯᠠᠬᠤ ᠶᠢ ᠦᠯᠦ ᠵᠦᠪᠰᠢᠶᠡᠷᠡᠬᠦ ᠂ ᠦᠯᠦ ᠵᠠᠭᠠᠯᠳᠤᠬᠤ ᠭᠡᠷᠡᠭ ᠲᠤ ᠬᠠᠨᠳᠤᠭᠤᠯᠵᠤ᠂ ᠬᠠᠦᠯᠢ ᠶᠤᠰᠤᠭᠠᠷ ᠪᠤᠯᠭᠤᠮᠵᠢᠳᠠᠢ ᠬᠢᠨᠠᠨ ᠪᠠᠶᠢᠴᠠᠭᠠᠭᠠᠳ᠂ 773 ᠬᠦᠮᠦᠨ ᠤ ᠲᠤᠬᠠᠢ ᠤᠤᠯ ᠤᠨ ᠳᠤᠭᠳᠠᠭᠠᠯ ᠢ ᠬᠤᠪᠢᠷᠠᠭᠤᠯᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 15.9% ᠪᠠᠷ ᠨᠡᠮᠡᠭᠳᠡᠵᠠᠢ᠃ ᠬᠠᠤᠯᠢ ᠪᠠᠷᠢᠯᠳᠠ ᠶᠢᠨ ᠵᠠᠰᠠᠬ ᠵᠠᠬᠢᠷᠭᠠᠨ ᠤ ᠪᠠᠶᠢᠭᠤᠯᠭ᠎ᠠ ᠶᠢᠨ ᠰᠠᠨᠠᠯ ᠢ ᠴᠢᠬᠤᠯᠠᠴᠢᠯᠠᠨ᠂ ᠰᠢᠨ᠎ᠠ ᠶᠢ ᠡᠬᠦᠳᠦᠨ ᠬᠢᠨᠳᠡᠨ ᠢ ᠲᠤᠭᠤᠷᠢᠨ ᠪᠠᠶᠢᠴᠠᠭᠠᠬᠤ ᠠᠵᠢᠯ ᠢ ᠦᠷᠨᠢᠬᠦᠯᠦᠬᠡᠳ ᠳᠠᠮᠵᠢᠯᠬᠡ ᠤᠯᠪᠠ᠃
ᠤᠬᠠᠮᠰᠠᠷ ᠠᠴᠠ ᠪᠠᠨ ᠢᠯᠡ ᠪᠤᠯᠭᠠᠬᠤ ᠪᠠᠷ ᠭᠤᠤᠯᠴᠢ ᠪᠠᠶᠢᠬᠤ ᠶᠢ ᠠᠬᠢᠭᠤᠯᠪᠠ᠃ 12309 ᠪᠠᠶᠢᠴᠠᠭᠠᠬᠤ ᠠᠵᠢᠯ ᠤᠨ ᠦᠢᠯᠡᠴᠢᠯᠡᠬᠡᠨ ᠤ ᠲᠦᠪ ᠢ ᠲᠡᠰ ᠲᠡᠪᠰᠢᠬᠦᠯᠤᠨ ᠪᠠᠶᠢᠭᠤᠯᠵᠤ ᠂ ᠲᠦᠷᠪᠡᠨ ᠱᠠᠳᠤᠨ ᠤ ᠪᠠᠶᠢᠴᠠᠭᠠᠬᠤ ᠬᠤᠷᠢᠶ᠎ᠠ ᠪᠤᠳᠠᠳᠤ ᠴᠤᠭᠴᠠ᠂ ᠬᠠᠯᠠᠮᠰᠢᠯ ᠤᠳᠠᠰᠤ᠂ ᠰᠦᠯᠵᠢᠶ᠎ᠠ ᠭᠤᠷᠪᠠᠨ ᠶᠡᠭᠡ ᠲᠡᠪᠴᠠᠩ ᠢ ᠵᠡᠷᠭᠡ ᠪᠠᠷ ᠲᠡᠬᠦᠯᠳᠡᠷᠵᠢᠬᠦᠯᠵᠤ᠂ ᠨᠢᠬᠡ ᠦᠷᠳᠡᠭᠡᠴᠢᠯᠡᠬᠦ ᠦᠢᠯᠡᠴᠢᠯᠡᠭᠡ ᠶᠢ ᠬᠠᠨᠭ᠍ᠭᠠᠪᠠ᠃ ᠣᠯᠠᠨ ᠵᠠᠭᠤᠴᠢᠯᠠᠭᠤᠷ ᠢ ᠠᠰᠢᠭᠯᠠᠨ ᠭᠡᠷᠡᠭ ᠰᠢᠢᠳᠪᠤᠷᠢᠯᠡᠭᠰᠡᠨ ᠮᠡᠳᠡᠭᠡ ᠵᠡᠩᠬᠢ ᠶᠢ 226ᠲᠦᠮᠡᠨ ᠵᠤᠷᠪᠤᠰ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢ 111 ᠲᠦᠮᠡᠨ ᠬᠤᠪᠢ ᠨᠠᠶᠢᠳᠡᠯᠡᠵᠦ᠂ ᠭᠤᠤᠯᠴᠢ ᠪᠠᠶᠢᠬᠤ ᠡᠰᠡᠬᠦ ᠶᠢ ᠠᠷᠠᠳ ᠲᠦᠮᠡᠨ ᠢᠶᠠᠷ ᠦᠨᠡᠯᠡᠬᠦᠯᠪᠡ᠃ ︽ᠪᠠᠶᠢᠴᠠᠭᠠᠬᠤ ᠠᠵᠢᠯ ᠤᠨ ᠨᠡᠭᠡᠬᠡᠯᠳᠡᠳᠦ ᠡᠳᠦᠷ︾ ᠤᠨ ᠠᠵᠢᠯᠯᠠᠭ᠎ᠠ ᠶᠢ ᠪᠠᠶᠢᠡᠭᠭᠤᠵᠢᠭᠤᠯᠵᠤ᠂ 13.5ᠲᠦᠮᠡᠨ ᠡᠯ᠎ᠠ ᠡᠳᠡᠭᠡᠳ ᠤᠨ ᠬᠦᠮᠦᠰ ᠪᠠᠶᠢᠴᠠᠭᠠᠬᠤ ᠬᠤᠷᠢᠶᠠᠨ ᠳᠤ ᠢᠷᠡᠵᠤ ᠂ ᠪᠠᠶᠢᠴᠠᠭᠠᠬᠤ ᠲᠤᠰᠢᠶᠠᠯᠳᠠᠳ ᠲᠠᠢ ᠤᠢᠢᠷᠠᠳᠤᠵᠤ ᠂ ᠪᠠᠶᠢᠴᠠᠭᠠᠬᠤ ᠠᠵᠢᠯ ᠢ ᠤᠢᠢᠯᠠᠭᠠᠵᠤ ᠪᠠᠶᠢᠴᠠᠭᠠᠬᠤ ᠠᠵᠢᠯ ᠳᠤ ᠬᠢᠨᠠᠯᠳᠠ ᠲᠠᠯᠪᠢᠪᠠ᠃ ︽ᠲᠤᠮᠤ ᠪᠠᠶᠢᠴᠠᠭᠠᠬᠤ ᠲᠤᠰᠢᠶᠠᠯᠳᠠᠨ ᠶᠠᠷᠢᠬᠰᠠᠨ ᠨᠢ︾᠂ ︽ᠢᠷᠡᠭᠡᠳᠦᠢ ᠪᠠᠨ ᠰᠠᠬᠢᠨ ᠬᠠᠮᠠᠭᠠᠯᠠᠶ᠎ᠠ︾ ᠵᠡᠷᠭᠡ ᠫᠷᠦᠭᠷᠡᠮ ᠢᠶᠠᠷ ᠲᠦᠪ ᠵᠠᠭᠤᠴᠢᠯᠠᠭᠤᠷ ᠲᠤ ᠰᠠᠭᠠᠳᠠᠵᠤ᠂ ᠪᠠᠶᠢᠴᠠᠭᠠᠬᠤ ᠠᠵᠢᠯ ᠤᠨ ᠲᠤᠬᠠᠢ ᠦᠯᠢᠬᠡᠷ ᠨᠢ ᠵᠠᠭᠤᠴᠢᠯᠠᠭᠤᠷ ᠢᠶᠠᠷ ᠡᠭᠡᠯ ᠲᠦᠮᠡᠨ ᠤ ᠲᠤᠮᠳᠠ ᠲᠠᠮᠵᠢᠬᠳᠠᠬᠤ ᠪᠤᠯᠪᠠ᠃
ᠲᠦᠯᠦᠭᠡᠯᠡᠭᠴᠢᠳ ᠡ᠂ ᠨᠢᠬᠡ ᠵᠢᠯ ᠤᠨ ᠲᠤᠷᠰᠢ᠂ ᠪᠢᠳᠡ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠦᠯᠳᠡ ᠶᠢ ᠪᠠᠳᠤᠯᠠᠬᠤ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠰᠡᠭᠡᠷ ᠢᠷᠡᠪᠡ᠃ ᠰᠢᠨᠵᠢᠶᠠᠩ ᠳᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠤᠷᠤᠨ᠂ ᠬᠢᠯᠢ ᠬᠢᠵᠠᠭᠠᠷ ᠤᠷᠤᠨ᠂ ᠶᠠᠳᠠᠭᠤ ᠬᠦᠴᠢᠷᠳᠡᠯ ᠲᠠᠢ ᠭᠠᠵᠠᠷ ᠤᠷᠤᠨ ᠤ ᠪᠠᠶᠢᠴᠠᠭᠠᠬᠤ ᠠᠵᠢᠯ ᠤᠨ ᠬᠦᠭᠵᠢᠯᠳᠡ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠶᠢᠴᠠᠭᠠᠬᠤ ᠠᠵᠢᠯ ᠤᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠠᠮᠵᠢᠬᠦ ︽30 ᠵᠤᠷᠪᠤᠰ ᠰᠠᠨᠠᠯ︾ ᠢ ᠲᠤᠭᠳᠠᠭᠠᠵᠦ᠂ ᠲᠦᠪᠡᠳ ᠰᠢᠨᠵᠢᠶᠠᠩ ᠬᠦᠭᠡᠨᠠᠭᠤᠷ ᠢ ᠲᠤᠰᠠᠯᠠᠬᠤ ᠪᠠ ᠵᠢᠶᠠᠩᠰᠢ ᠹᠦᠵᠢᠶᠠᠨ ᠭᠤᠸᠠᠩᠳᠦ᠋ᠩ ᠤᠨ ᠤᠤᠯ ᠤᠨ ᠲᠦᠪ ᠤᠨ ᠰᠤᠪᠢᠶᠠᠳ ᠤᠷᠤᠨ ᠢ ᠲᠡᠮᠵᠢᠬᠦ ᠪᠠᠶᠢᠴᠠᠭᠠᠬᠤ ᠠᠵᠢᠯ ᠤᠨ ᠲᠤᠬᠢᠷᠠᠭᠤᠯᠤᠯᠳᠡ ᠶᠢ ᠨᠠᠶᠢᠳᠠᠪᠤᠷᠢᠵᠢᠭᠤᠯᠪᠠ᠃ ᠪᠡᠭᠡᠵᠢᠩ ᠲᠢᠶᠠᠨᠵᠢᠨ ᠾᠧᠪᠸᠢ ᠶᠢ ᠬᠠᠮᠵᠢᠯᠴᠠᠨ ᠬᠦᠭᠵᠢᠬᠦᠯᠬᠦ ᠵᠢᠴᠢ ᠰᠢᠶᠦ᠋ᠩ ᠠᠨ ᠰᠢᠨ᠎ᠠ ᠲᠤᠭᠤᠷᠢᠭ ᠤᠨ ᠪᠦᠳᠦᠬᠡᠨ ᠪᠠᠶᠢᠭᠤᠯᠤᠯᠳᠠ᠂ ᠭᠤᠸᠠᠩᠳᠦ᠋ᠩ ᠰᠢᠶᠠᠩᠭᠠᠩ ᠣᠣᠮᠧᠨ ᠤ ᠳᠤᠮᠤ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ᠂ ᠵᠡᠬᠦᠨ ᠬᠤᠶᠢᠳᠤ ᠤᠷᠤᠨ ᠵᠡᠷᠭᠡ ᠠᠵᠦ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠦᠭᠵᠢᠬᠦᠯᠬᠦ ᠂ ᠬᠠᠶᠢᠨᠠᠨ ᠤ ᠴᠢᠯᠦᠭᠡᠳᠦ ᠠᠷᠠᠯᠵᠢᠶᠠᠨ ᠤ ᠤᠷᠤᠨ ᠤ ᠪᠦᠳᠦᠬᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠳᠤᠨ ᠤᠷᠤᠵᠤ᠂ ᠬᠠᠤᠯᠢ ᠪᠠᠷ ᠵᠠᠰᠠᠬᠤ ᠪᠦᠳᠦᠮᠵᠢᠳᠡᠢ ᠦᠢᠯᠡᠴᠢᠯᠡᠭᠡ ᠬᠠᠨᠭ᠍ᠭᠠᠪᠠ᠃
ᠪᠢᠳᠡ ᠤᠨᠴᠠᠭᠠᠢ ᠬᠠᠮᠳᠤᠯᠢᠭ ᠤᠨ ᠡᠷᠭᠡ ᠠᠰᠢᠭ ᠢ ᠪᠠᠳᠤᠯᠠᠬᠤ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠬᠰᠠᠭᠠᠷ ᠢᠷᠡᠪᠡ᠃ ᠡᠯ᠎ᠠ ᠱᠠᠳᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠯᠤᠭ᠎ᠠ ᠬᠠᠮᠵᠢᠯᠴᠠᠨ ᠡᠮᠡᠭᠳᠡᠶᠢᠴᠤᠳ ᠤᠨ ᠡᠷᠭᠡ ᠠᠰᠢᠭ ᠢ ᠬᠠᠮᠠᠭᠠᠯᠠᠵᠤ᠂ ᠡᠮᠡᠭᠳᠡᠶᠢᠴᠦᠳ ᠤᠨ ᠪᠡᠶ᠎ᠠ ᠶᠢᠨ ᠡᠷᠭᠡ ᠳᠤ ᠬᠠᠯᠳᠠᠬᠰᠠᠨ ᠶᠠᠯᠠᠳᠤ ᠠᠵᠢᠯᠯᠠᠭ᠎ᠠ ᠬᠢᠭᠰᠡᠨ21949 ᠬᠦᠮᠦᠨ ᠢ ᠵᠠᠭᠠᠯᠳᠤᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠵᠠᠢ᠃ ᠬᠦᠯᠤᠰᠤᠨ ᠠᠵᠢᠯᠴᠢᠨ ᠤ ᠬᠠᠦᠯᠢ ᠶᠤᠰᠤᠭᠠᠷ ᠬᠦᠯᠦᠰᠤ ᠤᠯᠭᠤᠮᠵᠢ ᠪᠠᠨ ᠠᠪᠬᠤ ᠶᠢ ᠪᠠᠳᠤᠯᠠᠵᠦ᠂ ᠮᠠᠭᠤ ᠰᠠᠨᠠᠭ᠎ᠠ ᠪᠠᠷ ᠴᠠᠯᠢᠩ ᠦᠷᠢᠳᠦᠭᠰᠡᠨ ᠶᠠᠯᠠᠳᠤ ᠠᠵᠢᠯᠯᠠᠭ᠎ᠠ ᠬᠢᠭᠰᠡᠨ 2361 ᠬᠦᠮᠦᠨ ᠢ ᠵᠠᠭᠠᠯᠳᠤᠵᠤ᠂ ᠬᠦᠯᠦᠰᠦᠨ ᠠᠵᠢᠯᠴᠢᠨ ᠢ ᠲᠡᠮᠵᠢᠵᠤ 11054 ᠬᠤᠪᠢ ᠵᠠᠭᠠᠯᠳᠤᠯᠭ᠎ᠠ ᠬᠢᠯᠬᠡᠪᠡ ᠂ ᠡᠨᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 1.4%ᠪᠠ 105.2% ᠢᠶᠠᠷ ᠨᠡᠮᠡᠭᠳᠡᠵᠠᠢ᠃ ᠵᠡᠮᠳᠡᠭᠴᠤᠳ ᠤᠨ ᠡᠷᠭᠡ ᠠᠰᠢᠭ ᠢ ᠬᠤᠬᠢᠷᠠᠭᠤᠯᠤᠬᠰᠠᠨ ᠶᠠᠯᠠᠳᠤ ᠠᠵᠢᠯᠯᠠᠭ᠎ᠠ ᠶᠢ ᠡᠷᠡᠰ ᠵᠠᠯᠬᠠᠭᠠᠨ ᠰᠢᠳᠭᠡᠵᠦ᠂ 5439 ᠬᠦᠮᠦᠨ ᠢ ᠵᠠᠭᠠᠯᠳᠤᠪᠠ᠂ ᠡᠨᠡ ᠨᠢ ᠲᠦᠷᠦᠬᠦᠦ ᠵᠢᠯ ᠤᠨ ᠬᠢ ᠲᠠᠢ ᠲᠡᠩᠴᠡᠬᠦᠦ ᠪᠤᠯᠵᠠᠢ᠃ ᠡᠪᠡᠳᠴᠢᠳᠡᠨ ᠪᠠ ᠡᠮᠴᠢ ᠶᠢᠨ ᠬᠤᠭᠤᠷᠤᠨᠳᠤᠬᠢ ᠡᠶ᠎ᠡ ᠵᠤᠬᠢᠴᠠᠯᠳᠤ ᠬᠠᠷᠢᠴᠠᠭᠠᠨ ᠤ ᠪᠠᠶᠢᠭᠤᠯᠤᠯᠳᠠ ᠶᠢ ᠲᠦᠷᠬᠡᠳᠬᠡᠵᠦ᠂ ᠬᠦᠴᠦᠷᠭᠡᠭᠯᠡᠯ ᠢᠶᠠᠷ ᠡᠮᠴᠢ ᠶᠢ ᠰᠢᠷᠬᠠᠳᠤᠭᠤᠯᠤᠭᠰᠠᠨ᠂ ᠡᠮᠨᠡᠯᠭᠡ ᠶᠢᠨ ᠬᠤᠷᠢᠶ᠎ᠠ ᠳᠤ ᠤᠯᠠᠭᠤᠯᠠ ᠨᠠᠶᠢᠯᠡᠵᠤ ᠭᠡᠷᠡᠭ ᠡᠳᠦᠭᠰᠡᠨ ᠵᠡᠷᠭᠡ ᠶᠡᠯᠡᠳᠦ ᠠᠵᠢᠯᠯᠠᠭ᠎ᠠ ᠶᠢ ᠦᠷᠬᠦᠯᠵᠢᠯᠡᠨ ᠴᠢᠩᠭ᠎ᠠ ᠰᠢᠳᠭᠡᠵᠦ ᠂ 3202 ᠬᠦᠮᠦᠨ ᠢ ᠵᠠᠭᠠᠯᠳᠤᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 29% ᠪᠠᠷ ᠪᠠᠭᠤᠷᠠᠵᠠᠢ᠃
ᠪᠢᠳᠡ ᠤᠯᠤᠰ ᠤᠨ ᠪᠠᠳᠤᠯᠠᠨ ᠬᠠᠮᠠᠭᠠᠯᠠᠯᠳᠠ᠂ ᠴᠡᠷᠢᠭ ᠤᠨ ᠬᠦᠮᠦᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠤᠰᠤᠨ ᠤ ᠡᠷᠭᠡ ᠠᠰᠢᠭ ᠢ ᠡᠷᠡᠰ ᠬᠠᠮᠠᠭᠠᠯᠠᠪᠠ᠃ ᠴᠢᠯᠦᠬᠡᠯᠡᠬᠦ ᠴᠡᠷᠢᠭ ᠪᠤᠯᠤᠨ ᠵᠡᠪᠰᠡᠭᠳᠦ ᠴᠠᠭᠳᠠᠭ᠎ᠠ ᠶᠢᠨ ᠴᠡᠷᠢᠭ ᠠᠩᠬᠢ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠴᠡᠷᠢᠭ ᠠᠩᠬᠢ ᠶᠢᠨ ᠪᠠ ᠤᠷᠤᠨ ᠨᠤᠳᠤᠭ ᠤᠨ ᠪᠠᠶᠢᠴᠠᠭᠠᠬᠤ ᠪᠠᠶᠢᠭᠤᠯᠭ᠎ᠠ ᠶᠢᠨ ᠬᠠᠮᠵᠢᠯᠴᠠᠬᠤ ᠲᠤᠭᠳᠠᠴᠠ ᠶᠢ ᠲᠡᠬᠦᠯᠳᠡᠷᠵᠢᠬᠦᠯᠵᠤ᠂ ᠴᠡᠷᠢᠭ ᠤᠨ ᠶᠠᠪᠤᠳᠡᠯ ᠤᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠲᠡᠮᠵᠢᠵᠤ᠂ ᠴᠡᠷᠢᠭ ᠤᠨ ᠬᠡᠷᠡᠭᠯᠡᠭᠡ ᠪᠤᠯᠤᠨ ᠠᠷᠠᠳ ᠤᠨ ᠬᠡᠷᠡᠭᠯᠡᠭᠡ ᠶᠢ ᠠᠭᠤᠰᠤᠯᠳᠤᠭᠤᠯᠤᠨ ᠬᠦᠭᠵᠢᠬᠦᠯᠬᠦ ᠳᠤ ᠬᠦᠴᠦᠯᠠᠨ ᠦᠢᠯᠡᠴᠢᠯᠡᠪᠡ᠃ ᠴᠡᠷᠢᠭ ᠲᠤ ᠬᠤᠯᠪᠤᠭᠳᠠᠬᠰᠠᠨ ᠶᠠᠯᠠᠳᠤ ᠠᠵᠢᠯᠯᠠᠭ᠎ᠠ ᠬᠢᠭᠰᠡᠨ 407 ᠬᠦᠮᠦᠨ ᠢ ᠵᠠᠭᠠᠯᠳᠤᠪᠠ ᠂ ᠡᠨᠡ ᠨᠢ ᠠᠳᠠᠯᠢ ᠬᠤᠭᠤᠴᠠᠭᠠᠨ ᠤ ᠬᠢ ᠠᠴᠠ 20.4% ᠪᠠᠷ ᠨᠡᠮᠡᠭᠳᠡᠵᠠᠢ᠃ ᠬᠠᠦᠯᠢ ᠪᠤᠰᠤ ᠬᠠᠯᠳᠠᠯᠭ᠎ᠠ ᠳᠤ ᠤᠴᠠᠷᠠᠭᠰᠠᠨ 122 ᠴᠡᠷᠢᠭ ᠤᠨ ᠬᠦᠮᠦᠨ ᠴᠡᠷᠢᠭ ᠤᠨ ᠬᠡᠷ ᠪᠦᠯᠢ ᠶᠢᠨ ᠬᠢᠨ᠂ ᠴᠡᠷᠢᠭ ᠤᠨ ᠠᠯᠪᠠᠨ ᠠᠴᠠ ᠪᠠᠭᠤᠭᠰᠠᠳ ᠲᠤ ᠴᠠᠭ ᠲᠤᠬᠠᠢ ᠳᠤᠨᠢ ᠬᠠᠦᠯᠢ ᠪᠠᠷᠢᠯᠳᠡ ᠶᠢᠨ ᠠᠪᠤᠷᠠᠨ ᠲᠤᠰᠠᠯᠠᠮᠵᠢ ᠦᠵᠡᠬᠦᠯᠪᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠭᠡᠷᠡᠭ ᠶᠠᠪᠤᠳᠠᠯ ᠤᠨ ᠶᠠᠮᠤᠨ ᠯᠤᠭ᠎ᠠ ᠰᠠᠨᠠᠭᠠᠴᠢᠯᠠᠭ᠎ᠠ ᠠᠴᠠ ᠪᠠᠨ ᠠᠵᠢᠯ ᠤᠨ ᠲᠤᠭᠳᠠᠴᠠ ᠶᠢ ᠪᠠᠶᠢᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠤᠯᠢ ᠶᠤᠰᠤᠨ ᠤ ᠡᠷᠭᠡ ᠠᠰᠢᠭ ᠢ ᠨᠡᠩ ᠰᠠᠶᠢᠨ ᠬᠠᠮᠠᠭᠠᠯᠠᠪᠠ᠃
ᠪᠢᠳᠡ ᠠᠬ᠎ᠠ ᠲᠡᠬᠦᠦ ᠶᠢᠨ ᠡᠯᠢᠬᠡᠨ ᠬᠠᠶᠢᠷ᠎ᠠ ᠶᠢ ᠪᠠᠳᠤ ᠴᠡᠬᠡᠵᠢᠯᠡᠵᠤ᠂ ᠰᠢᠶᠠᠩᠭᠠᠩ ᠤᠤᠮᠧᠨ ᠲᠠᠶᠢᠸᠠᠨ ᠳᠤ ᠬᠤᠯᠪᠤᠭᠳᠠᠭᠰᠠᠨ ᠪᠠ ᠲᠤᠮᠳᠠᠳᠤ ᠶᠢᠨ ᠬᠠᠷᠢᠶᠠᠳᠤ ᠳᠤ ᠬᠤᠯᠪᠤᠭᠳᠠᠭᠰᠠᠨ ᠭᠡᠷᠡᠭ ᠢ ᠬᠠᠤᠯᠢ ᠶᠤᠰᠤᠭᠠᠷ ᠲᠤᠬᠢᠳᠠᠢ ᠰᠢᠢᠳᠪᠤᠷᠢᠯᠡᠵᠤ᠂ ᠰᠢᠶᠠᠩᠭᠠᠩ ᠤᠤᠮᠧᠨ ᠲᠠᠶᠢᠸᠠᠨ ᠤ ᠠᠬ᠎ᠠ ᠲᠡᠬᠦᠦ ᠨᠡᠷ᠂ ᠭᠠᠲᠠᠭᠠᠳᠦ ᠳᠤ ᠰᠠᠭᠤᠭ᠎ᠠ ᠬᠠᠷᠢᠶᠠᠲᠤ ᠠᠬ᠎ᠠ ᠲᠡᠬᠦᠦ ᠨᠡᠷ ᠪᠠ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠨᠠᠷ ᠵᠢᠴᠢ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠤᠰᠤᠨ ᠤ ᠡᠷᠭᠡ ᠠᠰᠢᠭ ᠢ ᠦᠨᠡᠨ ᠬᠦ ᠬᠠᠮᠠᠭᠠᠯᠠᠪᠠ᠃ ᠰᠢᠶᠠᠩᠭᠠᠩ ᠤᠤᠮᠧᠨ ᠲᠠᠶᠢᠸᠠᠨ ᠳᠤ ᠬᠤᠯᠪᠤᠭᠳᠠᠭᠰᠠᠨ ᠪᠠ ᠲᠤᠮᠳᠠᠳᠤ ᠶᠢᠨ ᠬᠠᠷᠢᠶᠠᠳᠤ ᠳᠤ ᠬᠤᠯᠪᠤᠭᠳᠠᠭᠰᠠᠨ ᠭᠡᠷᠡᠭ ᠤᠨ 10115 ᠲᠦᠮᠡᠨ ᠬᠦᠮᠦᠨ ᠢ ᠵᠠᠭᠠᠯᠳᠤᠪᠠ᠂ ᠡᠨᠡ ᠨᠢ ᠠᠳᠠᠯᠢ ᠬᠤᠭᠤᠴᠠᠭᠠᠨ ᠤ ᠬᠢ ᠠᠴᠠ 25.9% ᠪᠠᠷ ᠪᠠᠭᠤᠷᠠᠵᠠᠢ᠃ ᠤᠤᠮᠧᠨ ᠤ ᠵᠠᠰᠠᠬ ᠵᠠᠬᠢᠷᠭᠠᠨ ᠤ ᠤᠨᠴᠠᠭᠠᠢ ᠤᠷᠤᠨ ᠤ ᠪᠠᠶᠢᠴᠠᠭᠠᠬᠤ ᠬᠤᠷᠢᠶ᠎ᠠ ᠯᠤᠭ᠎ᠠ ᠶᠢᠨ ᠮᠡᠳᠡᠭᠡ ᠵᠡᠩᠬᠢᠴᠢᠯᠠᠬᠤ ᠪᠠᠶᠢᠭᠤᠯᠤᠯᠳᠠ ᠶᠢᠨ ᠬᠠᠮᠳᠤᠷᠠᠯᠴᠠᠭ᠎ᠠ ᠶᠢ ᠦᠷᠨᠢᠬᠦᠯᠪᠠ᠃ ᠹᠦᠵᠢᠶᠠᠨ ᠮᠤᠵᠢ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢ ᠵᠢᠯᠤᠭᠤᠳᠴᠤ ᠪᠠᠶᠢᠭᠠᠳ ᠲᠠᠶᠢᠸᠠᠨ ᠤ ᠠᠬ᠎ᠠ ᠲᠡᠬᠦᠦ ᠨᠡᠷ ᠪᠠ ᠲᠠᠶᠢᠸᠠᠨ ᠤ ᠠᠵᠤ ᠠᠬᠤᠢᠢᠯᠠᠯ ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠬᠤ ︽18 ᠵᠤᠷᠪᠤᠰ ᠰᠠᠨᠠᠯ︾ ᠢ ᠲᠤᠭᠳᠠᠭᠠᠯᠭᠠᠪᠠ᠃
ᠪᠢᠳᠡ ᠪᠦᠬᠦ ᠲᠠᠯᠠᠳᠤ ᠭᠠᠳᠠᠭᠠᠳᠤ ᠬᠠᠷᠢᠯᠴᠠᠭᠠᠨ ᠤ ᠪᠠᠶᠢᠷᠢᠯᠠᠭᠤᠯᠤᠯᠲᠠ ᠳᠤ ᠢᠳᠡᠪᠬᠢᠳᠡᠢ ᠪᠠᠷ ᠠᠭᠤᠰᠤᠯᠳᠤᠨ ᠤᠷᠤᠵᠤ᠂ ︽ᠨᠢᠬᠡ ᠪᠦᠰᠡ ᠨᠢᠬᠡ ᠵᠠᠮ︾ ᠤᠨ ᠪᠦᠳᠦᠬᠡᠨ ᠪᠠᠶᠢᠭᠤᠯᠤᠯᠳᠠ ᠳᠤ ᠨᠡᠩ ᠰᠠᠶᠢᠨ ᠦᠢᠯᠡᠴᠢᠯᠡᠪᠡ᠃ ᠲᠡᠯᠡᠬᠡᠢ ᠶᠢᠨ ᠢᠨᠲ᠋ᠧᠷ ᠰᠦᠯᠵᠢᠶᠠᠨ ᠤ ᠶᠡᠭᠡ ᠬᠤᠷᠠᠯ ᠤᠨ ᠬᠤᠪᠢᠶᠠᠷᠢ ᠶᠠᠷᠢᠶᠠᠨ ᠤ ᠲᠠᠪᠴᠠᠩ ᠢ ᠲᠠᠭᠠᠭᠠᠨ ᠡᠷᠬᠢᠯᠡᠵᠤ᠂ ᠵᠡᠬᠦᠨ ᠡᠮᠦᠨᠠᠳᠦ ᠠᠽᠢᠶ᠎ᠠ ᠶᠢᠨ ᠬᠤᠯᠪᠤᠭᠠᠨ ᠤ ᠬᠡᠰᠢᠬᠦᠨ ᠤᠯᠤᠰ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠡᠨ ᠪᠠᠶᠢᠭᠤᠯᠤᠯᠳᠡ ᠶᠢᠨ ᠬᠡᠰᠢᠬᠦᠨ ᠤᠯᠤᠰ ᠤᠳ ᠤᠨ ᠪᠠᠶᠢᠴᠠᠭᠠᠬᠤ ᠪᠠᠶᠢᠭᠤᠯᠭ᠎ᠠ ᠪᠠ ᠤᠯᠠᠨ ᠤᠯᠤᠰ ᠤᠨ ᠪᠠᠶᠢᠴᠠᠭᠠᠬᠤ ᠲᠤᠰᠢᠶᠠᠯᠳᠠᠳ ᠤᠨ ᠬᠤᠯᠪᠤᠭᠠᠳᠤ ᠬᠤᠷᠠᠯ ᠯᠤᠭ᠎ᠠ ᠶᠢᠨ ᠪᠤᠳᠠᠳᠠᠢ ᠠᠵᠢᠯᠯᠠᠭ᠎ᠠ ᠶᠢ ᠡᠷᠬᠢᠮᠯᠡᠬᠦ ᠬᠠᠮᠳᠤᠷᠠᠯᠴᠠᠭ᠎ᠠ ᠪᠠᠨ ᠴᠢᠩᠭᠠᠳᠬᠠᠵᠤ ᠂ ᠲᠤᠮᠳᠠᠳᠤ ᠸᠢᠶᠧᠲᠨᠠᠮ᠂ ᠲᠤᠮᠳᠠᠳᠤ ᠺᠠᠽᠠᠭᠰᠲ᠋ᠠᠨ᠂ ᠲᠤᠮᠳᠠᠳᠤ ᠨᠧᠫᠠᠯ ᠵᠡᠷᠭᠡ ᠬᠢᠯᠢ ᠬᠢᠵᠠᠭᠠᠷ ᠤᠷᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠤᠨ ᠰᠢᠭᠤᠳ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠤ᠂ ᠪᠦᠬᠦ ᠪᠦᠮᠪᠦᠷᠴᠡᠭ ᠤᠨ ᠵᠠᠰᠠᠯᠳᠠ ᠳᠤ ᠲᠤᠮᠳᠠᠳᠤ ᠤᠯᠤᠰ ᠤᠨ ᠬᠤᠪᠢ ᠨᠡᠮᠡᠷᠢ ᠪᠠᠨ ᠦᠵᠡᠬᠦᠯᠵᠤ᠂ ᠲᠤᠮᠳᠠᠳᠤ ᠤᠯᠤᠰ ᠤᠨ ᠬᠠᠤᠯᠢ ᠪᠠᠷ ᠵᠠᠰᠠᠬᠤ ᠤᠶᠤᠨ ᠤᠬᠠᠭᠠᠨ᠂ ᠲᠤᠮᠳᠠᠳᠤ ᠤᠯᠤᠰ ᠤᠨ ᠪᠠᠶᠢᠴᠠᠭᠠᠬᠤ ᠠᠵᠢᠯ ᠤᠨ ᠲᠠᠭᠤᠨ ᠬᠤᠭᠤᠯᠠᠢ ᠶᠢ ᠨᠡᠩ ᠬᠤᠯᠠ ᠲᠠᠭᠤᠷᠢᠰᠬᠠᠬᠤ ᠪᠠᠷ ᠴᠢᠷᠮᠠᠶᠢᠪᠠ᠃
ᠲᠦᠯᠦᠬᠡᠯᠡᠭᠴᠢᠳ ᠡ᠂ ᠨᠢᠬᠡ ᠵᠢᠯ ᠤᠨ ᠲᠤᠷᠰᠢ᠂ ᠪᠠᠶᠢᠴᠠᠭᠠᠬᠤ ᠠᠵᠢᠯ ᠳᠤ ᠡᠳᠤᠢ ᠲᠡᠳᠤᠢ ᠲᠠᠪᠰᠢᠯᠳᠡ ᠲᠠᠢ ᠪᠤᠯᠵᠦ ᠴᠢᠳᠠᠬᠰᠠᠨ ᠨᠢ ᠰᠢ ᠶᠢᠨ ᠫᠢᠩ ᠨᠦᠬᠦᠷ ᠢᠶᠠᠷ ᠭᠤᠤᠯᠯᠠᠭᠤᠯᠤᠭᠰᠠᠨ ᠨᠠᠮ ᠤᠨ ᠲᠦᠪ ᠬᠤᠷᠢᠶᠠᠨ ᠤ ᠡᠷᠡᠰ ᠴᠢᠩᠭ᠎ᠠ ᠤᠳᠤᠷᠢᠳᠤᠬᠰᠠᠨ᠂ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠡᠭᠭᠤ ᠶᠢᠨ ᠬᠤᠷᠢᠶᠠᠨ ᠤ ᠬᠦᠴᠦᠳᠡᠢ ᠬᠢᠨᠠᠯᠳᠠ ᠲᠠᠯᠪᠢᠬᠰᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠪᠠᠷ ᠲᠡᠮᠵᠢᠭᠰᠡᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠰᠠᠨ ᠤ ᠠᠴᠢ ᠲᠤᠰᠠ ᠶᠤᠮ︔ ᠤᠯᠤᠰ ᠤᠨ ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠲᠡᠭᠡᠳᠦ ᠰᠢᠬᠦᠬᠦ ᠬᠤᠷᠢᠶᠡᠨ ᠤ ᠬᠠᠮᠵᠢᠯᠴᠠᠨ ᠬᠢᠵᠠᠭᠠᠷᠯᠠᠬᠰᠠᠨ᠂ ᠡᠯ᠎ᠠ ᠠᠷᠠᠳᠴᠢᠯᠠᠬᠰᠠᠨ ᠨᠠᠮ ᠪᠦᠯᠦᠭ᠂ ᠦᠢᠯᠡᠳᠪᠤᠷᠢ ᠬᠤᠳᠠᠯᠳᠤᠭᠠᠴᠢᠳ ᠤᠨ ᠬᠤᠯᠪᠤᠭ᠎ᠠ᠂ ᠠᠷᠠᠳ ᠤᠨ ᠪᠦᠯᠬᠦᠮ᠂ ᠨᠠᠮ ᠪᠦᠯᠦᠭ ᠤᠨ ᠪᠤᠰᠤ ᠬᠦᠮᠦᠰ ᠵᠢᠴᠢ ᠤᠷᠤᠨ ᠨᠤᠳᠤᠭ ᠤᠨ ᠡᠯ᠎ᠠ ᠱᠠᠳᠤᠨ ᠤ ᠨᠠᠮ ᠵᠠᠰᠠᠭ ᠤᠨ ᠪᠠᠶᠢᠭᠤᠯᠭ᠎ᠠ᠂ ᠲᠦᠯᠦᠬᠡᠯᠡᠭᠴᠢᠳ᠂ ᠬᠡᠰᠢᠬᠦᠳ ᠪᠤᠯᠤᠨ ᠨᠡᠶᠢᠬᠡᠮ ᠤᠨ ᠡᠯ᠎ᠠ ᠡᠳᠡᠭᠡᠳ ᠤᠨ ᠬᠢᠨ ᠤ ᠬᠠᠯᠠᠮᠵᠢᠯᠠᠨ ᠬᠠᠪᠰᠤᠷᠤᠬᠰᠠᠨ ᠠᠴᠠ ᠰᠠᠯᠵᠦ ᠪᠤᠯᠬᠤ ᠦᠭᠡᠢ ᠶᠤᠮ᠃ ᠪᠢ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢ ᠲᠦᠯᠦᠬᠡᠯᠡᠵᠤ ᠴᠢᠩ ᠰᠡᠳᠬᠢᠯ ᠤᠨ ᠲᠠᠯᠠᠷᠬᠠᠯ ᠢᠶᠠᠨ ᠢᠯᠡᠷᠭᠡᠶᠢᠯᠡᠶᠠ︕
ᠪᠠᠶᠢᠴᠠᠭᠠᠬᠤ ᠠᠵᠢᠯ ᠳᠤ ᠮᠦᠨ ᠯᠡ ᠴᠦᠬᠡᠨ ᠪᠤᠰᠤ ᠲᠤᠪᠤᠶᠢᠮ᠎ᠠ ᠠᠰᠠᠭᠤᠳᠠᠯ ᠤᠳ ᠤᠷᠤᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠤᠯᠪᠠ᠃ ᠨᠢᠬᠡ ᠳᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠦᠢᠯᠡᠴᠢᠯᠡᠬᠦ ᠬᠠᠨᠳᠤᠯᠭᠠᠳᠤ ᠴᠢᠨᠡᠷ᠂ ᠪᠤᠳᠠᠳᠤ ᠪᠦᠳᠦᠮᠵᠢᠳᠦ ᠴᠢᠨᠡᠷ ᠢ ᠬᠠᠷᠠᠬᠠᠨ ᠴᠢᠩᠭᠠᠷᠠᠭᠤᠯᠬᠤ ᠴᠢᠬᠤᠯᠠᠳᠠᠢ ᠪᠠᠶᠢᠵᠤ᠂ ᠬᠡᠷᠡᠭ ᠢ ᠲᠦᠬᠦᠮᠬᠡᠨ ᠰᠢᠢᠳᠪᠤᠷᠢᠯᠡᠬᠦ᠂ ᠬᠠᠤᠯᠢ ᠪᠠᠷᠢᠯᠳᠠ ᠮᠧᠬᠠᠨᠢᠭ ᠪᠠᠶᠢᠬᠤ ᠠᠰᠠᠭᠤᠳᠠᠯ ᠮᠦᠨ ᠯᠡ ᠤᠷᠤᠰᠢᠬᠰᠠᠭᠠᠷ ᠪᠠᠶᠢᠨ᠎ᠠ᠃ ᠬᠤᠶᠠᠷ ᠲᠤ ᠡᠯ᠎ᠠ ᠵᠦᠢᠯ ᠤᠨ ᠪᠠᠶᠢᠴᠠᠭᠠᠬᠤ ᠠᠵᠢᠯ ᠤᠨ ᠬᠦᠭᠵᠢᠯᠳᠡ ᠲᠡᠩᠴᠡᠬᠦᠷᠢ ᠦᠬᠡᠢ ᠪᠠᠶᠢᠵᠤ᠂ ᠢᠷᠭᠡᠨ ᠤ ᠬᠡᠷᠡᠭ ᠢ ᠪᠠᠶᠢᠴᠠᠭᠠᠬᠤ᠂ ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠬᠤ ᠬᠦᠴᠦᠨ ᠤ ᠲᠠᠯ᠎ᠠ ᠪᠠᠷ ᠦᠨᠳᠦᠰᠦᠨ ᠱᠠᠳᠤᠨ ᠳᠤ ᠢᠯᠠᠳᠳᠠ ᠪᠠᠭᠤᠷᠠᠢ ᠪᠠᠶᠢᠨ᠎ᠠ᠃ ᠭᠤᠷᠪᠠ ᠳᠤ ᠬᠠᠣᠯᠢ ᠪᠠᠷᠢᠵᠥ ᠬᠡᠷᠡᠭ ᠰᠢᠢᠳᠪᠣᠷᠢᠯᠡᠬᠦ ᠴᠢᠨᠠᠷ ᠴᠢᠨᠰᠠᠭ᠎ᠠ᠂ ᠦᠷ᠎ᠠ ᠪᠦᠳᠦᠮᠵᠢ ᠶᠢ ᠬᠠᠷᠠᠬᠠᠨ ᠲᠡᠭᠡᠭᠰᠢᠯᠡᠬᠦᠯᠬᠦ ᠴᠢᠬᠤᠯᠠᠳᠠᠢ ᠪᠠᠶᠢᠨ᠎ᠠ᠂ ᠵᠠᠷᠢᠮ ᠡᠰᠡᠷᠬᠦᠴᠡᠨ ᠵᠠᠭᠠᠯᠳᠤᠬᠤ ᠵᠠᠭᠠᠯᠳᠤᠯᠭ᠎ᠠ ᠪᠠ ᠪᠠᠶᠢᠴᠠᠭᠠᠬᠤ ᠰᠠᠨᠠᠭᠤᠯᠭ᠎ᠠ ᠶᠢᠨ ᠴᠢᠨᠡᠷ ᠴᠢᠨᠰᠠᠭ᠎ᠠ ᠦᠨᠳᠦᠷ ᠪᠢᠰᠢ᠂ ᠴᠦᠭᠡᠨ ᠪᠤᠰᠤ ᠬᠢᠨᠠᠯᠳᠠ ᠲᠠᠯᠪᠢᠬᠤ ᠰᠠᠨᠠᠯ ᠭᠠᠷᠭᠠᠭᠰᠨᠨ ᠤ ᠲᠠᠷᠠᠭ᠎ᠠ ᠲᠠᠭᠠᠵᠤ ᠨᠠᠶᠢᠳᠠᠪᠤᠷᠢᠵᠢᠭᠤᠯᠤᠭᠰᠠᠨ ᠦᠬᠡᠢ᠂ ᠬᠠᠤᠯᠢ ᠪᠠᠷᠢᠯᠳᠠ ᠨᠢ ᠵᠢᠷᠤᠮᠵᠢᠭᠤᠨ ᠪᠤᠰᠤ ᠪᠠᠶᠢᠬᠤ ᠠᠰᠠᠭᠤᠳᠠᠯ ᠪᠠᠶᠢᠨ ᠪᠠᠶᠢᠨ ᠭᠠᠷᠴᠤ ᠪᠠᠶᠢᠨ᠎ᠠ᠃ ᠲᠦᠷᠪᠡ ᠳᠤ ᠡᠩᠨᠡᠬᠡᠨ ᠤ ᠤᠯᠤᠰ ᠲᠦᠷᠦ ᠲᠤᠬᠠᠢᠢᠯᠠᠭᠰᠠᠨ ᠠᠵᠢᠯ ᠤᠨ ᠭᠡᠪ ᠴᠢᠨᠡᠷ ᠢ ᠮᠦᠨ ᠯᠡ ᠴᠢᠩᠭᠠᠳᠬᠠᠬᠤ ᠴᠢᠬᠤᠯᠠᠳᠠᠢ ᠪᠠᠶᠢᠵᠤ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠪᠤᠯᠤᠨ ᠮᠦᠡᠭᠬᠦᠨ ᠬᠦᠢᠯᠬᠡᠬᠡ᠂ ᠰᠦᠯᠵᠢᠶ᠎ᠠ᠂ ᠠᠮᠢ ᠠᠬᠤᠢ ᠶᠢᠨ ᠤᠷᠴᠢᠨ ᠨᠦᠬᠦᠴᠡᠯ ᠵᠡᠷᠭᠡ ᠲᠠᠯ᠎ᠠ ᠶᠢᠨ ᠲᠤᠰᠬᠠᠢ ᠮᠡᠷᠬᠡᠵᠢᠯ ᠤᠨ ᠴᠢᠳᠠᠪᠤᠷᠢᠳᠡᠨ ᠲᠤᠳᠠᠭᠳᠠᠵᠤ ᠪᠠᠶᠢᠭ᠎ᠠ ᠪᠠᠶᠢᠳᠠᠯ ᠢ ᠬᠠᠷᠠᠬᠠᠨ ᠰᠠᠶᠢᠵᠢᠷᠠᠭᠤᠯᠬᠤ ᠴᠢᠬᠤᠯᠠᠳᠠᠢ ᠪᠠᠶᠢᠨ᠎ᠠ︔ ᠴᠦᠬᠡᠨ ᠪᠤᠰᠦ ᠬᠤᠳᠠ᠂ ᠰᠢᠶᠡᠨ ᠤ ᠱᠠᠳᠤᠨ ᠤ ᠪᠠᠶᠢᠴᠠᠭᠠᠬᠤ ᠬᠤᠷᠢᠶᠠᠨ ᠳᠤ ᠴᠢᠳᠠᠪᠤᠷᠢᠳᠡᠨ ᠤᠷᠤᠵᠤ ᠳᠠᠶᠢᠯᠬᠦ ᠦᠬᠡᠢ᠂ ᠴᠢᠳᠠᠪᠤᠷᠢᠳᠡᠨ ᠢ ᠦᠯᠡᠳᠡᠬᠡᠵᠤ ᠲᠡᠶᠢᠯᠬᠦ ᠦᠬᠡᠢ ᠪᠠᠶᠢᠨ᠎ᠠ᠃ ᠲᠠᠪᠤ ᠳᠤ ᠪᠠᠶᠢᠴᠠᠭᠠᠬᠤ ᠠᠵᠢᠯᠳᠠᠨ ᠤ ᠰᠠᠬᠢᠯᠭ᠎ᠠ ᠪᠠᠳᠤ ᠬᠠᠤᠯᠢ ᠴᠠᠭᠠᠵᠠ ᠠᠴᠠ ᠵᠦᠷᠢᠴᠡᠭᠰᠡᠨ ᠠᠰᠠᠭᠤᠳᠠᠯ ᠴᠦᠬᠡᠨ ᠪᠤᠰᠤ ᠲᠠᠷᠤᠭᠳᠠᠵᠤ ᠪᠠᠶᠢᠬᠤ ᠪᠦᠬᠡᠳ ᠨᠡᠮᠡᠭᠳᠡᠯ ᠤᠨ ᠬᠡᠮᠵᠢᠶ᠎ᠠ ᠶᠢ ᠨᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠬᠤ ᠭᠡᠷᠡᠭᠳᠡᠢ ᠪᠠᠶᠢᠨ᠎ᠠ᠃ ᠵᠢᠷᠭᠤᠭ᠎ᠠ ᠳᠤ ᠦᠨᠳᠦᠰᠦᠨ ᠱᠠᠳᠤᠨ ᠤ ᠰᠠᠭᠤᠷᠢ ᠠᠵᠢᠯ ᠮᠦᠨ ᠯᠡ ᠲᠤᠪᠤᠶᠢᠮ᠎ᠠ ᠲᠤᠳᠠᠭᠤᠳᠠᠯ ᠢᠶᠠᠷ ᠢᠶᠠᠨ ᠪᠠᠶᠢᠵᠤ᠂ ᠵᠠᠷᠢᠮ ᠦᠬᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠨᠢ ᠪᠤᠳᠠᠳᠠᠢ ᠨᠠᠶᠢᠳᠠᠪᠤᠷᠢᠵᠢᠭᠤᠯᠤᠭᠠᠳᠤᠢ᠂ ᠵᠠᠷᠢᠮ ᠨᠢ ᠬᠡᠷᠡᠭᠵᠢᠬᠦᠯᠬᠦ ᠶᠢᠨ ᠲᠤᠮᠳᠠ ᠶᠠᠩᠵᠤ ᠨᠢ ᠬᠤᠪᠢᠷᠠᠬᠰᠠᠨ ᠪᠠᠶᠢᠨ᠎ᠠ︔ ᠪᠠᠶᠢᠴᠠᠭᠠᠬᠤ ᠠᠵᠢᠯ ᠤᠨ ᠮᠡᠳᠡᠭᠡ ᠵᠠᠩᠬᠢᠴᠢᠯᠠᠬᠰᠠᠨ᠂ ᠤᠶᠤᠨᠴᠢᠯᠠᠬᠰᠠᠨ ᠬᠢᠷᠢ ᠬᠡᠮᠵᠢᠶ᠎ᠠ ᠶᠢ ᠬᠠᠷᠠᠬᠠᠨ ᠲᠡᠭᠡᠭᠰᠢᠯᠡᠬᠦᠯᠬᠦ ᠴᠢᠬᠤᠯᠠᠳᠠᠢ ᠪᠠᠶᠢᠨ᠎ᠠ᠃
ᠠᠰᠠᠭᠤᠳᠠᠯ ᠨᠢ ᠬᠦᠮᠦᠰ ᠢ ᠰᠡᠷᠡᠮᠵᠢᠯᠡᠬᠦᠯᠵᠦ᠂ ᠬᠠᠷᠢᠭᠤᠴᠠᠯᠭ᠎ᠠ ᠪᠠᠨ ᠡᠬᠦᠷᠭᠡᠯᠡᠬᠦ ᠶᠢ ᠬᠡᠳᠡᠷᠬᠦ ᠰᠢᠬᠠᠮᠳᠠᠭᠤᠯᠤᠨ ᠱᠠᠭᠠᠷᠳᠠᠵᠤ ᠪᠠᠶᠢᠨ᠎ᠠ᠂ ᠪᠢᠳᠡ ᠵᠠᠪᠠᠯ ᠠᠩᠬᠠᠷᠤᠯ ᠢᠶᠠᠨ ᠲᠦᠪᠯᠡᠷᠡᠬᠦᠯᠦᠨ᠂ ᠬᠦᠴᠦᠯᠡᠨ ᠰᠢᠢᠳᠪᠤᠷᠢᠯᠡᠬᠦ ᠬᠡᠷᠡᠭᠳᠡᠢ᠃
2019 ᠣᠨ ᠤ ᠠᠵᠢᠯ ᠤᠨ ᠲᠣᠬᠢᠷᠠᠭᠤᠯᠤᠯᠲᠠ
ᠡᠨᠡ ᠵᠢᠯ ᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠬᠠᠮᠤᠭ ᠤᠨ ᠦᠨᠳᠦᠰᠦᠨ ᠵᠦᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠣᠭᠠᠨ᠂ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠲᠤᠰᠬᠠᠢ ᠰᠡᠳᠥᠪᠲᠦ ᠰᠤᠳᠤᠯᠤᠨ ᠶᠠᠷᠢᠯᠴᠠᠬᠤ ᠠᠩᠭᠢ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠥᠨᠵᠡᠬᠡᠢ ᠰᠣᠷᠣᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠣᠯᠯᠠᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠤᠢᠢᠯᠠ ᠠᠵᠢᠯᠯᠠᠭ᠎ᠠ ᠪᠠᠨ ᠰᠢ ᠶᠢᠨ ᠫᠢᠩ ᠨᠦᠬᠦᠷ ᠢᠶᠠᠷ ᠭᠤᠣᠯᠯᠠᠭᠤᠯᠤᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠠ ᠪᠠᠷ ᠨᠢᠭᠡᠲᠦᠯᠲᠡᠢ ᠪᠠᠶᠢᠯᠭᠠᠬᠤ ᠳᠤ ᠪᠠᠶᠢᠨ᠎ᠠ︔ ᠬᠠᠮᠤᠭ ᠤᠨ ᠵᠠᠩᠭᠢᠯᠠᠭ᠎ᠠ ᠨᠢ ᠠᠷᠠᠳ ᠲᠥᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠥᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠳᠤ ᠵᠣᠬᠢᠴᠠᠭᠤᠯᠵᠤ᠂ ᠤᠯᠤᠰ ᠤᠨ ᠤᠯᠤᠰ ᠲᠦᠷᠦ ᠶᠢᠨ ᠠᠮᠤᠷ ᠲᠥᠪᠰᠢᠨ ᠢ ᠬᠠᠮᠠᠭᠠᠯᠠᠬᠤ᠂ ᠨᠡᠶᠢᠬᠡᠮ ᠤᠨ ᠶᠡᠭᠡ ᠲᠠᠯ᠎ᠠ ᠶᠢᠨ ᠲᠤᠭᠲᠠᠭᠤᠨ ᠪᠠᠶᠢᠳᠠᠯ ᠢ ᠦᠨᠡᠨ ᠬᠦ ᠪᠠᠲᠤᠯᠠᠬᠤ᠂ ᠨᠡᠶᠢᠬᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠥᠮᠡᠨ ᠤ ᠠᠮᠤᠷ ᠠᠮᠤᠭᠤᠯᠠᠩ ᠠᠵᠤ ᠲᠥᠷᠥᠬᠦ ᠶᠢ ᠪᠠᠲᠤᠯᠠᠬᠤ ᠲᠤᠰᠢᠶᠠᠯ ᠬᠠᠷᠢᠭᠤᠴᠠᠯᠭ᠎ᠠ ᠪᠠ ᠡᠭᠦᠷᠭᠡ ᠪᠠᠨ ᠡᠭᠦᠷᠭᠡᠯᠡᠬᠦ ᠳᠤ ᠪᠠᠶᠢᠨ᠎ᠠ︔ ᠬᠠᠮᠤᠭ ᠤᠨ ᠴᠢᠬᠤᠯᠠ ᠨᠢ ᠲᠣᠭᠳᠠᠭᠤᠨ ᠪᠠᠶᠢᠯᠭᠠᠬᠤ ᠶᠢᠨ ᠵᠡᠷᠭᠡ ᠳᠤ ᠣᠷᠣᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠣᠩᠭᠡᠢ ᠬᠥᠭ ᠠᠶᠠᠰ ᠢ ᠪᠠᠷᠢᠮᠳᠠᠯᠠᠵᠥ᠂ ᠪᠣᠳᠠᠳᠠᠢ ᠠᠵᠢᠯᠯᠠᠬᠤ ᠶᠢ ᠡᠷᠬᠢᠮᠯᠡᠨ᠂ ᠨᠠᠶᠢᠳᠠᠪᠣᠷᠢᠵᠢᠭᠤᠯᠣᠯᠳᠠ ᠶᠢ ᠴᠢᠩᠭ᠎ᠠ ᠠᠳᠬᠤᠬᠤ ᠵᠣᠷᠢᠭ ᠰᠠᠨᠠᠭ᠎ᠠ ᠪᠠᠷ᠂ ᠣᠯᠣᠰ ᠲᠥᠷᠥ ᠪᠤᠯᠤᠨ ᠲᠣᠬᠠᠢᠢᠯᠠᠭᠰᠠᠨ ᠠᠵᠢᠯ ᠤᠨ ᠬᠡᠪ ᠴᠢᠨᠠᠷ ᠢᠶᠠᠨ ᠢᠯᠡᠳᠳᠡ ᠲᠡᠭᠡᠭᠰᠢᠯᠡᠬᠦᠯᠬᠦ ᠣᠬᠠᠮᠰᠠᠷ ᠢᠶᠠᠷ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠥᠨᠳᠥ ᠶᠡᠭᠡ ᠲᠥᠭᠰᠢᠬᠦᠷᠢ ᠶᠢ ᠬᠥᠴᠥᠯᠡᠨ ᠰᠡᠷᠭᠡᠶᠢᠯᠡᠨ ᠠᠷᠢᠯᠭᠠᠵᠥ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠣᠨ ᠪᠥᠳᠥᠭᠡᠬᠦ ᠰᠢᠢᠳᠪᠣᠷᠢᠳᠥ ᠢᠯᠠᠯᠳᠠ ᠶᠢ ᠣᠯᠬᠤ ᠳᠤ ᠨᠡᠩ ᠦᠨᠳᠦᠷ ᠲᠥᠪᠰᠢᠨ ᠤ ᠬᠠᠤᠯᠢ ᠪᠠᠷ ᠵᠠᠰᠠᠬᠤ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠳᠤ ᠪᠠᠶᠢᠨ᠎ᠠ᠃
ᠨᠢᠭᠡᠳᠦᠭᠡᠷ ᠲᠤ᠂ ︽ᠯᠠᠪᠳᠠᠭᠤᠨ ᠢᠶᠠᠷ ᠠᠬᠢᠭᠤᠯᠬᠤ︾ᠭᠡᠬᠦ ᠶᠡᠭᠡ ᠲᠠᠯ᠎ᠠ ᠶᠢ ᠡᠵᠡᠮᠰᠢᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠠᠤᠯᠢ ᠶᠣᠰᠣᠭᠠᠷ ᠪᠠᠲᠤᠯᠠᠨ᠎ᠠ᠃ ᠨᠡᠮᠡᠭᠳᠡᠯ ᠢ ᠲᠤᠬᠳᠠᠪᠤᠷᠢᠵᠢᠭᠤᠯᠬᠤ ᠂ ᠦᠭᠡᠷᠡᠴᠢᠯᠡᠯᠲᠡ ᠶᠢ ᠠᠬᠢᠭᠤᠯᠬᠤ ᠂ ᠪᠦᠲᠦᠴᠡ ᠶᠢ ᠳᠤᠬᠢᠷᠠᠭᠤᠯᠬᠤ ᠂ ᠠᠷᠠᠳ ᠤᠨ ᠠᠮᠢᠳᠤᠷᠠᠯ ᠳᠤ ᠲᠤᠰᠠ ᠬᠦᠷᠳᠡᠭᠡᠬᠦ ᠂ ᠲᠦᠭᠰᠢᠬᠦᠷᠢ ᠶᠢ ᠰᠡᠷᠭᠡᠶᠢᠯᠡᠬᠦ ᠲᠠᠢ ᠨᠢᠭᠲᠠ ᠤᠶᠠᠯᠳᠤᠭᠤᠯᠤᠨ᠂ ᠪᠠᠶᠢᠴᠠᠭᠠᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠨ ᠨᠠᠷᠢᠯᠢᠬ ᠣᠨᠣᠴᠠᠲᠠᠢ ᠦᠢᠯᠡᠴᠢᠯᠡᠨ᠎ᠠ᠃ ᠢᠮᠠᠭᠲᠠ ᠤᠯᠤᠰ ᠲᠦᠷᠦ ᠶᠢᠨ ᠠᠮᠤᠷ ᠲᠥᠪᠰᠢᠨ ᠢ ᠬᠠᠮᠠᠭᠠᠯᠠᠬᠤ ᠪᠠᠷ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠡᠯ᠎ᠠ ᠵᠦᠢᠯ ᠤᠨ ᠨᠡᠪᠴᠢᠯᠳᠠ ᠨᠤᠷᠠᠭᠠᠯᠳᠠ ᠡᠪᠳᠡᠯᠭᠡ ᠬᠢᠬᠦ ᠠᠵᠢᠯᠯᠠᠭ᠎ᠠ᠂ ᠬᠦᠴᠦᠷᠭᠡᠭᠯᠡᠯ ᠰᠦᠷᠳᠡᠬᠦᠯᠦᠯ ᠤᠨ ᠠᠵᠢᠯᠯᠠᠭ᠎ᠠ ᠂ ᠦᠨᠳᠦᠰᠥᠲᠡᠨ ᠢ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ ᠤ ᠭᠡᠳᠦᠷᠡᠮᠡᠭᠡᠢ ᠠᠵᠢᠯᠯᠠᠭ᠎ᠠ ᠳᠤ ᠡᠷᠡᠰ ᠴᠤᠬᠢᠯᠳᠠ ᠦᠭᠭᠦᠨ᠎ᠠ᠃ ᠬᠠᠷ᠎ᠠ ᠬᠠᠷᠬᠢᠰ ᠬᠦᠴᠦᠨ ᠢ ᠤᠰᠠᠳᠬᠠᠬᠤ ᠲᠤᠰᠬᠠᠢ ᠲᠡᠮᠡᠴᠡᠯ ᠢ ᠬᠠᠣᠯᠢ ᠶᠣᠰᠣᠭᠠᠷ ᠬᠥᠴᠥᠳᠡᠢ ᠠᠬᠢᠭᠤᠯᠵᠤ᠂ ᠬᠠᠷ᠎ᠠ ᠬᠠᠷᠭᠢᠰ ᠬᠦᠴᠦᠨ ᠳᠤ ᠬᠤᠯᠪᠣᠭᠳᠠᠭᠰᠠᠨ ᠬᠦᠨᠳᠦ ᠶᠡᠭᠡ ᠬᠡᠷᠡᠭ ᠂ ᠬᠠᠷ᠎ᠠ ᠬᠠᠷᠭᠢᠰ ᠬᠦᠴᠦᠨ ᠤ ᠠᠵᠤ ᠠᠬᠤᠢ ᠶᠢᠨ ᠰᠠᠭᠤᠷᠢ ᠂ ᠲᠡᠭᠦᠨ ᠤ ᠠᠷᠤ ᠳᠠᠬᠢ ︽ᠬᠠᠷᠢᠴᠠᠭᠠᠨ ᠤ ᠲᠤᠤᠷ︾ ᠪᠠ ︽ᠬᠠᠯᠬᠠᠪᠴᠢ︾ ᠶᠢ ᠣᠷᠬᠢᠯ ᠦᠭᠡᠢ ᠴᠢᠩᠭ᠎ᠠ ᠮᠥᠷᠳᠡᠵᠦ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡ ᠪᠠᠷ ᠴᠢᠬᠤᠯᠡᠴᠢᠯᠠᠬᠤ᠂ ᠦᠡᠭᠭᠡᠨ ᠲᠠᠯ᠎ᠠ ᠪᠡ ᠦᠨᠳᠤᠰᠤ ᠰᠤᠷᠪᠤᠯᠵᠢ ᠶᠢ ᠵᠡᠷᠭᠡ ᠪᠠᠷ ᠵᠠᠰᠠᠬᠤ ᠳᠡᠭᠡᠷ᠎ᠡ ᠬᠦᠴᠦ ᠲᠠᠯᠪᠢᠨ᠎ᠠ᠃ ᠨᠡᠶᠢᠭᠡᠮ ᠠᠴᠠ ᠬᠠᠷᠢᠭᠤ ᠠᠪᠬᠤ ᠪᠠᠷ ᠵᠣᠷᠢᠯᠭ᠎ᠠ ᠪᠣᠯᠭᠠᠭᠰᠠᠨ ᠬᠤᠪᠢ ᠬᠥᠮᠥᠨ ᠤ ᠬᠡᠲᠦᠷᠡᠮᠡᠬᠡᠢ ᠬᠦᠴᠦᠷᠬᠡᠭᠯᠡᠯ ᠤᠨ ᠶᠠᠯᠠᠳᠤ ᠠᠵᠢᠯᠯᠠᠭ᠎ᠠ ᠶᠢ ᠡᠷᠡᠰ ᠵᠠᠯᠬᠠᠭᠠᠨ ᠰᠢᠳᠭᠡᠵᠦ᠂ ᠲᠡᠭᠡᠷᠡᠮᠳᠡᠭᠦ ᠪᠤᠯᠢᠶᠠᠬᠤ ᠬᠤᠯᠠᠭᠠᠢᠢᠯᠠᠬᠤ᠂ ᠴᠠᠬᠢᠯᠭᠠᠨ ᠬᠤᠯᠪᠤᠭ᠎ᠠ ᠪᠠ ᠰᠦᠯᠵᠢᠶ᠎ᠠ ᠪᠠᠷ ᠮᠡᠭᠡᠯᠡᠯ ᠬᠢᠬᠦ᠂ ᠫᠣᠣ ᠵᠡᠪᠰᠡᠭ ᠳᠡᠯᠪᠡᠷᠡᠯᠲᠡ ᠳᠤ ᠬᠤᠯᠪᠣᠭᠳᠠᠬᠤ᠂ ᠱᠠᠯᠢᠭ ᠵᠠᠪᠬᠠᠢ ᠵᠦᠢᠯ ᠳᠠᠷᠬᠠᠭᠠᠬᠤ ᠵᠤᠭᠤᠰ ᠨᠠᠭᠠᠳᠬᠤ ᠬᠣᠣᠷᠠᠲᠦ ᠡᠳ᠋ ᠫᠠᠨᠽᠠᠯᠠᠵᠦ ᠡᠳ᠋ᠯᠡᠬᠦ ᠪᠠ ᠳᠠᠮᠵᠢᠭᠤᠯᠤᠨ ᠪᠣᠷᠣᠯᠠᠭᠤᠯᠬᠤ ᠵᠡᠷᠭᠡ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠨ᠎ᠡ᠃ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠳᠤ ᠨᠡᠩ ᠨᠠᠷᠢᠯᠢᠬ ᠣᠨᠣᠴᠠᠲᠠᠢ ᠦᠢᠯᠡᠴᠢᠯᠡᠵᠦ᠂ ᠮᠥᠩᠭᠦᠨ ᠭᠦᠢᠯᠭᠡᠭᠡ᠂ ᠶᠠᠳᠠᠭᠤ ᠶᠢ ᠲᠡᠳᠬᠦᠬᠦ᠂ ᠣᠷᠴᠢᠨ ᠠᠬᠤᠢ ᠶᠢ ᠬᠠᠮᠠᠭᠠᠯᠠᠬᠤ ᠵᠡᠷᠭᠡ ᠬᠦᠷᠢᠶᠡᠨ ᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ᠮᠡᠳᠡᠯᠭᠡ ᠶᠢᠨ ᠪᠥᠲᠥᠭᠡᠭᠲᠡᠬᠦᠨ ᠤ ᠥᠮᠴᠢᠯᠡᠬᠦ ᠡᠷᠬᠡ ᠳᠤ ᠬᠠᠯᠳᠠᠭᠰᠠᠨ᠂ ᠬᠤᠳᠠᠯ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ᠂ ᠬᠠᠣᠯᠢ ᠪᠣᠰᠣ ᠪᠠᠷ ᠪᠡᠯᠡ ᠴᠣᠭᠯᠠᠭᠤᠯᠣᠭᠰᠠᠨ᠂ ᠬᠤᠳᠡᠯ ᠢᠶᠠᠷ ᠪᠠᠷᠢᠮᠲᠠ ᠭᠠᠷᠭᠠᠵᠦ ᠭᠠᠶᠢᠯᠢ ᠮᠡᠬᠡᠯᠡᠭᠰᠡᠨ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠬᠦᠨᠳᠦ ᠨᠣᠴᠢᠲᠠᠢ ᠡᠪᠳᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠢᠳᠭᠡᠵᠦ ᠂ ᠬᠠᠤᠯᠢ ᠪᠠᠷ ᠵᠠᠰᠠᠬᠤ ᠶᠢ ᠬᠤᠳᠠᠯᠳᠤᠭ᠎ᠠ ᠡᠵᠡᠩᠨᠡᠬᠦ ᠬᠠᠮᠤᠭ ᠤᠨ ᠰᠠᠶᠢᠨ ᠣᠷᠴᠢᠨ ᠨᠥᠬᠦᠴᠡᠯ ᠪᠣᠯᠭᠠᠨ᠎ᠠ᠃ ᠥᠮᠴᠢᠯᠡᠯ ᠤᠨ ᠡᠷᠬᠡ ᠶᠢ ᠬᠠᠤᠯᠢ ᠶᠣᠰᠣᠭᠠᠷ ᠠᠳᠠᠯᠢ ᠲᠡᠭᠰᠢ ᠬᠠᠮᠠᠭᠠᠯᠠᠬᠤ ᠶᠢ ᠴᠢᠩᠭᠠᠳᠬᠠᠵᠤ ᠂ ᠠᠵᠤ ᠠᠬᠤᠢᠢᠯᠠᠯ ᠳᠤ ᠬᠤᠯᠪᠣᠭᠳᠠᠭᠰᠠᠨ ᠪᠤᠷᠤᠭᠤ ᠬᠡᠷᠡᠭ ᠢ ᠡᠬᠢ ᠡᠭᠦᠰᠦᠯ ᠠᠴᠠ ᠨᠢ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠦᠨ᠂ ᠠᠵᠤ ᠠᠬᠤᠢᠢᠯᠠᠯᠲᠠᠨ ᠢ ᠣᠷᠳᠣ ᠤᠳᠠᠭᠠᠨ ᠠᠮᠤᠷ ᠲᠥᠪᠰᠢᠨ᠂ ᠨᠠᠶᠢᠳᠠᠪᠤᠷᠢᠲᠠᠢ ᠵᠢᠱᠢᠯᠲᠡ ᠶᠢᠨ ᠣᠷᠴᠢᠨ ᠨᠥᠬᠦᠴᠡᠯ ᠳᠤ ᠵᠣᠷᠢᠭᠲᠠᠢ ᠪᠠᠷ ᠡᠵᠡᠩᠨᠡᠯᠳᠡ ᠬᠢᠵᠥ ᠬᠥᠭᠵᠢᠬᠦᠯᠬᠦ ᠪᠤᠯᠭᠠᠨ᠎ᠠ᠃ ᠰᠤᠷᠭᠠᠨ ᠬᠥᠮᠥᠵᠢᠯ᠂ ᠡᠮᠨᠡᠯᠭᠡ᠂ ᠨᠡᠶᠢᠬᠡᠮ ᠤᠨ ᠪᠠᠲᠤᠯᠠᠭ᠎ᠠ ᠪᠠ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠵᠡᠷᠭᠡ ᠬᠦᠷᠢᠶᠡᠨ ᠤ ᠶᠠᠯᠠᠲᠤ ᠠᠵᠢᠯᠯᠠᠭ᠎ᠠ ᠶᠢ ᠴᠢᠩᠭ᠎ᠠ ᠰᠢᠳᠭᠡᠵᠦ᠂ ᠠᠷᠠᠳ ᠤᠨ ᠠᠮᠢᠳᠤᠷᠠᠯ ᠤᠨ ᠬᠠᠤᠯᠢ ᠪᠠᠷ ᠵᠠᠰᠠᠬᠤ ᠬᠢᠵᠠᠭᠠᠷ ᠱᠤᠭᠤᠮ ᠢ ᠰᠠᠬᠢᠨ᠎ᠠ᠃ ᠨᠠᠰᠤᠨ ᠳᠤ ᠥᠯᠥ ᠬᠦᠷᠦᠭᠰᠡᠳ ᠢ ᠬᠠᠤᠯᠢ ᠪᠠᠷᠢᠯᠲᠠ ᠪᠠᠷ ᠬᠠᠮᠠᠭᠠᠯᠠᠬᠤ ᠡᠯ᠎ᠡ ᠵᠥᠢᠯ ᠤᠨ ᠰᠠᠭᠤᠷᠢ ᠠᠵᠢᠯ ᠢ ᠭᠦᠨᠵᠡᠭᠡᠢ ᠠᠬᠢᠭᠤᠯᠤᠨ᠎ᠠ᠃ ᠬᠢᠨᠠᠨ ᠪᠠᠶᠢᠴᠠᠭᠠᠬᠤ ᠪᠠ ᠪᠠᠶᠢᠴᠠᠭᠠᠬᠤ ᠠᠵᠢᠯ ᠢ ᠵᠣᠯᠭᠠᠯᠳᠤᠭᠤᠯᠤᠨ ᠬᠠᠮᠵᠢᠯᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠷᠬᠡ ᠲᠤᠰᠢᠶᠠᠯ ᠢᠶᠠᠨ ᠠᠰᠢᠭᠯᠠᠵᠤ ᠬᠢᠭᠰᠡᠨ ᠶᠠᠯᠠᠳᠤ ᠠᠵᠢᠯᠯᠠᠭ᠎ᠠ ᠶᠢ ᠬᠠᠤᠯᠢ ᠶᠤᠰᠤᠭᠠᠷ ᠵᠠᠯᠬᠠᠭᠠᠨ ᠰᠢᠳᠭᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠳᠤᠮᠳᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠎ᠠ᠃ ᠨᠡᠶᠢᠬᠡᠮ ᠤᠨ ᠵᠠᠰᠠᠯᠲᠠ ᠳᠤ ᠢᠳᠡᠪᠬᠢᠳᠡᠢ ᠣᠷᠣᠯᠴᠠᠵᠥ᠂ ᠬᠡᠷᠡᠭ ᠤᠨ ᠲᠤᠰᠬᠠᠬᠰᠠᠨ ᠬᠡᠯᠪᠡᠷᠢᠯ ᠤᠨ ᠴᠢᠨᠠᠷᠲᠠᠢ ᠠᠰᠠᠭᠤᠳᠠᠯ ᠪᠠ ᠬᠠᠮᠢᠶᠠᠷᠤᠯᠲᠠ ᠶᠢᠨ ᠳᠤᠲᠠᠭᠤᠳᠠᠯ ᠳᠤ ᠰᠡᠷᠭᠡᠭ ᠪᠠᠶᠢᠵᠤ᠂ ᠪᠠᠶᠢᠴᠠᠭᠠᠭᠰᠠᠨ ᠰᠠᠨᠠᠭᠤᠯᠭ᠎ᠠ ᠶᠢ ᠴᠠᠭ ᠲᠤᠬᠠᠢ ᠳᠤᠨᠢ ᠳᠤᠷᠠᠳᠴᠤ᠂ ᠨᠢᠭᠡ ᠬᠡᠷᠡᠭ ᠢ ᠰᠢᠢᠳᠪᠦᠷᠢᠯᠡᠬᠦ ᠪᠠᠷ ᠳᠠᠮᠵᠢᠨ ᠡᠨᠡ ᠲᠥᠷᠥᠯ ᠤᠨ ᠠᠰᠠᠭᠤᠳᠠᠯ ᠢ ᠨᠡᠶᠢᠳᠡᠮ ᠵᠠᠰᠠᠬᠤ ᠪᠠᠷ ᠴᠢᠷᠮᠠᠶᠢᠨ᠎ᠡ᠃
ᠬᠤᠶᠠᠳᠤᠭᠠᠷ ᠲᠤ᠂︽ᠨᠠᠶᠢᠳᠠᠪᠤᠷᠢᠵᠢᠭᠤᠯᠬᠤ︾ᠭᠡᠬᠦ ᠭᠤᠣᠯᠳᠠᠯᠭ᠎ᠠ ᠶᠢ ᠠᠳᠬᠤᠵᠤ᠂ ᠴᠢᠬᠤᠯᠠ ᠶᠡᠭᠡ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠵᠤ ᠪᠠᠲᠤᠵᠢᠬᠤ ᠶᠢ ᠠᠬᠢᠭᠤᠯᠤᠨ᠎ᠠ᠃ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠥᠬᠦᠨ ᠢ ᠪᠠᠶᠢᠴᠠᠭᠠᠬᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠡᠷᠡᠰ ᠲᠤᠤᠱᠯᠠᠭᠤᠯᠵᠤ᠂ ᠦᠴᠦᠬᠡᠨ ᠲᠡᠳᠦᠢ ᠤᠰᠤᠯᠳᠠᠬᠤ ᠦᠭᠡᠢ ᠪᠠᠷ ᠡᠴᠦᠰ ᠲᠤᠨᠢ ᠲᠤᠯᠲᠠᠯ᠎ᠠ ᠠᠳᠬᠤᠨ᠎ᠠ᠃ ᠵᠠᠰᠠᠪᠣᠷᠢ ᠣᠷᠣᠭᠤᠯᠣᠭᠰᠠᠨ ᠤ ᠳᠠᠷᠠᠭᠠᠬᠢ ᠡᠷᠡᠭᠦᠦ ᠶᠢᠨ ᠵᠠᠷᠭᠤ ᠶᠢᠨ ᠬᠠᠤᠯᠢ ᠪᠠ ᠠᠷᠠᠳ ᠤᠨ ᠪᠠᠶᠢᠴᠠᠭᠠᠬᠤ ᠬᠤᠷᠢᠶᠠᠨ ᠤ ᠵᠤᠬᠢᠶᠠᠨ ᠪᠠᠶᠢᠭᠤᠯᠬᠤ ᠬᠠᠤᠯᠢ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠷᠡᠭ ᠰᠢᠢᠳᠪᠦᠷᠢᠯᠡᠬᠦ ᠲᠣᠮᠳᠠ ᠬᠢᠨᠠᠯᠳᠠ ᠲᠠᠯᠪᠢᠵᠤ᠂ ᠬᠢᠨᠠᠯᠳᠠ ᠲᠠᠯᠪᠢᠬᠤ ᠲᠣᠮᠳᠠ ᠬᠡᠷᠡᠭ ᠰᠢᠢᠳᠪᠣᠷᠢᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠳᠣᠷ ᠭᠦᠢᠴᠡᠳᠬᠡᠨ᠎ᠡ᠃ ᠡᠷᠬᠡ ᠲᠤᠰᠢᠶᠠᠯ ᠢᠶᠠᠨ ᠵᠢᠷᠤᠮᠵᠢᠭᠤᠨ ᠬᠡᠷᠡᠭᠵᠢᠭᠦᠯᠵᠦ ᠂ ᠪᠠᠶᠢᠴᠠᠭᠠᠭᠰᠠᠨ ᠰᠠᠨᠠᠭᠤᠯᠭ᠎ᠠ ᠶᠢᠨ ᠴᠢᠨᠠᠷ ᠴᠢᠨᠰᠠᠭ᠎ᠠ ᠶᠢ ᠬᠦᠴᠦᠯᠡᠨ ᠰᠠᠶᠢᠵᠢᠷᠠᠭᠤᠯᠵᠦ ᠂ ᠭᠢᠨᠳᠠᠨ ᠢ ᠲᠣᠭᠤᠷᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ ᠂ ᠬᠠᠤᠯᠢ ᠪᠠᠷᠢᠬᠤ ᠠᠵᠢᠯᠲᠠᠨ ᠤ ᠡᠷᠬᠡ ᠲᠤᠰᠢᠶᠠᠯ ᠢᠶᠠᠨ ᠠᠰᠢᠭᠯᠠᠵᠤ ᠬᠢᠭᠰᠡᠨ ᠶᠠᠯᠠᠲᠤ ᠠᠵᠢᠯᠯᠠᠭ᠎ᠠ ᠶᠢ ᠬᠠᠣᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠡᠷᠡᠭᠵᠢᠭᠦᠯᠬᠦ ᠰᠠᠨᠠᠯ ᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠪᠠᠶᠢᠴᠠᠭᠠᠬᠤ ᠥᠭᠡᠷᠡᠴᠢᠯᠡᠯᠳᠡ ᠶᠢᠨ ᠲᠠᠪᠣᠨ ᠵᠢᠯ ᠤᠨ ᠲᠥᠯᠥᠪᠵᠢᠬᠦᠯᠭᠡ ᠶᠢ ᠪᠣᠳᠠᠳᠠᠢ ᠪᠠᠷ ᠠᠳᠬᠤᠵᠥ᠂ ᠥᠭᠡᠷᠡᠴᠢᠯᠡᠯᠲᠡ ᠶᠢ ᠠᠬᠢᠭᠤᠯᠵᠤ ᠨᠡᠩ ᠦᠨᠳᠦᠷ ᠡᠬᠢᠯᠡᠯᠲᠡ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ᠃ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠳᠣᠲᠣᠭᠠᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠢᠷᠭᠡᠨ ᠤ ᠬᠡᠷᠡᠭ ᠤᠨ᠂ ᠵᠠᠰᠠᠭ ᠵᠠᠬᠢᠷᠭᠠᠨ ᠤ᠂ ᠨᠡᠶᠢᠲᠡ ᠶᠢᠨ ᠠᠰᠢᠭᠲᠤ ᠵᠠᠷᠭᠤ ᠶᠢ ᠪᠠᠶᠢᠴᠠᠭᠠᠬᠤ ᠠᠵᠢᠯ ᠤᠨ ᠬᠡᠷᠡᠭ ᠰᠢᠢᠳᠪᠦᠷᠢᠯᠡᠬᠦ ᠬᠦᠴᠦᠨ ᠢ ᠴᠢᠩᠭᠠᠷᠠᠭᠤᠯᠵᠤ᠂ ︽ᠳᠥᠷᠪᠡᠨ ᠶᠡᠭᠡ ᠪᠠᠶᠢᠴᠠᠭᠠᠯᠲᠠ︾ ᠶᠢ ᠪᠦᠬᠦ ᠲᠠᠯ᠎ᠠ ᠪᠠᠷ ᠵᠣᠬᠢᠴᠠᠩᠭᠤᠢ ᠪᠦᠭᠡᠳ ᠭᠦᠢᠴᠡᠳ ᠬᠥᠭᠵᠢᠬᠦᠯᠬᠦ ᠶᠢ ᠪᠣᠳᠠᠲᠠᠢ ᠨᠠᠶᠢᠳᠠᠪᠤᠷᠢᠵᠢᠭᠤᠯᠤᠨ᠎ᠠ᠃ ᠬᠠᠤᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ︽ᠨᠠᠷᠢᠯᠢᠬ ᠵᠠᠰᠠᠯᠲᠠ︾ ᠶᠢ ᠰᠠᠶᠢᠲᠤᠷ ᠬᠢᠵᠦ᠂ ᠪᠠᠶᠢᠴᠠᠭᠠᠬᠤ ᠲᠤᠰᠢᠶᠠᠯᠲᠠᠨ ᠤ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠡᠷᠡᠭ ᠢ ᠰᠠᠶᠢᠲᠤᠷ ᠰᠢᠢᠳᠪᠦᠷᠢᠯᠡᠬᠦ ᠶᠢ ᠠᠬᠢᠭᠤᠯᠣᠨ᠎ᠠ︔ ᠠᠵᠢᠯᠳᠠᠨ ᠤ ᠣᠷᠣᠨ ᠲᠤᠭ᠎ᠠ ᠲᠠᠢ ᠪᠠᠶᠢᠴᠠᠭᠠᠬᠤ ᠲᠤᠰᠢᠶᠠᠯᠲᠠᠨ ᠤ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠨᠥᠬᠦᠴᠡᠯ ᠳᠤ ᠨᠡᠶᠢᠴᠡᠬᠦ ᠦᠭᠡᠢ ᠶᠢ ᠨᠢ ᠣᠬᠤᠷᠢᠨ ᠭᠠᠷᠭᠠᠭᠤᠯᠵᠤ᠂ ᠨᠥᠬᠦᠴᠡᠯ ᠳᠤ ᠨᠡᠶᠢᠴᠡᠬᠦ ᠶᠢ ᠨᠢ ᠨᠥᠬᠦᠵᠦ ᠡᠯᠰᠡᠨ ᠣᠷᠣᠭᠤᠯᠤᠨ᠎ᠠ᠃ ᠬᠠᠤᠯᠢ ᠪᠠᠷᠢᠯᠲᠠ ᠶᠢᠨ ᠥᠭᠡᠷᠡᠴᠢᠯᠡᠯᠲᠡ ᠶᠢ ᠴᠢᠩᠭ᠎ᠠ ᠵᠢᠷᠣᠮᠵᠢᠭᠤᠯᠵᠥ᠂ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠱᠠᠲᠤ ᠱᠠᠲᠤ ᠪᠠᠷ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠣᠶᠤᠨᠯᠢᠭ ᠪᠠᠶᠢᠴᠠᠭᠠᠬᠤ ᠠᠵᠢᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠪᠰᠤᠷᠤᠨ ᠬᠡᠷᠡᠭ ᠰᠢᠢᠳᠪᠦᠷᠢᠯᠡᠬᠦ ᠪᠠ ᠬᠠᠮᠢᠶᠠᠷᠬᠤ ᠣᠶᠤᠨᠯᠢᠭ ᠰᠢᠰᠲ᠋ᠧᠮ ᠢ ᠨᠢᠭᠡᠳᠦᠯᠲᠡᠢ ᠲᠥᠯᠥᠪᠯᠡᠨ ᠰᠤᠳᠤᠯᠤᠨ ᠨᠡᠭᠡᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠳᠦᠬᠡᠯ ᠪᠣᠯᠣᠨ ᠪᠠᠶᠢᠴᠠᠭᠠᠬᠤ ᠠᠵᠢᠯ ᠢ ᠭᠦᠨᠵᠡᠭᠡᠢ ᠠᠭᠤᠰᠤᠯᠳᠤᠭᠤᠯᠬᠤ ᠶᠢ ᠠᠬᠢᠭᠤᠯᠵᠤ᠂ ᠬᠠᠤᠯᠢ ᠪᠠᠷᠢᠯᠲᠠ ᠶᠢᠨ ᠴᠢᠨᠠᠷ ᠴᠢᠨᠰᠠᠭ᠎ᠠ᠂ ᠦᠷ᠎ᠡ ᠪᠥᠲᠥᠮᠵᠢ᠂ ᠣᠯᠠᠨ ᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠳᠤ ᠲᠤᠰᠠᠯᠠᠨ᠎ᠠ᠃
ᠭᠤᠷᠪᠠᠳᠤᠭᠠᠷ ᠲᠤ᠂ ︽ᠳᠡᠭᠡᠭᠰᠢᠯᠡᠭᠦᠯᠬᠦ︾ ᠭᠡᠬᠦ ᠬᠠᠷᠠᠯᠲᠠ ᠶᠢ ᠠᠳᠬᠤᠵᠤ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠢ ᠰᠢᠨ᠎ᠡ ᠪᠠᠶᠢᠳᠠᠯ ᠰᠢᠨ᠎ᠡ ᠠᠮᠵᠢᠯᠲᠠ ᠪᠦᠳᠦᠮᠵᠢ ᠲᠠᠢ ᠪᠣᠯᠭᠠᠨ᠎ᠠ᠃ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢ ᠥᠭᠡᠢ ᠣᠳᠣᠷᠢᠳᠣᠯᠭ᠎ᠠ ᠶᠢ ᠪᠠᠷᠢᠮᠳᠠᠯᠠᠵᠥ᠂ ᠪᠠᠶᠢᠴᠠᠭᠠᠬᠤ ᠡᠩᠨᠡᠭᠡ ᠶᠢ ᠬᠤᠪᠢᠰᠬᠠᠯᠵᠢᠭᠤᠯᠬᠤ᠂ ᠵᠢᠩᠭᠢᠨᠢᠴᠢᠯᠡᠬᠦᠯᠬᠦ᠂ ᠲᠤᠰᠬᠠᠢᠢᠵᠢᠭᠤᠯᠬᠤ᠂ ᠠᠵᠢᠯ ᠮᠡᠷᠭᠡᠵᠢᠯᠵᠢᠭᠦᠯᠬᠦ ᠪᠠᠶᠢᠭᠤᠯᠣᠯᠳᠠ ᠶᠢ ᠴᠢᠩᠭᠠᠳᠬᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠳᠦᠷᠢᠮ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠤᠯᠭᠤᠷ ᠵᠤᠷᠢᠯᠳᠡ ᠪᠠᠨ ᠥᠯᠥ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ︾ ᠭᠤᠤᠯ ᠰᠡᠳᠦᠪᠲᠤ ᠬᠦᠮᠦᠵᠢᠯ ᠢ ᠯᠠᠪᠳᠠᠭᠤᠨ ᠪᠠᠳᠤᠲᠠᠢ ᠦᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠰᠤᠳᠤᠯᠤᠨ ᠶᠠᠷᠢᠯᠴᠠᠬᠤ ᠶᠢ ᠡᠳᠦᠷ ᠲᠣᠲᠣᠮ ᠤᠨ ᠠᠵᠢᠯ ᠳᠠᠭᠠᠨ ᠠᠭᠤᠰᠬᠠᠨ ᠣᠷᠣᠭᠤᠯᠬᠤ ᠶᠢ ᠠᠬᠢᠭᠤᠯᠵᠥ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠨᠡᠩ ᠪᠣᠳᠠᠲᠠᠢ ᠠᠳᠬᠤᠨ᠎ᠠ᠃ ᠴᠢᠨᠠᠷ ᠰᠠᠶᠢᠲᠠᠢ ᠥᠨᠳᠦᠷ ᠪᠠᠷᠢᠮᠵᠢᠶ᠎ᠠ ᠪᠦᠬᠦᠢ ᠲᠤᠬᠠᠢᠢᠯᠠᠭᠰᠠᠨ ᠠᠵᠢᠯ ᠤᠨ ᠪᠣᠯᠪᠠᠰᠣᠷᠠᠭᠤᠯᠣᠯ ᠢ ᠶᠡᠭᠡ ᠪᠠᠷ ᠠᠬᠢᠭᠤᠯᠵᠤ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠬᠥᠮᠥᠵᠢᠭᠦᠯᠵᠥ᠂ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠣᠨ᠎ᠠ᠃ ᠪᠠᠷᠢᠪᠴᠢᠯᠠᠬᠤ ᠪᠠ ᠵᠠᠭᠠᠯᠳᠤᠬᠤ ᠶᠢᠨ ᠨᠢᠭᠡ ᠴᠣᠭᠴᠠᠵᠢᠭᠤᠯᠤᠯᠲᠠ ᠶᠢᠨ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠥᠲᠥᠮᠵᠢ ᠶᠢ ᠳᠡᠭᠡᠭᠰᠢᠯᠡᠭᠦᠯᠬᠦ ᠲᠠᠯ᠎ᠠ ᠪᠠᠷ ᠬᠢ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠣᠯᠢ ᠪᠠᠷᠢᠵᠥ ᠬᠡᠷᠡᠭ ᠰᠢᠢᠳᠪᠣᠷᠢᠯᠡᠬᠦ᠂ ᠠᠵᠢᠯ ᠢ ᠵᠢᠯᠣᠭᠤᠳᠬᠤ᠂ ᠬᠢᠨᠠᠯᠲᠠ ᠲᠠᠯᠪᠢᠵᠤ ᠬᠢᠵᠠᠭᠠᠷᠯᠠᠬᠤ ᠵᠡᠷᠭᠡ ᠢᠵᠢ ᠪᠥᠷᠢᠳᠥᠭᠦᠯᠬᠦ ᠲᠣᠭᠲᠠᠴᠠ ᠶᠢ ᠪᠦᠷᠢᠨᠰᠢᠭᠦᠯᠣᠨ᠎ᠠ᠃ ᠢᠷᠭᠡᠨ ᠤ ᠵᠠᠷᠭᠤ ᠳᠠᠬᠢ ᠬᠠᠤᠯᠢ ᠠᠴᠠ ᠵᠥᠷᠢᠴᠡᠭᠰᠡᠨ ᠭᠦᠨ ᠳᠠᠪᠬᠤᠷᠭ᠎ᠠ ᠶᠢᠨ ᠠᠰᠠᠭᠤᠳᠠᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠵᠢᠯᠣᠭᠤᠳᠬᠤ ᠠᠴᠢ ᠬᠤᠯᠪᠣᠭᠳᠠᠯ ᠪᠦᠬᠦᠢ ᠨᠡᠶᠢᠲᠡᠯᠢᠭ ᠬᠡᠷᠡᠭ ᠢ ᠬᠦᠴᠦ ᠳᠠᠯᠪᠢᠨ ᠰᠢᠢᠳᠪᠦᠷᠢᠯᠡᠵᠤ᠂ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠤᠨ ᠪᠣᠳᠠᠲᠤ ᠪᠥᠲᠥᠮᠵᠢ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠳᠤᠲᠠᠭᠤᠳᠠᠯ ᠢ ᠶᠡᠭᠡ ᠬᠦᠴᠦ ᠣᠷᠣᠭᠤᠯᠤᠨ ᠭᠦᠢᠴᠡᠳ ᠨᠥᠬᠦᠪᠦᠷᠢᠯᠡᠵᠦ᠂ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠠᠤᠯᠢ ᠪᠠᠷᠢᠯᠲᠠ ᠶᠢᠨ ᠲᠥᠪ ᠭᠤᠣᠯᠴᠢ ᠶᠢ ᠬᠠᠮᠠᠭᠠᠯᠠᠵᠥ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠵᠦ᠂ ᠰᠢᠪᠠᠳᠠᠨ ᠵᠢᠷᠣᠮᠵᠢᠭᠤᠯᠬᠤ ᠶᠢ ᠴᠢᠬᠤᠯᠠᠴᠢᠯᠠᠵᠥ᠂ ᠬᠡᠷᠡᠭ ᠰᠢᠢᠳᠪᠦᠷᠢᠯᠡᠬᠦ ᠬᠡᠪᠴᠢᠶ᠎ᠡ ᠶᠢ ᠰᠥᠪᠡᠭᠴᠢᠯᠡᠨ ᠥᠷᠭᠡᠳᠬᠡᠵᠦ᠂ ᠴᠢᠨᠠᠷ ᠴᠢᠨᠰᠠᠭ᠎ᠠ ᠦᠷ᠎ᠠ ᠪᠦᠳᠤᠮᠵᠢ ᠶᠢ ᠨᠡᠩ ᠢᠯᠡᠭᠦᠦ ᠴᠢᠬᠤᠯᠠᠴᠢᠯᠠᠨ᠎ᠠ᠃ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠰᠢᠰᠲ᠋ᠧᠮ ᠤᠨ ᠳᠣᠲᠣᠭᠠᠳᠤ ᠶᠢᠨ ᠲᠤᠭᠤᠷᠢᠨ ᠪᠠᠶᠢᠴᠠᠭᠠᠯᠲᠠ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠬᠠᠤᠯᠢ ᠪᠠᠷᠢᠯᠲᠠ ᠳᠠᠬᠢ ᠵᠢᠷᠤᠮᠵᠢᠭᠤᠨ ᠪᠤᠰᠤ᠂ ᠭᠤᠣᠯᠴᠢ ᠪᠤᠰᠤ ᠪᠠᠶᠢᠬᠤ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠥᠨᠡᠨᠴᠢ᠂ ᠴᠡᠪᠡᠷ᠂ ᠡᠭᠦᠷᠭᠡᠯᠡᠯ ᠲᠠᠢ ᠪᠠᠶᠢᠬᠤ ᠶᠢ ᠪᠡᠶᠡᠯᠡᠬᠦᠯᠥᠨ᠎ᠠ᠃ ᠳᠡᠭᠡᠳᠦ ᠱᠠᠲᠤᠨ ᠤ ᠪᠠᠶᠢᠴᠠᠭᠠᠬᠤ ᠬᠤᠷᠢᠶ᠎ᠠ ᠶᠢᠨ ᠤᠳᠤᠷᠢᠳᠬᠤ᠂ ᠵᠢᠯᠣᠭᠤᠳᠬᠤ ᠬᠠᠷᠢᠭᠤᠴᠠᠯᠭ᠎ᠠ ᠶᠢ ᠴᠢᠩᠭᠠᠳᠬᠠᠵᠤ ᠂ ᠦᠨᠳᠦᠰᠦᠨ ᠱᠠᠲᠤᠨ ᠤ ᠪᠠᠶᠢᠴᠠᠭᠠᠬᠤ ᠬᠤᠷᠢᠶ᠎ᠠ ᠶᠢᠨ ᠤᠯᠤᠰ ᠲᠦᠷᠦ ᠪᠠ ᠲᠤᠬᠠᠢᠢᠯᠠᠭᠰᠠᠨ ᠠᠵᠢᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠬᠦᠮᠤᠨ ᠤ ᠬᠦᠴᠦ ᠡᠳ᠋ ᠤᠨ ᠬᠦᠴᠦ ᠪᠤᠳᠠᠰ ᠤᠨ ᠬᠦᠴᠦᠨ ᠤ ᠪᠠᠳᠣᠯᠠᠭ᠎ᠠ ᠶᠢ ᠦᠨᠳᠦᠰᠦᠨ ᠱᠠᠲᠤ ᠲᠡᠶᠢᠰᠢ ᠣᠯᠠᠮ ᠨᠢᠭᠡ ᠠᠯᠬᠤᠮ ᠬᠡᠯᠪᠠᠶᠢᠯᠭᠡᠵᠦ᠂ ᠠᠷᠠᠳ ᠤᠨ ᠲᠥᠯᠥᠭᠡ ᠪᠠᠶᠢᠴᠠᠭᠠᠬᠤ ᠶᠢᠨ ᠦᠨᠳᠦᠰᠦ ᠰᠠᠭᠤᠷᠢ ᠶᠢ ᠪᠠᠲᠤ ᠪᠠᠬᠢ ᠲᠠᠯᠪᠢᠨ᠎ᠠ᠃
ᠲᠥᠯᠥᠭᠡᠯᠡᠭᠴᠢᠳ ᠡ᠂ ᠥᠭᠡᠷᠡᠴᠢᠯᠡᠯᠲᠡ ᠨᠡᠭᠡᠭᠡᠯᠲᠡ ᠬᠢᠭᠰᠡᠨ ᠡᠷᠴᠢᠨ ᠳᠤ᠂ ᠠᠷᠠᠳ ᠤᠨ ᠪᠠᠶᠢᠴᠠᠭᠠᠬᠤ ᠬᠤᠷᠢᠶ᠎ᠠ ᠶᠢ ᠰᠡᠷᠭᠦᠭᠡᠵᠦ ᠲᠠᠬᠢᠨ ᠪᠠᠶᠢᠭᠤᠯᠣᠭᠰᠠᠨ 40 ᠵᠢᠯ ᠤᠨ ᠲᠤᠷᠰᠢ᠂ ᠲᠡᠬᠦᠨ ᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠪᠥᠳᠥᠭᠡᠨ ᠪᠠᠶᠢᠭᠤᠯᠣᠯᠳᠠ ᠶᠢᠨ ᠲᠣᠮᠳᠠᠬᠢ ᠥᠢᠯᠡᠳᠥᠯ ᠡᠳᠥᠷ ᠢᠷᠡᠭᠦᠶ᠎ᠠ ᠲᠣᠪᠤᠶᠢᠮ᠎ᠠ ᠪᠣᠯᠵᠥ ᠪᠠᠶᠢᠨ᠎ᠠ᠃ ᠰᠢᠨ᠎ᠡ ᠲᠡᠦᠬᠡᠨ ᠣᠷᠣᠨ ᠪᠠᠶᠢᠷᠢ ᠳᠡᠭᠡᠷ᠎ᠡ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠥᠯᠬᠦᠮᠳᠡᠵᠦ᠂ ᠰᠢ ᠶᠢᠨ ᠫᠢᠩ ᠤᠨ ᠰᠢᠨ᠎ᠠ ᠴᠠᠭ ᠥᠶ᠎ᠡ ᠶᠢᠨ ᠲᠣᠮᠳᠠᠳᠣ ᠣᠯᠣᠰ ᠤᠨ ᠣᠨᠴᠠᠯᠢᠭ ᠪᠥᠬᠦᠢ ᠨᠡᠶᠢᠭᠡᠮ ᠵᠢᠷᠣᠮ ᠤᠨ ᠥᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠲᠤᠰ ᠤᠳᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠠᠨ ᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠢᠳᠡᠭᠡᠯ ᠵᠣᠷᠢᠭ ᠢᠶᠠᠨ ᠪᠠᠳᠣᠳᠬᠠᠨ᠂ ᠲᠣᠰᠢᠶᠠᠯ ᠬᠠᠷᠢᠭᠤᠴᠠᠯᠭ᠎ᠠ ᠪᠠᠨ ᠥᠨᠡᠨᠴᠢ ᠰᠢᠳᠤᠷᠭᠤ ᠪᠠᠷ ᠬᠥᠢᠴᠡᠳᠭᠡᠵᠥ᠂ ᠰᠢᠯᠢᠳᠡᠭ ᠬᠢᠷᠢ ᠪᠥᠲᠥᠮᠵᠢ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠪᠣᠯᠣᠨ᠎ᠠ︕