ᠥᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠬᠦᠯᠦᠯᠲᠡ
—— 2019 ᠣᠨ ᠤ 1 ᠰᠠᠷ᠎ᠠ ᠶᠢᠨ 29 ᠤ ᠡᠳᠤᠷ ᠥᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠲᠡᠭᠡᠷ᠎ᠡ
ᠯᠢ ᠴᠢ ᠯᠢᠨ
ᠲᠦᠯᠦᠭᠡᠯᠡᠭᠴᠢᠳ ᠡ᠄
ᠣᠳᠤ ᠪᠢ ᠦᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠡᠮᠤᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠤᠯᠴᠠᠭᠰᠠᠳ ᠴᠤ ᠰᠠᠨᠠᠯ ᠢᠶᠠᠨ ᠲᠤᠷᠠᠳᠬᠤ ᠪᠣᠯᠪᠠᠤ᠃
2018 ᠣᠨ ᠤ ᠠᠵᠢᠯ ᠤᠨ ᠡᠷᠬᠢᠴᠡᠬᠦᠯᠦᠯ
2018 ᠣᠨ ᠳᠤ᠂ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠦᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡᠬᠤᠷᠠᠯᠳᠤᠭᠠᠨ ᠤ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠣᠣᠱᠯᠠᠭᠤᠯᠵᠤ᠂ ᠰᠢ ᠶᠢᠨ ᠫᠢᠩ ᠶᠡᠷᠤᠩᠬᠡᠢ ᠱᠦᠵᠢ ᠶᠢᠨ ᠥᠪᠤᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠥᠶ᠎ᠡ ᠶᠢᠨ ᠵᠣᠭᠰᠤᠴᠠ ᠠᠴᠠ ᠰᠢᠨ᠎ᠡ ᠰᠣᠯᠪᠢᠴᠠᠯ ᠢ ᠨᠠᠷᠢᠪᠴᠢᠯᠠᠨ ᠬᠠᠷᠠᠭᠠᠯᠠᠵᠤ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠳᠤ ᠠᠶᠠᠯᠳᠤᠨ᠂ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠲᠡ ᠶᠢᠨ ᠰᠢᠨ᠎ᠡ ᠲᠣᠬᠢᠶᠠᠯ ᠢ ᠣᠭᠲᠤᠵᠤ᠂ ᠨᠡᠶᠢᠭᠡᠮ ᠤᠨ ᠵᠦᠷᠢᠴᠡᠯ ᠤᠨ ᠰᠢᠨ᠎ᠡ ᠦᠷᠢᠰᠦᠯᠳᠦᠭᠡᠨ ᠳᠤ ᠬᠠᠨᠳᠤᠨ᠂ ︽ᠤᠯᠤᠰ ᠲᠦᠷᠦ ᠶᠢ ᠡᠷᠬᠢᠮᠯᠡᠨ᠂ ᠪᠦᠬᠦ ᠲᠠᠯ᠎ᠠ ᠶᠢ ᠬᠠᠷᠠᠭᠠᠯᠵᠠᠵᠤ᠂ ᠬᠦᠭᠵᠢᠯᠲᠡ ᠶᠢ ᠰᠥᠪᠡᠭᠴᠢᠯᠡᠨ᠂ ᠦᠪᠡᠷ ᠢ ᠪᠡᠨ ᠴᠢᠩᠭᠠᠳᠬᠠᠬᠤ ︾ ᠶᠡᠷᠤᠩᠭᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠳᠦᠷᠪᠡᠨ ᠡᠷᠭᠡᠪᠰᠢ︾ ︽ᠲᠤᠯᠤᠭᠠᠨ ᠲᠦᠪᠯᠡᠷᠡᠯ︾ ︽ᠲᠠᠪᠤᠨ ᠨᠠᠶᠢᠳᠠᠪᠤᠷᠵᠢᠭᠤᠯᠤᠯᠲᠠ︾ ᠶᠢᠨ ᠠᠵᠢᠯ ᠤᠨ ᠰᠡᠳᠬᠢᠴᠡ ᠪᠠᠷ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠣᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠭᠡᠵᠤ᠂ ᠡᠯ᠎ᠡ ᠵᠦᠢᠯ ᠤᠨ ᠠᠵᠢᠯ ᠰᠢᠨ᠎ᠡ ᠬᠦᠭᠵᠢᠯᠲᠡ᠂ ᠰᠢᠨ᠎ᠡ ᠲᠠᠪᠰᠢᠯᠲᠠ ᠲᠠᠢ ᠪᠣᠯᠵᠠᠢ᠃
ᠨᠢᠭᠡ᠂ ᠤᠯᠤᠰ ᠤᠨ ᠪᠦᠬᠦᠶᠢᠯᠡ ᠴᠤᠭᠴᠠᠳᠤ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠬᠦᠯᠵᠤ᠂ ᠤᠯᠤᠰ ᠲᠦᠷᠦ ᠶᠢᠨ ᠠᠮᠤᠷ ᠲᠦᠪᠰᠢᠨ ᠨᠡᠶᠢᠬᠡᠮ ᠤᠨ ᠲᠣᠭᠲᠠᠭᠤᠨ ᠬᠢᠯᠢ ᠬᠢᠵᠠᠭᠠᠷ ᠤᠨ ᠠᠮᠤᠷ ᠲᠠᠶᠢᠪᠤᠩ ᠢ ᠬᠠᠮᠠᠭᠠᠯᠠᠪᠠ
︽ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ︾ ᠶᠢ ᠬᠦᠨᠳᠦ ᠴᠢᠬᠤᠯᠠ ᠤᠯᠤᠰ ᠲᠦᠷᠦ ᠶᠢᠨ ᠡᠬᠦᠷᠭᠡ ᠪᠣᠯᠭᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠠᠤᠯᠢ ᠶᠤᠰᠤᠭᠠᠷ ᠲᠦᠯᠬᠢᠨ ᠠᠬᠢᠭᠤᠯᠪᠠ᠃ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠢᠭᠡᠳᠦᠯᠲᠠᠢ ᠲᠤᠬᠢᠷᠠᠭᠤᠯᠵᠤ ᠵᠢᠯᠤᠭᠤᠳᠤᠨ᠂ ᠲᠤᠰᠬᠠᠢ ᠱᠠᠭᠠᠷᠳᠠᠨ ᠵᠢᠯᠤᠭᠤᠳᠤᠯᠭ᠎ᠠ ᠶᠢ ᠦᠷᠨᠢᠬᠦᠯᠵᠤ᠂ ᠪᠠᠷᠢᠪᠴᠢᠯᠠᠬᠤ ᠶᠢ ᠵᠥᠪᠰᠢᠶᠡᠷᠡᠬᠦ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ ᠬᠡᠷᠡᠭ ᠰᠢᠳᠭᠡᠬᠦ ᠶᠢ ᠬᠡᠷᠡᠭᠵᠢᠬᠦᠯᠵᠥ᠂ ᠲᠤᠰᠬᠠᠢ ᠲᠡᠮᠡᠴᠡᠯ ᠱᠠᠲᠤᠴᠢ ᠴᠢᠨᠠᠷᠲᠠᠢ ᠥᠷ᠎ᠡ ᠪᠥᠲᠤᠮᠵᠢ ᠣᠯᠪᠠ᠃ ᠪᠦᠬᠦ ᠵᠢᠯ ᠳᠤ ᠬᠠᠷ᠎ᠠ ᠪᠦᠯᠦᠭᠲᠡᠨ ᠬᠠᠷᠬᠢᠰ ᠬᠦᠴᠦᠨ ᠳᠤ ᠬᠤᠯᠪᠤᠭᠳᠠᠭᠰᠠᠠ 618 ᠶᠠᠯᠠᠲᠤ ᠬᠡᠷᠡᠭ ᠤᠨ 1488 ᠬᠦᠮᠦᠨ ᠢ ᠪᠠᠷᠢᠪᠴᠢᠯᠠᠬᠤ ᠶᠢ ᠵᠥᠪᠰᠢᠶᠡᠷᠡᠵᠦ᠂ 113 ᠬᠡᠷᠡᠭ ᠤᠨ 823 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠪᠠ᠃ 380 ᠬᠦᠨᠳᠦ ᠶᠡᠭᠡ ᠬᠡᠷᠡᠭ ᠤᠨ ᠲᠤᠷᠰᠢᠨ ᠪᠠᠶᠢᠴᠠᠭᠠᠯᠲᠠ ᠳᠤ ᠤᠷᠢᠳᠴᠢᠯᠠᠨ ᠣᠷᠤᠯᠴᠠᠵᠤ᠂ ︽ᠬᠠᠮᠠᠭᠠᠯᠠᠭᠴᠢ︾ ᠪᠠᠷ ᠰᠡᠵᠢᠭᠯᠡᠭᠳᠡᠭᠰᠡᠨ 40 ᠰᠦᠪᠡᠭᠴᠢ ᠶᠢ ᠢᠯᠡᠷᠡᠬᠦᠯᠦᠨ ᠰᠢᠯᠵᠢᠬᠦᠯᠦᠨ ᠬᠦᠷᠭᠡᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠬᠢᠨᠠᠨ ᠬᠠᠮᠢᠶᠠᠷᠤᠯᠲᠠ ᠳᠤ ᠴᠢᠭᠯᠡᠬᠦᠯᠦᠨ 48 ᠬᠤᠪᠢ ᠪᠠᠶᠢᠴᠠᠭᠠᠬᠤ ᠰᠠᠨᠠᠭᠤᠯᠭ᠎ᠠ ᠲᠤᠷᠠᠳᠴᠠᠢ᠃ ᠳᠤᠲᠤᠭᠠᠳᠤ ᠶᠢ ᠬᠠᠮᠠᠭᠠᠯᠠᠬᠤ ᠲᠢᠩᠬᠢᠮ ᠤᠨ ᠱᠠᠲᠤ ᠲᠡᠪᠰᠢᠬᠦᠯᠦᠨ ᠲᠣᠷᠰᠢᠨ ᠪᠠᠶᠢᠴᠠᠭᠠᠯᠭᠠᠭᠰᠠᠠ ᠹᠧᠩ ᠴᠢᠶᠠᠩ ᠵᠡᠷᠭᠡ 11 ᠬᠦᠮᠦᠨ ᠤ ᠬᠠᠷ᠎ᠠ ᠪᠦᠯᠦᠭᠲᠡᠨ ᠳᠤ ᠬᠤᠯᠪᠤᠭᠳᠠᠭᠰᠠᠠ ᠬᠡᠷᠡᠭ ᠤᠨ ᠲᠤᠷᠰᠢᠨ ᠪᠠᠶᠢᠴᠠᠭᠠᠯᠲᠠ ᠳᠤ ᠤᠷᠢᠳᠴᠢᠯᠠᠨ ᠣᠷᠣᠯᠴᠠᠵᠤ ᠵᠢᠭᠠᠨ ᠵᠢᠯᠣᠭᠤᠳᠪᠠ︔ ᠪᠦᠬᠦ ᠣᠷᠤᠨ ᠤ ᠠᠩᠬᠠᠨ ᠤ ︽ᠵᠠᠯᠢᠲᠤ ᠵᠢᠭᠡᠯᠯᠡᠭᠡ︾ ᠶᠢᠨ ᠬᠠᠷᠬᠢᠰ ᠬᠦᠴᠦᠨ ᠤ ᠶᠠᠯᠠᠲᠤ ᠪᠦᠯᠦᠭᠯᠡᠯ ᠤᠨ 40 ᠲᠦᠷᠦᠬᠦᠤ ᠡᠲᠡᠭᠡᠳ ᠢ ᠬᠠᠤᠯᠢ ᠶᠣᠰᠣᠭᠠᠷ ᠪᠠᠷᠢᠪᠴᠢᠯᠠᠬᠤ ᠶᠢ ᠲᠦᠷᠭᠡᠨ ᠵᠦᠪᠰᠢᠶᠡᠷᠡᠵᠦ᠂ ᠼᠦᠢ ᠬᠠᠢ ᠲᠢᠶᠡᠨ ᠵᠡᠷᠭᠡ 17 ᠬᠦᠮᠦᠨ᠂ ᠴᠧᠨ ᠳ᠋ᠢᠩ ᠱᠠᠨ ᠵᠡᠷᠭᠡ 13 ᠬᠦᠮᠦᠨ ᠤ ᠬᠠᠷ᠎ᠠ ᠪᠦᠯᠥᠭᠲᠡᠨ ᠤ ᠴᠢᠨᠠᠷᠲᠠᠢ ᠵᠣᠬᠢᠶᠠᠨ ᠪᠠᠶᠢᠭᠤᠯᠤᠯᠲᠠ ᠶᠢ ᠵᠤᠬᠢᠶᠠᠨ ᠪᠠᠶᠢᠭᠤᠯᠤᠭᠰᠠᠨ ᠤᠳᠤᠷᠢᠳᠤᠭᠰᠠᠨ ᠣᠷᠤᠯᠴᠠᠭᠰᠠᠠ ᠬᠡᠷᠡᠭ ᠢ ᠨᠡᠷ᠎ᠡ ᠳᠤᠷᠠᠳᠤᠨ ᠱᠠᠭᠠᠷᠳᠠᠨ ᠰᠢᠳᠬᠡᠵᠦ ᠬᠠᠤᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ᠃ ᠵᠠᠬ᠎ᠠ ᠲᠡᠯᠭᠡᠬᠦᠷ ᠢ ᠬᠠᠷᠬᠢᠰᠯᠠᠨ ᠡᠵᠡᠷᠭᠡᠵᠤ᠂ ᠰᠤᠮᠤ ᠰᠢᠶᠠᠩ ᠢᠶᠠᠷ ᠬᠦᠨᠳᠡᠯᠡᠨ ᠭᠤᠯᠳᠤ ᠠᠭᠠᠰᠢᠯᠠᠵᠤ ᠣᠯᠠᠨ ᠲᠦᠮᠡᠨ ᠤ ᠵᠠᠨᠣᠨ ᠬᠤᠷᠤᠰᠳᠠᠭ ᠨᠢᠭᠡ ᠪᠦᠯᠦᠭ ᠬᠠᠷ᠎ᠠ ᠪᠦᠯᠦᠭᠲᠡᠨ ᠬᠠᠷᠬᠢᠰ ᠬᠦᠴᠦᠨ ᠤ ᠪᠦᠯᠬᠦᠮ ᠬᠠᠤᠯᠢ ᠴᠠᠭᠠᠵᠠ ᠪᠠᠷ ᠨᠡᠬᠡᠮᠵᠢᠯᠡᠭᠳᠡᠪᠡ᠃
ᠢᠯᠵᠠᠷᠠᠯ ᠢ ᠡᠰᠡᠷᠬᠦᠴᠡᠬᠦ ᠶᠢ ᠪᠠᠶᠢᠪᠠᠰᠤ ᠵᠤᠬᠢᠬᠤ ᠤᠯᠤᠰ ᠲᠦᠷᠦ ᠶᠢᠨ ᠡᠭᠦᠷᠭᠡᠯᠡᠯ ᠪᠣᠯᠭᠠᠵᠤ᠂ ᠬᠠᠷᠢᠶᠠᠯᠠᠯ ᠰᠢᠯᠵᠢᠭᠰᠡᠨ ᠴᠤ ᠬᠠᠷᠢᠭᠤᠴᠠᠯᠭ᠎ᠠ ᠰᠤᠯᠠᠷᠠᠭᠰᠠᠠ ᠦᠭᠡᠢ᠂ ᠬᠦᠮᠦᠨ ᠬᠠᠰᠤᠭᠳᠠᠭᠰᠠᠠ ᠴᠤ ᠬᠦᠴᠦᠨ ᠪᠠᠭᠤᠷᠠᠭᠰᠠᠠ ᠦᠭᠡᠢ᠃ 155 ᠬᠡᠷᠡᠭ ᠤᠨ 186 ᠬᠦᠮᠦᠨ ᠤ ᠲᠤᠰᠢᠶᠠᠯ ᠤᠨ ᠶᠠᠯᠠᠲᠤ ᠬᠡᠷᠡᠭ ᠤᠨ ᠪᠠᠷᠢᠪᠴᠢᠯᠠᠬᠤ ᠶᠢ ᠬᠢᠨᠠᠨ ᠪᠠᠶᠢᠴᠠᠭᠠᠬᠤ ᠶᠢ ᠬᠦᠯᠢᠶᠡᠨ ᠠᠪᠴᠠᠢ︔ 455 ᠬᠡᠷᠡᠭ ᠤᠨ625 ᠬᠦᠮᠦᠨ ᠤ ᠬᠢᠨᠠᠨ ᠪᠠᠶᠢᠴᠠᠭᠠᠵᠤ ᠵᠠᠭᠠᠯᠳᠤᠭᠤᠯᠬᠤ ᠶᠢ ᠬᠦᠯᠢᠶᠡᠨ ᠠᠪᠴᠤ᠂ ᠡᠭᠦᠨ ᠳᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠢᠯᠵᠢᠬᠦᠯᠦᠨ ᠬᠦᠷᠭᠡᠭᠰᠡᠨ 365 ᠬᠡᠷᠡᠭ 509 ᠬᠦᠮᠦᠨ ᠪᠠᠶᠢᠵᠤ᠂ ᠲᠢᠩᠬᠢᠮ ᠤᠨ ᠲᠡᠰ ᠤᠨ ᠺᠠᠳ᠋ᠷ ᠶᠠᠯ᠎ᠠ ᠬᠢᠭᠰᠡᠨ 24 ᠬᠡᠷᠡᠭ 24 ᠬᠦᠮᠦᠨ ᠪᠣᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠣᠰᠢᠶᠠᠨ ᠰᠢᠳᠭᠡᠬᠦᠯᠦᠭᠰᠡᠨ ᠠᠷᠪᠠᠨ ᠨᠠᠢᠮᠠᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠭᠡᠰᠢᠭᠦᠨ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠣᠣᠯ ᠤᠨ ᠪᠠᠶᠢᠩᠭᠤ ᠶᠢᠨ ᠭᠡᠰᠢᠬᠦᠨ᠂ ᠰᠢᠶᠠᠩᠭᠠᠩ ᠣᠣᠮᠧᠨ ᠲᠠᠶᠢᠸᠠᠨ ᠬᠠᠷᠢᠶᠠᠲᠤ ᠨᠠᠷ ᠤᠨ ᠵᠦᠪᠯᠡᠯ ᠤᠨ ᠣᠣᠯ ᠤᠨ ᠡᠷᠬᠢᠯᠡᠭᠴᠢ ᠰᠦᠨ ᠬᠤᠧᠠᠢ ᠱᠠᠨ ᠤ ᠬᠠᠭ᠋ᠤᠤᠯᠢ ᠢᠳᠡᠭᠰᠡᠨ ᠬᠡᠷᠡᠭ᠂ ᠳᠤᠮᠳᠠᠳᠤ ᠤᠯᠤᠰ ᠤᠨ ᠮᠢᠨ ᠱᠧᠩ ᠪᠠᠩᠭᠢ ᠶᠢᠨ ᠣᠣᠯ ᠤᠨ ᠲᠦᠷᠦᠬᠦᠤ ᠮᠡᠳᠡᠭᠡ ᠵᠠᠩᠭᠢ ᠶᠢᠨ ᠲᠤᠰᠢᠶᠠᠯᠲᠠᠨ ᠯᠢᠨ ᠰᠢᠶᠤᠤ ᠰᠢᠤᠸᠠᠨ ᠤ ᠬᠠᠭ᠋ᠤᠤᠯᠢ ᠢᠳᠡᠭᠰᠡᠨ᠂ ᠯᠤᠲᠤ ᠶᠡᠭᠡ ᠡᠳ᠋ ᠬᠦᠷᠦᠩᠭᠡ ᠶᠢᠨ ᠢᠷᠡᠯᠲᠡ ᠨᠢ ᠲᠤᠳᠤᠷᠬᠠᠢ ᠦᠭᠡᠢ ᠬᠡᠷᠡᠭ ᠢ ᠰᠢᠳᠭᠡᠵᠦ᠂ ᠵᠣᠣ ᠴᠦᠨ ᠲᠣᠤ᠂ ᠶᠠᠩ ᠠ ᠯᠢᠨ ᠢ ᠬᠠᠤᠯᠢ ᠶᠤᠰᠤᠭᠠᠷ ᠪᠠᠷᠢᠪᠴᠢᠯᠠᠬᠤ ᠪᠠᠷ ᠲᠣᠭᠲᠠᠭᠠᠵᠤ᠂ ᠶᠠᠩ ᠭᠦᠸᠧ ᠸᠧᠨ᠂ ᠴᠧᠨ ᠸᠧᠨ ᠺᠦ᠋ ᠵᠡᠷᠭᠡ ᠨᠢᠭᠡ ᠪᠦᠯᠦᠭ ᠣᠷᠤᠨ ᠤ ᠲᠤᠳᠤᠷᠠᠬᠢ ᠨᠡᠶᠢᠭᠡᠮ ᠤᠨ ᠨᠦᠯᠦᠭᠡ ᠨᠡᠯᠢᠶᠡᠳ ᠶᠡᠭᠡ ᠬᠡᠷᠡᠭ ᠢ ᠵᠠᠭᠠᠯᠳᠤᠪᠠ᠃ ᠬᠢᠨᠠᠨ ᠪᠠᠶᠢᠴᠠᠭᠠᠬᠤ ᠪᠠᠶᠢᠭᠤᠯᠭ᠎ᠠ ᠪᠠ ᠪᠠᠶᠢᠴᠠᠭᠠᠬᠤ ᠪᠠᠶᠢᠭᠤᠯᠭ᠎ᠠ ᠶᠢᠨ ᠵᠤᠬᠢᠴᠠᠭᠤᠯᠬᠤ ᠲᠣᠭᠲᠠᠴᠠ ᠶᠢ ᠲᠡᠬᠦᠯᠳᠡᠷᠵᠢᠬᠦᠯᠵᠤ᠂ ᠲᠣᠰᠢᠶᠠᠯ ᠤᠨ ᠶᠠᠯ᠎ᠠ ᠬᠢᠭᠰᠡᠨ ᠬᠡᠷᠡᠭ ᠢ ᠰᠢᠳᠭᠡᠬᠦ ᠠᠵᠢᠯ ᠤᠨ ᠵᠣᠯᠭᠠᠭᠤᠯᠬᠤ ᠠᠷᠭ᠎ᠠ ᠶᠢ ᠲᠣᠭᠲᠠᠭᠠᠵᠤ᠂ ᠬᠡᠷᠡᠭ ᠤᠨ ᠬᠠᠷᠢᠶᠠᠯᠠᠯ ᠢ ᠵᠢᠭᠠᠨ ᠲᠣᠭᠲᠠᠭᠠᠬᠤ᠂ ᠰᠦᠪᠡᠭᠴᠢ ᠶᠢ ᠰᠢᠯᠵᠢᠬᠦᠯᠦᠨ ᠬᠦᠷᠭᠡᠬᠦ᠂ ᠬᠤᠴᠤᠷᠭᠠᠨ ᠠᠪᠬᠤ ᠪᠤᠯᠤᠨᠠᠯᠪᠠᠳᠠᠯᠭᠠ ᠶᠢᠨ ᠠᠷᠭ᠎ᠠ ᠬᠡᠮᠵᠢᠶ᠎ᠡ ᠶᠢ ᠰᠤᠯᠢᠬᠤ᠂ ᠨᠦᠬᠦᠪᠦᠷᠢᠯᠡᠨ ᠪᠠᠶᠢᠴᠠᠭᠠᠯᠲᠠ ᠬᠢᠯᠭᠡᠬᠦ ᠪᠠᠷ ᠪᠤᠴᠠᠭᠠᠬᠤ ᠪᠠ ᠦᠪᠡᠷᠲᠡᠭᠡᠨ ᠨᠥᠬᠦᠪᠥᠷᠢᠯᠡᠨ ᠲᠣᠷᠰᠢᠨ ᠪᠠᠶᠢᠴᠠᠭᠠᠬᠤ ᠵᠡᠷᠭᠡ ᠭᠤᠭᠴᠤᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠪᠡᠶᠡᠯᠡᠭᠦᠯᠵᠦ᠂ ᠦᠪᠡᠷᠲᠡᠭᠡᠨ ᠵᠠᠰᠠᠬᠤ ᠣᠷᠤᠨ ᠤ ᠬᠢᠨᠠᠨ ᠪᠠᠶᠢᠴᠠᠭᠠᠬᠤ ᠵᠦᠪᠯᠡᠯ ᠲᠠᠢ ᠢᠳᠡᠪᠬᠢᠲᠠᠢ ᠤᠶᠠᠯᠳᠤᠨ ︽ᠤᠯᠠᠭᠠᠨ ᠰᠡᠷᠡᠮᠵᠢᠲᠦ ᠵᠠᠭᠤᠨ ᠪᠠᠷᠢᠪᠴᠢᠯᠠᠬᠤ ᠪᠠᠷ ᠵᠠᠷᠯᠠᠭᠳᠠᠭᠰᠠᠨ︾ ᠣᠷᠭᠤᠨ ᠲᠤᠲᠠᠭᠠᠭᠰᠠᠳ ᠪᠠ ᠲᠡᠳᠡᠨ ᠤ ᠪᠣᠵᠠᠷ ᠡᠳ᠋ ᠢ ᠨᠡᠬᠡᠮᠵᠢᠯᠡᠬᠦ ᠠᠵᠢᠯ ᠢ ᠰᠠᠶᠢᠲᠤᠷ ᠬᠢᠵᠤ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠠᠵᠢᠯ ᠤᠨ ᠡᠬᠢᠯᠡᠯᠲᠡ ᠶᠢ ᠪᠦᠬᠦ ᠬᠦᠴᠦᠨ ᠢᠶᠠᠷ ᠳᠡᠮᠵᠢᠵᠦ᠂ ᠢᠯᠵᠠᠷᠠᠯ ᠢ ᠡᠰᠡᠷᠬᠦᠴᠡᠬᠦ ᠠᠵᠢᠯ ᠤᠨ ᠳᠤᠮᠳᠠ ᠴᠢᠬᠤᠯᠠ ᠦᠢᠯᠡᠳᠦᠯ ᠢᠶᠠᠨ ᠦᠷᠬᠦᠯᠵᠢᠯᠡᠨ ᠪᠠᠳᠠᠷᠠᠭᠤᠯᠪᠠ᠃
ᠶᠠᠯ᠎ᠠ ᠬᠢᠭᠰᠡᠳ ᠲᠤ ᠴᠣᠬᠢᠯᠲᠠ ᠥᠭᠬᠦ ᠶᠢ ᠴᠢᠬᠤᠯᠠ ᠲᠤᠰᠢᠶᠠᠯ ᠬᠠᠷᠢᠭᠤᠴᠠᠯᠭ᠎ᠠ ᠪᠠᠨ ᠪᠣᠯᠭᠠᠵᠤ᠂ ᠭᠤᠣᠯᠳᠠᠯᠭ᠎ᠠ ᠪᠠᠨ ᠲᠣᠪᠤᠶᠢᠯᠭᠠᠨ᠂ ᠪᠦᠬᠦ ᠲᠠᠯ᠎ᠠ ᠪᠠᠷ ᠬᠦᠴᠦᠯᠡᠪᠡ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠨᠡᠶᠢᠭᠡᠮ ᠤᠨ ᠤᠯᠠᠨᠨᠡᠶᠢᠲᠡ ᠶᠢᠨ ᠠᠮᠤᠷ ᠲᠦᠪᠰᠢᠨ᠂ ᠲᠣᠣᠷ ᠰᠦᠯᠵᠢᠶᠡᠨ ᠤ ᠠᠮᠤᠷ ᠲᠦᠪᠰᠢᠨ ᠳᠤ ᠬᠤᠣᠷ ᠬᠦᠨᠦᠭᠡᠯ ᠤᠴᠠᠷᠠᠭᠤᠯᠤᠭᠰᠠᠠ ᠵᠡᠷᠭᠡ ᠶᠠᠯᠠᠲᠤ ᠬᠡᠷᠡᠭ ᠲᠤ ᠲᠣᠪᠤᠶᠢᠯᠭᠠᠨ ᠴᠤᠬᠢᠯᠲᠠ ᠥᠭᠴᠦ᠂ ᠬᠤᠪᠢ ᠬᠦᠮᠦᠨ ᠤ ᠬᠡᠲᠤᠷᠡᠮᠡᠬᠡᠢ ᠬᠦᠴᠦᠷᠭᠡᠭᠯᠡᠯ᠂ ᠣᠯᠠᠨᠲᠠ ᠡᠭᠦᠰᠳᠡᠭ ᠡᠳ᠋ ᠬᠦᠷᠦᠩᠭᠡ ᠳᠤ ᠬᠠᠯᠳᠠᠭᠰᠠᠠ ᠪᠠ ︽ᠱᠠᠯᠢᠭᠯᠠᠨ ᠵᠠᠪᠬᠠᠶᠢᠷᠠᠬᠤ ᠵᠤᠭᠤᠰ ᠮᠦᠷᠦᠶᠢᠴᠡᠬᠦ ᠬᠤᠣᠷᠠᠳᠤ ᠡᠳ᠋ ᠰᠠᠷᠢᠭᠠᠯᠠᠬᠤ︾ ᠵᠡᠷᠭᠡ ᠶᠠᠯᠠᠲᠤ ᠬᠡᠷᠡᠭ ᠢ ᠴᠢᠩᠭ᠎ᠠ ᠰᠢᠳᠭᠡᠨ᠂ ᠴᠠᠬᠢᠯᠭᠠᠨ ᠬᠤᠯᠪᠤᠭᠠᠨ ᠤ ᠲᠣᠣᠷ ᠰᠦᠯᠵᠢᠶ᠎ᠡ ᠶᠢᠨ ᠰᠢᠨ᠎ᠡ ᠬᠡᠯᠪᠡᠷᠢ ᠶᠢᠨ ᠶᠠᠯᠠᠲᠦ ᠬᠡᠷᠡᠭ ᠪᠠ ᠠᠷᠠᠳ ᠢᠷᠭᠡᠳ ᠤᠨ ᠬᠤᠪᠢ ᠬᠦᠮᠦᠨ ᠤ ᠮᠡᠳᠡᠭᠡ ᠵᠠᠩᠭᠢ ᠳᠤ ᠬᠠᠯᠳᠠᠭᠰᠠᠠ ᠶᠠᠯᠠᠲᠦ ᠬᠡᠷᠡᠭ ᠲᠤ ᠬᠦᠨᠵᠡᠭᠡᠶᠢᠷᠡᠬᠦᠯᠦᠨ ᠴᠤᠬᠢᠯᠲᠠ ᠦᠭᠴᠦ᠂ ᠪᠦᠬᠦ ᠵᠢᠯ ᠳᠤ ᠡᠯ᠎ᠡ ᠲᠦᠷᠦᠯ ᠤᠨ ᠡᠷᠡᠭᠦᠤ ᠶᠢᠨ ᠶᠠᠯ᠎ᠠ ᠬᠢᠭᠰᠡᠨ 15456 ᠰᠡᠵᠢᠭᠲᠡᠨ ᠢ ᠪᠠᠷᠢᠪᠴᠢᠯᠠᠬᠤ ᠪᠠᠷ ᠵᠦᠪᠰᠢᠶᠡᠷᠡᠵᠤ᠂ 34479 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠪᠠ᠃ ︽ᠭᠤᠷᠪᠠᠨ ᠬᠦᠷᠳᠦᠲᠦ ᠬᠠᠷ᠎ᠠ ᠲᠡᠷᠭᠡᠨ ᠤ ᠵᠢᠯᠣᠭᠤᠴᠢ︾ ᠸᠠᠩ ᠬᠤᠸᠠᠨ ᠬᠤᠸᠠᠨ ᠤ ᠬᠦᠴᠦᠷᠭᠡᠭᠯᠡᠨ ᠨᠦᠵᠢᠳᠯᠡᠵᠤ ᠬᠦᠮᠦᠨ ᠠᠯᠠᠭᠰᠠᠠ ᠬᠡᠷᠡᠭ᠂ ᠯᠢ ᠫᠧᠩ ᠹᠸᠢ ᠶᠢᠨ ︽12᠂17︾ ᠤ ᠬᠦᠮᠦᠨ ᠠᠯᠠᠭᠰᠠᠠ ᠣᠨᠴᠠ ᠲᠣᠮᠤ ᠬᠡᠷᠡᠭ ᠵᠡᠷᠭᠡ ᠬᠦᠨᠳᠦ ᠶᠡᠭᠡ ᠬᠠᠷ᠎ᠠ ᠬᠤᠣᠷᠲᠠᠢ ᠬᠡᠷᠡᠭ ᠲᠤ ᠱᠠᠯᠠᠪᠳᠠᠨ ᠤᠷᠢᠳᠴᠢᠯᠠᠨ ᠣᠷᠤᠯᠴᠠᠵᠤ᠂ ᠭᠡᠷᠡᠴᠢ ᠪᠠᠷᠢᠮᠲᠠ ᠠᠪᠬᠤ ᠶᠢ ᠬᠦᠲᠦᠯᠦᠨ ᠵᠢᠯᠤᠭᠤᠳᠴᠤ᠂ ᠪᠠᠷᠢᠪᠴᠢᠯᠠᠬᠤ ᠶᠢ ᠲᠦᠷᠭᠡᠨ ᠵᠦᠪᠰᠢᠶᠡᠷᠡᠪᠡ᠃ ︽ᠵᠠᠯᠠᠭᠤᠷ ᠪᠤᠯᠢᠶᠠᠭᠰᠠᠨ︾ ᠬᠤ᠋ ᠴᠧᠩ ᠵᠢᠶᠦ᠋ᠨ ᠤ ᠣᠯᠠᠨ ᠨᠡᠶᠢᠲᠡ ᠶᠢᠨ ᠠᠮᠤᠷ ᠲᠥᠪᠰᠢᠨ ᠳᠤ ᠬᠤᠣᠷ ᠬᠦᠨᠦᠭᠡᠯ ᠤᠴᠠᠷᠠᠭᠤᠯᠤᠭᠰᠠᠠ ᠬᠡᠷᠡᠭ ᠲᠤ ᠬᠠᠤᠯᠢ ᠶᠤᠰᠤᠭᠠᠷ ᠠᠯᠪᠠᠨ ᠵᠠᠭᠠᠯᠳᠤᠯᠭ᠎ᠠ ᠭᠠᠷᠭᠠᠵᠤ᠂ ᠲᠤᠰᠬᠠᠢ ᠪᠤᠰᠤ ᠣᠯᠠᠨ ᠬᠦᠮᠦᠨ ᠤ ᠬᠦᠮᠦᠨ ᠤ ᠪᠡᠶ᠎ᠡ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠣᠷ ᠬᠦᠨᠦᠭᠡᠯ ᠤᠴᠠᠷᠠᠭᠤᠯᠤᠭᠰᠠᠨ ᠶᠠᠯᠠᠲᠤ ᠬᠡᠷᠡᠭ ᠲᠤ ᠴᠢᠩᠭ᠎ᠠ ᠴᠣᠬᠢᠯᠲᠠ ᠦᠭᠪᠡ᠃
ᠨᠡᠶᠢᠭᠡᠮ ᠤᠨ ᠵᠠᠰᠠᠯᠲᠠ ᠳᠤ ᠤᠷᠤᠯᠴᠠᠬᠤ ᠶᠢ ᠡᠷᠬᠢᠮ ᠳᠡᠭᠡᠳᠤ ᠡᠭᠦᠷᠭᠡ ᠪᠣᠯᠭᠠᠵᠤ᠂ ᠦᠢᠯᠡᠳᠦᠯᠭᠡ ᠳᠤ ᠰᠠᠭᠤᠷᠢᠯᠠᠨ᠂ ᠲᠦᠷᠦ ᠶᠢᠨ ᠪᠣᠳᠤᠯᠭ᠎ᠠ ᠶᠢ ᠣᠨᠣᠴᠢᠲᠠᠢ ᠬᠡᠷᠡᠭᠵᠢᠬᠦᠯᠪᠡ᠃ ︽ᠹᠧᠩ ᠴᠢᠶᠤᠤ ᠶᠢᠨ ᠲᠣᠷᠰᠢᠯᠭᠠᠲᠤ︾ ᠪᠠᠶᠢᠴᠠᠭᠠᠬᠤ ᠪᠠᠷ ᠵᠠᠭᠪᠤᠷ ᠢ ᠡᠭᠦᠳᠦᠨ᠂ ︽ᠮᠢᠩᠭᠠᠨ ᠪᠠᠶᠢᠴᠠᠭᠠᠬᠤ ᠲᠤᠰᠢᠶᠠᠯᠲᠠᠨ ᠬᠦᠯᠢᠶᠡᠨ ᠠᠪᠴᠤ ᠠᠭᠤᠯᠵᠠᠬᠤ︾ ᠠᠵᠢᠯᠯᠠᠭ᠎ᠠ ᠦᠷᠨᠢᠬᠦᠯᠵᠤ᠂ ᠵᠠᠬᠢᠳᠠᠯ ᠰᠤᠷᠪᠤᠯᠵᠢᠯᠠᠯ ᠤᠨ ᠲᠠᠷᠤᠭᠳᠠᠯ ᠬᠦᠴᠢᠷ ᠲᠦᠪᠡᠭᠲᠡᠢ 294 ᠬᠡᠷᠡᠭ ᠢ ᠰᠢᠢᠳᠪᠤᠷᠢᠯᠡᠪᠡ᠃ ᠬᠠᠤᠯᠢ ᠪᠠ ᠵᠠᠷᠭᠤ ᠳᠤ ᠬᠤᠯᠪᠤᠭᠳᠠᠭᠰᠠᠠ 898 ᠵᠠᠬᠢᠳᠠᠯ ᠰᠤᠷᠪᠤᠯᠵᠢᠯᠠᠯ ᠤᠨ ᠬᠡᠷᠡᠭ ᠢ ᠨᠠᠮᠳᠠᠭᠤᠯᠬᠤ ᠳᠤ ᠬᠠᠤᠯᠢᠴᠢ ᠶᠢ ᠤᠷᠢᠵᠤ ᠣᠷᠤᠯᠴᠠᠭᠤᠯᠪᠠ᠂ ᠪᠦᠬᠦ ᠵᠢᠯ ᠳᠤ ᠪᠠᠶᠢᠴᠠᠭᠠᠬᠤ ᠳᠤ ᠬᠤᠯᠪᠤᠭᠳᠠᠭᠰᠠᠠ ᠪᠡᠭᠡᠵᠢᠩ ᠳᠤ ᠬᠦᠷᠴᠤ ᠲᠡᠭᠡᠭᠰᠢ ᠰᠤᠷᠪᠤᠯᠵᠢᠯᠠᠭᠰᠠᠠ ᠬᠡᠷᠡᠭ ᠭᠠᠷᠤᠭᠰᠠᠠ ᠦᠭᠡᠢ᠃ ︽ᠬᠠᠤᠯᠢ ᠬᠡᠷᠡᠭᠵᠢᠬᠦᠯᠥᠭᠴᠢ ᠡᠴᠡᠬᠠᠤᠯᠢ ᠲᠦᠭᠡᠮᠡᠯᠵᠢᠬᠦᠯᠬᠦ︾ ᠶᠢ ᠪᠠᠷᠢᠮᠲᠠᠯᠠᠵᠤ᠂ 36 ᠲᠡᠪᠲᠡᠷ ᠪᠦᠬᠦᠢ ᠬᠠᠤᠯᠢ ᠲᠦᠭᠡᠮᠡᠯᠵᠢᠬᠦᠯᠬᠦ ᠤᠬᠠᠭᠤᠯᠤᠯ ᠬᠦᠮᠦᠵᠢᠯ ᠤᠨ ᠮᠣᠩᠭᠤᠯ ᠬᠡᠯᠡᠨ ᠤ ᠴᠤᠪᠤᠷᠠᠯ ᠪᠢᠴᠢᠭ ᠢ ᠨᠠᠶᠢᠷᠠᠭᠤᠯᠤᠨ ᠤᠷᠴᠢᠭᠤᠯᠵᠤ ᠬᠡᠪᠯᠡᠬᠦᠯᠦᠭᠡᠳ᠂ ᠪᠦᠬᠦ ᠣᠷᠤᠨ ᠤ ᠰᠤᠮᠤ ᠭᠠᠴᠠᠭ᠎ᠠ᠂ ᠦᠨᠳᠦᠰᠦᠲᠡᠨ ᠤ ᠰᠤᠷᠭᠠᠭᠤᠯᠢ ᠨᠤᠭᠤᠳ ᠢᠶᠠᠷ 6000 ᠭᠠᠷᠤᠢ ᠢᠵᠢ ᠬᠦᠷᠭᠡᠪᠡ᠃ ︽ᠮᠣᠩᠭᠤᠯ ᠬᠢᠲᠠᠳ ᠬᠠᠷᠢᠴᠠᠭᠤᠯᠤᠭᠰᠠᠠ ᠡᠷᠡᠬᠦᠤ ᠶᠢᠨ ᠬᠠᠤᠯᠢ ᠴᠠᠭᠠᠵᠠ ᠶᠢᠨ ᠦᠭᠡᠰ ᠤᠨ ᠲᠣᠯᠢ︾ ᠶᠢ ᠨᠠᠶᠢᠷᠠᠭᠤᠯᠤᠨ ᠲᠠᠭᠤᠰᠬᠠᠵᠤ᠂ ᠤᠯᠤᠰ ᠤᠨ ᠲᠤᠳᠤᠭᠠᠳᠤ ᠳᠤ ᠡᠶᠢᠮᠦᠷᠬᠦ ᠬᠠᠤᠯᠢ ᠴᠠᠭᠠᠵᠠ ᠶᠢᠨ ᠲᠣᠯᠢ ᠪᠢᠴᠢᠭ ᠦᠭᠡᠢ ᠪᠠᠶᠢᠭᠰᠠᠠ ᠬᠤᠭᠤᠰᠤᠨ ᠢ ᠨᠦᠬᠦᠪᠦᠷᠢᠯᠡᠪᠡ᠃ ᠮᠣᠩᠭᠤᠯ ᠬᠢᠲᠠᠳ ᠬᠤᠣᠰ ᠬᠡᠯᠡᠨ ᠤ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠤᠬᠠᠭᠤᠯᠬᠤ︾ ᠲᠣᠭᠤᠷᠢᠨ ᠢᠯᠡᠳᠭᠡᠯ ᠬᠢᠬᠦ ᠠᠵᠢᠯᠯᠠᠭ᠎ᠠ ᠶᠢ ᠪᠠᠶᠢᠩᠭᠤ ᠦᠷᠨᠢᠬᠦᠯᠵᠤ᠂ 662 ᠰᠤᠷᠭᠠᠭᠤᠯᠢ ᠪᠠᠷ ᠲᠣᠭᠤᠷᠢᠨ 712 ᠲᠠᠯᠠᠪᠠᠢ ᠢᠯᠡᠳᠭᠡᠯ ᠬᠢᠵᠤ᠂ 41 ᠲᠦᠮᠡ ᠭᠠᠷᠤᠢ ᠪᠠᠭᠰᠢ ᠰᠤᠷᠤᠭᠴᠢ ᠢᠯᠡᠳᠭᠡᠯ ᠰᠤᠨᠤᠰᠴᠠᠢ᠃ ᠪᠦᠬᠦ ᠣᠷᠤᠨ ᠤ 120 ᠪᠠᠶᠢᠴᠠᠭᠠᠬᠤ ᠲᠠᠷᠤᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ ᠲᠡᠳ᠋ ᠵᠠᠬᠢᠷᠤᠯ ᠤᠨ ᠲᠣᠰᠢᠶᠠᠯ ᠢ ᠬᠠᠪᠰᠤᠷᠭᠠᠨ ᠬᠠᠤᠯᠢ ᠶᠢᠨ ᠬᠢᠴᠢᠶᠠᠯ ᠣᠷᠤᠵᠤ᠂ ᠰᠤᠷᠤᠭᠴᠢᠳ ᠢ ᠬᠠᠤᠯᠢ ᠶᠢ ᠰᠢᠲᠤᠨ ᠮᠣᠷᠠᠯ ᠢ ᠡᠷᠬᠢᠮᠯᠡᠵᠤ᠂ ᠬᠠᠤᠯᠢ ᠶᠢ ᠮᠡᠳᠡᠵᠤ ᠬᠠᠤᠯᠢ ᠶᠢ ᠰᠠᠬᠢᠭᠤᠯᠬᠤ ᠪᠠᠷ ᠬᠦᠲᠦᠯᠦᠨ ᠵᠢᠯᠤᠭᠤᠳᠪᠠ᠃
ᠬᠤᠶᠠᠷ᠂ ᠰᠢᠨ᠎ᠡ ᠬᠦᠭᠵᠢᠯᠲᠡ ᠶᠢᠨ ᠣᠨᠤᠯᠵᠢᠬᠤᠨ ᠢ ᠦᠢᠯᠡᠳᠦᠯᠭᠡᠵᠢᠭᠦᠯᠵᠦ᠂ ᠲᠥᠪ ᠲᠤ ᠲᠣᠭᠤᠷᠢᠭᠤᠯᠤᠨ ᠶᠡᠭᠡ ᠲᠠᠯ᠎ᠠ ᠳᠤ ᠦᠢᠯᠡᠴᠢᠯᠡᠵᠦ ᠬᠦᠭᠵᠢᠯᠲᠡ ᠶᠢ ᠠᠬᠢᠭᠤᠯᠪᠠ
ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠳᠤ ᠦᠢᠯᠡᠴᠢᠯᠡᠪᠡ᠃ ᠢᠨᠲ᠋ᠧᠷ ᠰᠦᠯᠵᠢᠶᠡᠨ ᠤ ᠮᠦᠩᠭᠦᠨ ᠭᠦᠢᠯᠭᠡᠭᠡᠨ ᠤ ᠲᠦᠭᠰᠢᠭᠦᠷᠢ ᠶᠢ ᠲᠤᠰᠬᠠᠢ ᠴᠡᠭᠴᠡᠯᠡᠨ ᠵᠠᠰᠠᠬᠤ ᠳᠤ ᠢᠳᠡᠪᠬᠢᠲᠠᠢ ᠣᠷᠤᠯᠴᠠᠨ᠂ ᠮᠦᠩᠭᠦᠨ ᠭᠦᠢᠯᠭᠡᠭᠡᠨ ᠤ ᠡᠮᠬᠢ ᠳᠢᠭᠯᠢᠮ ᠢ ᠡᠪᠳᠡᠭᠰᠡᠨ᠂ ᠮᠦᠩᠭᠦᠨ ᠭᠦᠢᠯᠭᠡᠭᠡᠨ ᠤ ᠬᠢᠬᠠᠨ ᠮᠡᠬᠡᠯᠡᠭᠰᠡᠨ ᠶᠠᠯ᠎ᠠ ᠬᠢᠭᠰᠡᠨ637 ᠬᠦᠮᠦᠨ ᠢ ᠵᠠᠭᠠᠯᠳᠤᠪᠠ᠃ ᠣᠯᠠᠨ ᠲᠦᠮᠡᠨ ᠲᠠᠢ ᠬᠤᠯᠪᠤᠭᠳᠠᠭᠰᠠᠨ ᠬᠡᠯᠪᠡᠷᠢ ᠶᠢᠨ ᠠᠵᠤ ᠠᠬᠤᠢ ᠶᠢᠨ ᠶᠠᠯᠠᠲᠦ ᠠᠵᠢᠯᠯᠠᠭ᠎ᠠ ᠳᠤ ᠴᠣᠬᠢᠯᠲᠠ ᠦᠭᠬᠦ ᠶᠢ ᠠᠶᠤᠯ ᠲᠦᠭᠰᠢᠭᠦᠷᠢ ᠶᠢ ᠠᠷᠢᠯᠭᠠᠬᠤ᠂ ᠪᠤᠵᠠᠷ ᠡᠳ᠋ ᠢ ᠨᠡᠬᠡᠮᠵᠢᠯᠡᠨ ᠬᠤᠬᠢᠷᠠᠯ ᠢ ᠡᠬᠡᠬᠦᠯᠬᠦ᠂ ᠲᠣᠭᠲᠠᠭᠤᠨ ᠢ ᠬᠠᠮᠠᠭᠠᠯᠠᠬᠤ ᠲᠠᠢ ᠤᠶᠠᠯᠳᠤᠭᠤᠯᠤᠨ᠂ ᠠᠷᠠᠳ ᠣᠯᠠᠨ ᠤ ᠵᠣᠭᠤᠰ ᠢ ᠬᠠᠤᠯᠢ ᠪᠣᠰᠤ ᠪᠠᠷ ᠬᠠᠳᠠᠭᠠᠯᠠᠭᠤᠯᠤᠭᠰᠠᠨ᠂ ᠪᠡᠯᠡ ᠬᠤᠷᠠᠮᠳᠤᠭᠤᠯᠤᠨ ᠮᠡᠬᠡᠯᠡᠭᠰᠡᠨ᠂ ᠳᠠᠮᠵᠢᠭᠤᠯᠤᠨ ᠪᠣᠷᠤᠯᠠᠭᠤᠯᠤᠭᠰᠠᠨ ᠵᠡᠷᠭᠡ ᠶᠠᠯ᠎ᠠ ᠬᠢᠭᠰᠡᠨ332 ᠬᠦᠮᠦᠨ ᠢ ᠵᠠᠭᠠᠯᠳᠤᠪᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠳᠤ ᠳᠣᠪᠤᠶᠢᠯᠭᠠᠨ ᠦᠢᠯᠡᠴᠢᠯᠡᠵᠦ᠂ ︽15 ᠵᠣᠷᠪᠤᠰ ᠠᠷᠭ᠎ᠠ ᠬᠡᠮᠵᠢᠶ᠎ᠡ︾ ᠶᠢ ᠲᠣᠭᠲᠠᠭᠠᠨ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠤᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠪᠠ᠃ ᠠᠵᠤ ᠠᠬᠤᠶᠢᠯᠠᠯ ᠳᠤ ᠬᠤᠯᠪᠤᠭᠳᠠᠭᠰᠠᠨ ᠬᠡᠷᠡᠭ ᠢ ᠬᠠᠤᠯᠢ ᠶᠣᠰᠣᠭᠠᠷ ᠰᠢᠳᠬᠡᠵᠦ᠂ ᠠᠯᠪᠠᠳᠠᠯᠭ᠎ᠠ ᠪᠠᠷ ᠠᠷᠠᠯᠵᠢᠶ᠎ᠠ ᠬᠢᠭᠰᠡᠨ᠂ ᠦᠢᠯᠡᠳᠪᠦᠷᠢᠯᠡᠯ ᠡᠵᠡᠩᠨᠡᠯᠲᠡ ᠶᠢ ᠡᠪᠳᠡᠭᠰᠡᠨ᠂ ᠳᠠᠭᠠᠭᠠᠴᠢᠯᠠᠯᠲᠠ ᠵᠠᠷᠯᠠᠵᠤ ᠬᠦᠯᠢᠶᠡᠯᠭᠡᠬᠦ ᠳᠤ ᠰᠦᠯᠪᠡᠭᠡᠯᠡᠭᠰᠡᠨ ᠵᠡᠷᠭᠡ ᠶᠠᠯ᠎ᠠ ᠬᠢᠭᠰᠡᠨ613 ᠬᠦᠮᠦᠨ ᠢ ᠵᠠᠭᠠᠯᠳᠤᠨ᠂ ᠶᠠᠯ᠎ᠠ ᠪᠣᠯᠵᠤ ᠪᠦᠷᠢᠯᠳᠦᠭᠰᠡᠨ ᠦᠭᠡᠢ ᠪᠣᠶᠣ ᠦᠢᠯᠡ ᠪᠠᠶᠢᠳᠠᠯ ᠨᠢ ᠬᠦᠩᠭᠡᠪᠲᠦᠷ ᠬᠡᠷᠡᠭ ᠲᠤ ᠬᠤᠯᠪᠤᠭᠳᠠᠭᠰᠠᠨ ᠠᠵᠤ ᠠᠬᠤᠶᠢᠯᠠᠯ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ42 ᠬᠦᠮᠦᠨ ᠳᠤ ᠦᠯᠦ ᠵᠠᠭᠠᠯᠳᠤᠬᠤ ᠲᠣᠭᠲᠠᠭᠠᠯ ᠭᠠᠷᠭᠠᠪᠠ᠃ ᠱᠠᠨᠳᠦ᠋ᠩ ᠤᠨ ᠿᠢ ᠱᠧᠩ ᠲᠦᠯᠡᠰᠢ ᠶᠢᠨ ᠺᠤᠮᠫᠠᠨᠢ ᠵᠢᠴᠢ ᠵᠧᠤ ᠵᠢᠶᠠᠨ ᠯᠢ ᠵᠡᠷᠭᠡ ᠬᠦᠮᠦᠰ ᠤᠨ ᠢᠲᠡᠭᠡᠮᠵᠢ ᠶᠢᠨ ᠺᠠᠷᠲ ᠢᠶᠠᠷ ᠮᠡᠬᠡᠯᠡᠭᠰᠡᠨ ᠶᠠᠯ᠎ᠠ ᠪᠠᠷ ᠰᠡᠵᠢᠭᠯᠡᠭᠳᠡᠭᠰᠡᠨ ᠬᠡᠷᠡᠭ ᠢ ᠬᠠᠤᠯᠢ ᠶᠣᠰᠤᠭᠠᠷ ᠬᠢᠨᠠᠨ ᠪᠠᠶᠢᠴᠠᠭᠠᠵᠤ᠂ ᠶᠠᠯ᠎ᠠ ᠪᠣᠯᠵᠤ ᠪᠦᠷᠢᠯᠳᠦᠭᠰᠡᠨ ᠦᠭᠡᠢ ᠲᠤᠬᠠᠢ ᠶᠢᠨ ᠬᠦᠮᠦᠨ ᠳᠤ ᠦᠯᠦ ᠵᠠᠭᠠᠯᠳᠤᠬᠤ ᠲᠣᠭᠲᠠᠭᠠᠯ ᠭᠠᠷᠭᠠᠨ᠂ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠠᠢ ᠪᠠᠶᠢᠩᠭᠤᠵᠢᠭᠰᠠᠨ ᠬᠠᠷᠢᠯᠴᠠᠬᠤ ᠲᠣᠭᠲᠠᠴᠠ ᠪᠠᠶᠢᠭᠤᠯᠤᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠲᠠᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠢᠴᠢᠶᠡᠯᠯᠡᠭᠡ ᠬᠢᠵᠦ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠂ ᠲᠡᠳᠡᠨ ᠢ ᠬᠠᠪᠰᠤᠷᠤᠨ ᠡᠷᠬᠡ ᠠᠰᠢᠭ ᠢ ᠨᠢ ᠬᠠᠤᠯᠢ ᠶᠣᠰᠣᠭᠠᠷ ᠬᠠᠮᠠᠭᠠᠯᠠᠪᠠ᠃ ᠦᠮᠴᠢ ᠶᠢᠨ ᠡᠷᠬᠡ ᠶᠢᠨ ᠬᠠᠤᠯᠢ ᠪᠠᠷᠢᠯᠲᠠ ᠶᠢᠨ ᠬᠠᠮᠠᠭᠠᠯᠠᠯᠲᠠ ᠪᠠᠨ ᠴᠢᠩᠭᠠᠳᠬᠠᠨ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ᠂ ᠬᠠᠭᠤᠷᠮᠠᠭ ᠴᠢᠨᠠᠷ ᠮᠠᠭᠤᠲᠠᠢ ᠦᠢᠯᠡᠳᠬᠦᠨ ᠦᠢᠯᠡᠳᠦᠨ ᠪᠣᠷᠤᠯᠠᠭᠤᠯᠤᠭᠰᠠᠨ ᠵᠡᠷᠭᠡ ᠶᠠᠯ᠎ᠠ ᠬᠢᠭᠰᠡᠨ 333 ᠬᠦᠮᠦᠨ ᠢ ᠵᠠᠭᠠᠯᠳᠤᠪᠠ᠃ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠤᠰ ᠤᠨ ᠠᠵᠤ ᠠᠬᠤᠢ ᠶᠢᠨ ᠬᠤᠩᠬᠢᠯ ᠤᠨ ᠪᠠᠶᠢᠭᠤᠯᠤᠯᠲᠠ ᠳᠤ ᠲᠣᠭᠤᠷᠢᠭᠤᠯᠤᠨ᠂ ᠪᠣᠭᠤᠮᠲᠠ ᠶᠢᠨ ᠡᠮᠬᠢ ᠵᠢᠷᠤᠮ ᠳᠤ ᠬᠤᠣᠷ ᠬᠦᠨᠦᠭᠡᠯ ᠤᠴᠠᠷᠠᠭᠤᠯᠤᠭᠰᠠᠨ᠂ ᠳᠠᠯᠳᠠᠭᠤᠷ ᠠᠷᠠᠯᠵᠢᠶᠠᠯᠠᠵᠤ ᠫᠠᠨᠽᠠᠯᠠᠭᠰᠠᠨ ᠵᠡᠷᠭᠡ ᠶᠠᠯ᠎ᠠ ᠬᠢᠭᠰᠡᠳ ᠢ ᠴᠢᠩᠭ᠎ᠠ ᠰᠢᠳᠭᠡᠨ᠂59 ᠬᠦᠮᠦᠨ ᠢ ᠵᠠᠭᠠᠯᠳᠤᠵᠤ᠂ ᠤᠮᠠᠷᠠᠰᠢ ᠨᠡᠭᠡᠭᠡᠭᠰᠡᠨ ᠪᠠᠬᠢᠯᠡᠯᠲᠡ ᠶᠢᠨ ᠪᠠᠶᠢᠭᠤᠯᠤᠯᠲᠠ ᠳᠤ ᠬᠦᠴᠦᠨᠨᠡᠮᠡᠷᠢᠯᠡᠪᠡ᠃
ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ ᠪᠠᠲᠤᠯᠠᠪᠠ᠃ ᠣᠨᠳᠣᠣ ᠭᠠᠵᠠᠷ ᠲᠤ ᠨᠡᠭᠦᠯᠭᠡᠬᠦ᠂ ᠠᠮᠢ ᠠᠬᠤᠢ ᠶᠢᠨ ᠨᠦᠬᠦᠪᠦᠷᠢ᠂ ᠶᠠᠳᠠᠭᠤ ᠶᠢ ᠳᠡᠳᠭᠦᠬᠦ ᠲᠦᠷᠦᠯ ᠵᠦᠢᠯ ᠤᠨ ᠬᠡᠷᠡᠭᠵᠢᠭᠦᠯᠦᠯᠲᠡ ᠳᠤᠮᠳᠠ᠂ ᠶᠠᠳᠠᠭᠤ ᠶᠢ ᠳᠡᠳᠭᠦᠬᠦ ᠪᠡᠯᠡ ᠮᠦᠩᠭᠦ ᠶᠢ ᠵᠠᠯᠭᠢᠭᠰᠠᠨ ᠪᠣᠶᠤ ᠨᠡᠭᠦᠯᠭᠡᠨ ᠬᠡᠷᠡᠭᠯᠡᠭᠰᠡᠨ ᠵᠡᠷᠭᠡ ᠶᠠᠯᠠᠲᠦ ᠬᠡᠷᠡᠭ ᠢ ᠬᠠᠤᠯᠢ ᠶᠣᠰᠤᠭᠠᠷ ᠶᠠᠯᠠᠯᠠᠨ ᠰᠢᠳᠬᠡᠵᠦ᠂30 ᠬᠦᠮᠦᠨ ᠢ ᠵᠠᠭᠠᠯᠳᠤᠪᠠ ᠃ ᠶᠠᠳᠠᠭᠤ ᠶᠢ ᠳᠡᠳᠭᠦᠬᠦ ᠲᠦᠷᠦᠯ ᠵᠦᠢᠯ ᠢ ᠬᠢᠨᠠᠨ ᠵᠦᠪᠰᠢᠶᠡᠷᠡᠭᠦᠯᠬᠦ ᠳᠤᠮᠳᠠᠬᠢ ᠬᠠᠭ᠋ᠤᠤᠯᠢ ᠬᠢᠬᠠᠭᠰᠠᠨ ᠪᠣᠶᠤ ᠠᠪᠤᠭᠰᠠᠨ ᠦᠪᠡᠷᠲᠡᠭᠡᠨ ᠵᠠᠰᠠᠬᠤ ᠣᠷᠤᠨ ᠤ ᠶᠠᠳᠠᠭᠤ ᠶᠢ ᠳᠡᠳᠭᠦᠬᠦ ᠠᠯᠪᠠᠨ ᠭᠡᠷ ᠤᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠤᠨ ᠤᠤᠯ ᠤᠨ ᠳᠠᠷᠤᠭ᠎ᠠ ᠯᠢᠤ ᠫᠢᠩ ᠢ ᠬᠠᠤᠯᠢ ᠶᠣᠰᠣᠭᠠᠷ ᠵᠠᠭᠠᠯᠳᠤᠪᠠ᠃ ᠬᠠᠤᠯᠢ ᠪᠠᠷᠢᠯᠲᠠ ᠶᠢᠨ ᠠᠪᠤᠷᠠᠨ ᠲᠤᠰᠠᠯᠠᠮᠵᠢ ᠶᠢ ᠣᠨᠤᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠠᠢ ᠵᠣᠯᠭᠠᠭᠤᠯᠬᠤ ᠶᠢ ᠲᠦᠯᠬᠢᠨ ᠠᠬᠢᠭᠤᠯᠵᠤ᠂ ᠶᠠᠯᠠᠲᠦ ᠬᠡᠷᠡᠭ ᠠᠴᠠ ᠪᠣᠯᠵᠤ ᠶᠠᠳᠠᠭᠤᠷᠠᠭᠰᠠᠨ ᠪᠣᠶᠤ ᠳᠠᠬᠢᠨ ᠶᠠᠳᠠᠭᠤᠷᠠᠭᠰᠠᠨ ᠡᠷᠡᠭᠦᠦ ᠶᠢᠨ ᠬᠡᠷᠡᠭ ᠤᠨ ᠬᠤᠣᠷᠯᠠᠭᠳᠠᠭᠴᠢ ᠪᠣᠶᠤ ᠲᠡᠭᠦᠨ ᠤ ᠣᠶᠢᠷ᠎ᠠ ᠲᠦᠷᠦᠯ ᠰᠠᠳᠤᠨ ᠢ ᠬᠠᠤᠯᠢ ᠪᠠᠷᠢᠯᠲᠠ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠤᠭᠤᠯᠵᠤ᠂ ᠨᠡᠶᠢᠲᠡ 352 ᠬᠦᠮᠦᠨ ᠢ ᠠᠪᠤᠷᠠᠨ ᠲᠤᠰᠠᠯᠠᠵᠤ᠂756 ᠲᠦᠮᠡᠨ ᠲᠦᠭᠦᠷᠢᠭ ᠤᠨ ᠠᠪᠤᠷᠠᠨ ᠲᠤᠰᠠᠯᠠᠮᠵᠢ ᠶᠢᠨ ᠮᠦᠩᠭᠦ ᠲᠠᠷᠬᠠᠭᠠᠪᠠ᠃ ᠠᠮᠠᠯᠠᠭᠤᠯᠤᠨ ᠶᠠᠳᠠᠭᠤ ᠶᠢ ᠳᠡᠳᠭᠦᠬᠦ ᠶᠢ ᠴᠢᠩᠭᠠᠳᠬᠠᠨ᠂ ᠰᠢᠯᠢᠳᠡᠭ ᠺᠠᠳ᠋ᠷ ᠢ ᠰᠤᠩᠭᠤᠨ ᠲᠣᠮᠢᠯᠠᠵᠤ ᠲᠤᠰᠬᠤᠨ ᠳᠤ ᠰᠠᠭᠤᠯᠭᠠᠨ᠂ ᠰᠠᠭᠤᠷᠢ ᠲᠦᠬᠦᠭᠡᠷᠦᠮᠵᠢ ᠶᠢ ᠵᠣᠬᠢᠴᠠᠭᠤᠯᠵᠤ ᠬᠠᠮᠵᠢᠨ ᠲᠡᠭᠦᠯᠳᠡᠷᠵᠢᠭᠦᠯᠵᠦ᠂ ᠶᠠᠳᠠᠭᠤ ᠶᠢ ᠳᠡᠳᠭᠦᠬᠦ ᠠᠵᠤ ᠦᠢᠯᠡᠰ ᠢ ᠬᠦᠭᠵᠢᠭᠦᠯᠦᠨ᠂ ᠶᠠᠳᠠᠭᠤ ᠠᠴᠠ ᠠᠩᠭᠢᠵᠢᠷᠠᠨ ᠪᠠᠶᠠᠵᠢᠯ ᠤᠨ ᠵᠠᠮ ᠢᠶᠠᠷ ᠵᠠᠮᠨᠠᠬᠤ ᠶᠢ ᠳᠠᠶᠢᠴᠢᠯᠠᠪᠠ᠃ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠴᠠᠬᠠᠷ ᠪᠠᠷᠠᠭᠤᠨ ᠭᠠᠷᠤᠨ ᠳᠤᠮᠳᠠᠳᠦ ᠬᠤᠰᠢᠭᠤᠨ ᠳᠤ ᠨᠠᠷᠠᠨ ᠡᠨᠧᠷᠭᠢ ᠶᠢᠨ ᠲᠦᠷᠦᠯ ᠵᠦᠢᠯ ᠢ ᠦᠷᠭᠦᠯᠵᠢᠯᠡᠨ ᠪᠠᠶᠢᠭᠤᠯᠤᠨ᠂ ᠮᠢᠬᠠᠨ ᠦᠬᠡᠷ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠦᠯᠦᠪᠯᠡᠨ ᠪᠠᠶᠢᠭᠤᠯᠵᠤ᠂ ᠵᠠᠯᠠᠶᠢᠳ ᠬᠤᠰᠢᠭᠤᠨ ᠤ ᠪᠠᠶᠠᠨᠳᠣᠬᠤᠢ ᠭᠠᠴᠠᠭᠠᠨ ᠳᠤ ᠣᠳᠣᠬᠢᠴᠢᠯᠠᠭᠰᠠᠨ ᠠᠵᠤ ᠠᠬᠤᠶᠢᠯᠠᠯ ᠤᠨ ᠳᠦᠷᠢᠮ ᠢ ᠰᠦᠪᠡᠭᠴᠢᠯᠡᠨ ᠣᠷᠣᠭᠤᠯᠵᠤ᠂ ᠲᠡᠳᠬᠦᠵᠦ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠬᠠᠮᠢᠶᠠᠷᠴᠤ᠂ ᠶᠠᠳᠠᠭᠤ ᠬᠦᠴᠢᠷᠳᠡᠯᠲᠡᠢ ᠡᠷᠦᠬᠡ ᠶᠢᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠳᠡᠮᠵᠢᠪᠡ᠃
ᠪᠤᠬᠢᠷᠳᠤᠯ ᠢ ᠰᠡᠷᠭᠡᠶᠢᠯᠡᠨ ᠵᠠᠰᠠᠬᠤ ᠳᠤ ᠬᠦᠴᠦᠨ ᠨᠡᠮᠡᠷᠢᠯᠡᠪᠡ᠃ ᠣᠷᠴᠢᠨ ᠠᠬᠤᠢ ᠶᠢᠨ ᠡᠬᠢ ᠪᠠᠶᠠᠯᠢᠭ ᠢ ᠡᠪᠳᠡᠭᠰᠡᠨ ᠶᠠᠯᠠᠲᠦ ᠬᠡᠷᠡᠭ ᠲᠤ ᠴᠢᠭᠯᠡᠭᠦᠯᠦᠨ᠂ ᠬᠡᠷᠡᠭ ᠪᠣᠯᠭᠠᠯᠲᠠ ᠳᠤ ᠬᠢᠨᠠᠯᠲᠠ ᠲᠠᠯᠪᠢᠬᠤ ᠲᠤᠰᠬᠠᠢ ᠠᠵᠢᠯᠯᠠᠭ᠎ᠠ ᠦᠷᠨᠢᠭᠦᠯᠪᠡ᠃ 231 ᠬᠡᠷᠡᠭ ᠤᠨ 262 ᠬᠦᠮᠦᠨ ᠳᠤ ᠬᠢᠨᠠᠯᠲᠠ ᠳᠠᠯᠪᠢᠨ ᠬᠡᠷᠡᠭ ᠪᠣᠯᠭᠠᠭᠤᠯᠵᠤ᠂ ᠣᠷᠴᠢᠨ ᠠᠬᠤᠢ ᠶᠢᠨ ᠡᠬᠢ ᠪᠠᠶᠠᠯᠢᠭ ᠢ ᠡᠪᠳᠡᠭᠰᠡᠨ ᠶᠠᠯ᠎ᠠ ᠬᠢᠭᠰᠡᠨ2352 ᠬᠦᠮᠦᠨ ᠢ ᠵᠠᠭᠠᠯᠳᠤᠵᠤ᠂ 52ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠨᠡᠶᠢᠲᠡ ᠶᠢᠨ ᠠᠰᠢᠭᠲᠤ ᠵᠠᠷᠭᠤ ᠭᠠᠷᠭᠠᠪᠠ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠢᠴᠠᠭᠠᠬᠤ ᠬᠤᠷᠢᠶ᠎ᠠ ᠬᠠᠤᠯᠢ ᠪᠣᠰᠤ ᠪᠠᠷ ᠬᠠᠶᠠᠭᠳᠠᠮᠠᠯ ᠬᠦᠴᠢᠯ ᠴᠢᠳᠬᠤᠨ ᠬᠦᠷᠦᠰᠦ ᠰᠢᠷᠤᠢ ᠶᠢ ᠬᠦᠨᠳᠦ ᠨᠣᠴᠢᠲᠠᠢ ᠪᠤᠬᠢᠷᠳᠤᠭᠤᠯᠤᠭᠰᠠᠨ ᠠᠵᠤ ᠠᠬᠤᠶᠢᠯᠠᠯ ᠪᠠ ᠬᠤᠪᠢ ᠬᠦᠮᠦᠨ ᠳᠤ ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠨᠡᠶᠢᠲᠡ ᠶᠢᠨ ᠠᠰᠢᠭᠲᠤ ᠵᠠᠷᠭᠤ ᠭᠠᠷᠭᠠᠨ᠂ ᠪᠤᠬᠢᠷᠳᠤᠯ ᠢ ᠵᠠᠰᠠᠬᠤ ᠰᠦᠢᠳᠭᠡᠯ 481 ᠲᠦᠮᠡᠨ ᠲᠦᠭᠦᠷᠢᠭ ᠨᠡᠬᠡᠮᠵᠢᠯᠡᠨ ᠠᠪᠴᠢᠷᠠᠵᠤ᠂ ᠬᠡᠷᠡᠭ ᠲᠤ ᠬᠤᠯᠪᠤᠭᠳᠠᠭᠰᠠᠨ ᠠᠵᠤ ᠠᠬᠤᠶᠢᠯᠠᠯ ᠢᠶᠠᠷ ᠪᠤᠬᠢᠷᠳᠤᠭᠰᠠᠨ ᠬᠦᠷᠦᠰᠦ ᠰᠢᠷᠤᠢ ᠶᠢ ᠰᠡᠷᠬᠦᠭᠡᠨ ᠵᠠᠰᠠᠭᠤᠯᠬᠤ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠨᠡᠬᠡᠮᠵᠢᠯᠡᠪᠡ᠃ ᠡᠮᠨᠡᠯᠭᠡ ᠶᠢᠨ ᠪᠤᠬᠢᠷ ᠤᠰᠤ ᠶᠢ ᠬᠠᠤᠯᠢ ᠪᠤᠰᠤ ᠪᠠᠷ ᠭᠠᠳᠠᠭᠰᠢᠯᠠᠭᠤᠯᠤᠭᠰᠠᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠰᠠᠨᠠᠭᠤᠯᠭ᠎ᠠ ᠵᠣᠬᠢᠶᠠᠨ ᠲᠠᠷᠬᠠᠭᠠᠵᠤ᠂ ᠪᠦᠬᠦ ᠣᠷᠤᠨ ᠳᠤ ᠲᠥᠪᠯᠡᠷᠡᠭᠦᠯᠦᠨ ᠪᠠᠶᠢᠴᠠᠭᠠᠨ ᠴᠡᠭᠴᠡᠯᠡᠬᠦ ᠶᠢ ᠱᠠᠭᠠᠷᠳᠠᠨ ᠦᠷᠨᠢᠭᠦᠯᠵᠦ᠂ ᠡᠮᠨᠡᠯᠭᠡ ᠶᠢᠨ ᠬᠠᠶ᠋ᠭᠳᠠᠮᠠᠯ ᠪᠤᠳᠠᠰ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠪᠠ᠃ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠶᠢ ᠠᠩᠬᠠᠷᠴᠤ᠂ ᠬᠠᠲᠤᠨ ᠭᠤᠣᠯ ᠤᠨ ᠡᠷᠭᠢ ᠳᠠᠭᠠᠭᠰᠠᠨ ᠠᠶᠢᠮᠠᠭ ᠬᠤᠲᠠ ᠶᠢᠨ ᠪᠠᠶᠢᠴᠠᠭᠠᠬᠤ ᠬᠤᠷᠢᠶ᠎ᠠ ᠪᠣᠯᠤᠨ ᠭᠤᠣᠯ ᠤᠨ ᠳᠠᠷᠤᠭ᠎ᠠ ᠶᠢᠨ ᠠᠯᠪᠠᠨ ᠭᠡᠷ ᠬᠠᠮᠲᠤᠪᠡᠷ ︽ᠬᠠᠲᠤᠨ ᠭᠤᠣᠯ ᠢ ᠬᠠᠮᠠᠭᠠᠯᠠᠬᠤ︾ ᠲᠤᠰᠬᠠᠢ ᠠᠵᠢᠯᠯᠠᠭ᠎ᠠ ᠦᠷᠨᠢᠭᠦᠯᠦᠨ᠂ ᠳᠤᠷ᠎ᠠ ᠪᠠᠷ ᠡᠵᠡᠯᠡᠭᠰᠡᠨ᠂ ᠳᠤᠷ᠎ᠠ ᠪᠠᠷ ᠮᠠᠯᠲᠠᠭᠰᠠᠨ᠂ ᠳᠤᠷ᠎ᠠ ᠪᠠᠷ ᠣᠪᠤᠭᠠᠯᠠᠭᠰᠠᠨ᠂ ᠳᠤᠷ᠎ᠠ ᠪᠠᠷ ᠪᠠᠶᠢᠭᠤᠯᠤᠭᠰᠠᠨ ᠠᠰᠠᠭᠤᠳᠠᠯ ᠢ ᠬᠠᠮᠲᠤᠷᠠᠨᠰᠢᠢᠳᠪᠦᠷᠢᠯᠡᠪᠡ᠃ ︽ᠡᠬᠡ ᠤᠯᠤᠰ ᠤᠨ ᠤᠮᠠᠷᠠᠲᠦ ᠬᠢᠯᠢ ᠶᠢᠨ ᠠᠮᠢ ᠠᠬᠤᠢ ᠶᠢᠨ ᠬᠠᠯᠬᠠᠪᠴᠢ ᠶᠢ ᠬᠠᠮᠠᠭᠠᠯᠠᠬᠤ︾ ᠲᠤᠰᠬᠠᠢ ᠠᠵᠢᠯ ᠦᠷᠨᠢᠭᠦᠯᠦᠨ᠂ ᠳᠠᠯᠠᠨ ᠬᠠᠷ᠎ᠠ ᠠᠭᠤᠯᠠ᠂ ᠣᠷᠳᠤᠰ ᠤᠨ ᠪᠠᠷᠠᠭᠤᠨ ᠬᠡᠰᠡᠭ᠂ ᠲᠤᠰᠤᠲᠤ ᠶᠢᠨ ᠭᠤᠣᠯ ᠤᠨ ᠨᠤᠭᠤ ᠭᠠᠵᠠᠷ ᠵᠡᠷᠭᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠤ ᠡᠪᠳᠡᠭᠳᠡᠭᠰᠡᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠯᠭᠡᠬᠦ ᠶᠢ ᠱᠠᠭᠠᠷᠳᠠᠪᠠ᠃ ︽ᠨᠢᠭᠡ ᠨᠠᠭᠤᠷ ᠬᠤᠶᠠᠷ ᠳᠠᠯᠠᠢ︾ ᠶᠢᠨ ᠶᠡᠷᠦᠩᠬᠡᠶᠢᠯᠡᠨ ᠵᠠᠰᠠᠬᠤ ᠳᠤ ᠢᠳᠡᠪᠬᠢᠲᠠᠢ ᠣᠷᠤᠯᠴᠠᠨ᠂ ᠮᠣᠩᠭᠤᠯ ᠤᠯᠤᠰ ᠲᠠᠢ ᠤᠯᠤᠰ ᠠᠯᠤᠰᠯᠠᠨ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠵᠦᠪᠳᠡᠨ ᠪᠠᠶᠢᠭᠤᠯᠵᠤ᠂ ᠬᠦᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠪᠠ᠃ ︽ᠲᠤᠰᠬᠠᠶᠢᠵᠢᠭᠰᠠᠨ ᠬᠢᠨᠠᠯᠲᠠ ᠲᠠᠯᠪᠢᠬᠤ + ᠰᠡᠷᠬᠦᠭᠡᠬᠦ ᠴᠢᠨᠠᠷᠲᠠᠢ ᠬᠠᠤᠯᠢ ᠪᠠᠷᠢᠬᠤ + ᠨᠡᠶᠢᠭᠡᠮᠴᠢᠯᠡᠨ ᠵᠠᠰᠠᠬᠤ︾ ᠬᠡᠷᠡᠭ ᠰᠢᠢᠳᠪᠦᠷᠢᠯᠡᠬᠦ ᠵᠠᠭᠪᠤᠷ ᠢ ᠬᠡᠷᠡᠭᠵᠢᠭᠦᠯᠦᠨ᠂ 176 ᠲᠦᠮᠡᠨ ᠮᠦ ᠣᠶᠢᠲᠤ ᠭᠠᠵᠠᠷ᠂ ᠲᠠᠯ᠎ᠠ ᠨᠤᠲᠤᠭ᠂ ᠨᠤᠭᠤ ᠭᠠᠵᠠᠷ ᠤᠨ ᠰᠡᠷᠭᠦᠭᠡᠯᠲᠡ ᠪᠠ 58 ᠲᠦᠮᠡᠨ ᠮᠦ ᠤᠰᠤᠨ ᠤ ᠡᠬᠢ ᠰᠣᠷᠪᠤᠯᠵᠢ ᠬᠦᠷᠦᠰᠦ ᠰᠢᠷᠤᠢ ᠵᠢᠴᠢ168 ᠺᠢᠯᠤᠮᠧᠲᠷ ᠪᠤᠬᠢᠷᠳᠤᠭᠳᠠᠭᠰᠠᠨ ᠭᠤᠣᠯ ᠤᠨ ᠠᠷᠠᠯ ᠢ ᠵᠠᠰᠠᠬᠤ ᠶᠢ ᠱᠠᠭᠠᠷᠳᠠᠨ᠂ 539 ᠪᠤᠬᠢᠷᠳᠤᠯᠳᠤ ᠠᠵᠤ ᠠᠬᠤᠶᠢᠯᠠᠯ ᠢ ᠴᠡᠭᠴᠡᠯᠡᠨ ᠵᠠᠰᠠᠬᠤ ᠶᠢ ᠱᠠᠭᠠᠷᠳᠠᠪᠠ᠃
ᠭᠤᠷᠪᠠ᠂ ᠠᠷᠠᠳ ᠲᠦᠮᠡᠨ ᠢᠶᠠᠷ ᠲᠦᠪ ᠪᠣᠯᠭᠠᠭᠰᠠᠨ ᠬᠦᠭᠵᠢᠭᠦᠯᠬᠦ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ ᠠᠷᠠᠳ ᠤᠨ ᠠᠮᠢᠳᠤᠷᠠᠯ ᠪᠠ ᠠᠷᠠᠳ ᠤᠨ ᠡᠷᠬᠡ ᠠᠰᠢᠭ ᠢ ᠬᠠᠮᠠᠭᠠᠯᠠᠪᠠ
︽ᠢᠳᠡᠭᠡᠨ ᠤ ᠠᠶᠤᠯᠭᠦᠢ ᠪᠠᠶᠢᠬᠤ ︾ ᠶᠢ ᠬᠠᠮᠠᠭᠠᠯᠠᠪᠠ᠃ ᠢᠳᠡᠭᠡᠨ ᠤ ᠪᠠ ᠡᠮ ᠤᠨ ᠵᠦᠢᠯ ᠤᠨ ᠠᠶᠤᠯᠭᠦᠢ ᠪᠠᠶᠢᠬᠤ ᠶᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠭᠡᠬᠦ ᠬᠦᠴᠦᠯᠡᠴᠡ ᠪᠠᠨ ᠨᠡᠮᠡᠭᠳᠡᠭᠦᠯᠦᠨ᠂ ︽ᠠᠹᠷᠢᠺᠠ ᠲᠢᠪ ᠤᠨ ᠭᠠᠭ᠋ᠠᠢ ᠶᠢᠨ ᠬᠢᠵᠢᠭ︾ ᠤᠨ ᠬᠡᠷᠡᠭ ᠲᠤ ᠬᠤᠯᠪᠤᠭᠳᠠᠭᠰᠠᠨ ᠶᠠᠯ᠎ᠠ ᠬᠢᠭᠰᠡᠨ 4 ᠰᠡᠵᠢᠭᠲᠡᠨ ᠢ ᠪᠠᠷᠢᠪᠴᠢᠯᠠᠬᠤ ᠶᠢ ᠵᠥᠪᠰᠢᠶᠡᠷᠡᠵᠥ᠂ ᠬᠤᠣᠷᠲᠠᠢ ᠪᠦᠭᠡᠳ ᠬᠦᠨᠦᠭᠡᠯᠲᠡᠢ ᠢᠳᠡᠭᠡᠨ ᠪᠠ ᠬᠠᠭᠤᠷᠮᠠᠭ ᠮᠠᠭᠤ ᠡᠮ ᠦᠢᠯᠡᠳᠦᠨ ᠪᠣᠷᠤᠯᠠᠭᠤᠯᠤᠭᠰᠠᠨ ᠶᠠᠯ᠎ᠠ ᠬᠢᠭᠰᠡᠨ 180 ᠬᠦᠮᠦᠨ ᠢ ᠵᠠᠭᠠᠯᠳᠤᠪᠠ᠃ ︽ᠲᠥᠭ ᠲᠥᠮᠡᠨ ᠡᠷᠥᠭᠡ ᠶᠢᠨ ᠢᠳᠡᠭᠡᠨ ᠤ ᠠᠶᠤᠯᠭᠦᠢ ᠪᠠᠶᠢᠬᠤ ᠶᠢ ᠬᠠᠮᠠᠭᠠᠯᠠᠬᠤ︾ ᠲᠤᠰᠬᠠᠢ ᠠᠵᠢᠯᠯᠠᠭ᠎ᠠ ᠦᠷᠨᠢᠭᠦᠯᠦᠨ᠂ ᠢᠳᠡᠭᠡᠨ ᠤ ᠨᠡᠮᠡᠯᠲᠡ ᠡᠳ᠋ ᠢ ᠬᠠᠤᠯᠢ ᠵᠥᠷᠢᠴᠡᠨ ᠬᠡᠷᠡᠭᠯᠡᠭᠰᠡᠨ᠂ ︽ᠬᠤᠣᠷᠲᠤ ᠳ᠋ᠸᠥᠹᠦ᠋︾᠂ ︽ᠬᠤᠤᠷᠳᠤ ᠪᠤᠷᠴᠠᠭ ᠤᠨ ᠰᠤᠶᠤᠭ᠎ᠠ︾ ᠵᠡᠷᠭᠡ ᠨᠡᠶᠢᠲᠡ ᠶᠢᠨ ᠠᠰᠢᠭᠲᠤ ᠵᠠᠷᠭᠤ ᠶᠢᠨ 21 ᠬᠡᠷᠡᠭ ᠢ ᠰᠢᠢᠳᠪᠦᠷᠢᠯᠡᠪᠡ᠃ ᠳᠤᠮᠳᠠᠳᠤ ᠪᠠᠭ᠎ᠠ ᠰᠤᠷᠭᠠᠭᠤᠯᠢ ᠵᠢᠨᠢᠳᠡᠭᠡᠨᠤᠮᠳᠠᠭᠠᠨ ᠤ ᠠᠮᠤᠷ ᠲᠥᠪᠰᠢᠨ ᠤ ᠠᠰᠠᠭᠤᠳᠠᠯ ᠳᠤ ᠴᠢᠭᠯᠡᠬᠦᠯᠥᠨ᠂ ︽ᠲᠤᠭᠤᠷᠢᠭ ᠰᠢᠷᠡᠭᠡᠨ︾ ᠤ ᠬᠤᠭᠤᠯᠠ ᠶᠢ ᠪᠠᠶᠢᠴᠠᠭᠠᠨ ᠴᠡᠭᠴᠡᠯᠡᠬᠦ ᠶᠢ ᠠᠬᠢᠭᠤᠯᠵᠥ᠂ ᠬᠢᠨᠠᠨ ᠬᠠᠮᠢᠶᠠᠷᠬᠤ ᠰᠠᠯᠠᠭ᠎ᠠ ᠮᠦᠴᠢᠷ ᠢ ᠬᠢᠨᠠᠨ ᠱᠠᠯᠠᠪᠳᠠᠭᠤᠯᠵᠤ ᠰᠦᠯᠵᠢᠶᠡᠨ ᠤ ᠢᠳᠡᠭᠡᠨ ᠤᠮᠳᠠᠭᠠᠨ ᠤ ᠲᠠᠪᠴᠠᠩ ᠤᠨ ᠬᠢᠷᠢ ᠲᠡᠩᠴᠡᠬᠦ ᠦᠭᠡᠢ 7057 ᠬᠤᠳᠠᠯᠳᠤᠭᠠᠴᠢᠨ ᠡᠷᠦᠭᠡ ᠶᠢ ᠴᠡᠭᠴᠡᠯᠡᠨ ᠵᠠᠰᠠᠪᠠ᠃
ᠣᠨᠴᠠᠭᠠᠢ ᠪᠦᠯᠦᠭ ᠬᠦᠮᠦᠰ ᠤᠨ ᠡᠷᠬᠡ ᠠᠰᠢᠭ ᠢ ᠬᠠᠮᠠᠭᠠᠯᠠᠪᠠ᠃ ᠨᠠᠰᠤᠨ ᠳᠤ ᠥᠯᠥ ᠬᠥᠷᠥᠭᠰᠡᠳ ᠤᠨ ᠬᠠᠤᠯᠢ ᠪᠠᠷᠢᠯᠲᠠ ᠶᠢᠨ ᠬᠠᠮᠠᠭᠠᠯᠠᠯᠲᠠ ᠪᠠᠨ ᠴᠢᠩᠭᠠᠳᠬᠠᠨ᠂ ᠪᠡᠯᠭᠡ ᠶᠢᠨ ᠬᠠᠯᠳᠠᠯᠭ᠎ᠠ ᠬᠢᠭᠰᠡᠨ᠂ ᠮᠡᠬᠡᠯᠡᠨ ᠬᠤᠳᠠᠯᠳᠤᠭᠰᠠᠨ᠂ ᠬᠠᠯᠠ ᠦᠵᠡᠭᠦᠯᠦᠭᠰᠡᠨ᠂ ᠭᠡᠮᠲᠦᠭᠡᠭᠰᠡᠨ ᠵᠡᠷᠭᠡ ᠨᠠᠰᠤᠨ ᠳᠤ ᠦᠯᠦ ᠬᠦᠷᠦᠭᠰᠡᠳ ᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ ᠶᠢ ᠴᠢᠩᠭ᠎ᠠ ᠰᠢᠳᠭᠡᠵᠦ᠂ 1054 ᠬᠦᠮᠦᠨ ᠢ ᠵᠠᠭᠠᠯᠳᠤᠪᠠ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠨᠠᠰᠤᠨ ᠳᠤ ᠦᠯᠦ ᠬᠦᠷᠦᠭᠰᠡᠳ ᠢ ᠬᠥᠮᠥᠵᠢᠬᠦᠯᠬᠦ ᠤᠶᠠᠷᠠᠭᠤᠯᠬᠤ ᠠᠪᠤᠷᠠᠬᠤ ᠪᠠᠨ ᠴᠢᠩᠭᠠᠳᠬᠠᠨ᠂ ᠪᠠᠶᠢᠴᠠᠭᠠᠬᠤ ᠲᠤᠰᠢᠶᠠᠯᠳᠠᠨ ᠬᠠᠪᠰᠤᠷᠤᠨ ᠬᠥᠮᠥᠵᠢᠬᠦᠯᠬᠦ ᠪᠠᠷ ᠳᠠᠮᠵᠢᠭᠠᠳ ᠤᠤᠯ ᠤᠨ ᠶᠠᠯ᠎ᠠ ᠳᠤ ᠬᠤᠯᠪᠤᠭᠳᠠᠭᠰᠠᠨ 20 ᠬᠦᠮᠦᠨ ᠶᠡᠭᠡ ᠰᠤᠷᠭᠠᠭᠤᠯᠢ ᠳᠤ ᠡᠯᠰᠡᠭᠳᠡᠪᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠥᠪᠰᠢᠨ ᠢ ᠨᠡᠩ ᠰᠠᠶᠢᠨ ᠪᠠᠳᠤᠯᠠᠬᠤ ᠶᠢᠨ ᠲᠥᠯᠥᠭᠡ᠂ ᠰᠤᠷᠭᠠᠨ ᠬᠦᠮᠦᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠰᠠᠨᠠᠭᠠᠴᠢᠯᠠᠭ᠎ᠠ ᠠᠴᠠ ᠪᠠᠨ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠨᠠᠰᠤᠨ ᠳᠤ ᠥᠯᠥ ᠬᠦᠷᠦᠭᠰᠡᠳ ᠢ ᠲᠤᠷᠤᠮᠵᠢᠯᠠᠭᠰᠠᠨ ᠪᠠ ᠲᠡᠬᠦᠨ ᠳᠤ ᠪᠡᠯᠭᠡ ᠶᠢᠨ ᠬᠠᠯᠳᠠᠯᠭ᠎ᠠ ᠬᠢᠭᠰᠡᠨ ᠢ ᠲᠤᠰᠬᠠᠢ ᠵᠠᠰᠠᠬᠤ ᠶᠢ ᠠᠬᠢᠭᠤᠯᠵᠠᠢ᠃ ᠡᠮᠡᠭᠲᠡᠶᠢᠴᠤᠳ ᠤᠨ ᠡᠷᠬᠡ ᠠᠰᠢᠭ ᠤᠨ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠦᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠲᠠᠢ ᠡᠮᠡᠭᠲᠡᠶᠢᠴᠦᠳ ᠪᠠ ᠬᠡᠦᠬᠡᠳ ᠪᠠᠭᠠᠴᠤᠳ ᠤᠨ ᠡᠷᠬᠡ ᠠᠰᠢᠭ ᠢ ᠪᠠᠲᠤᠯᠠᠬᠤ ᠲᠤᠬᠠᠢ ᠳᠦᠷᠢᠮᠵᠢᠭᠰᠡᠨ ᠪᠢᠴᠢᠭ ᠮᠠᠲ᠋ᠧᠷᠢᠶᠠᠯ ᠳᠡᠭᠡᠷ᠎ᠡ ᠭᠠᠷ ᠤᠨ ᠥᠰᠦᠭ ᠵᠢᠷᠥᠵᠥ᠂ ᠲᠣᠭᠲᠠᠮᠠᠯ ᠬᠤᠭᠤᠴᠠᠭ᠎ᠠ ᠲᠠᠢ ᠪᠠᠷ ᠬᠤᠯᠪᠤᠭ᠎ᠠ ᠠᠪᠴᠤ ᠬᠠᠷᠢᠯᠴᠠᠬᠤ ᠲᠣᠭᠲᠠᠴᠠ ᠶᠢ ᠪᠠᠶᠢᠭᠤᠯᠪᠠ᠃ ᠡᠮᠡᠭᠲᠡᠶᠢᠴᠤᠳ ᠤᠨ ᠡᠷᠬᠡ ᠠᠰᠢᠭ ᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠬᠦᠴᠦᠷᠬᠡᠭᠯᠡᠨ ᠨᠦᠵᠢᠳᠯᠡᠭᠰᠡᠨ᠂ ᠱᠠᠯᠢᠭᠯᠠᠭᠰᠠᠨ᠂ ᠮᠡᠬᠡᠯᠡᠨ ᠬᠤᠳᠠᠯᠳᠤᠭᠰᠠᠨ᠂ ᠬᠠᠯᠠ ᠦᠵᠡᠭᠦᠯᠦᠭᠰᠡᠨ ᠵᠡᠷᠭᠡ ᠶᠠᠯ᠎ᠠ ᠬᠢᠭᠰᠡᠨ 584 ᠬᠦᠮᠦᠨ ᠢ ᠵᠠᠭᠠᠯᠳᠤᠵᠠᠢ᠃ ᠬᠦᠯᠦᠰᠦᠨ ᠠᠵᠢᠯᠴᠢᠨ ᠳᠤ ᠴᠠᠯᠢᠩ ᠦᠷᠢᠲᠦᠭᠰᠡᠨ ᠠᠰᠠᠭᠤᠳᠠᠯ ᠢ ᠥᠷᠬᠦᠯᠵᠢᠯᠡᠨ ᠠᠩᠬᠠᠷᠴᠤ᠂ ᠬᠦᠯᠦᠰᠦᠨ ᠠᠵᠢᠯᠴᠢᠨ ᠴᠠᠯᠢᠩ ᠢᠶᠠᠨ ᠨᠡᠭᠡᠨᠠᠪᠬᠤ ᠳᠤ ᠨᠢ ᠬᠠᠮᠵᠢᠯᠴᠠᠬᠤ ᠲᠤᠰᠬᠠᠢ ᠠᠵᠢᠯᠯᠠᠭ᠎ᠠ ᠦᠷᠨᠢᠭᠦᠯᠦᠨ 83 ᠬᠡᠷᠡᠭ ᠤᠨ ᠵᠠᠭᠠᠯᠳᠤᠯᠭ᠎ᠠ ᠶᠢ ᠳᠡᠮᠵᠢᠵᠥ᠂ 2200 ᠭᠠᠷᠤᠢ ᠬᠦᠮᠦᠨ ᠤ 5800 ᠭᠠᠷᠤᠢ ᠲᠦᠮᠡᠨ ᠲᠦᠭᠦᠷᠢᠭ ᠤᠨ ᠴᠠᠯᠢᠩ ᠢ ᠨᠢ ᠬᠠᠪᠰᠤᠷᠤᠨ ᠨᠡᠬᠡᠮᠵᠢᠯᠡᠨ ᠠᠪᠴᠢᠷᠠᠵᠤ᠂ ᠮᠠᠭᠤ ᠰᠠᠨᠠᠭ᠎ᠠ ᠪᠠᠷ ᠴᠠᠯᠢᠩ ᠦᠷᠢᠲᠦᠭᠰᠡᠳ ᠠᠴᠠ ᠬᠠᠤᠯᠢ ᠴᠠᠭᠠᠵᠨ ᠶᠢᠨ ᠬᠠᠷᠢᠭᠤᠴᠠᠯᠭ᠎ᠠ ᠡᠷᠡᠰ ᠨᠡᠬᠡᠮᠵᠢᠯᠡᠵᠡᠢ᠃
ᠣᠯᠠᠨ ᠲᠦᠮᠡᠨ ᠤ ᠵᠠᠷᠭᠤ ᠶᠢᠨ ᠭᠤᠶᠤᠴᠢᠯᠠᠯ ᠢᠶᠠᠨ ᠢᠯᠡᠳᠬᠡᠬᠦ ᠳᠤ ᠳᠦᠭᠦᠮ ᠥᠵᠡᠬᠦᠯᠪᠡ᠃ 12309 ᠪᠠᠶᠢᠴᠠᠭᠠᠬᠤ ᠦᠢᠯᠡᠴᠢᠯᠡᠭᠡᠨ ᠤ ᠲᠥᠪ ᠢ ᠲᠡᠰ ᠳᠡᠪᠰᠢᠭᠦᠯᠦᠨ ᠪᠠᠶᠢᠭᠤᠯᠵᠤ᠂ ︽ᠵᠠᠬᠢᠳᠠᠯ᠂ ᠰᠤᠷᠪᠤᠯᠵᠢᠯᠠᠯ᠂ ᠰᠦᠯᠵᠢᠶ᠎ᠡ᠂ ᠤᠲᠠᠰᠤ᠂ ᠬᠠᠷᠠᠭᠠᠨ ᠳᠠᠪᠲᠠᠮᠵᠢ︾ ᠶᠢᠨ ᠪᠦᠬᠦ ᠲᠠᠯ᠎ᠠ ᠶᠢᠨ ᠬᠠᠮ ᠨᠢᠭᠡᠳᠬᠡᠯ ᠢ ᠪᠡᠶᠡᠯᠡᠭᠦᠯᠦᠨ ᠶᠡᠷᠦᠩᠬᠡᠶᠢᠯᠡᠭᠰᠡᠨ ᠴᠢᠨᠠᠷᠲᠠᠢ᠂ ᠨᠢᠭᠡ ᠥᠷᠲᠡᠭᠡᠲᠤ ᠬᠡᠯᠪᠡᠷᠢ ᠶᠢᠨ ᠲᠥᠳᠡ ᠲᠥᠬᠦᠮᠦᠢᠯᠡᠴᠢᠯᠡᠭᠡ ᠬᠠᠩᠭᠠᠪᠠ᠃ ᠡᠯ᠎ᠡ ᠠᠶᠢᠮᠠᠭ ᠬᠤᠲᠠ ᠶᠢᠨ ᠬᠤᠷᠢᠶ᠎ᠠ ᠪᠠ 80% ᠠᠴᠠ ᠳᠡᠭᠡᠭᠰᠢᠬᠢ ᠦᠨᠳᠦᠰᠦᠨ ᠱᠠᠲᠤᠨ ᠤ ᠬᠤᠷᠢᠶ᠎ᠠ ᠴᠦᠮ ᠬᠠᠤᠯᠢᠴᠢ ᠰᠠᠭᠤᠷᠢᠰᠢᠭᠰᠠᠨ ᠦᠢᠯᠡᠴᠢᠯᠡᠭᠡᠨ ᠤ ᠴᠡᠭ ᠭᠠᠷᠭᠠᠵᠤ᠂ ᠦᠢᠯᠡᠴᠢᠯᠡᠭᠡᠨ ᠤ ᠴᠡᠭ ᠤᠨ 500 ᠬᠠᠤᠯᠢᠴᠢ ᠥᠷᠭᠡᠨ ᠣᠯᠠᠨ ᠠᠷᠠᠳ ᠢᠷᠭᠡᠨ ᠳᠤ ᠲᠦᠯᠦᠪᠦᠷᠢ ᠦᠭᠡᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ ᠪᠣᠢ᠃ ᠠᠯᠤᠰ ᠡᠵᠡᠮᠰᠢᠯᠲᠦ ᠬᠠᠷᠠᠭᠠᠨ ᠲᠠᠪᠲᠠᠮᠵᠢ ᠪᠠᠷ ᠰᠤᠷᠪᠤᠯᠵᠢᠯᠠᠯ ᠬᠦᠯᠢᠶᠡᠬᠦ ᠶᠢ ᠳᠡᠯᠭᠡᠷᠡᠭᠦᠯᠦᠨ ᠬᠡᠷᠡᠭᠯᠡᠵᠦ᠂ ᠣᠯᠠᠨ ᠲᠦᠮᠡᠨ ᠢ 851 ᠤᠳᠠᠭ᠎ᠠ ᠬᠦᠯᠢᠶᠡᠨ ᠠᠪᠴᠤ᠂ ᠠᠷᠠᠳ ᠣᠯᠠᠨ ᠢ ᠳᠤᠲᠠᠭᠤ ᠭᠦᠶᠦᠯᠭᠡᠨ ᠲᠤᠰᠠ ᠦᠵᠡᠭᠦᠯᠪᠡ᠃ ᠤᠯᠠᠭᠠᠨᠬᠠᠳᠠ ᠬᠤᠲᠠ ᠶᠢᠨ ᠬᠤᠷᠢᠶ᠎ᠠ ᠪᠦᠬᠦ ᠬᠤᠲᠠ ᠶᠢᠨ ᠢᠶᠠᠨ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠢ ᠬᠠᠮᠤᠷᠬᠤᠶᠢᠴᠠ ᠪᠠᠶᠢᠴᠠᠭᠠᠬᠤ ᠦᠢᠯᠡᠴᠢᠯᠡᠭᠡᠨ ᠤ ᠲᠦᠪ ᠤᠨ ᠷᠠᠳᠢᠤ᠋ ᠲᠧᠯᠸᠢᠰ ᠤᠨ ᠲᠠᠪᠴᠠᠩ ᠢ ᠪᠠᠶᠢᠭᠤᠯᠤᠨ ᠪᠣᠱᠤᠭ᠎ᠠ ᠠᠯᠬᠤᠭᠤᠯᠬᠤ ᠦᠭᠡᠢ ᠪᠠᠶᠢᠴᠠᠭᠠᠬᠤ ᠦᠢᠯᠡᠴᠢᠯᠡᠭᠡ ᠬᠠᠩᠭᠠᠪᠠ᠃ ᠦᠨᠳᠦᠰᠦᠨ ᠱᠠᠲᠤᠨ ᠤ ᠬᠤᠷᠢᠶ᠎ᠠ ︽ᠠᠯᠠᠭᠠᠨ ᠳᠡᠭᠡᠷᠡᠬᠢ ᠪᠠᠶᠢᠴᠠᠭᠠᠬᠤ ᠬᠤᠷᠢᠶ᠎ᠠ︾ ᠶᠢ ᠥᠷᠭᠡᠨ ᠢᠶᠠᠷ ᠪᠠᠶᠢᠭᠤᠯᠵᠤ᠂ ᠬᠡᠷᠡᠭ ᠬᠠᠮᠢᠶᠠᠷᠬᠤ ᠰᠠᠯᠠᠭᠠᠨ ᠳᠤ ᠮᠠᠰᠢᠨ ᠬᠦᠮᠦᠨ ᠲᠣᠬᠢᠷᠠᠭᠤᠯᠵᠤ᠂ ᠮᠣᠩᠭᠤᠯ ᠬᠢᠲᠠᠳ ᠬᠤᠣᠰ ᠬᠡᠯᠡᠨ ᠤ APP᠂ ᠬᠠᠤᠯᠢ ᠴᠠᠭᠠᠵᠠ ᠶᠢᠨ ᠡᠷᠬᠡ ᠶᠢᠨ ᠬᠠᠮᠠᠭᠠᠯᠠᠯᠲᠠ ᠶᠢᠨ ᠫᠷᠤᠭ᠍ᠷᠠᠮ᠂ ᠸᠢᠴᠠᠲ ᠢᠶᠠᠷ ᠢᠯᠡᠴᠢᠯᠡᠨ ᠮᠡᠳᠡᠭᠦᠯᠬᠦ ᠰᠣᠹᠲ ᠢ ᠨᠡᠭᠡᠭᠡᠨ ᠠᠰᠢᠭᠯᠠᠵᠤ᠂ ᠠᠷᠠᠳ ᠣᠯᠠᠨ ᠲᠠᠢ ᠬᠠᠷᠢᠯᠴᠠᠬᠤ ᠪᠠ ᠦᠢᠯᠡᠴᠢᠯᠡᠬᠦ ᠠᠵᠢᠯ ᠤᠨ ᠠᠷᠭ᠎ᠠ ᠵᠠᠮ ᠢ ᠬᠠᠮᠤᠭ ᠤᠨ ᠶᠡᠭᠡ ᠬᠡᠮᠵᠢᠶ᠎ᠡ ᠪᠠᠷ ᠨᠡᠪᠳᠡᠷᠡᠬᠦᠯᠵᠠᠢ᠃
ᠳᠥᠷᠪᠡ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠬᠠᠤᠯᠢ ᠴᠠᠭᠠᠵᠨ ᠶᠢᠨ ᠨᠢᠭᠡᠳᠤᠯ᠂ ᠬᠠᠤᠯᠢ ᠴᠠᠭᠠᠵᠠ ᠶᠢᠨ ᠨᠡᠷ᠎ᠡ ᠬᠥᠨᠳᠤ ᠪᠠ ᠡᠷᠬᠡ ᠰᠥᠷ ᠢ ᠬᠠᠮᠠᠭᠠᠯᠠᠪᠠ
ᠡᠷᠡᠭᠦᠦ ᠶᠢᠨ ᠵᠠᠷᠭᠤ ᠳᠤ ᠬᠢᠨᠠᠯᠲᠠ ᠲᠠᠯᠪᠢᠬᠤ ᠪᠠᠨ ᠴᠢᠩᠭᠠᠳᠬᠠᠪᠠ᠃ ᠨᠢᠭᠡ ᠪᠦᠯᠦᠭ ᠰᠡᠷᠭᠡᠭᠲᠡᠮᠡᠭᠡᠢ ᠪᠣᠶᠣ ᠪᠤᠳᠤᠯᠢᠶᠠᠨᠲᠤ ᠬᠡᠷᠡᠭ ᠤᠨ ᠯᠡᠪᠡᠷᠡᠭᠦᠯᠦᠭᠰᠡᠨ ᠬᠠᠤᠯᠢ ᠪᠠᠷᠢᠯᠲᠠ ᠶᠢᠨ ᠣᠨᠣᠯᠵᠢᠬᠤᠨ ᠤ ᠠᠰᠠᠭᠤᠳᠠᠯ ᠳᠤ ᠴᠢᠭᠯᠡᠭᠦᠯᠦᠨ᠂ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠴᠢᠩᠭᠠᠳᠬᠠᠬᠤ ᠪᠠ ᠦᠭᠡᠷᠡᠴᠢᠯᠡᠨ ᠰᠠᠶᠢᠵᠢᠷᠠᠭᠤᠯᠬᠤ ᠰᠠᠨᠠᠯ ᠲᠣᠭᠲᠠᠭᠠᠵᠤ᠂ ᠳᠠᠷᠤᠤ ᠬᠢᠴᠢᠶᠡᠩᠭᠦᠢ᠂ ᠬᠢᠨᠠᠭᠤᠷ ᠪᠣᠯᠭᠤᠮᠵᠢᠲᠠᠢ᠂ ᠰᠠᠨᠠᠭ᠎ᠠ ᠰᠠᠶᠢᠲᠠᠢ᠂ ᠪᠣᠯᠪᠠᠰᠤᠨ᠂ ᠳᠦᠷᠢᠮᠵᠢᠭᠦᠨ ᠬᠡᠷᠡᠭ ᠰᠢᠢᠳᠪᠦᠷᠢᠯᠡᠬᠦ ᠣᠨᠣᠯᠵᠢᠬᠤᠨ ᠢ ᠪᠣᠢ ᠪᠣᠯᠭᠠᠬᠤ ᠶᠢ ᠴᠢᠬᠤᠯᠠᠴᠢᠯᠠᠵᠥ᠂ ᠡᠷᠡᠭᠦᠦ ᠶᠢᠨ ᠬᠡᠷᠡᠭ ᠤᠨ ᠬᠠᠤᠯᠢ ᠬᠡᠷᠡᠭᠵᠢᠭᠦᠯᠦᠯᠲᠡ ᠶᠢ ᠠᠵᠤ ᠠᠬᠤᠢ ᠶᠢᠨ ᠵᠢᠭᠤᠷᠠᠯᠳᠤᠭᠠᠨ ᠳᠤ ᠳᠦᠷᠢᠨ ᠣᠷᠣᠭᠤᠯᠬᠤ ᠶᠢ ᠴᠢᠩᠭ᠎ᠠ ᠰᠡᠷᠭᠡᠶᠢᠯᠡᠨ᠂ ᠬᠠᠤᠯᠢ ᠪᠠᠷᠢᠯᠲᠠ ᠶᠢᠨ ᠠᠷᠭ᠎ᠠ ᠪᠠᠷᠢᠯ ᠢᠶᠠᠷ ᠵᠠᠰᠠᠭ ᠵᠠᠬᠢᠷᠭᠠᠨ ᠤ ᠠᠷᠭ᠎ᠠ ᠪᠠᠷᠢᠯ ᠢ ᠣᠷᠣᠯᠠᠭᠤᠯᠬᠤ ᠶᠢ ᠴᠢᠩᠭ᠎ᠠ ᠰᠡᠷᠭᠡᠶᠢᠯᠡᠪᠡ᠃ ᠬᠥᠮᠦᠨ ᠤ ᠡᠷᠬᠡ ᠶᠢ ᠪᠠᠲᠤᠯᠠᠬᠤ ᠶᠢ ᠳᠣᠪᠤᠶᠢᠯᠭᠠᠨ ᠶᠠᠯ᠎ᠠ ᠪᠣᠯᠵᠥ ᠪᠥᠷᠢᠯᠳᠥᠭᠰᠡᠨ ᠥᠭᠡᠢ ᠪᠤᠶᠤ ᠬᠡᠷᠡᠴᠢ ᠪᠠᠷᠢᠮᠲᠠ ᠭᠥᠢᠴᠡᠳ ᠪᠤᠰᠤ ᠬᠡᠷᠡᠭ ᠤᠨ 2505 ᠬᠥᠮᠥᠨ ᠢ ᠪᠠᠷᠢᠪᠴᠢᠯᠠᠬᠤ ᠶᠢ ᠥᠯᠥ ᠵᠥᠪᠰᠢᠶᠡᠷᠡᠬᠦ᠂ 815 ᠬᠥᠮᠥᠨ ᠢ ᠥᠯᠥ ᠵᠠᠭᠠᠯᠳᠤᠬᠤ ᠪᠠᠷ ᠲᠤᠭᠳᠠᠵᠥ᠂ ᠦᠷᠭᠦᠯᠵᠢᠯᠡᠨ ᠬᠤᠷᠢᠬᠤ ᠴᠢᠬᠤᠯᠠ ᠦᠭᠡᠢ 1853 ᠬᠦᠮᠦᠨ ᠳᠤ ᠰᠤᠯᠠᠯᠠᠬᠤ ᠪᠣᠶᠣ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠨᠢ ᠬᠤᠪᠢᠷᠠᠭᠤᠯᠬᠤ ᠰᠠᠨᠠᠭᠤᠯᠭ᠎ᠠ ᠭᠠᠷᠭᠠᠵᠤ᠂ ᠬᠤᠷᠢᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠠᠰᠠᠭᠤᠳᠠᠯ ᠤᠨ ᠲᠤᠬᠠᠢ 438 ᠬᠡᠷᠡᠭ ᠲᠤ ᠬᠢᠨᠠᠯᠲᠠ ᠲᠠᠯᠪᠢᠨ ᠵᠠᠯᠠᠷᠠᠭᠤᠯᠭ᠎ᠠ ᠬᠢᠯᠭᠡᠪᠡ᠃ ᠬᠡᠷᠡᠭ ᠪᠣᠯᠭᠠᠯᠲᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠬᠡᠷᠡᠭ ᠪᠠᠶᠢᠲᠠᠯ᠎ᠠ ᠬᠡᠷᠡᠭ ᠥᠯᠥ ᠪᠣᠯᠭᠠᠭᠰᠠᠨ ᠪᠣᠶᠣ ᠶᠠᠯ᠎ᠠ ᠲᠠᠢ ᠠᠲᠠᠯ᠎ᠠ ᠬᠠᠷᠢᠭᠤᠴᠠᠯᠭ᠎ᠠ ᠥᠯᠥ ᠨᠡᠬᠡᠮᠵᠢᠯᠡᠭᠰᠡᠨ 572 ᠬᠡᠷᠡᠭ ᠲᠤ ᠬᠢᠨᠠᠯᠲᠠ ᠲᠠᠯᠪᠢᠨ ᠬᠡᠷᠡᠭ ᠪᠣᠯᠭᠠᠭᠤᠯᠵᠤ᠂ ᠰᠢᠭᠦᠬᠦ ᠬᠤᠷᠢᠶ᠎ᠠ 284 ᠬᠦᠮᠦᠨ ᠳᠤ ᠬᠤᠭᠤᠴᠠᠭ᠎ᠠ ᠲᠠᠢ ᠬᠤᠷᠢᠬᠤ ᠠᠴᠠ ᠳᠡᠭᠡᠭᠰᠢᠬᠢ ᠡᠷᠡᠬᠦᠤ ᠰᠢᠳᠬᠡᠯ ᠣᠯᠭᠤᠪᠠ︔ ᠬᠡᠷᠡᠭ ᠪᠣᠯᠭᠠᠬᠤ ᠵᠣᠬᠢᠰ ᠦᠭᠡᠢ ᠠᠲᠠᠯ᠎ᠠ ᠬᠡᠷᠡᠭ ᠪᠣᠯᠭᠠᠭᠰᠠᠨ ᠬᠡᠷᠡᠭ ᠲᠤ ᠬᠢᠨᠠᠯᠲᠠ ᠲᠠᠯᠪᠢᠨ 866 ᠬᠡᠷᠡᠭ ᠢ ᠭᠦᠴᠦᠨ ᠦᠭᠡᠢ ᠪᠣᠯᠭᠠᠭᠤᠯᠪᠠ᠃ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠬᠦᠩᠭᠡᠨ ᠶᠠᠯ᠎ᠠ ᠶᠢ ᠬᠦᠨᠳᠦ ᠪᠠᠷ ᠰᠢᠳᠬᠡᠭᠰᠡᠨ᠂ ᠬᠦᠨᠳᠦ ᠶᠠᠯ᠎ᠠ ᠶᠢ ᠬᠦᠩᠭᠡᠨ ᠢᠶᠠᠷ ᠰᠢᠳᠬᠡᠭᠰᠡᠨ ᠵᠡᠷᠭᠡ ᠥᠨᠡᠨ ᠬᠦ ᠪᠤᠷᠤᠭᠤ ᠲᠠᠢ ᠭᠡᠵᠦ ᠦᠵᠡᠭᠰᠡᠨ 282 ᠡᠷᠡᠬᠦᠤ ᠶᠢᠨ ᠬᠢᠨᠠᠨ ᠰᠢᠬᠦᠯᠲᠡ ᠳᠤ ᠡᠰᠡᠷᠭᠦᠴᠡᠨ ᠵᠠᠭᠠᠯᠳᠤᠯᠭ᠎ᠠ ᠭᠠᠷᠭᠠᠪᠠ᠃ ᠵᠠᠭᠠᠯᠳᠤᠭᠳᠠᠭᠴᠢ ᠯᠢ ᠮᠸᠢ ᠰᠢᠶᠠ᠂ ᠵᠠᠩ ᠯᠢᠤ ᠵᠣ᠋ ᠶᠢᠨ ᠬᠠᠤᠯᠢ ᠪᠤᠰᠤ ᠪᠠᠷ 480 ᠺᠢᠯᠤᠭ᠍ᠷᠠᠮ ᠳᠠᠷᠢ ᠠᠷᠠᠯᠵᠢᠶᠠᠯᠠᠭᠰᠠᠨ ᠬᠡᠷᠡᠭ ᠲᠤ ᠡᠰᠡᠷᠬᠦᠴᠡᠨ ᠵᠠᠭᠠᠯᠳᠤᠯᠭ᠎ᠠ ᠭᠠᠷᠭᠠᠵᠥ᠂ ᠤᠤᠯ ᠤᠨ ᠡᠷᠡᠬᠦᠤ ᠠᠯᠭᠤᠷᠯᠠᠯᠲᠠ ᠶᠢ ᠲᠤᠰ ᠲᠤᠰ 11 ᠵᠢᠯ᠂ 7 ᠵᠢᠯ ᠤᠨ ᠬᠤᠭᠤᠴᠠᠭ᠎ᠠ ᠲᠠᠢ ᠬᠤᠷᠢᠬᠤ ᠡᠷᠡᠭᠦᠦ ᠪᠣᠯᠭᠠᠨ ᠥᠭᠡᠷᠡᠴᠢᠯᠡᠨ ᠲᠠᠰᠤᠯᠵᠠᠢ᠃ ᠴᠧᠨ ᡁᠢ ᠹᠧᠩ᠂ ᠯᠢᠤ ᠡᠾᠦ᠋ᠩ ᠤᠨ ᠳᠠᠮᠵᠢᠭᠤᠯᠥᠨ ᠪᠤᠷᠤᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠤᠭᠰᠠᠨ ᠬᠡᠷᠡᠭ ᠲᠤ ᠬᠢᠨᠠᠯᠲᠠ ᠲᠠᠯᠪᠢᠵᠥ ᠲᠠᠬᠢᠨ ᠰᠢᠭᠦᠯᠭᠡᠭᠡᠳ ᠶᠠᠯ᠎ᠠ ᠦᠭᠡᠢ ᠪᠠᠷ ᠥᠭᠡᠷᠡᠴᠢᠯᠡᠨ ᠲᠠᠰᠤᠯᠤᠭᠤᠯᠪᠠ᠃ ᠡᠷᠡᠭᠦᠦ ᠰᠢᠳᠬᠡᠯᠲᠡ ᠶᠢᠨ ᠭᠦᠢᠴᠡᠳᠭᠡᠯᠲᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠵᠦᠢ ᠪᠤᠰᠤ ᠪᠠᠷ ᠡᠷᠡᠭᠦᠦ ᠬᠦᠩᠭᠡᠯᠡᠭᠰᠡᠨ᠂ ᠲᠡᠩᠰᠡᠨ ᠰᠤᠯᠠᠯᠠᠭᠰᠠᠨ᠂ ᠭᠢᠨᠳᠠᠨ ᠤ ᠭᠠᠳᠠᠨ᠎ᠠ ᠲᠦᠷ ᠭᠦᠢᠴᠡᠳᠬᠡᠭᠦᠯᠦᠭᠰᠡᠨ 3475 ᠬᠦᠮᠥᠨ ᠳᠤ ᠬᠢᠨᠠᠯᠲᠠ ᠲᠠᠯᠪᠢᠵᠥ ᠵᠠᠯᠠᠷᠠᠭᠤᠯᠪᠠ︔ ᠪᠣᠳᠠᠲᠤ ᠡᠷᠡᠭᠦᠦ ᠪᠠᠷ ᠰᠢᠳᠭᠡᠬᠦᠯᠥᠭᠡᠳ ᠡᠷᠡᠭᠦᠦ ᠰᠢᠳᠬᠡᠯ ᠵᠶ᠋ᠠᠨᠥᠯᠥ ᠭᠥᠢᠴᠡᠳᠭᠡᠭᠰᠡᠨ 53 ᠶᠠᠯᠠᠲᠠᠨ ᠢ ᠭᠢᠨᠳᠠᠨ ᠳᠤ ᠬᠤᠷᠢᠶᠠᠮᠵᠢᠯᠠᠨ ᠭᠦᠢᠴᠡᠳᠭᠡᠬᠦᠯᠪᠡ︔ ᠵᠠᠬᠢᠷᠤᠨ ᠬᠠᠮᠢᠶᠠᠷᠤᠯᠲᠠ ᠠᠴᠠ ᠮᠤᠯᠲᠤᠷᠠᠭᠰᠠᠨ ᠭᠤᠭᠤᠵᠢᠭᠳᠠᠭᠰᠠᠨ 145 ᠬᠦᠮᠦᠨ ᠳᠤ ᠬᠢᠨᠠᠯᠲᠠ ᠲᠠᠯᠪᠢᠨ ᠵᠠᠯᠠᠷᠠᠭᠤᠯᠪᠠ᠃ ᠪᠦᠬᠦ ᠣᠷᠣᠨ ᠤ ᠭᠤᠷᠪᠠᠨ ᠱᠠᠲᠤᠨ ᠤ ᠪᠠᠶᠢᠴᠠᠭᠠᠬᠤ ᠬᠤᠷᠢᠶ᠎ᠠ ᠶᠢᠨ 109 ᠪᠠᠶᠢᠴᠠᠭᠠᠬᠤ ᠳᠠᠷᠤᠭ᠎ᠠ ᠠᠳᠠᠯᠢ ᠱᠠᠲᠤᠨ ᠤ ᠰᠢᠭᠦᠬᠦ ᠬᠤᠷᠢᠶᠠᠨ ᠤ ᠰᠢᠭᠦᠨ ᠲᠠᠰᠤᠯᠬᠤ ᠺᠣᠮᠢᠰ ᠤᠨ ᠬᠤᠷᠠᠯ ᠳᠤ ᠰᠤᠯᠠ ᠣᠷᠣᠯᠴᠠᠭᠰᠠᠨ ᠤ ᠬᠠᠮᠲᠤ᠂ 307 ᠬᠡᠷᠡᠭ ᠲᠤ ᠬᠢᠨᠠᠯᠲᠠ ᠲᠠᠯᠪᠢᠬᠤ ᠰᠠᠨᠠᠯ ᠳᠤᠷᠠᠳᠪᠠ᠃
ᠢᠷᠭᠡᠨ ᠤ ᠪᠠ ᠵᠠᠰᠠᠭ ᠵᠠᠬᠢᠷᠭᠠᠨ ᠤ ᠵᠠᠷᠭᠤ ᠶᠢᠨ ᠬᠢᠨᠠᠯᠲᠠ ᠶᠢ ᠰᠠᠶᠢᠵᠢᠷᠠᠭᠤᠯᠪᠠ᠃ ᠢᠷᠭᠡᠨ ᠤ ᠪᠠ ᠵᠠᠰᠠᠭ ᠵᠠᠬᠢᠷᠭᠠᠨ ᠤ ᠬᠡᠷᠡᠭ ᠤᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠶᠢᠨ ᠳᠤᠲᠠᠭᠤᠳᠠᠯ ᠪᠠ ᠪᠠᠭᠤᠷᠠᠢ ᠵᠦᠢᠯ ᠢ ᠬᠥᠴᠥᠯᠡᠨ ᠨᠥᠬᠦᠪᠥᠷᠢᠯᠡᠵᠥ᠂ ᠪᠦᠬᠦ ᠵᠢᠯ ᠳᠤ ᠢᠷᠭᠡᠨ ᠤ ᠪᠠ ᠵᠠᠰᠠᠭ ᠵᠠᠬᠢᠷᠭᠠᠨ ᠤ ᠬᠡᠷᠡᠭ ᠤᠨ ᠪᠠᠶᠢᠴᠠᠭᠠᠬᠤ ᠳᠤ ᠬᠢᠨᠠᠯᠲᠠ ᠲᠠᠯᠪᠢᠭᠰᠠᠨ 11467 ᠬᠡᠷᠡᠭ ᠢ ᠰᠢᠢᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 116.6 % ᠪᠠᠷ ᠳᠡᠭᠡᠭᠰᠢᠯᠡᠵᠡᠢ᠃ 195 ᠬᠡᠷᠡᠭ ᠲᠤ ᠡᠰᠡᠷᠬᠦᠴᠡᠨ ᠵᠠᠭᠠᠯᠳᠤᠯᠭ᠎ᠠ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 5.4% ᠪᠠᠷ ᠳᠡᠭᠡᠭᠰᠢᠯᠡᠪᠡ︔ ᠡᠰᠡᠷᠬᠦᠴᠡᠨ ᠵᠠᠭᠠᠯᠳᠤᠯᠭ᠎ᠠ ᠶᠢᠨ ᠬᠤᠪᠢᠷᠠᠭᠤᠯᠤᠭᠰᠠᠨ ᠨᠣᠷᠮ᠎ᠠ 86% ᠬᠦᠷᠴᠦ᠂ ᠠᠳᠠᠯᠢ ᠬᠤᠭᠤᠴᠠᠭᠠᠨ ᠤ ᠬᠢ ᠠᠴᠠ 25.7 ᠵᠠᠭᠤᠨ ᠤ ᠬᠤᠪᠢ ᠪᠠᠷ ᠳᠡᠭᠡᠭᠰᠢᠯᠡᠪᠡ᠃ 186 ᠬᠤᠪᠢ ᠲᠠᠬᠢᠨ ᠰᠢᠬᠦᠯᠭᠡᠬᠦ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 55.% ᠪᠠᠷ ᠳᠡᠭᠡᠭᠰᠢᠯᠡᠵᠦ᠂ ᠰᠢᠭᠦᠬᠦ ᠬᠤᠷᠢᠶ᠎ᠠ 139 ᠬᠤᠪᠢ ᠶᠢ ᠬᠦᠯᠢᠶᠡᠨ ᠠᠪᠤᠭᠰᠠᠨ ᠪᠠᠶᠢᠨ᠎ᠠ᠃ ᠰᠢᠭᠦᠨ ᠲᠠᠰᠤᠯᠬᠤ ᠠᠵᠢᠯᠯᠠᠭ᠎ᠠ ᠳᠤᠮᠳᠠᠬᠢ ᠬᠠᠤᠯᠢ ᠵᠥᠷᠢᠴᠡᠭᠰᠡᠨ ᠪᠠᠶᠢᠳᠠᠯ ᠳᠤ ᠴᠢᠭᠯᠡᠭᠦᠯᠦᠨ᠂ 617 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠰᠢᠭᠦᠬᠦ ᠬᠤᠷᠢᠶ᠎ᠠ 585 ᠬᠤᠪᠢ ᠶᠢ ᠬᠦᠯᠢᠶᠡᠨ ᠠᠪᠴᠠᠢ᠃ 33《ᠬᠤᠳᠠᠯ ᠬᠠᠭᠤᠷᠮᠠᠭ ᠵᠠᠷᠭᠤ》 ᠳᠤ ᠬᠢᠨᠠᠯᠲᠠ ᠲᠠᠯᠪᠢᠬᠤ ᠰᠠᠨᠠᠯ ᠭᠠᠷᠭᠠᠵᠤ᠂ ᠬᠠᠤᠯᠢ ᠪᠠᠷᠢᠯᠲᠠ ᠶᠢᠨ ᠨᠡᠶᠢᠲᠡ ᠶᠢᠨ ᠢᠳᠡᠭᠡᠮᠵᠢ ᠶᠢ ᠥᠨᠡᠨ ᠬᠦ ᠬᠠᠮᠠᠭᠠᠯᠠᠪᠠ᠃ ᠢᠷᠭᠡᠨ ᠤ ᠪᠠ ᠵᠠᠰᠠᠭ ᠵᠠᠬᠢᠷᠭᠠᠨ ᠤ ᠬᠡᠷᠡᠭ ᠤᠨ ᠭᠦᠢᠴᠡᠳᠭᠡᠯᠲᠠ ᠳᠤ ᠬᠢᠨᠠᠯᠲᠠ ᠲᠠᠯᠪᠢᠬᠤ ᠬᠥᠴᠥᠯᠡᠴᠡ ᠪᠠᠨ ᠨᠡᠮᠡᠭᠳᠡᠬᠦᠯᠵᠥ 2857 ᠬᠤᠪᠢ ᠪᠠᠶᠢᠴᠠᠠᠭᠠᠬᠤ ᠰᠠᠨᠠᠭᠤᠯᠭ᠎ᠠ ᠭᠠᠷᠭᠠᠵᠥ᠂ ᠰᠢᠬᠦᠬᠦ ᠬᠤᠷᠢᠶ᠎ᠠ 2599 ᠬᠤᠪᠢ ᠶᠢ ᠬᠥᠯᠢᠶᠡᠨ ᠠᠪᠴᠠᠢ᠃ ᠠᠷᠠᠳ ᠤᠨ ᠰᠢᠬᠦᠬᠦ ᠬᠤᠷᠢᠶ᠎ᠠ ᠶᠢᠨ ᠭᠦᠢᠴᠡᠳᠭᠡᠬᠦ ᠳᠤ ᠬᠥᠴᠢᠷᠲᠠᠢ ᠠᠰᠠᠭᠤᠳᠠᠯ ᠵᠶ᠋ᠠᠨᠰᠢᠢᠳᠪᠦᠷᠢᠯᠡᠬᠦ ᠶᠢ ᠶᠡᠭᠡᠪᠡᠷ ᠳᠡᠮᠵᠢᠵᠥ᠂ ᠰᠢᠭᠦᠨ ᠲᠠᠰᠤᠯᠤᠯᠲᠠ ᠬᠢᠨᠠᠨ ᠲᠠᠰᠤᠯᠤᠯᠲᠠ ᠶᠢ ᠥᠯᠥ ᠭᠥᠢᠴᠡᠳᠭᠡᠭᠡᠳ ᠶᠠᠯ᠎ᠠ ᠪᠣᠯᠵᠤ ᠪᠥᠷᠢᠯᠳᠤᠭ᠍ᠰᠡᠨ 72 ᠬᠦᠮᠦᠨ ᠳᠤ ᠵᠠᠭᠠᠯᠳᠤᠯᠭ᠎ᠠ ᠭᠠᠷᠭᠠᠪᠠ᠃ ᠵᠠᠷᠭᠤ ᠶᠢᠨ ᠪᠤᠰᠤ ᠭᠦᠢᠴᠡᠳᠭᠡᠯᠲᠡ ᠳᠤ ᠬᠢᠨᠠᠯᠲᠠ ᠲᠠᠯᠪᠢᠬᠤ ᠲᠤᠰᠬᠠᠢ ᠠᠵᠢᠯᠯᠠᠭ᠎ᠠ ᠥᠷᠨᠢᠭᠦᠯᠵᠦ᠂ 465 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠰᠢᠭᠦᠬᠦ ᠬᠤᠷᠢᠶ᠎ᠠ 320 ᠬᠤᠪᠢ ᠶᠢ ᠬᠦᠯᠢᠶᠡᠨ ᠠᠪᠤᠪᠠ᠃
ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ᠰᠠᠶᠢᠲᠤᠷ ᠬᠢᠪᠡ᠃ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠠᠵᠢᠯ ᠢ ᠬᠠᠤᠯᠢ ᠶᠤᠰᠤᠭᠠᠷ ᠥᠷᠨᠢᠬᠦᠯᠬᠦ ᠶᠢ ᠳᠡᠮᠵᠢᠬᠦ ᠰᠠᠨᠠᠯ ᠭᠠᠷᠭᠠᠵᠥ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠠᠴᠠ ᠨᠡᠶᠢᠲᠡ ᠶᠢᠨ ᠠᠰᠢᠭᠲᠤ ᠵᠠᠷᠭᠤ ᠳᠤ 100 ᠭᠠᠷᠤᠢ ᠬᠡᠷᠡᠭ ᠤᠳᠠᠭ᠎ᠠ ᠲᠤᠰᠬᠠᠢ ᠴᠤᠬᠤᠯᠠᠪᠤᠷᠢ ᠭᠠᠷᠭᠠᠵᠥ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ᠬᠠᠤᠯᠢ ᠶᠤᠰᠤᠭᠠᠷ ᠡᠮᠬᠢ ᠵᠢᠷᠤᠮ ᠲᠠᠢ ᠥᠷᠨᠢᠬᠦᠯᠬᠦ ᠳᠤ ᠬᠥᠴᠥᠷᠭᠡᠭ ᠶᠡᠭᠡ ᠬᠥᠳᠡᠯᠭᠡᠬᠦ ᠬᠥᠴᠥᠨ ᠣᠯᠭᠤᠪᠠ᠃ ᠡᠯ᠎ᠡ ᠱᠠᠳᠤᠨ ᠤ ᠪᠠᠶᠢᠴᠠᠠᠭᠠᠬᠤ ᠪᠠᠶᠢᠭᠤᠯᠭ᠎ᠠ ᠨᠡᠶᠢᠲᠡ ᠶᠢᠨ ᠠᠰᠢᠭ ᠢ ᠬᠠᠮᠠᠭᠠᠯᠠᠬᠤ ᠬᠠᠮᠲᠤᠴᠢ ᠴᠤᠭᠴᠠ ᠶᠢᠨ ᠤᠬᠠᠮᠰᠠᠷ ᠢ ᠲᠠᠰᠤᠷᠠᠯᠲᠠ ᠥᠭᠡᠢ ᠴᠢᠩᠭᠠᠳᠬᠠᠵᠤ᠂ ᠤᠯᠤᠰ ᠤᠨ ᠭᠠᠵᠠᠷ ᠰᠢᠷᠣᠢ᠂ ᠣᠷᠴᠢᠨ ᠲᠣᠭᠤᠷᠢᠨ ᠢ ᠬᠠᠮᠠᠭᠠᠯᠠᠬᠤ᠂ ᠢᠳᠡᠭᠡᠨ ᠤ ᠪᠠ ᠡᠮ ᠤᠨ ᠵᠥᠢᠯ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠠᠵᠢᠯᠯᠠᠬᠤ ᠰᠠᠨᠠᠯ ᠲᠣᠭᠲᠠᠭᠠᠵᠤ᠂ ᠰᠢᠬᠦᠨ ᠲᠠᠰᠤᠯᠬᠤ ᠪᠠᠶᠢᠭᠤᠯᠭ᠎ᠠ ᠲᠠᠢ ᠬᠡᠷᠡᠭ ᠰᠢᠳᠭᠡᠬᠦ ᠪᠠᠷᠢᠮᠵᠢᠶ᠎ᠠ ᠪᠠᠨ ᠨᠢᠭᠡᠳᠭᠡᠵᠥ᠂ ᠬᠡᠷᠡᠭ ᠰᠢᠳᠭᠡᠬᠦ ᠵᠢᠷᠤᠮ ᠢ ᠲᠥᠷᠢᠮᠵᠢᠬᠦᠯᠵᠥ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠬᠡᠷᠡᠭ ᠤᠨ ᠰᠥᠪᠡᠭᠴᠢ ᠶᠢ ᠬᠠᠷᠢᠯᠴᠠᠨ ᠰᠢᠯᠵᠢᠭᠦᠯᠦᠨ ᠬᠦᠷᠭᠡᠬᠦ ᠲᠤᠭᠲᠠᠴᠠ ᠶᠢ ᠪᠠᠶᠢᠭᠤᠯᠵᠤ᠂ ᠣᠬᠢ ᠰᠠᠶᠢᠨ ᠦᠢᠯᠡᠳᠦᠯᠴᠡᠯ ᠠᠵᠢᠯ ᠤᠨ ᠪᠠᠶᠢᠷᠢᠯᠠᠭᠤᠯᠤᠯ ᠢ ᠢᠳᠡᠪᠬᠢᠲᠡᠢ ᠴᠣᠭᠴᠠᠯᠠᠨ ᠪᠠᠶᠢᠭᠤᠯᠪᠠ᠃ ᠬᠠᠮᠲᠤᠷᠠᠨ ᠠᠵᠢᠯᠯᠠᠵᠤ ᠬᠤᠯᠪᠣᠭᠠᠯᠠᠨ ᠬᠥᠳᠡᠯᠬᠦ ᠶᠢ ᠴᠢᠩᠭᠠᠳᠬᠠᠵᠤ᠂ ᠾᠧᠪᠸᠢ᠂ ᠱᠠᠨ ᠰᠢ᠂ ᠯᠢᠶᠣᠣᠨᠢᠩ᠂ ᠭᠢᠷᠢᠨ᠂ ᠬᠠᠷᠠᠮᠦ᠋ᠷᠡᠨ᠂ ᠨᠢᠩᠰᠢᠶᠠ ᠵᠢᠷᠭᠤᠭᠠᠨ ᠮᠤᠵᠢ ᠣᠷᠣᠨ ᠤ ᠪᠠᠶᠢᠴᠠᠭᠠᠬᠤ ᠬᠤᠷᠢᠶ᠎ᠠ ᠲᠠᠢ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠤᠯᠪᠣᠭ᠎ᠠ ᠪᠠᠶᠢᠭᠤᠯᠵᠤ᠂ ᠨᠥᠭᠴᠢᠭᠰᠡᠨ ᠪᠠᠭᠠᠲᠤᠷᠴᠣᠳ ᠤᠨ ᠢᠷᠠᠭᠤ ᠠᠯᠳᠠᠷ ᠢ ᠬᠠᠮᠠᠭᠠᠯᠠᠬᠤ ᠵᠡᠷᠭᠡ ᠴᠡᠷᠢᠭ ᠲᠠᠢ ᠬᠤᠯᠪᠣᠭᠳᠠᠬᠤ ᠨᠡᠶᠢᠲᠡ ᠶᠢᠨ ᠠᠰᠢᠭᠲᠤ ᠵᠠᠷᠭᠤ ᠶᠢᠨ ᠲᠠᠯ᠎ᠠ ᠪᠠᠷ ᠴᠡᠷᠢᠭ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠠᠵᠢᠯᠯᠠᠬᠤ ᠪᠠᠨ ᠴᠢᠩᠭᠠᠳᠬᠠᠵᠤ᠂ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠬᠠᠮ ᠬᠦᠴᠦᠨ ᠢᠶᠠᠨ ᠨᠡᠮᠡᠭᠳᠡᠭᠦᠯᠪᠡ᠃《 ᠵᠠᠭᠠᠯᠳᠤᠯᠭ᠎ᠠ ᠭᠠᠷᠭᠠᠬᠤ ᠪᠣᠯ ᠬᠡᠷᠡᠭ ᠰᠢᠳᠭᠡᠬᠦ ᠶᠠᠪᠤᠳᠠᠯ ᠮᠦᠨ᠂ ᠲᠤᠰᠢᠶᠠᠯ ᠢᠶᠠᠨ ᠭᠦᠢᠴᠡᠳᠭᠡᠬᠦ ᠶᠢ ᠱᠠᠯᠠᠪᠳᠠᠬᠤ ᠨᠢ ᠮᠥᠨᠴᠦ ᠬᠡᠷᠡᠭ ᠰᠢᠳᠭᠡᠬᠦ ᠶᠠᠪᠤᠳᠠᠯ 》ᠭᠡᠬᠦ ᠣᠨᠣᠯᠵᠢᠬᠤᠨ ᠢ ᠪᠠᠷᠢᠮᠲᠠᠯᠠᠵᠥ᠂ ᠲᠤᠰᠢᠶᠠᠯ ᠢ ᠨᠢ ᠭᠦᠢᠴᠡᠳᠭᠡᠬᠦᠯᠬᠦ ᠪᠠᠷ ᠱᠠᠭᠠᠷᠳᠠᠭᠰᠠᠨ 7312 ᠬᠡᠷᠡᠭ ᠢ ᠰᠢᠢᠳᠪᠦᠷᠢᠯᠡᠵᠦ᠂ 80% ᠠᠴᠠ ᠳᠡᠭᠡᠭᠰᠢᠬᠢ ᠨᠡᠶᠢᠲᠡ ᠶᠢᠨ ᠠᠰᠢᠭ ᠢ ᠬᠤᠬᠢᠷᠠᠭᠤᠯᠤᠭᠰᠠᠨ ᠠᠰᠠᠭᠤᠳᠠᠯ ᠨᠢ ᠵᠠᠷᠭᠤ ᠶᠢᠨ ᠡᠮᠦᠨ᠎ᠡ ᠲᠣᠬᠢᠷᠠᠮᠵᠢᠲᠠᠢ ᠰᠢᠢᠳᠪᠦᠷᠢᠯᠡᠭᠳᠡᠵᠦ᠂ ᠵᠠᠷᠭᠤ ᠶᠢᠨ ᠡᠮᠦᠨᠡᠬᠢ ᠵᠢᠷᠤᠮ ᠢᠶᠠᠷ ᠳᠠᠮᠵᠢᠭᠠᠳ ᠦᠯᠦ ᠰᠢᠢᠳᠪᠦᠷᠢᠯᠡᠭᠳᠡᠭᠰᠡᠨ ᠠᠰᠠᠭᠤᠳᠠᠯ ᠲᠠᠢ 110 ᠬᠡᠷᠡᠭ ᠲᠤ ᠨᠠᠶᠢᠲᠡ ᠶᠢᠨ ᠠᠰᠢᠭᠲᠤ ᠵᠠᠭᠠᠯᠳᠤᠯᠭ᠎ᠠ ᠭᠠᠷᠭᠠᠪᠠ᠃ ᠤᠯᠤᠰ ᠤᠨ ᠠᠰᠢᠭ ᠲᠤᠰᠠ ᠶᠢᠨ ᠬᠠᠮᠠᠭᠠᠯᠠᠯᠲᠠ ᠶᠢ ᠴᠢᠬᠤᠯᠠᠴᠢᠯᠠᠵᠤ᠂ ᠬᠡᠷᠡᠭ ᠰᠢᠳᠭᠡᠬᠦ ᠪᠠᠷ ᠳᠠᠮᠵᠢᠨ7.4 ᠳ᠋ᠥᠩᠰᠢᠭᠤᠷ ᠲᠥᠭᠦᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠱᠠᠯᠠᠪᠳᠠᠭᠤᠯᠤᠨ ᠪᠤᠴᠠᠭᠠᠨ ᠠᠪᠴᠢᠷᠠᠪᠠ᠃ ᠨᠢᠭᠡ ᠬᠡᠷᠡᠭ ᠢ ᠰᠢᠢᠳᠪᠦᠷᠢᠯᠡᠬᠦ ᠪᠠᠷ ᠳᠠᠮᠵᠢᠨ ᠨᠢᠭᠡ ᠬᠡᠰᠡᠭ ᠲᠤ ᠵᠠᠰᠠᠵᠥ᠂ ᠨᠢᠭᠡ ᠲᠠᠯ᠎ᠠ ᠳᠤ ᠬᠠᠷᠠᠭᠠᠯᠵᠠᠯ ᠥᠵᠡᠬᠦᠯᠥᠭᠰᠡᠨ ᠥᠷ᠎ᠡ ᠪᠥᠳᠤᠮᠵᠢ ᠶᠢ ᠨᠡᠯᠢᠶᠡᠳ ᠰᠠᠶᠢᠨ ᠪᠡᠶᠠᠯᠡᠬᠦᠯᠪᠠ᠃
ᠲᠠᠪᠤ᠂ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠲᠠᠪᠤᠷᠢᠵᠢᠭᠤᠯᠵᠤ᠂ ᠪᠠᠶᠢᠴᠠᠭᠠᠬᠤ ᠡᠷᠬᠡ ᠪᠠᠨ ᠬᠠᠤᠯᠢ ᠶᠤᠰᠤᠭᠠᠷ ᠪᠡᠶ᠎ᠡ ᠪᠠᠨ ᠳᠠᠭᠠᠭᠠᠨ ᠲᠥᠪ ᠭᠤᠤᠯᠴᠢ ᠪᠠᠷ ᠬᠡᠷᠡᠭᠵᠢᠬᠦᠯᠬᠦ ᠪᠠᠶᠢᠭᠤᠯᠥᠮᠵᠢ ᠲᠤᠭᠲᠠᠴᠠ ᠶᠢ ᠲᠠᠰᠤᠷᠠᠯᠲᠠ ᠥᠭᠡᠢ ᠲᠡᠬᠦᠯᠳᠡᠷᠵᠢᠬᠦᠯᠪᠠ᠃
ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠪᠠ ᠃ ᠪᠠᠶᠢᠴᠠᠭᠠᠬᠤ ᠳᠠᠷᠤᠭ᠎ᠠ᠂ ᠪᠠᠶᠢᠴᠠᠭᠠᠬᠤ ᠺᠣᠮᠢᠰ᠂ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠬᠠᠷᠢᠭᠤᠴᠠᠯᠭ᠎ᠠ ᠶᠢᠨ ᠡᠷᠬᠡ ᠮᠡᠳᠡᠯ ᠢ ᠲᠣᠬᠢᠷᠠᠭᠤᠯᠤᠨ ᠰᠢᠯᠢᠳᠡᠭᠵᠢᠭᠦᠯᠵᠦ᠂ ᠰᠢᠨ᠎ᠡ ᠬᠡᠯᠪᠡᠷᠢ ᠶᠢᠨ ᠪᠠᠶᠢᠴᠠᠭᠠᠬᠤ ᠡᠷᠬᠡ ᠶᠢᠨ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠵᠦ᠂ ᠡᠷᠬᠡ ᠪᠠᠨ ᠳᠣᠷᠣᠭᠰᠢ ᠪᠠᠭᠤᠯᠭᠠᠪᠠᠴᠤ ᠡᠬᠦᠷᠭᠡ ᠬᠠᠷᠢᠭᠤᠴᠠᠯᠭ᠎ᠠ ᠪᠠᠨ ᠦᠯᠦ ᠲᠠᠶᠠᠭᠳᠠᠬᠤ᠂ ᠡᠷᠬᠡ ᠪᠠᠨ ᠬᠡᠷᠡᠭᠯᠡᠬᠦ ᠳᠤ ᠬᠢᠨᠠᠯᠲᠠ ᠬᠦᠯᠢᠶᠡᠬᠦ ᠶᠢ ᠪᠠᠲᠤᠯᠠᠭᠰᠠᠨ ᠪᠠᠶᠢᠨ᠎ᠠ᠃ ᠪᠠᠶᠢᠴᠠᠭᠠᠬᠤ ᠲᠤᠰᠢᠶᠠᠯᠲᠠᠨ ᠤ ᠪᠡᠶᠡᠴᠢ ᠴᠣᠭᠴᠠᠲᠤ ᠪᠠᠶᠢᠷᠢ ᠰᠠᠭᠤᠷᠢ ᠶᠢ ᠳᠣᠪᠣᠶᠢᠯᠭᠠᠵᠤ᠂ ᠣᠷᠣᠨ ᠲᠣᠭᠠᠲᠤ ᠪᠠᠶᠢᠴᠠᠭᠠᠬᠤ ᠲᠤᠰᠢᠶᠠᠯᠲᠠᠨ ᠪᠡᠶ᠎ᠡ ᠪᠠᠨ ᠳᠠᠭᠠᠭᠠᠨ ᠲᠣᠭᠲᠠᠭᠠᠭᠰᠠᠨ ᠬᠡᠷᠡᠭ 80% ᠠᠴᠠ ᠳᠡᠭᠡᠭᠰᠢᠬᠢ ᠶᠢ ᠡᠵᠡᠯᠡᠵᠦ᠂ ᠪᠠᠶᠢᠴᠠᠭᠠᠬᠤ ᠺᠣᠮᠢᠰ ᠲᠤ ᠳᠡᠪᠰᠢᠭᠦᠯᠦᠨ ᠶᠠᠷᠢᠯᠴᠠᠭᠤᠯᠬᠤ ᠬᠡᠷᠡᠭ ᠠᠳᠠᠯᠢ ᠬᠤᠭᠤᠴᠠᠭᠠᠨ ᠠᠴᠠ 19.6% ᠪᠠᠷ ᠪᠠᠭᠤᠷᠠᠭᠰᠠᠨ ᠪᠠᠶᠢᠨ᠎ᠠ᠃ ᠤᠳᠤᠷᠢᠳᠬᠤ ᠺᠳ᠋ᠷ ᠤᠨ ᠬᠡᠷᠡᠭ ᠰᠢᠳᠭᠡᠬᠦ ᠱᠠᠭᠠᠷᠳᠠᠯᠭ᠎ᠠ ᠶᠢ ᠨᠠᠶᠢᠲᠠᠪᠤᠷᠢᠵᠢᠭᠤᠯᠵᠤ᠂ ᠥᠪᠡᠷᠳᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠣᠷᠣᠨ ᠲᠤᠭ᠎ᠠ ᠳᠤ ᠣᠷᠣᠭᠰᠠᠨ ᠤᠳᠤᠷᠢᠳᠤᠯᠭ᠎ᠠ 80 ᠬᠡᠷᠡᠭ ᠰᠢᠳᠭᠡᠵᠦ᠂ ᠠᠶᠢᠮᠠᠭ ᠬᠤᠲᠠ ᠬᠤᠰᠢᠭᠤ ᠰᠢᠶᠠᠨ ᠤ ᠪᠠᠶᠢᠴᠠᠭᠠᠬᠤ ᠳᠠᠷᠤᠭ᠎ᠠ᠂ ᠲᠡᠳ᠋ ᠪᠠᠶᠢᠴᠠᠭᠠᠬᠤ ᠳᠠᠷᠤᠭ᠎ᠠ ᠨᠡᠶᠢᠲᠡ 17599 ᠬᠡᠷᠡᠭ ᠰᠢᠳᠭᠡᠵᠡᠢ᠃
ᠬᠠᠤᠯᠢ ᠪᠠᠷᠢᠯᠲᠠ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠪᠦᠬᠦ ᠤᠯᠤᠰ ᠲᠤ ᠬᠠᠮᠤᠭ ᠤᠷᠢᠳᠠᠪᠡᠷ ᠣᠷᠣᠨ ᠲᠣᠭᠠᠲᠤ ᠪᠠᠶᠢᠴᠠᠭᠠᠬᠤ ᠲᠤᠰᠢᠶᠠᠯᠲᠠᠨ ᠢ ᠬᠥᠳᠡᠯᠥᠩᠬᠦᠢ ᠲᠣᠬᠢᠷᠠᠭᠤᠯᠬᠤ ᠲᠤᠭᠲᠠᠴᠠ ᠶᠢ ᠪᠠᠶᠢᠭᠤᠯᠵᠤ᠂ ᠣᠷᠣᠨ ᠲᠤᠭ᠎ᠠ ᠶᠢ ᠮᠤᠵᠢ ᠶᠢᠨ ᠱᠠᠲᠤᠨ ᠠᠴᠠ ᠨᠢᠭᠡᠳᠦᠯ ᠲᠠᠢ ᠲᠦᠯᠦᠪᠵᠢᠭᠦᠯᠦᠨ ᠬᠠᠮᠢᠶᠠᠷᠬᠤ ᠶᠢ ᠬᠡᠷᠡᠭᠵᠢᠬᠦᠯᠵᠥ᠂ ᠬᠡᠷᠡᠭ ᠤᠨ ᠲᠤᠭ᠎ᠠ ᠪᠠᠷ ᠣᠷᠣᠨ ᠲᠤᠭ᠎ᠠ ᠲᠣᠭᠲᠠᠭᠠᠬᠤ ᠶᠢ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ 86 ᠲᠤᠰᠬᠠᠢ ᠣᠷᠣᠨ ᠲᠤᠭ᠎ᠠ ᠶᠢ ᠨᠢᠭᠡᠳᠦᠯ ᠲᠠᠢ ᠬᠤᠪᠢᠶᠠᠷᠢᠯᠠᠵᠤ᠂ 357 ᠣᠷᠣᠨ ᠲᠣᠭᠠᠲᠤ ᠪᠠᠶᠢᠴᠠᠭᠠᠬᠤ ᠲᠤᠰᠢᠶᠠᠯᠲᠠᠨ ᠢ ᠲᠣᠬᠢᠷᠠᠭᠤᠯᠤᠨ ᠬᠤᠪᠢᠶᠠᠷᠢᠯᠠᠪᠠ᠃ ᠵᠣᠬᠢᠶᠠᠨ ᠪᠠᠶᠢᠭᠤᠯᠬᠤ᠂ ᠬᠥᠮᠥᠨ ᠤ ᠬᠥᠴᠥᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠲᠦᠰᠥᠯ ᠲᠣᠭᠲᠠᠭᠠᠵᠤ᠂ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ᠂ ᠪᠢᠴᠢᠭᠡᠴᠢ ᠶᠢᠨ ᠲᠤᠰᠢᠶᠠᠯ ᠤᠨ ᠳᠠᠷᠠᠭᠠᠯᠠᠯ ᠤᠨ ᠥᠭᠡᠷᠡᠴᠢᠯᠡᠯᠲᠡ ᠶᠢ ᠠᠬᠢᠭᠤᠯᠵᠤ᠂ ᠤᠷᠢᠨ ᠲᠣᠮᠢᠯᠠᠬᠤ ᠲᠥᠷᠢᠮᠳᠤ ᠪᠢᠴᠢᠭᠡᠴᠢ ᠡᠯᠰᠡᠬᠦ ᠠᠵᠢᠯ ᠢ ᠡᠮᠬᠢ ᠵᠢᠷᠤᠮ ᠲᠠᠢ ᠲᠦᠯᠬᠢᠨᠠᠬᠢᠭᠤᠯᠪᠠ᠃ ᠬᠡᠷᠡᠭᠴᠡᠭᠡ ᠪᠠᠷ ᠨᠦᠬᠦᠪᠦᠷᠢᠯᠡᠬᠦ ᠶᠢ ᠪᠠᠷᠢᠮᠲᠠᠯᠠᠨ᠂ ᠬᠤᠶᠠᠳᠤᠭᠠᠷ ᠪᠦᠯᠦᠭ ᠤᠨ 343 ᠣᠷᠣᠨ ᠲᠣᠭᠠᠲᠤ ᠪᠠᠶᠢᠴᠠᠭᠠᠬᠤ ᠲᠤᠰᠢᠶᠠᠯᠲᠠᠨ ᠢ ᠰᠤᠩᠭᠤᠨ ᠰᠢᠯᠭᠠᠵᠤ᠂ 23 ᠣᠷᠣᠨ ᠲᠣᠭᠠᠲᠤ ᠪᠠᠶᠢᠴᠠᠭᠠᠬᠤ ᠲᠤᠰᠢᠶᠠᠯᠲᠠᠨ ᠢ ᠰᠤᠩᠭᠤᠵᠤ ᠦᠨᠳᠦᠰᠦᠨ ᠱᠠᠲᠤᠨ ᠳᠤ ᠲᠣᠮᠢᠯᠠᠨ ᠬᠡᠷᠡᠭ ᠰᠢᠳᠬᠡᠭᠦᠯᠪᠡ᠃ ᠣᠷᠣᠨ ᠲᠣᠭᠠᠲᠤ ᠪᠠᠶᠢᠴᠠᠭᠠᠬᠤ ᠲᠤᠰᠢᠶᠠᠯᠳᠠᠨ ᠠᠴᠠ ᠭᠠᠷᠬᠤ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠴᠢᠳᠠᠪᠤᠷᠢ ᠦᠭᠡᠢ ᠬᠦᠮᠦᠨ ᠢᠶᠠᠷ ᠣᠷᠣᠨ ᠲᠤᠭ᠎ᠠ ᠪᠥᠭᠯᠡᠭᠦᠯᠵᠦ ᠬᠢᠵᠠᠭᠠᠷ ᠲᠠᠢ ᠣᠷᠣᠨ ᠲᠤᠭ᠎ᠠ ᠶᠢ ᠰᠢᠬᠠᠨ ᠡᠵᠡᠯᠡᠬᠦ ᠶᠢ ᠡᠷᠡᠰ ᠬᠤᠷᠢᠭᠯᠠᠪᠠ᠃
ᠪᠠᠶᠢᠴᠠᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢᠨ ᠬᠤᠪᠢᠷᠠᠯᠲᠠ ᠶᠢ ᠠᠬᠢᠭᠤᠯᠪᠠ᠃ ᠣᠳᠣ ᠦᠶ᠎ᠡ ᠶᠢᠨ ᠲᠧᠭᠨᠢᠭ ᠮᠡᠷᠭᠡᠵᠢᠯ ᠪᠣᠯᠣᠨ ᠪᠠᠶᠢᠴᠠᠭᠠᠬᠤ ᠠᠵᠢᠯ ᠤᠨ ᠭᠦᠨ ᠠᠭᠤᠰᠤᠯᠴᠠᠯ ᠢ ᠠᠬᠢᠭᠤᠯᠵᠤ᠂ ᠤᠶᠤᠨᠴᠢ ᠪᠠᠶᠢᠴᠠᠭᠠᠬᠤ ᠠᠵᠢᠯ ᠤᠨ ᠲᠠᠪᠴᠠᠩ ᠢ ᠪᠠᠶᠢᠭᠤᠯᠵᠤ᠂ ᠬᠡᠷᠡᠭ ᠰᠢᠳᠭᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠠᠮᠢᠶᠠᠷᠤᠯᠲᠠ ᠶᠢᠨ ᠦᠷ᠎ᠡ ᠠᠰᠢᠭ ᠢ ᠰᠠᠶᠢᠵᠢᠷᠠᠭᠤᠯᠵᠤ᠂ ᠠᠷᠠᠳ ᠢᠷᠭᠡᠳ ᠲᠤ ᠦᠢᠯᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ 15 ᠠᠶᠢᠮᠠᠭ ᠬᠤᠲᠠ ᠶᠢᠨ ᠬᠤᠷᠢᠶ᠎ᠠ ᠪᠠ ᠠᠰᠲᠠᠭᠠᠨ ᠲᠦᠯᠦᠪᠯᠡᠭᠡ ᠬᠢᠬᠦ 2 ᠬᠤᠲᠠ ᠶᠢᠨ ᠬᠤᠷᠢᠶ᠎ᠠ ᠬᠡᠷᠡᠭ ᠶᠠᠷᠢᠯᠴᠠᠨ ᠵᠥᠪᠳᠡᠯᠴᠡᠬᠦ ᠳᠠᠭᠤᠷᠢᠶᠠᠮᠠᠯ ᠰᠢᠰᠲ᠋ᠧᠮ ᠢ ᠤᠯᠤᠰ ᠤᠨ ᠬᠡᠪᠴᠢᠶᠡᠨ ᠳᠤ ᠲᠥᠷᠥᠬᠦᠯᠡᠨ ᠪᠠᠶᠢᠭᠤᠯᠵᠤ᠂ ᠠᠯᠤᠰ ᠡᠵᠡᠮᠰᠢᠯᠲᠤ《ᠨᠢᠭᠤᠷᠳᠠᠯᠴᠠᠨ》ᠬᠡᠷᠡᠭ ᠰᠢᠳᠭᠡᠬᠦ ᠶᠢ ᠪᠡᠶᠡᠯᠡᠭᠦᠯᠵᠡᠢ᠃ ᠠᠯᠤᠰ ᠠᠴᠠ ᠰᠢᠭᠦᠨ ᠠᠰᠠᠭᠤᠬᠤ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠰᠢᠭᠦᠭᠦ ᠬᠤᠷᠢᠶ᠎ᠠ᠂ ᠬᠤᠷᠢᠭᠤᠯ ᠤᠨ ᠭᠠᠵᠠᠷ ᠲᠠᠢ ᠬᠤᠯᠪᠣᠭᠰᠠᠨ ᠠᠯᠤᠰ ᠠᠴᠠ ᠰᠢᠭᠦᠨ ᠠᠰᠠᠭᠤᠬᠤ᠂ ᠠᠯᠤᠰ ᠠᠴᠠ ᠲᠢᠩᠭᠢᠮ ᠨᠡᠭᠡᠭᠡᠬᠦ ᠶᠢ ᠲᠥᠯᠬᠢᠨ ᠠᠬᠢᠭᠤᠯᠪᠠ᠃ ᠬᠡᠷᠡᠭ ᠰᠢᠳᠬᠡᠬᠦ ᠤᠶᠤᠨᠲᠤ ᠲᠤᠰᠠᠯᠠᠬᠤ ᠰᠢᠰᠲ᠋ᠧᠮ ᠢ ᠰᠤᠳᠤᠯᠤᠨ ᠨᠡᠭᠡᠭᠡᠵᠦ ᠂ ᠬᠡᠷᠡᠭ ᠢ ᠬᠦᠷᠭᠡᠬᠦ᠂ ᠪᠢᠴᠢᠭ ᠬᠠᠷ᠎ᠠ ᠶᠢ ᠵᠠᠯᠠᠷᠠᠭᠤᠯᠬᠤ᠂ ᠬᠡᠷᠡᠭ ᠤᠨ ᠴᠢᠨᠠᠷ ᠴᠢᠨᠰᠠᠭ᠎ᠠ ᠶᠢ ᠤᠷᠢᠳᠴᠢᠯᠠᠨ ᠪᠠᠶᠢᠴᠠᠭᠠᠬᠤ ᠰᠢᠰᠲ᠋ᠧᠮ ᠪᠣᠯᠣᠨ ᠤᠶᠤᠨᠲᠤ ᠦᠭᠡ ᠬᠡᠯᠡᠨ ᠤ ᠮᠡᠷᠭᠡᠵᠢᠯ ᠢ ᠥᠷᠭᠡᠨ ᠳᠡᠯᠭᠡᠷ ᠬᠡᠷᠡᠭᠯᠡᠪᠡ᠃ ᠮᠣᠩᠭᠤᠯ ᠬᠢᠲᠠᠳ ᠬᠤᠣᠰ ᠬᠡᠯᠡᠨ ᠤ ᠠᠪᠢᠶ᠎ᠠ ᠶᠢ ᠢᠯᠭᠠᠨ ᠲᠠᠨᠢᠬᠤ ᠤᠶᠤᠨᠲᠤ ᠰᠢᠰᠲ᠋ᠧᠮ᠂ ᠮᠣᠩᠭᠤᠯ ᠬᠢᠲᠠᠳ ᠬᠡᠯᠡᠨ ᠤ ᠤᠶᠤᠨᠴᠢ ᠣᠷᠴᠢᠭᠤᠯᠭ᠎ᠠ ᠶᠢᠨ ᠲᠠᠪᠴᠠᠩ ᠨᠢ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ᠂ ᠤᠯᠤᠰ ᠤᠨ ᠥᠨᠳᠥᠰᠤᠳᠡᠨ ᠤ ᠬᠡᠷᠡᠭ ᠡᠷᠬᠢᠯᠡᠬᠦ ᠵᠥᠪᠯᠡᠯ ᠠᠴᠠ ᠪᠦᠬᠦ ᠤᠯᠤᠰ ᠤᠨ ᠲᠣᠷᠰᠢᠯᠲᠠ ᠶᠢᠨ ᠲᠥᠷᠥᠯ ᠵᠦᠢᠯ ᠢᠶᠠᠷ ᠲᠣᠭᠲᠠᠭᠠᠪᠠ᠃ ᠪᠠᠶᠢᠴᠠᠭᠠᠬᠤ ᠳ᠋ᠠᠶᠢᠲ᠋ᠠ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠶᠢᠳᠬᠡᠵᠦ ᠦᠨ᠎ᠡ ᠥᠷᠲᠡᠭ ᠢ ᠨᠢ ᠠᠭᠤᠳᠠᠯᠵᠤ ᠠᠯᠪᠠᠯᠠᠬᠤ ᠪᠠ ᠬᠡᠷᠡᠭ ᠰᠢᠳᠬᠡᠬᠦ ᠳᠤ ᠦᠢᠯᠡᠴᠢᠯᠡᠭᠦᠯᠪᠡ᠃ ᠪᠣᠭᠤᠲᠣ᠂ ᠬᠥᠯᠥᠨ ᠪᠤᠶᠢᠷ ᠬᠤᠲᠠ ᠶᠢᠨ ᠬᠤᠶᠠᠷ ᠱᠠᠲᠤᠨ ᠤ ᠬᠤᠷᠢᠶ᠎ᠠ ᠨᠢ ᠨᠡᠶᠢᠲᠡ ᠶᠢᠨ ᠠᠰᠢᠭᠲᠤ ᠵᠠᠷᠭᠤ ᠶᠢᠨ ᠳ᠋ᠠᠶᠢᠲ᠋ᠠ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢ ᠲᠤᠷᠰᠢᠨ ᠶᠠᠪᠤᠭᠳᠠᠭᠤᠯᠵᠠᠢ᠃ ᠪᠠᠶᠠᠨᠨᠠᠭᠤᠷ ᠬᠤᠲᠠ ᠶᠢᠨ ᠬᠤᠶᠠᠷ ᠱᠠᠲᠤᠨ ᠤ ᠬᠤᠷᠢᠶ᠎ᠠ ᠨᠢ ᠠᠵᠢᠯ ᠤᠨ ᠪᠥᠳᠤᠮᠵᠢ ᠶᠢᠨ ᠬᠠᠮᠢᠶᠠᠷᠤᠯᠲᠠ ᠶᠢᠨ ᠤᠶᠤᠨᠲᠤ ᠲᠠᠪᠴᠠᠩ ᠢ ᠪᠠᠶᠢᠭᠤᠯᠥᠨ ᠬᠡᠷᠡᠭᠯᠡᠭᠡᠳ ᠪᠠᠶᠢᠴᠠᠭᠠᠬᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠬᠤ ᠶᠢ ᠠᠬᠢᠭᠤᠯᠪᠠ᠃
ᠵᠢᠷᠭᠤᠭ᠎ᠠ᠂ ︽ᠲᠠᠪᠤᠨ ᠲᠠᠯ᠎ᠠ ᠪᠠᠷ ᠴᠠᠭᠠᠷᠠᠵᠤ ᠬᠠᠲᠠᠭᠤᠵᠢᠬᠤ︾ ᠱᠠᠭᠠᠷᠳᠠᠯᠭ᠎ᠠ ᠶᠢ ᠨᠡᠶᠢᠳᠠᠪᠤᠷᠢᠵᠢᠭᠤᠯᠵᠥ᠂ ᠦᠪᠡᠷ ᠢ ᠪᠠᠨ ᠱᠠᠭᠠᠷᠳᠠᠵᠤ ᠥᠪᠡᠷ ᠢ ᠪᠠᠨ ᠬᠥᠴᠥᠷᠭᠡᠭᠵᠢᠬᠦᠯᠬᠦ ᠶᠢ ᠴᠢᠬᠤᠯᠠᠴᠢᠯᠠᠵᠤ ᠡᠩᠨᠡᠭᠡᠨ ᠤ ᠪᠠᠶᠢᠭᠤᠯᠤᠯᠲᠠ ᠶᠢ ᠴᠢᠩᠭ᠎ᠠ ᠠᠳᠬᠤᠪᠠ
ᠤᠯᠤᠰ ᠲᠥᠷᠥ ᠶᠢᠨ ᠳᠠᠭᠠᠭᠤᠯᠤᠯ ᠢ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠴᠢᠭᠯᠡᠯ ᠢᠶᠠᠨ ᠲᠣᠭᠲᠠᠭᠠᠬᠤ ᠶᠢ ᠪᠠᠷᠢᠮᠲᠠᠯᠠᠨ᠂ ︽ᠤᠤᠯ ᠵᠣᠬᠢᠶᠠᠯ ᠢ ᠣᠩᠰᠢᠬᠤ — ᠲᠠᠨᠢᠯᠲᠠ ᠪᠠᠨ ᠶᠠᠷᠢᠬᠤ — ᠠᠵᠢᠯᠯᠠᠭ᠎ᠠ ᠪᠠᠨ ᠰᠢᠨᠵᠢᠬᠦ — ᠥᠷ᠎ᠡ ᠪᠥᠳᠥᠮᠵᠢ ᠪᠠᠨᠬᠠᠷᠠᠬᠤ︾ ᠰᠤᠷᠴᠤ ᠬᠡᠷᠡᠭᠯᠡᠬᠦ ᠶᠢ ᠦᠨᠡᠯᠡᠬᠦ ᠲᠤᠭᠲᠠᠴᠠ ᠶᠢ ᠪᠠᠶᠢᠭᠤᠯᠤᠨ᠂ ᠬᠥᠨᠳᠡᠯᠡᠨ ᠪᠠᠷ ᠪᠠᠶᠢᠭᠤᠯᠭ᠎ᠠ ᠪᠠᠨ ᠠᠳᠬᠤᠵᠤ᠂ ᠭᠤᠯᠲᠤ ᠪᠠᠷ ᠰᠢᠰᠲ᠋ᠧᠮ ᠢᠶᠠᠨ ᠠᠳᠬᠤᠨ᠂ ᠨᠠᠮ ᠤᠨ ᠡᠭᠦᠷ ᠢ ᠭᠤᠣᠯᠳᠠᠯᠭ᠎ᠠ ᠲᠠᠢ ᠠᠳᠬᠤᠨ᠂ ᠶᠡᠬᠡᠪᠡᠷ ᠰᠤᠷᠤᠯᠴᠠᠬᠤ ᠶᠡᠬᠡᠪᠡᠷ ᠰᠤᠳᠤᠯᠤᠨ ᠶᠠᠷᠢᠯᠴᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠵᠢᠩᠭᠢᠨᠢ ᠡᠵᠡᠮᠰᠢᠵᠦ ᠵᠢᠩᠭᠢᠨᠢ ᠣᠶᠢᠯᠠᠭᠠᠵᠤ ᠵᠢᠩᠭᠢᠨᠢ ᠢᠲᠡᠭᠡᠨ ᠵᠢᠩᠭᠢᠨᠢ ᠬᠡᠷᠡᠭᠯᠡᠬᠦ ᠪᠣᠯᠭᠠᠨ᠎ᠠ᠃ ︽ᠠᠯᠢᠪᠠ ᠠᠵᠢᠯ ᠢ ᠨᠠᠮ ᠤᠨ ᠡᠭᠦᠷ ᠲᠤ ᠳᠠᠭᠠᠭᠠᠯᠭᠠᠬᠤ︾ ᠵᠠᠮᠴᠢᠯᠠᠭᠤᠷ ᠢ ᠪᠣᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠡᠷᠴᠢᠮᠵᠢᠭᠦᠯᠪᠠ᠃ ᠬᠤᠰᠢᠭᠤᠴᠢ ᠲᠠᠭᠤᠷᠢᠶᠠᠯ ᠤᠨ ᠳᠠᠭᠠᠭᠤᠯᠤᠯ ᠢ ᠴᠢᠬᠤᠯᠠᠴᠢᠯᠠᠨ ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠲᠠᠨ ᠴᠦᠨ ᠬᠤᠸᠠ᠂ ᠪᠠᠢ ᠵᠢᠩ ᠵᠡᠷᠭᠡ 192 ᠲᠡᠷᠢᠭᠦᠨ ᠤ ᠬᠤᠪᠢ ᠬᠦᠮᠦᠨ᠂ ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠬᠤᠷᠢᠶ᠎ᠠ ᠬᠦᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠤᠷᠢᠶ᠎ᠠ ᠵᠡᠷᠭᠡ 161 ᠲᠡᠷᠢᠭᠦᠨ ᠤ ᠬᠠᠮᠲᠤ ᠦᠪᠡᠷᠳᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠬᠦᠬᠢᠭᠦᠯᠦᠯ ᠢ ᠬᠥᠷᠲᠡᠪᠡ᠃ ᠪᠠᠶᠢᠴᠠᠭᠠᠬᠤ ᠰᠣᠶᠣᠯ ᠤᠨ ᠳᠠᠭᠠᠭᠤᠯᠤᠯ ᠢ ᠡᠷᠴᠢᠮᠵᠢᠭᠦᠯᠵᠦ᠂ ︽ᠦᠨᠡᠨᠴᠢ ᠰᠢᠳᠤᠷᠭᠤ᠂ ᠬᠠᠤᠯᠢ ᠶᠢ ᠳᠡᠭᠡᠳᠦᠯᠡᠬᠦ᠂ ᠠᠭᠤᠳᠠᠮ ᠪᠠᠭᠲᠠᠭᠠᠮᠵᠢᠲᠠᠢ᠂ ᠲᠡᠰᠪᠤᠷᠢ ᠬᠠᠲᠠᠭᠤᠵᠢᠯᠲᠠᠢ︾ ᠪᠠᠶᠢᠬᠤ ᠥᠪᠥᠷ ᠮᠣᠩᠭᠤᠯ ᠤᠨ ᠪᠠᠶᠢᠴᠠᠭᠠᠬᠤ ᠵᠣᠷᠢᠭ ᠰᠠᠨᠠᠭ᠎ᠠ ᠪᠠᠷ ᠣᠶᠣᠨ ᠰᠡᠳᠬᠢᠯ ᠢᠶᠠᠨ ᠠᠷᠢᠭᠤᠳᠬᠠᠵᠤ᠂ ᠦᠢᠯᠡ ᠠᠵᠢᠯᠯᠠᠭ᠎ᠠ ᠪᠠᠨ ᠵᠢᠯᠤᠭᠤᠳᠤᠭᠤᠯᠪᠠ᠃ ᠪᠠᠶᠢᠴᠠᠭᠠᠬᠤ ᠪᠠᠶᠢᠭᠤᠯᠭ᠎ᠠ ᠰᠡᠷᠭᠦᠭᠡᠨ ᠪᠠᠶᠢᠭᠤᠯᠤᠭᠳᠠᠭᠰᠠᠨ 40 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢ ᠡᠷᠬᠢᠯᠡᠵᠤ᠂ ᠠᠮᠵᠢᠯᠲᠠ ᠪᠦᠲᠦᠭᠡᠯ ᠢᠶᠠᠨ ᠡᠷᠬᠢᠴᠡᠭᠦᠯᠦᠨ᠂ ᠡᠷᠡᠯᠬᠡᠭᠯᠡᠨ ᠤᠷᠤᠭᠰᠢᠯᠠᠬᠤ ᠶᠢ ᠤᠷᠮᠠᠰᠢᠭᠤᠯᠪᠠ᠃
ᠴᠠᠭᠠᠷᠠᠵᠤ ᠬᠠᠲᠠᠭᠤᠵᠢᠭᠰᠠᠨ ᠡᠷᠳᠡᠮ ᠴᠢᠳᠠᠪᠦᠷᠢ ᠶᠢ ᠪᠤᠯᠪᠠᠰᠤᠷᠠᠭᠤᠯᠪᠠ᠃ ᠲᠤᠰᠬᠠᠶᠢᠵᠢᠬᠤ ᠪᠠᠶᠢᠭᠤᠯᠤᠯᠲᠠ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠲᠠᠰ ᠬᠤᠪᠢᠶᠠᠨ ᠲᠥᠷᠥᠯ ᠢᠯᠭᠠᠵᠤ ᠬᠦᠮᠦᠵᠢᠭᠦᠯᠦᠨ ᠪᠣᠯᠪᠠᠰᠤᠷᠠᠭᠤᠯᠬᠤ᠂ ᠠᠵᠢᠯ ᠤᠨ ᠪᠠᠶᠢᠷᠢ ᠶᠢᠨ ᠰᠣᠷᠢᠯᠲᠠ ᠪᠣᠯᠣᠨ ᠲᠤᠬᠠᠶᠢᠯᠠᠭᠰᠠᠨ ᠠᠵᠢᠯ ᠤᠨᠤᠷᠤᠯᠳᠤᠭᠠᠨ ᠢ ᠶᠡᠭᠡ ᠬᠡᠪᠴᠢᠶ᠎ᠡ ᠪᠠᠷ ᠥᠷᠨᠢᠭᠦᠯᠵᠦ᠂ ︽ᠪᠠᠶᠢᠴᠠᠭᠠᠬᠤ ᠲᠤᠰᠢᠶᠠᠯᠲᠠᠨ ᠪᠠᠶᠢᠴᠠᠭᠠᠬᠤ ᠲᠤᠰᠢᠶᠠᠯᠲᠠᠨ ᠢᠶᠠᠨ ᠬᠥᠮᠥᠵᠢᠬᠦᠯᠬᠦ︾ ᠶᠢ ᠬᠡᠷᠡᠭᠵᠢᠬᠦᠯᠵᠥ᠂ 3 ᠲᠦᠮᠡ ᠭᠠᠷᠤᠢ ᠬᠦᠮᠦᠨ ᠤᠳᠠᠭ᠎ᠠ ᠲᠥᠪᠯᠡᠷᠡᠬᠦᠯᠥᠨ ᠪᠤᠯᠪᠠᠰᠤᠷᠠᠭᠤᠯᠵᠥ᠂ ᠰᠦᠯᠵᠢᠶᠡᠨ ᠤ ᠪᠣᠯᠪᠠᠰᠤᠷᠠᠭᠤᠯᠤᠯᠲᠠ ᠪᠦᠭᠦᠡ ᠢ ᠬᠠᠮᠤᠷᠪᠠ᠃ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠮᠣᠩᠭᠤᠯ ᠬᠢᠲᠠᠳ ᠬᠤᠤᠰ ᠬᠡᠯᠡᠨ ᠤ ᠳᠠᠪᠲᠠᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠴᠢᠳᠠᠮᠵᠢ ᠶᠢᠨ ᠦᠢᠯᠡᠳᠦᠯ ᠢ ᠥᠷᠭᠡᠵᠢᠭᠦᠯᠵᠦ᠂ 8 ᠮᠤᠵᠢ ᠣᠷᠣᠨ ᠤ ᠮᠣᠩᠭᠤᠯ ᠬᠢᠲᠠᠳ ᠬᠤᠤᠰ ᠬᠡᠯᠡᠨ ᠤ ᠪᠠᠶᠢᠴᠠᠭᠠᠬᠤ ᠴᠢᠳᠠᠪᠤᠷᠢᠲᠠᠨ ᠢ ᠬᠦᠮᠦᠵᠢᠭᠦᠯᠬᠦ ᠳᠤ ᠬᠤᠪᠢ ᠨᠡᠮᠡᠷᠢ ᠪᠠᠨ ᠦᠵᠡᠭᠦᠯᠪᠡ᠃ 45 ᠪᠠᠶᠢᠴᠠᠭᠠᠬᠤ ᠠᠵᠢᠯᠲᠠᠨ ᠪᠦᠬᠦ ᠤᠯᠤᠰ ᠪᠦᠬᠦ ᠣᠷᠣᠨ ᠤ ᠲᠤᠬᠠᠶᠢᠯᠠᠭᠰᠠᠨ ᠠᠵᠢᠯ ᠤᠨ ᠭᠠᠪᠰᠢᠭᠠᠶᠢᠯᠠᠭᠴᠢ ᠪᠣᠯᠣᠨ ᠬᠡᠷᠡᠭ ᠰᠢᠳᠬᠡᠬᠦ ᠭᠠᠷᠮᠠᠭᠠᠶᠢᠯᠠᠭᠴᠢ ᠪᠠᠷ ᠦᠨᠡᠯᠡᠭᠳᠡᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠲᠠᠢ ᠬᠠᠮᠲᠤᠷᠠᠨ ᠠᠵᠢᠯᠯᠠᠬᠤ ᠲᠣᠶᠢᠮᠤᠴᠢᠯᠠᠭᠰᠠᠨ ᠬᠡᠯᠡᠯᠴᠡᠭᠡᠷ ᠲᠣᠭᠲᠠᠵᠤ᠂ ᠪᠠᠶᠢᠴᠠᠭᠠᠬᠤ ᠣᠨᠣᠯ ᠪᠣᠯᠣᠨ ᠦᠢᠯᠡᠳᠦᠯᠭᠡ ᠶᠢᠨ ᠰᠤᠳᠤᠯᠤᠯ ᠢ ᠭᠦᠨᠵᠡᠭᠡᠶᠢᠷᠡᠭᠦᠯᠦᠨ᠂ ᠬᠠᠤᠯᠢ ᠴᠠᠭᠠᠵᠠ ᠶᠢᠨ ᠴᠢᠳᠠᠪᠤᠷᠢᠲᠠᠨ ᠢ ᠨᠥᠭᠡᠴᠡᠯᠡᠬᠦ ᠪᠠ ᠪᠣᠯᠪᠠᠰᠤᠷᠠᠭᠤᠯᠬᠤ ᠶᠢ ᠴᠢᠩᠭᠠᠳᠬᠠᠪᠠ᠃ ︽ᠪᠠᠶᠢᠴᠠᠭᠠᠬᠤ ᠲᠠᠶᠢᠯᠤᠮᠵᠢ ᠶᠢᠨ ᠰᠦᠯᠵᠢᠶ᠎ᠡ︾ ᠶᠢ ᠨᠡᠭᠡᠭᠡᠨ ᠠᠵᠢᠯᠯᠠᠭᠤᠯᠵᠥ 56 ᠲᠤᠰᠬᠠᠢ ᠮᠡᠷᠭᠡᠵᠢᠯᠲᠡᠨ ᠤ ᠪᠥᠯᠬᠦᠮ ᠠᠴᠠ ᠮᠠᠳᠠᠭ ᠲᠠᠢ ᠵᠦᠢᠯ ᠳᠤ ᠲᠠᠶᠢᠯᠤᠮᠵᠢ ᠬᠢᠵᠦ᠂ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠪᠠ ᠵᠢᠯᠣᠭᠤᠳᠤᠮᠵᠢ ᠶᠢ ᠴᠢᠩᠭᠠᠳᠬᠠᠪᠠ᠃
ᠰᠠᠬᠢᠯᠭ᠎ᠠ ᠪᠠᠲᠤ ᠬᠡᠪ ᠰᠤᠷᠲᠠᠯ ᠢ ᠴᠢᠩᠭ᠎ᠠ ᠲᠣᠳᠤᠷᠬᠠᠢ ᠪᠣᠯᠭᠠᠪᠠ᠃ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠲᠤᠭᠤᠷᠢᠨ ᠪᠠᠶᠢᠴᠠᠭᠠᠯᠲᠠ ᠶᠢ ᠬᠦᠯᠢᠶᠡᠵᠦ᠂ ᠬᠠᠷᠢᠭᠤ ᠲᠤᠰᠬᠠᠭᠰᠠᠨ 23 ᠠᠰᠠᠭᠤᠳᠠᠯ ᠳᠤ ᠴᠢᠭᠯᠡᠭᠦᠯᠦᠨ 117 ᠵᠣᠷᠪᠤᠰ ᠨᠠᠷᠢᠨ ᠠᠷᠭ᠎ᠠ ᠬᠡᠮᠵᠢᠶ᠎ᠡ ᠭᠠᠷᠭᠠᠵᠤ ᠪᠦᠬᠦ ᠲᠠᠯ᠎ᠠ ᠪᠠᠷ ᠴᠡᠭᠴᠡᠯᠡᠨ ᠵᠠᠯᠠᠷᠠᠭᠤᠯᠪᠠ︔ ᠰᠢᠰᠲ᠋ᠧᠮ ᠤᠨ ᠳᠣᠲᠣᠭᠠᠳᠤ ᠳᠤ ᠰᠢᠨ᠎ᠡ ᠡᠭᠡᠯᠵᠢ ᠶᠢᠨ ᠲᠤᠭᠤᠷᠢᠨ ᠪᠠᠶᠢᠴᠠᠭᠠᠯᠲᠠ ᠥᠷᠨᠢᠭᠦᠯᠵᠦ᠂ 3 ᠠᠶᠢᠮᠠᠭ ᠬᠤᠲᠠ ᠶᠢᠨ ᠬᠤᠷᠢᠶ᠎ᠠ᠂ 23 ᠦᠨᠳᠦᠰᠦᠨ ᠱᠠᠲᠤᠨ ᠤ ᠬᠤᠷᠢᠶ᠎ᠠ ᠶᠢ ᠲᠣᠭᠤᠷᠢᠨ ᠴᠠᠭᠳᠠᠨ ᠪᠠᠶᠢᠴᠠᠭᠠᠵᠤ᠂ ᠪᠠᠶᠢᠴᠠᠭᠠᠬᠤ ᠬᠤᠷᠢᠶ᠎ᠠ ᠶᠢᠨ ᠵᠠᠰᠠᠯᠲᠠ ᠤᠯᠠᠮ ᠴᠢᠩᠭ᠎ᠠ ᠡᠷᠴᠢᠲᠡᠢ ᠪᠣᠯᠵᠠᠢ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠪᠠᠶᠢᠴᠠᠭᠠᠬᠤ ᠶᠠᠪᠤᠳᠠᠯ ᠤᠨ ᠪᠠᠶᠢᠩᠭᠤᠴᠢᠯᠠᠭᠰᠠᠨ ᠱᠠᠭᠠᠷᠳᠠᠨ ᠪᠠᠶᠢᠴᠠᠭᠠᠬᠤ ᠶᠢ ᠥᠷᠨᠢᠬᠦᠯᠵᠥ᠂ ︽ᠳᠥᠷᠪᠡᠨ ᠰᠤᠷᠳᠠᠯ︾ ᠢ ᠦᠷᠭᠦᠯᠵᠢᠯᠡᠨ ᠴᠡᠭᠴᠡᠯᠡᠨ ᠵᠠᠰᠠᠵᠤ᠂ ᠲᠣᠭᠲᠠᠭᠠᠯ ᠢ ᠵᠦᠷᠢᠴᠡᠭᠰᠡᠨ 54 ᠨᠢᠭᠡᠴᠢ᠂ 75 ᠬᠤᠪᠢ ᠬᠦᠮᠦᠨ ᠢ ᠨᠡᠶᠢᠲᠡᠯᠡᠪᠡ᠃ ᠰᠡᠷᠡᠮᠵᠢ ᠬᠥᠮᠥᠵᠢᠯ ᠤᠨ ᠠᠵᠢᠯᠯᠠᠭ᠎ᠠ ᠶᠢ 2 ᠤᠳᠠᠭ᠎ᠠ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠨᠠᠶᠢᠷᠠᠭᠤᠯᠤᠨ ᠳᠠᠷᠬᠠᠭᠠᠵᠤ᠂ ᠬᠡᠷᠡᠭ ᠤᠨ ᠵᠢᠱᠢᠶ᠎ᠡ ᠪᠠᠷ ᠰᠠᠬᠢᠯᠭ᠎ᠠ ᠶᠢ ᠲᠣᠳᠣᠳᠬᠠᠨ ᠵᠠᠰᠠᠯᠲᠠ ᠶᠢ ᠠᠬᠢᠭᠤᠯᠪᠠ᠃ ᠢᠯᠳᠠᠷ ᠥᠯᠥ ᠬᠠᠶᠠᠬᠤ ᠶᠢ ᠪᠠᠷᠢᠮᠳᠠᠯᠠᠨ ᠰᠠᠬᠢᠯᠭ᠎ᠠ ᠵᠦᠷᠢᠴᠡᠭᠰᠡᠨ 17 ᠪᠠᠶᠢᠴᠠᠭᠠᠬᠤ ᠠᠵᠢᠯᠳᠠᠨ ᠢ ᠴᠢᠩᠭ᠎ᠠ ᠪᠠᠷ ᠰᠢᠢᠳᠪᠦᠷᠢᠯᠡᠪᠡ᠃
ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠪᠦᠬᠦ ᠣᠷᠣᠨ ᠤ 78 ᠬᠤᠷᠢᠶ᠎ᠠ ᠨᠢ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠨᠡᠶᠢᠲᠡ ᠶᠢᠨ ᠠᠰᠢᠭᠲᠤ ᠵᠠᠷᠭᠤ ᠶᠢᠨ ᠠᠵᠢᠯ ᠤᠨ ᠲᠤᠬᠠᠢ ᠲᠤᠰᠬᠠᠢ ᠮᠡᠳᠡᠭᠦᠯᠦᠯᠲᠡ ᠬᠢᠵᠦ᠂ ᠥᠪᠡᠷᠳᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠢᠳᠡᠪᠬᠢᠲᠠᠢ ᠬᠠᠮᠵᠢᠯᠴᠠᠨ 4 ᠠᠶᠢᠮᠠᠭ ᠬᠤᠲᠠ ᠪᠠ 12 ᠬᠤᠰᠢᠭᠤ ᠰᠢᠶᠡᠨ ᠤ ᠬᠤᠷᠢᠶᠠᠨ ᠳᠤ ᠲᠤᠰᠬᠠᠢ ᠪᠠᠶᠢᠴᠠᠭᠠᠨ ᠰᠤᠳᠤᠯᠤᠯᠲᠠ ᠥᠷᠨᠢᠬᠦᠯᠵᠠᠢ᠃ ᠲᠦᠯᠦᠭᠡᠯᠡᠭᠴᠢ ᠬᠡᠰᠢᠭᠦᠳ ᠤᠨ ᠭᠠᠷᠭᠠᠭᠰᠠᠨ ᠰᠠᠨᠠᠯ ᠵᠦᠪᠯᠡᠯᠭᠡ᠂ ᠰᠠᠨᠠᠭᠤᠯᠭ᠎ᠠ ᠪᠠ ᠰᠠᠨᠠᠯ ᠳᠤᠷᠠᠳᠤᠯᠭ᠎ᠠ ᠶᠢ ᠰᠡᠳᠬᠢᠯ ᠲᠠᠯᠪᠢᠨ ᠰᠢᠢᠳᠪᠦᠷᠢᠯᠡᠵᠦ᠂ ᠳᠦᠷᠪᠡᠨ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠳᠤᠷᠠᠳᠤᠭᠰᠠᠨ 983 ᠰᠠᠨᠠᠯ ᠰᠠᠨᠠᠭᠤᠯᠭ᠎ᠠ ᠶᠢ ᠨᠢᠭᠡᠳᠨᠢᠭᠡ ᠪᠠᠷ ᠱᠠᠭᠠᠷᠳᠠᠨ ᠨᠠᠶᠢᠳᠠᠪᠤᠷᠢᠵᠢᠭᠤᠯᠪᠠ᠃ ︽ᠲᠦᠯᠦᠭᠡᠯᠡᠭᠴᠢ ᠬᠡᠰᠢᠭᠦᠳ ᠢ ᠪᠠᠶᠢᠴᠠᠭᠠᠬᠤ ᠬᠤᠷᠢᠶᠠᠨ ᠳᠤ ᠲᠤᠭᠤᠷᠢᠨ ᠦᠵᠡᠭᠦᠯᠬᠦ︾ ᠶᠢ ᠠᠬᠢᠭᠤᠯᠵᠤ᠂ ᠡᠯ᠎ᠡ ᠱᠠᠲᠤᠨ ᠤ ᠲᠥᠯᠥᠭᠡᠯᠡᠭᠴᠢ ᠬᠡᠰᠢᠭᠦᠳ ᠢ ᠤᠷᠢᠵᠤ 3700 ᠭᠠᠷᠤᠢ ᠬᠦᠮᠦᠨ ᠤᠳᠠᠭ᠎ᠠ ᠲᠣᠭᠤᠷᠢᠨ ᠦᠵᠡᠭᠦᠯᠵᠦ᠂ ᠦᠪᠡᠷᠳᠡᠭᠡᠨ ᠵᠠᠰᠠᠬᠤ ᠣᠷᠣᠨ ᠤ ᠬᠤᠷᠢᠶ᠎ᠠ ᠪᠦᠬᠦ ᠤᠯᠤᠰ ᠤᠨ ᠪᠠ ᠪᠦᠬᠦ ᠣᠷᠣᠨ ᠤ 86 ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤ ᠲᠣᠭᠤᠷᠢᠨ ᠪᠠᠶᠢᠴᠠᠭᠠᠵᠤ᠂ ᠲᠢᠩᠭᠢᠮ ᠤᠨ ᠰᠢᠭᠦᠯᠲᠡ ᠶᠢ ᠦᠵᠡᠬᠦ᠂ ᠬᠢᠨᠠᠯᠲᠠ ᠲᠠᠯᠪᠢᠨ ᠵᠢᠯᠣᠭᠤᠳᠬᠤ ᠠᠵᠢᠯ ᠢ ᠶᠠᠪᠤᠭᠳᠠᠭᠤᠯᠪᠠ᠃ ᠬᠠᠷᠢᠯᠴᠠᠬᠤ ᠠᠵᠢᠯ ᠢ ᠪᠠᠶᠢᠩᠭᠤᠴᠢᠯᠠᠬᠤ ᠪᠠ ᠡᠳᠤᠷ ᠳᠤᠲᠤᠮᠴᠢᠯᠠᠬᠤ ᠶᠢ ᠪᠠᠷᠢᠮᠲᠠᠯᠠᠵᠤ᠂ ᠪᠠᠶᠢᠴᠠᠭᠠᠬᠤ ᠠᠵᠢᠯ ᠤᠨ 3000 ᠭᠠᠷᠤᠢ ᠵᠣᠷᠪᠤᠰ ᠮᠡᠳᠡᠭᠡ ᠵᠠᠩᠭᠢ ᠶᠢ ᠬᠦᠷᠭᠡᠨ᠂ ᠰᠤᠷᠪᠤᠯᠵᠢᠯᠠᠬᠤ ᠬᠠᠷᠢᠯᠴᠠᠬᠤ ᠶᠢ ᠪᠦᠬᠦ ᠲᠠᠯ᠎ᠠ ᠪᠠᠷ ᠬᠠᠮᠤᠷᠴᠠᠢ᠃ ᠠᠷᠠᠳᠴᠢᠯᠠᠭᠰᠠᠨ ᠬᠢᠨᠠᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠳᠤ ᠠᠵᠢᠯ ᠢᠶᠠᠨ ᠮᠡᠳᠡᠭᠡᠯᠡᠵᠦ᠂ ᠲᠡᠳᠡᠨ ᠤ ᠰᠠᠨᠠᠯ ᠰᠠᠨᠠᠭᠤᠯᠭ᠎ᠠ ᠶᠢ ᠰᠣᠨᠣᠰᠪᠠ᠃ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠪᠠᠶᠢᠴᠠᠭᠠᠬᠤ ᠶᠠᠪᠤᠳᠠᠯ ᠢ ᠢᠯᠡ ᠪᠠᠶᠢᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 48082 ᠬᠡᠷᠡᠭ ᠤᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠵᠦ᠂ 21498 ᠬᠠᠤᠯᠢ ᠴᠠᠭᠠᠵᠠ ᠶᠢᠨ ᠪᠢᠴᠢᠭ ᠬᠠᠷ᠎ᠠ ᠶᠢ ᠢᠯᠡ ᠪᠣᠯᠭᠠᠨ ᠠᠷᠠᠳ ᠤᠨ ᠬᠢᠨᠠᠯᠲᠠ ᠲᠠᠯᠪᠢᠭᠴᠢ ᠠᠴᠠ 71 ᠬᠡᠷᠡᠭ137 ᠬᠦᠮᠦᠨ ᠤ ᠬᠡᠷᠡᠭ ᠲᠤ ᠬᠢᠨᠠᠯᠲᠠ ᠲᠠᠯᠪᠢᠪᠠ᠃ ᠤᠯᠤᠰ ᠲᠦᠷᠥ ᠬᠠᠤᠯᠢ ᠴᠠᠭᠠᠵᠨ ᠶᠢᠨ ᠪᠤᠰᠤᠳ ᠪᠠᠶᠢᠭᠤᠯᠭ᠎ᠠ ᠶᠢᠨ ᠬᠢᠨᠠᠯᠲᠠ ᠲᠠᠯᠪᠢᠨ ᠨᠦᠬᠦᠴᠡᠯᠳᠦᠬᠦ ᠶᠢ ᠰᠠᠨᠠᠭᠠᠴᠢᠯᠠᠭ᠎ᠠ ᠠᠴᠠ ᠪᠠᠨ ᠬᠥᠯᠢᠶᠡᠵᠥ᠂ ᠬᠡᠷᠡᠭ ᠰᠢᠳᠬᠡᠬᠦ ᠶᠠᠪᠤᠴᠠ ᠳᠤ ᠬᠠᠤᠯᠢᠴᠢ ᠶᠢᠨ ᠬᠢᠨᠠᠯᠲᠠ ᠶᠢ ᠬᠥᠯᠢᠶᠡᠨ᠂ ᠬᠠᠤᠯᠢ ᠪᠠᠷᠢᠯᠲᠠ ᠶᠢᠨ ᠲᠥᠪ ᠭᠤᠤᠯᠴᠢ ᠶᠢ ᠬᠠᠮᠳᠦ ᠪᠠᠷ ᠬᠠᠮᠠᠭᠠᠯᠠᠪᠠ᠃
ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠣᠯᠣᠭᠰᠠᠨ ᠠᠮᠵᠢᠯᠲᠠ ᠪᠠ ᠳᠠᠪᠰᠢᠯᠲᠠ ᠨᠢᠭᠡᠪᠦᠷᠢ ᠨᠢ ᠴᠦᠮ ᠥᠪᠡᠷᠳᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠠᠷᠠᠳ ᠤᠨ ᠳᠡᠭᠡᠳᠤ ᠪᠠᠶᠢᠴᠠᠭᠠᠬᠤ ᠬᠤᠷᠢᠶ᠋ᠨᠨ ᠤ ᠵᠥᠪ ᠣᠨᠤᠪᠴᠢᠲᠠᠢ ᠤᠳᠤᠷᠢᠳᠤᠯᠭ᠎ᠠ ᠶᠢᠨ ᠥᠷ᠎ᠠ ᠳ᠋ᠦᠩ ᠪᠣᠯᠤᠨ᠎ᠠ᠂ ᠡᠯ᠎ᠡ ᠱᠠᠳᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠤᠨ᠂ ᠤᠯᠤᠰ ᠲᠥᠷᠥ ᠶᠢᠨ ᠵᠥᠪᠯᠡᠯᠭᠡᠨ᠂ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠦᠨᠳᠦᠳᠭᠡᠯ ᠬᠠᠯᠠᠮᠵᠢᠯᠠᠯ ᠳᠡᠮᠵᠢᠯᠭᠡ ᠶᠢᠨ ᠥᠷ᠎ᠡ ᠳ᠋ᠦᠩ ᠪᠣᠯᠤᠨ᠎ᠠ᠂ ᠮᠦᠨᠴᠦ ᠲᠦᠯᠦᠭᠡᠯᠡᠭᠴᠢ ᠭᠡᠰᠢᠬᠦᠳ ᠤᠨ ᠢᠳᠡᠪᠬᠢᠲᠠᠢ ᠠᠷᠭ᠎ᠠ ᠵᠦᠪᠯᠡᠯᠭᠡ ᠲᠤᠷᠠᠳᠤᠭᠰᠠᠨ ᠤ ᠥᠷ᠎ᠡ ᠳ᠋ᠦᠩ ᠪᠤᠯᠤᠨ᠎ᠠ᠂ ᠠᠳᠡ ᠪᠢ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠡᠮᠦᠨ᠎ᠡ ᠠᠴᠠ ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠢᠯᠡᠳᠬᠡᠵᠦ᠂ ᠡᠷᠬᠢᠮ ᠲᠠᠭᠡᠳᠤ ᠬᠥᠨᠳᠤᠳᠬᠡᠯ ᠢᠶᠠᠨ ᠳᠡᠪᠰᠢᠬᠦᠯᠵᠥ ᠪᠠᠶᠢᠨ᠎ᠠ᠃
ᠪᠢᠳᠠᠨ ᠠᠵᠢᠯ ᠤᠨ ᠳᠤᠮᠳᠠ ᠪᠠᠨ ᠤᠷᠤᠰᠢᠵᠦ ᠪᠠᠶᠢᠭ᠎ᠠ ᠬᠥᠴᠢᠷᠳᠡᠯ ᠪᠠ ᠠᠰᠠᠭᠤᠳᠠᠯ ᠢᠶᠠᠨ ᠴᠦ ᠰᠡᠷᠭᠡᠭ ᠢᠶᠠᠷ ᠤᠯᠵᠤ ᠬᠠᠷᠠᠯ᠎ᠠ᠄ ᠨᠢᠭᠡ ᠳᠤ ᠰᠢᠨ᠎ᠡ ᠴᠠᠭ ᠥᠶ᠎ᠡ ᠶᠢᠨ ᠪᠠᠶᠢᠴᠠᠭᠠᠬᠤ ᠠᠵᠢᠯ ᠤᠨ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠶᠢ ᠠᠬᠢᠭᠤᠯᠬᠤ ᠴᠢᠳᠠᠪᠤᠷᠢ ᠪᠠᠰᠠ ᠬᠥᠷᠥᠯᠴᠡᠬᠦ ᠥᠭᠡᠢ ᠪᠠᠶᠢᠭᠰᠠᠭᠠᠷ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠠᠰᠢᠭᠯᠠᠨ ᠶᠡᠭᠡ ᠲᠠᠯ᠎ᠠ ᠳᠤ ᠥᠢᠯᠡᠴᠢᠯᠡᠬᠦ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠬᠦ ᠴᠢᠬᠤᠯᠠᠲᠠᠢ ᠪᠠᠶᠢᠭᠰᠠᠭᠠᠷ᠃ ᠬᠤᠶᠠᠷ ᠲᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠦᠷᠢ ᠪᠠᠨ ᠬᠦᠢᠴᠡᠳᠭᠡᠬᠦ ᠨᠢ ᠵᠣᠬᠢᠴᠠᠩᠭᠤᠢ ᠪᠤᠰᠤ᠂ ᠬᠦᠢᠴᠡᠳ ᠪᠤᠰᠤ ᠪᠠᠶᠢᠵᠥ᠂ ᠢᠷᠭᠡᠨ ᠤ ᠬᠡᠷᠡᠭ ᠤᠨ ᠪᠠᠶᠢᠴᠠᠭᠠᠬᠤ ᠠᠵᠢᠯ᠂ ᠵᠠᠰᠠᠭ ᠵᠠᠬᠢᠷᠭᠠᠨ ᠤ ᠬᠡᠷᠡᠭ ᠤᠨ ᠪᠠᠶᠢᠴᠠᠭᠠᠬᠤ ᠠᠵᠢᠯ ᠨᠢ ᠬᠠᠷᠢᠴᠠᠩᠭᠤᠢ ᠪᠠᠷ ᠪᠠᠭᠤᠷᠠᠢ ᠪᠠᠶᠢᠭ᠎ᠠ ᠪᠠᠶᠢᠳᠠᠯ ᠢ ᠦᠷᠬᠦᠯᠵᠢᠯᠡᠨ ᠰᠠᠶᠢᠵᠢᠷᠠᠭᠤᠯᠬᠤ ᠴᠢᠬᠤᠯᠠᠲᠠᠢ ᠪᠠᠶᠢᠭᠰᠠᠭᠠᠷ᠃ ᠭᠤᠷᠪᠠ ᠳᠤ ᠶᠡᠷᠦᠩᠬᠡᠶᠢᠯᠡᠭᠰᠡᠨ ᠢᠵᠢ ᠪᠦᠷᠢᠯᠳᠦᠬᠦᠯᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠤᠭᠰᠠᠨ ᠲᠠᠯ᠎ᠠ ᠪᠠᠷ ᠲᠡᠭᠦᠯᠳᠡᠷᠵᠢᠭᠡᠳᠦᠢ᠂ ᠬᠠᠤᠯᠢ ᠴᠠᠭᠠᠵᠠ ᠵᠢᠨᠬᠠᠷᠢᠭᠤᠴᠠᠯᠭ᠎ᠠ ᠵᠢᠨᠲ᠋ᠥ᠋ᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠬᠦᠯᠬᠦ ᠴᠢᠬᠤᠯᠠᠲᠠᠢ ᠪᠠᠶᠢᠭᠰᠠᠭᠠᠷ᠃ ᠲᠥᠷᠪᠡ ᠳᠤ ᠡᠩᠨᠡᠭᠡᠨ ᠤ ᠬᠡᠪ ᠴᠢᠨᠠᠷ ᠤᠨ ᠴᠢᠳᠠᠪᠤᠷᠢ ᠨᠢ ᠬᠤᠪᠢᠰᠬᠠᠯᠵᠢᠭᠰᠠᠨ᠂ ᠵᠢᠩᠬᠢᠨᠢᠴᠢᠯᠡᠭᠰᠡᠨ᠂ ᠲᠤᠰᠬᠠᠶᠢᠵᠢᠭᠰᠠᠨ᠂ ᠮᠡᠷᠭᠡᠵᠢᠭᠰᠡᠨ ᠪᠠᠶᠢᠬᠤ ᠱᠠᠭᠠᠷᠳᠠᠯᠭ᠎ᠠ ᠯᠤᠭ᠎ᠠ ᠵᠥᠷᠢᠶ᠎ᠡ ᠲᠠᠢ ᠪᠠᠶᠢᠭᠰᠠᠭᠠᠷ᠂ ᠲᠤᠰᠬᠠᠢ ᠮᠡᠷᠭᠡᠵᠢᠯ ᠤᠨ ᠬᠥᠷᠢᠶᠡᠨ ᠳᠠᠬᠢ ᠴᠢᠳᠠᠪᠤᠷᠢᠲᠠᠨ ᠳᠤᠲᠠᠭᠳᠠᠵᠤ ᠪᠠᠶᠢᠬᠤ ᠠᠰᠠᠭᠤᠳᠠᠯ ᠢ ᠰᠢᠨ᠎ᠡ ᠶᠢ ᠡᠬᠦᠳᠬᠦ ᠠᠷᠭ᠎ᠠ ᠪᠠᠷ ᠥᠨᠡᠨ ᠬᠦ ᠰᠢᠢᠳᠪᠦᠷᠢᠯᠡᠬᠦ ᠴᠢᠬᠤᠯᠠᠲᠠᠢ ᠪᠠᠶᠢᠭᠰᠠᠭᠠᠷ᠃ ᠲᠠᠪᠤ ᠳᠤ᠂ ᠠᠵᠢᠯ ᠤᠨ ᠰᠤᠷᠲᠠᠯ ᠯᠠᠪᠳᠠᠭᠤᠨ ᠪᠣᠯᠭᠤᠮᠵᠢᠲᠠᠢ᠂ ᠯᠠᠪᠳᠠᠭᠤᠨ ᠪᠠᠳᠤᠲᠠᠢ ᠪᠠᠶᠢᠬᠤ ᠲᠠᠯ᠎ᠠ ᠪᠠᠷ ᠬᠠᠷᠠᠬᠠᠨ ᠬᠥᠷᠥᠯᠴᠡᠬᠦ ᠥᠭᠡᠢ ᠪᠠᠶᠢᠭᠰᠠᠭᠠᠷ᠂ ︽ᠤᠷᠤᠮ︾ ᠢ ᠴᠢᠬᠤᠯᠠᠴᠢᠯᠠᠬᠤ᠂ ᠬᠡᠯᠪᠡᠷᠢ ᠶᠢ ᠴᠢᠬᠤᠯᠠᠴᠢᠯᠠᠬᠤ ᠠᠰᠠᠭᠤᠳᠠᠯ ᠨᠢ ᠨᠡᠯᠢᠶᠡᠳ ᠳᠤᠪᠤᠶᠢᠮ᠎ᠠ ᠪᠠᠶᠢᠵᠥ᠂ ᠰᠢᠨᠳᠠᠷᠠᠰᠢ ᠥᠭᠡᠢ ᠴᠢᠷᠮᠠᠶᠢᠯᠭ᠎ᠠ ᠪᠠᠷ ᠰᠢᠢᠳᠪᠦᠷᠢᠯᠡᠬᠦ ᠴᠢᠬᠤᠯᠠᠲᠠᠢ ᠪᠠᠶᠢᠭᠰᠠᠭᠠᠷ᠃
2019 ᠣᠨ ᠤ ᠠᠵᠢᠯ ᠤᠨ ᠲᠣᠬᠢᠷᠠᠭᠤᠯᠤᠯᠲᠠ
2019 ᠣᠨ ᠪᠤᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠃ ᠰᠢᠨ᠎ᠡ ᠲᠡᠦᠭᠡ ᠶᠢᠨ ᠭᠠᠷᠤᠭᠠᠨ ᠳᠤ ᠵᠣᠭᠰᠤᠭ᠎ᠠ ᠪᠢᠳᠡᠨ ᠢᠮᠠᠭᠲᠠ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠲᠥᠪ ᠬᠤᠷᠢᠶ᠎ᠠ ᠪᠠ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠨᠠᠶᠢᠳᠠᠪᠤᠷᠢᠵᠢᠭᠤᠯᠬᠤ᠂ ᠯᠠᠪᠳᠠᠭᠤᠨ ᠢᠶᠠᠷ ᠤᠷᠤᠭᠰᠢᠯᠠᠬᠤ᠂ ᠳᠡᠭᠡᠭᠰᠢᠯᠡᠬᠦᠯᠬᠦ ᠪᠠᠷ ᠪᠠᠶᠢᠴᠠᠭᠠᠬᠤ ᠠᠵᠢᠯ ᠤᠨ ᠶᠡᠷᠦᠩᠬᠡᠢ ᠬᠥᠭ ᠠᠶᠠᠰ ᠪᠤᠯᠭᠠᠨ᠂ ᠤᠯᠤᠰ ᠤᠨ ᠤᠯᠤᠰ ᠲᠦᠷᠥ ᠶᠢᠨ ᠠᠮᠤᠷ ᠲᠥᠪᠰᠢᠨ ᠢ ᠥᠨᠡᠨ ᠬᠦ ᠬᠠᠮᠠᠭᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠤᠭᠲᠠᠭᠤᠨ ᠢ ᠪᠠᠲᠤᠯᠠᠵᠤ᠂ ᠨᠡᠶᠢᠭᠡᠮ ᠤᠨ ᠰᠢᠳᠤᠷᠭᠤ ᠶᠣᠰᠣ ᠲᠥᠪ ᠭᠤᠤᠯᠴᠢ ᠪᠠᠶᠢᠬᠤ ᠶᠢ ᠠᠬᠢᠭᠤᠯᠵᠤ᠂ ᠠᠷᠠᠳ ᠲᠥᠮᠡᠨ ᠤ ᠠᠮᠤᠭᠤᠯᠠᠩ ᠠᠮᠢᠳᠤᠷᠠᠵᠤ ᠤᠷᠮ᠎ᠠ ᠲᠠᠢ ᠠᠵᠢᠯᠯᠠᠬᠤ ᠶᠢ ᠪᠠᠳᠤᠯᠠᠨ᠎ᠠ᠃
ᠨᠢᠭᠡᠳᠤᠭᠡᠷ ᠲᠤ᠂ ᠨᠠᠮ ᠤᠨ ᠬᠠᠷᠢᠴᠠᠯᠠᠰᠢ ᠥᠭᠡᠢ ᠤᠳᠤᠷᠢᠳᠤᠯᠭ᠎ᠠ ᠶᠢ ᠡᠷᠡᠰ ᠭᠤᠶᠢᠪᠢᠰᠢ ᠥᠭᠡᠢ ᠪᠠᠷ ᠪᠠᠷᠢᠮᠳᠠᠯᠠᠵᠤ᠂ ᠪᠠᠶᠢᠴᠠᠭᠠᠬᠤ ᠠᠵᠢᠯ ᠵᠥᠪ ᠣᠨᠣᠪᠴᠢᠲᠠᠢ ᠤᠯᠤᠰ ᠲᠦᠷᠥ ᠶᠢᠨ ᠴᠢᠭᠯᠡᠯ ᠲᠠᠢ ᠪᠠᠶᠢᠬᠤ ᠶᠢ ᠪᠠᠲᠤᠯᠠᠨ᠎ᠠ᠃ ᠲᠤᠭ ᠳᠡᠮᠳᠡᠭ ᠳᠣᠳᠤᠷᠬᠠᠢ ᠪᠠᠷ ᠤᠯᠤᠰ ᠲᠦᠷᠥ ᠶᠢ ᠡᠷᠬᠢᠮᠯᠡᠵᠦ᠂ ︽ᠲᠥᠷᠪᠡᠨ ᠤᠬᠠᠮᠰᠠᠷ︾ ᠢ ᠲᠠᠰᠤᠷᠠᠯᠲᠠ ᠥᠭᠡᠢ ᠨᠡᠮᠡᠭᠳᠡᠭᠦᠯᠵᠦ᠂ ︽ᠲᠥᠷᠪᠡᠨ ᠢᠳᠡᠭᠡᠯ︾ ᠢ ᠪᠠᠲᠤᠳᠬᠠᠵᠥ᠂ ︽ᠬᠤᠶᠠᠷ ᠢ ᠬᠠᠮᠠᠭᠠᠯᠠᠬᠤ ︾ ᠶᠢ ᠡᠷᠡᠰ ᠭᠦᠢᠴᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠤᠰᠤᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠢᠪᠠ ᠠᠵᠢᠯ ᠢ ᠤᠯᠤᠰ ᠲᠦᠷᠦ ᠶᠢᠨ ᠲᠠᠯ᠎ᠠ ᠪᠠᠷ ᠪᠤᠳᠤᠯᠬᠢᠯᠠᠵᠤ᠂ ᠶᠡᠭᠡ ᠪᠠᠶᠢᠳᠠᠯ ᠤᠨ ᠳᠤᠤᠷ᠎ᠠ ᠠᠵᠢᠯᠯᠠᠨ᠂ ᠪᠠᠶᠢᠴᠠᠭᠠᠬᠤ ᠠᠵᠢᠯ ᠵᠥᠪ ᠣᠨᠤᠪᠴᠢᠲᠠᠢ ᠴᠢᠭᠯᠡᠯ ᠢᠶᠠᠷ ᠴᠠᠭ ᠢᠮᠠᠭᠲᠠ ᠤᠷᠤᠭᠰᠢᠯᠠᠬᠤ ᠶᠢ ᠪᠠᠳᠤᠯᠠᠨ᠎ᠠ᠃
ᠬᠤᠶᠠᠳᠤᠭᠠᠷ ᠲᠤ᠂ ᠶᠡᠭᠡ ᠲᠠᠯ᠎ᠠ ᠶᠢ ᠪᠠᠲᠤᠯᠠᠬᠤ ᠳᠤ ᠡᠷᠡᠰ ᠭᠤᠶᠢᠪᠢᠰᠢ ᠥᠭᠡᠢ ᠪᠠᠷ ᠦᠢᠯᠡᠴᠢᠯᠡᠨ᠂ ᠠᠵᠤ ᠠᠬᠤᠢ ᠨᠡᠶᠢᠭᠡᠮ ᠤᠨ ᠥᠷᠬᠦᠯᠵᠢᠯᠡᠡ ᠡᠷᠡᠬᠦᠯ ᠢᠶᠠᠷ ᠬᠥᠭᠵᠢᠬᠦ ᠳᠤ ᠬᠠᠤᠯᠢ ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭᠠᠨ᠎ᠠ᠃ ᠬᠠᠭᠠᠴᠠᠭᠤᠯᠤᠯᠲᠠ ᠶᠢ ᠡᠰᠡᠷᠬᠦᠴᠡᠬᠦ᠂ ᠨᠡᠪᠴᠢᠯᠲᠡ ᠶᠢ ᠡᠰᠡᠷᠬᠦᠴᠡᠬᠦ᠂ ᠰᠦᠷᠳᠡᠬᠦᠯᠥᠯ ᠢ ᠡᠰᠡᠷᠬᠦᠴᠡᠬᠦ᠂ ᠭᠠᠵᠢᠭᠤ ᠨᠤᠮᠯᠠᠯ ᠢ ᠡᠰᠡᠷᠬᠦᠴᠡᠬᠦ᠂ ᠲᠠᠩᠨᠠᠭᠤᠯ ᠢ ᠡᠰᠡᠷᠬᠦᠴᠡᠬᠦ ᠲᠡᠮᠡᠴᠡᠯ ᠢ ᠬᠥᠨᠵᠡᠭᠡᠢ ᠥᠷᠨᠢᠬᠦᠯᠵᠥ᠂ ᠬᠠᠷ᠎ᠠ ᠪᠥᠯᠥᠭᠲᠡᠨ ᠬᠠᠷᠬᠢᠰ ᠬᠥᠴᠥᠨ ᠢ ᠠᠷᠢᠯᠭᠠᠬᠤ ᠲᠤᠰᠬᠠᠢ ᠲᠡᠮᠡᠴᠡᠯ ᠢ ᠴᠥᠬᠦᠷᠡᠯ ᠥᠭᠡᠢ ᠦᠷᠨᠢᠭᠦᠯᠬᠦ ᠶᠢ ᠪᠠᠷᠢᠮᠲᠠᠯᠠᠵᠤ᠂ ᠤᠯᠤᠰ ᠤᠨ ᠠᠮᠤᠷ ᠲᠥᠪᠰᠢᠨ᠂ ᠨᠡᠶᠢᠭᠡᠮ ᠤᠨ ᠲᠤᠭᠲᠠᠭᠤᠨ᠂ ᠬᠢᠯᠢ ᠬᠢᠵᠠᠭᠠᠷ ᠶᠢᠨ ᠠᠮᠤᠷ ᠠᠮᠤᠭᠤᠯᠠᠩ ᠢ ᠡᠷᠡᠰ ᠬᠠᠮᠠᠭᠠᠯᠠᠨ᠎ᠠ᠃ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠳᠤ ᠥᠷᠬᠦᠯᠵᠢᠯᠡᠨ ᠬᠥᠴᠤ ᠨᠡᠮᠡᠷᠢᠯᠡᠵᠦ᠂ ︽ᠬᠤᠶᠠᠷ ᠬᠠᠯᠬᠠᠪᠴᠢ᠂ ᠨᠢᠭᠡ ᠪᠠᠬᠢᠯᠡᠯᠲᠡ︾ ᠶᠢᠨ ᠪᠥᠲᠤᠭᠡᠨ ᠪᠠᠶᠢᠭᠤᠯᠤᠯᠲᠠ ᠶᠢ ᠪᠠᠲᠤᠯᠠᠨ᠎ᠠ᠃ ᠠᠵᠤ ᠠᠬᠤᠢ ᠶᠢᠨ ᠬᠦᠷᠢᠶ᠎ᠡ ᠴᠠᠷ᠎ᠠ ᠳᠠᠬᠢ ᠶᠠᠯ᠎ᠠ ᠬᠢᠭᠰᠡᠳ ᠢ ᠬᠠᠤᠯᠢ ᠶᠤᠰᠤᠭᠠᠷ ᠶᠠᠯᠠᠯᠠᠨ ᠰᠢᠳᠭᠡᠵᠦ᠂ ᠥᠮᠴᠢ ᠶᠢᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠡᠷᠬᠡ ᠲᠡᠭᠰᠢ ᠪᠠᠷ ᠬᠠᠮᠠᠭᠠᠯᠠᠨ᠎ᠠ᠃ ᠬᠢᠨᠠᠨ ᠪᠠᠶᠢᠴᠠᠭᠠᠬᠤ ᠵᠥᠪᠯᠡᠯ ᠪᠠ ᠪᠠᠶᠢᠴᠠᠭᠠᠬᠤ ᠬᠤᠷᠢᠶᠠᠨ ᠤ ᠵᠣᠯᠭᠠᠭᠤᠯᠵᠤ ᠬᠠᠮᠵᠢᠯᠴᠠᠬᠤ ᠠᠵᠢᠯ ᠢ ᠴᠢᠩᠭᠠᠳᠬᠠᠨ᠂ ᠲᠤᠰᠢᠶᠠᠯ ᠤᠨ ᠶᠠᠯᠠᠲᠤ ᠠᠵᠢᠯᠯᠠᠭ᠎ᠠ ᠶᠢ ᠡᠷᠡᠰ ᠰᠢᠭᠤᠷᠬᠠᠢ ᠪᠠᠷ ᠵᠠᠯᠬᠠᠭᠠᠨ ᠰᠢᠳᠭᠡᠵᠦ᠂ ᠠᠵᠥ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠡᠬᠦᠳᠤᠨ᠎ᠠ᠃
ᠭᠤᠷᠪᠠᠳᠤᠭᠠᠷ ᠲᠤ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠠᠶᠢᠴᠠᠭᠠᠬᠤ ᠠᠵᠢᠯ ᠢ ᠡᠷᠡᠰ ᠭᠤᠶᠢᠪᠢᠰᠢ ᠥᠭᠡᠢ ᠡᠷᠴᠢᠮᠵᠢᠬᠦᠯᠥᠨ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠴᠢᠷᠮᠠᠶᠢᠨ ᠬᠠᠩᠭᠠᠨ᠎ᠠ ᠃ ᠠᠷᠠᠳ ᠲᠥᠮᠡᠨ ᠢᠶᠠᠷ ᠲᠥᠪ ᠪᠤᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨᠬᠠᠤᠯᠢ ᠪᠠᠷᠢᠯᠲᠠ ᠶᠢᠨ ᠪᠠᠲᠤᠯᠠᠭ᠎ᠠ ᠪᠠᠨ ᠴᠢᠩᠭᠠᠷᠠᠭᠤᠯᠤᠨ᠂ ᠠᠵᠢᠯ ᠣᠯᠭᠤᠯᠲᠠ᠂ ᠰᠤᠷᠭᠠᠨ ᠬᠦᠮᠦᠵᠢᠯ᠂ ᠨᠡᠶᠢᠭᠡᠮ ᠤᠨ ᠪᠠᠲᠤᠯᠠᠭ᠎ᠠ᠂ ᠢᠳᠡᠭᠡᠨ ᠤ ᠪᠠ ᠡᠮ ᠤᠨ ᠵᠥᠢᠯ ᠵᠡᠷᠭᠡ ᠬᠥᠷᠢᠶ᠎ᠡ ᠴᠠᠷ᠎ᠠ ᠳᠠᠬᠢ ᠶᠠᠯᠠᠲᠤ ᠬᠡᠷᠡᠭ ᠢ ᠴᠢᠩᠭ᠎ᠠ ᠪᠠᠷ ᠰᠢᠳᠭᠡᠵᠦ᠂ ᠡᠮᠡᠭᠲᠡᠶᠢᠴᠦᠳ ᠪᠠ ᠬᠡᠤᠬᠡᠳ ᠪᠠᠭᠠᠴᠤᠳ ᠵᠡᠷᠭᠡ ᠪᠠᠭᠤᠷᠠᠶᠢᠴᠤᠤᠯ ᠤᠨ ᠡᠷᠬᠡ ᠠᠰᠢᠭ ᠲᠤ ᠬᠠᠯᠳᠠᠭᠰᠠᠨ ᠶᠠᠯᠠᠲᠤ ᠬᠡᠷᠡᠭ ᠲᠤ ᠲᠣᠪᠣᠶᠢᠯᠭᠠᠨ ᠴᠣᠬᠢᠯᠲᠠ ᠥᠭᠴᠦ᠂ ᠤᠯᠠᠨ ᠲᠥᠮᠡᠨ ᠲᠠᠢ ᠨᠢᠭᠲᠠ ᠬᠤᠯᠪᠤᠭ᠎ᠠ ᠲᠠᠢ ᠣᠯᠠᠨ ᠨᠡᠶᠢᠲᠡ ᠶᠢᠨ ᠠᠮᠤᠷ ᠲᠥᠪᠰᠢᠨ᠂ ᠡᠷᠬᠡ ᠠᠰᠢᠭ ᠤᠨ ᠪᠠᠲᠤᠯᠠᠭ᠎ᠠ᠂ ᠲᠥᠪ ᠭᠤᠤᠯᠴᠢ ᠰᠢᠳᠤᠷᠭᠤ ᠶᠤᠰᠤ ᠲᠠᠢ ᠪᠠᠶᠢᠬᠤ ᠵᠡᠷᠭᠡ ᠠᠰᠠᠭᠤᠳᠠᠯ ᠢ ᠬᠥᠴᠤ ᠲᠠᠯᠪᠢᠨ ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢᠲᠤ ᠰᠡᠳᠬᠢᠭᠲᠡᠯ᠂ ᠵᠣᠯ ᠵᠢᠷᠭᠠᠯᠲᠤ ᠰᠡᠳᠬᠢᠭᠲᠡᠯ᠂ ᠠᠮᠥᠷ ᠲᠥᠪᠰᠢᠨᠲᠤ ᠰᠡᠳᠬᠢᠭᠲᠡᠯ ᠢ ᠲᠠᠰᠤᠷᠠᠯᠲᠠ ᠥᠭᠡᠢ ᠨᠡᠮᠡᠭᠳᠡᠬᠦᠯᠥᠨ᠎ᠡ᠃
ᠲᠥᠷᠪᠡᠳᠥᠭᠡᠷ ᠲᠤ᠂ ᠬᠠᠤᠯᠢ ᠴᠠᠭᠠᠵᠠ ᠶᠢᠨ ᠬᠢᠨᠠᠯᠲᠠ ᠶᠢ ᠡᠷᠡᠰ ᠭᠤᠶᠢᠪᠢᠰᠢ ᠥᠭᠡᠢ ᠴᠢᠩᠭᠠᠳᠬᠠᠵᠤ᠂ ᠬᠠᠤᠯᠢ ᠶᠤᠰᠤᠭᠠᠷ ᠤᠯᠤᠰ ᠢᠶᠠᠨ ᠵᠠᠰᠠᠬᠤ ᠤᠶᠢᠯᠡᠳᠤᠯᠭᠡ ᠶᠢ ᠭᠦᠨᠵᠡᠭᠡᠶᠢᠷᠡᠭᠦᠯᠬᠦ ᠳᠤ ᠴᠢᠬᠤᠯᠠ ᠤᠶᠢᠯᠡᠳᠤᠯ ᠪᠠᠳᠠᠷᠠᠭᠤᠯᠤᠨ᠎ᠠ᠃ ᠡᠷᠡᠬᠦᠤ ᠶᠢᠨ ᠬᠡᠷᠡᠭ ᠤᠨ ᠪᠠᠶᠢᠴᠠᠭᠠᠬᠤ᠂ ᠢᠷᠭᠡᠨ ᠤ ᠬᠡᠷᠡᠭ ᠤᠨ ᠪᠠᠶᠢᠴᠠᠭᠠᠬᠤ᠂ ᠵᠠᠰᠠᠭ ᠵᠠᠬᠢᠷᠭᠠᠨ ᠤ ᠬᠡᠷᠡᠭ ᠤᠨ ᠪᠠᠶᠢᠴᠠᠭᠠᠬᠤ ᠪᠠ ᠨᠡᠶᠢᠳᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ︽ᠲᠥᠷᠪᠡᠨ ᠬᠥᠷᠳᠤ ᠪᠠᠷ ᠬᠦᠳᠡᠯᠭᠡᠬᠦ︾ ᠶᠢ ᠪᠠᠷᠢᠮᠲᠠᠯᠠᠵᠤ᠂ ᠪᠠᠶᠢᠴᠠᠭᠠᠬᠤ ᠠᠵᠢᠯ ᠤᠨ ᠪᠦᠬᠦ ᠲᠠᠯ᠎ᠠ ᠪᠠᠷ ᠵᠣᠬᠢᠴᠠᠩᠭᠤᠢ ᠪᠠᠷ ᠬᠥᠢᠴᠡᠳ ᠬᠥᠭᠵᠢᠬᠦ ᠶᠢ ᠠᠬᠢᠭᠤᠯᠤᠨ᠎ᠠ᠃ ᠬᠠᠤᠯᠢ ᠪᠠᠷᠢᠯᠲᠠᠶᠢᠨ ᠠᠵᠢᠯᠲᠠᠨ ᠤ ᠲᠤᠰᠢᠶᠠᠯ ᠤᠨ ᠶᠠᠯᠠᠲᠤ ᠬᠡᠷᠡᠭ ᠲᠤ ᠲᠤᠷᠰᠢᠨ ᠪᠠᠶᠢᠴᠠᠭᠠᠬᠤ ᠡᠷᠬᠡ ᠶᠢ ᠬᠠᠤᠯᠢ ᠶᠤᠰᠤᠭᠠᠷ ᠬᠡᠷᠡᠭᠵᠢᠬᠦᠯᠵᠥ᠂ ᠠᠷᠠᠳ ᠢᠷᠭᠡᠳ ᠤᠨ ᠡᠷᠬᠡ ᠶᠢ ᠪᠠᠳᠤᠯᠠᠨ᠂ ᠬᠠᠤᠯᠢ ᠪᠠᠷᠢᠯᠲᠠ ᠶᠢᠨ ᠲᠥᠪ ᠭᠤᠤᠯᠴᠢ ᠪᠠᠶᠢᠬᠤ ᠶᠢ ᠬᠠᠮᠠᠭᠠᠯᠠᠨ᠎ᠠ᠃ ᠬᠢᠨᠠᠯᠲᠠ ᠲᠠᠯᠪᠢᠬᠤ ᠪᠣᠯᠣᠨ ᠬᠢᠨᠠᠯᠲᠠ ᠬᠥᠯᠢᠶᠡᠬᠦ ᠣᠬᠢ ᠰᠠᠶᠢᠨ ᠤᠶᠢᠯᠡᠳᠤᠯᠴᠡᠯ ᠤᠨ ᠬᠠᠷᠢᠴᠠᠭ᠎ᠠ ᠶᠢ ᠪᠠᠶᠢᠭᠤᠯᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠲᠠᠯᠪᠢᠬᠤ ᠬᠠᠮ ᠬᠥᠴᠥᠨ ᠢ ᠪᠥᠷᠢᠯᠳᠤᠬᠦᠯᠥᠨᠡ᠃
ᠲᠠᠪᠤᠳᠤᠭᠠᠷ ᠲᠤ᠂ ᠬᠠᠤᠯᠢ ᠪᠠᠷᠢᠬᠤ ᠥᠭᠡᠷᠡᠴᠢᠯᠡᠯᠲᠡ ᠶᠢ ᠡᠷᠡᠰ ᠭᠤᠶᠢᠪᠢᠰᠢ ᠥᠭᠡᠢ ᠲᠥᠯᠬᠢᠨ ᠠᠬᠢᠭᠤᠯᠵᠤ᠂ ᠰᠢᠨ᠎ᠡ ᠴᠠᠭ ᠥᠶ᠎ᠡ ᠶᠢᠨ ᠪᠠᠶᠢᠴᠠᠭᠠᠬᠤ ᠡᠷᠬᠡ ᠶᠢᠨ ᠠᠵᠢᠯᠯᠠᠭᠠᠨ ᠤ ᠰᠢᠰᠲ᠋ᠧᠮ ᠢ ᠲᠡᠬᠦᠯᠳᠡᠷᠵᠢᠬᠦᠯᠥᠨ᠎ᠡ᠃ ᠲᠤᠰᠬᠠᠶᠢᠵᠢᠭᠰᠠᠨ ᠰᠢᠨ᠎ᠡ ᠬᠡᠯᠪᠡᠷᠢ ᠶᠢᠨ ᠬᠡᠷᠡᠭ ᠰᠢᠳᠭᠡᠬᠦ ᠪᠦᠯᠬᠦᠮ ᠢ ᠲᠥᠷᠭᠡᠳᠭᠡᠨ ᠪᠠᠶᠢᠭᠤᠯᠵᠥ᠂ ᠪᠠᠶᠢᠴᠠᠭᠠᠬᠤ ᠠᠵᠢᠯᠳᠠᠨ ᠤ ᠲᠦᠷᠦᠯᠵᠢᠬᠦᠯᠥᠨ ᠬᠠᠮᠢᠶᠠᠷᠤᠯᠲᠠ᠂ ᠪᠠᠶᠢᠴᠠᠭᠠᠬᠤ ᠲᠤᠰᠢᠶᠠᠯᠲᠠᠨ ᠤ ᠬᠥᠳᠡᠯᠥᠩᠬᠦᠢ ᠬᠠᠮᠢᠶᠠᠷᠤᠯᠲᠠ ᠪᠠ ᠠᠵᠢᠯ ᠤᠨ ᠥᠷ᠎ᠡ ᠪᠥᠳᠥᠮᠵᠢ ᠶᠢ ᠬᠢᠨᠠᠨ ᠰᠢᠯᠭᠠᠵᠤ ᠥᠨᠡᠯᠡᠬᠦ ᠲᠤᠭᠲᠠᠴᠠ ᠶᠢ ᠲᠡᠬᠦᠯᠳᠡᠷᠵᠢᠬᠦᠯᠥᠨ᠎ᠡ᠃ ᠲᠤᠳᠤᠭᠠᠳᠦ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠤᠬᠢᠶᠠᠯ ᠪᠤᠯᠭᠠᠨ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠤᠰᠬᠠᠶᠢᠵᠢᠭᠰᠠᠨ ᠪᠠᠶᠢᠭᠤᠯᠥᠯᠲᠠ ᠶᠢ ᠴᠢᠩᠭᠠᠳᠬᠠᠨ᠎ᠠ᠃ ᠲᠤᠰᠢᠶᠠᠯ ᠤᠨ ᠳᠠᠷᠠᠭᠠᠯᠠᠯ ᠤᠨ ᠬᠠᠮᠢᠶ᠎ᠠ ᠪᠦᠬᠦᠢ ᠲᠥᠬᠦᠷᠵᠢᠬᠦᠯᠥᠭᠰᠡᠨ ᠬᠥᠷᠲᠡᠮᠵᠢ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠠᠶᠢᠴᠠᠭᠠᠬᠤ ᠠᠵᠢᠯᠲᠠᠨ ᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠬᠢᠭᠡᠳ ᠡᠷᠬᠢᠯᠡᠭᠰᠡᠨ ᠠᠵᠢᠯ ᠤᠨ ᠢᠷᠠᠭᠤ ᠠᠯᠲᠠᠷᠲᠤ ᠰᠡᠳᠬᠢᠯᠭᠡ ᠶᠢ ᠨᠡᠮᠡᠭᠳᠡᠬᠦᠯᠥᠨ᠎ᠡ᠃ ᠵᠠᠰᠠᠭ ᠵᠠᠬᠢᠷᠭᠠᠨ ᠤ ᠤᠷᠤᠨ ᠢ ᠰᠤᠨᠳᠠᠯᠠᠭᠰᠠᠨ ᠪᠠᠶᠢᠴᠠᠭᠠᠬᠤ ᠬᠤᠷᠢᠶᠠᠨ ᠤ ᠥᠭᠡᠷᠡᠴᠢᠯᠡᠯᠲᠡ ᠶᠢ ᠢᠳᠡᠪᠬᠢᠲᠠᠢ ᠰᠦᠪᠡᠭᠴᠢᠯᠡᠵᠥ᠂ ᠲᠡᠮᠤᠷ ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠬᠤᠷᠢᠶ᠎ᠠ ᠶᠢ ᠨᠡᠶᠢᠲᠡ ᠶᠢᠨ ᠠᠰᠢᠭᠲᠤ ᠵᠠᠷᠭᠤ ᠶᠢ ᠡᠷᠬᠢᠯᠡᠬᠦ ᠲᠤᠰᠬᠠᠢ ᠪᠠᠶᠢᠴᠠᠭᠠᠬᠤ ᠪᠠᠶᠢᠭᠤᠯᠭ᠎ᠠ ᠪᠤᠯᠭᠠᠨ ᠪᠠᠶᠢᠭᠤᠯᠤᠨ᠎ᠠ᠃
ᠵᠢᠷᠭᠤᠳᠤᠭᠠᠷ ᠲᠤ᠂ ᠴᠠᠭᠠᠷᠠᠵᠥ ᠬᠠᠳᠠᠭᠤᠵᠢᠭᠰᠠᠨ ᠪᠠᠶᠢᠴᠠᠭᠠᠬᠤ ᠡᠩᠨᠡᠭᠡ ᠶᠢ ᠡᠷᠡᠰ ᠭᠤᠶᠢᠪᠢᠰᠢ ᠥᠭᠡᠢ ᠪᠠᠶᠢᠭᠤᠯᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠴᠢᠳᠠᠪᠦᠷᠢ ᠶᠢᠨ ᠬᠢᠷᠢ ᠲᠥᠪᠰᠢᠨ ᠢᠶᠠᠨ ᠲᠠᠰᠤᠷᠠᠯᠲᠠ ᠥᠭᠡᠢ ᠪᠠᠷ ᠳᠡᠭᠡᠭᠰᠢᠯᠡᠬᠦᠯᠥᠨ᠎ᠡ᠃ ᠪᠠᠶᠢᠴᠠᠭᠠᠬᠤ ᠡᠩᠨᠡᠭᠡᠨ ᠤ ᠬᠤᠪᠢᠰᠬᠠᠯᠵᠢᠭᠰᠠᠨ᠂ ᠵᠢᠩᠬᠢᠨᠢᠴᠢᠯᠡᠭᠰᠡᠨ᠂ ᠲᠤᠰᠬᠠᠶᠢᠵᠢᠭᠰᠠᠨ᠂ ᠮᠡᠷᠭᠡᠵᠢᠭᠰᠡᠨ ᠪᠠᠶᠢᠭᠤᠯᠤᠯᠲᠠ ᠶᠢ ᠴᠢᠩᠭᠠᠳᠬᠠᠨ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠥᠵᠡᠯ ᠰᠠᠨᠠᠭᠠᠨ ᠤ ᠶᠡᠭᠡ ᠰᠤᠷᠤᠯᠴᠠᠯᠭ᠎ᠠ᠂ ᠶᠡᠭᠡ ᠰᠤᠳᠤᠯᠤᠨ ᠶᠠᠷᠢᠯᠴᠠᠭ᠎ᠠ᠂ ᠶᠡᠭᠡ ᠪᠤᠯᠪᠠᠰᠤᠷᠠᠯ ᠤᠨ ᠪᠠᠶᠢᠩᠭᠤᠵᠢᠯᠲᠠ ᠶᠢ ᠲᠥᠯᠬᠢᠨ ᠠᠬᠢᠭᠤᠯᠵᠤ᠂ ︽ᠤᠭ ᠰᠠᠨᠠᠭ᠎ᠠ ᠪᠠᠨ ᠥᠯᠥ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠥᠮᠥᠵᠢᠯ ᠤᠨ ᠠᠵᠢᠯᠯᠠᠭ᠎ᠠ ᠶᠢ ᠪᠠᠳᠤᠲᠠᠢ ᠥᠷᠨᠢᠬᠦᠯᠵᠥ᠂ ︽ᠲᠥᠷᠪᠡᠨ ᠬᠡᠯᠪᠡᠷᠢᠳᠤ ᠨᠣᠶᠠᠨ︾ ᠤ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠎ᠡ᠃ ᠲᠤᠬᠠᠶᠢᠯᠠᠭᠰᠠᠨᠠᠵᠢᠯ ᠤᠨ ᠪᠠᠶᠢᠭᠤᠯᠤᠯᠲᠠ ᠶᠢ ᠴᠢᠩᠭᠠᠳᠬᠠᠨ᠂ ᠲᠤᠰᠬᠠᠢ ᠮᠡᠷᠭᠡᠵᠢᠯ ᠤᠨ ᠴᠢᠳᠠᠪᠤᠷᠢ᠂ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ ᠬᠥᠮᠥᠵᠢᠬᠦᠯᠥᠨᠡ᠃ ᠰᠢᠯᠢᠳᠡᠭ ᠵᠠᠯᠠᠭᠤ ᠺᠠᠳ᠋ᠷ ᠢ ᠶᠡᠭᠡᠪᠡᠷ ᠰᠤᠩᠭᠤᠨ ᠰᠢᠯᠭᠠᠷᠠᠭᠤᠯᠵᠥ ᠂ ᠬᠠᠤᠯᠢ ᠪᠠᠷᠢᠬᠤ ᠴᠢᠳᠠᠪᠤᠷᠢᠳᠠᠨ ᠢ ᠰᠠᠶᠢᠲᠤᠷ ᠨᠦᠭᠡᠴᠡᠯᠡᠨ᠎ᠡ᠃ ᠰᠢᠰᠲ᠋ᠧᠮ ᠤᠨ ᠲᠤᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠬᠢᠭᠡᠳ ᠪᠠᠶᠢᠴᠠᠭᠠᠬᠤ ᠶᠠᠪᠤᠳᠠᠯ ᠤᠨ ᠱᠠᠭᠠᠷᠳᠠᠨ ᠪᠠᠶᠢᠴᠠᠭᠠᠬᠤ ᠶᠢ ᠭᠦᠨᠵᠡᠭᠡᠶᠢᠷᠡᠭᠦᠯᠵᠦ᠂ ᠨᠠᠮ ᠢᠶᠠᠨ ᠬᠠᠮᠢᠶᠠᠷᠬᠤ᠂ ᠨᠠᠮ ᠢᠶᠠᠨ ᠵᠠᠰᠠᠬᠤ᠂ ᠪᠠᠶᠢᠴᠠᠭᠠᠬᠤ ᠪᠠᠨ ᠴᠢᠩᠭ᠎ᠠ ᠵᠠᠰᠠᠬᠤ ᠬᠢᠷᠢ ᠲᠥᠪᠰᠢᠨ ᠢᠶᠠᠨ ᠲᠠᠰᠤᠷᠠᠯᠲᠠ ᠥᠭᠡᠢ ᠳᠡᠭᠡᠭᠰᠢᠯᠡᠬᠦᠯᠥᠨ᠎ᠡ᠃
ᠲᠥᠯᠥᠭᠡᠯᠡᠭᠴᠢᠳ ᠡ᠂ ᠰᠢᠨ᠎ᠡ ᠴᠠᠭ ᠥᠶ᠎ᠡ ᠳᠤ ᠰᠢᠨ᠎ᠡ ᠲᠥᠷᠰᠤ ᠪᠠᠶᠢᠳᠠᠯ ᠰᠢᠨ᠎ᠡ ᠥᠢᠯᠡᠳᠬᠦᠢ ᠲᠠᠢ ᠪᠠᠶᠢᠬᠤ ᠬᠡᠷᠡᠭᠲᠡᠢ᠃ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠲᠤᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ ᠨᠠᠷᠢᠨ ᠬᠢᠨᠠᠮᠠᠭᠠᠢ ᠪᠠᠷ ᠨᠠᠶᠢᠳᠠᠪᠤᠷᠢᠵᠢᠭᠤᠯᠤᠨ᠂ ᠢᠳᠡᠭᠡᠯ ᠵᠣᠷᠢᠭ ᠢᠶᠠᠨ ᠪᠠᠳᠤ ᠪᠤᠯᠭᠠᠵᠦ᠂ ᠡᠬᠦᠷᠭᠡ ᠬᠠᠷᠢᠭᠤᠴᠠᠯᠭ᠎ᠠ ᠪᠠᠨ ᠥᠨᠡᠨᠴᠢ ᠰᠢᠳᠤᠷᠭᠤ ᠪᠠᠷ ᠭᠦᠢᠴᠡᠳᠭᠡᠨ᠂ ᠯᠠᠪᠳᠠᠭᠤᠨ ᠪᠤᠳᠠᠳᠠᠢ ᠤᠷᠤᠭᠰᠢᠯᠠᠨ ᠳᠠᠪᠰᠢᠵᠤ᠂ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠬᠦᠳᠴᠤ᠂ ᠠᠮᠤᠷ ᠠᠮᠤᠭᠤᠯᠠᠩ ᠥᠪᠥᠷ ᠮᠣᠩᠭᠤᠯ᠂ ᠬᠠᠤᠯᠢ ᠪᠠᠷ ᠵᠠᠰᠠᠭᠰᠠᠨ ᠥᠪᠥᠷ ᠮᠣᠩᠭᠤᠯ᠂ ᠥᠵᠡᠰᠬᠦᠯᠡᠩᠲᠤ ᠰᠠᠶᠢᠬᠠᠨ ᠥᠪᠦᠷ ᠮᠣᠩᠭᠤᠯ ᠳᠤ ᠭᠡᠷᠡᠯ ᠬᠢᠯᠪᠠᠭ᠎ᠠ ᠨᠡᠮᠡᠷᠢᠯᠡᠵᠦ᠂ ᠰᠢᠯᠢᠳᠡᠭ ᠬᠢᠷᠢ ᠪᠦᠳᠤᠮᠵᠢ ᠪᠠᠷ ᠰᠢᠨ᠎ᠡ ᠲᠤᠮᠳᠠᠳᠦ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠶ᠎ᠠ︕
ᠳᠠᠭᠠᠯᠳᠤᠭᠤᠯᠤᠯ
ᠨᠢᠭᠡ᠂ ᠨᠡᠷ᠎ᠡ ᠲᠣᠮᠢᠶ᠎ᠠ ᠶᠢᠨ ᠲᠠᠶᠢᠯᠪᠤᠷᠢ
1.ᠤᠯᠤᠰ ᠲᠦᠷᠦ ᠶᠢ ᠡᠷᠬᠢᠮᠯᠡᠨ᠂ ᠶᠡᠭᠡ ᠲᠠᠯ᠎ᠠ ᠶᠢ ᠬᠠᠷᠠᠭᠠᠯᠵᠠᠵᠤ᠂ ᠬᠦᠭᠵᠢᠯᠲᠡ ᠶᠢ ᠰᠦᠪᠡᠭᠴᠢᠯᠡᠨ᠂ ᠦᠪᠡᠷᠲᠡᠭᠡᠨ ᠬᠦᠴᠦᠷᠭᠡᠭᠵᠢᠬᠦ ᠶᠢ ᠴᠢᠬᠤᠯᠠᠴᠢᠯᠠᠬᠤ᠄ ᠡᠨᠡ ᠪᠣᠯ ᠠᠷᠠᠳ ᠶᠢᠨ ᠲᠡᠭᠡᠳᠦ ᠪᠠᠶᠢᠴᠠᠭᠠᠬᠤ ᠬᠤᠷᠢᠶ᠎ᠠ ᠶᠢᠨ ᠵᠠᠩ ᠵᠢᠶᠦ᠋ᠨ ᠪᠠᠶᠢᠴᠠᠭᠠᠬᠤ ᠲᠠᠷᠤᠭ᠎ᠠ ᠶᠢᠨ ᠲᠤᠷᠠᠳᠤᠭᠰᠠᠠ ᠪᠦᠬᠦ ᠤᠯᠤᠰ ᠤᠨ ᠪᠠᠶᠢᠴᠠᠭᠠᠬᠤ ᠠᠵᠢᠯ ᠤᠨ ᠶᠡᠷᠤᠩᠭᠡᠢ ᠱᠠᠭᠠᠷᠳᠠᠯᠭ᠎ᠠ ᠪᠣᠯᠣᠨ᠎ᠠ᠃
2.ᠲᠦᠷᠪᠡᠨ ᠡᠷᠭᠡᠪᠰᠢ᠂ ᠲᠤᠯᠤᠭᠠᠨ ᠲᠦᠪᠯᠡᠷᠡᠯ᠂ ᠲᠠᠪᠤᠨ ᠨᠠᠶᠢᠳᠠᠪᠤᠷᠢᠵᠢᠭᠤᠯᠤᠯᠲᠠ᠄ ᠦᠪᠡᠷᠳᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠪᠦᠬᠦ ᠣᠷᠤᠨ ᠤ ᠪᠠᠶᠢᠴᠠᠭᠠᠬᠤ ᠠᠵᠢᠯ ᠳᠤ ᠲᠣᠯᠭᠠᠷᠠᠭᠰᠠᠠ ᠰᠢᠨ᠎ᠡ ᠪᠠᠶᠢᠳᠠᠯ᠂ ᠰᠢᠨ᠎ᠡ ᠡᠬᠦᠷᠭᠡ᠂ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠵᠠᠳᠠᠯᠵᠤ ᠰᠤᠳᠤᠯᠤᠨ ᠮᠠᠭᠠᠳᠯᠠᠭᠠᠳ᠂ 2018 ᠣᠨ ᠤ 4 ᠰᠠᠷ᠎ᠠ ᠶᠢᠨ 18 ᠤ ᠡᠳᠤᠷ ᠪᠦᠬᠦ ᠣᠷᠤᠨ ᠤ ᠪᠠᠶᠢᠴᠠᠭᠠᠬᠤ ᠲᠠᠷᠤᠭ᠎ᠠ ᠨᠠᠷ ᠤᠨ ᠬᠤᠷᠠᠯᠳᠤᠭᠠᠨ ᠲᠡᠭᠡᠷ᠎ᠡ ︽ᠲᠦᠷᠪᠡᠨ ᠡᠷᠭᠡᠪᠰᠢ᠂ ᠲᠤᠯᠤᠭᠠᠨ ᠲᠦᠪᠯᠡᠷᠡᠯ᠂ ᠲᠠᠪᠤᠨ ᠨᠠᠶᠢᠳᠠᠪᠤᠷᠢᠵᠢᠭᠤᠯᠤᠯᠲᠠ︾ ᠶᠢᠨ ᠠᠵᠢᠯ ᠤᠨ ᠰᠡᠳᠬᠢᠴᠡ ᠶᠢ ᠲᠤᠷᠠᠳᠴᠠᠢ᠃
ᠲᠦᠷᠪᠡᠨ ᠡᠷᠭᠡᠪᠰᠢ ᠪᠣᠯ ᠠᠵᠢᠯ ᠤᠨ ᠱᠠᠭᠠᠷᠳᠠᠯᠭ᠎ᠠ ᠪᠣᠯᠣᠨ᠎ᠠ᠂ ᠲᠠᠷᠤᠢ ᠡᠷᠭᠡᠪᠰᠢ ᠤᠯᠤᠰ ᠲᠦᠷᠦ ᠶᠢ ᠡᠷᠬᠢᠮᠯᠡᠵᠦ᠂ ᠪᠦᠬᠦ ᠲᠠᠯ᠎ᠠ ᠶᠢ ᠬᠠᠷᠠᠭᠠᠯᠵᠠᠵᠤ᠂ ᠬᠦᠭᠵᠢᠯᠲᠡ ᠶᠢ ᠰᠦᠪᠡᠭᠴᠢᠯᠡᠬᠦ ᠬᠡᠷᠡᠭᠲᠡᠢ︔ ᠡᠷᠭᠡᠪᠰᠢ ᠭᠤᠣᠯ ᠠᠵᠢᠯ ᠢᠶᠠᠨ ᠠᠳᠬᠤᠨ᠂ ᠦᠭᠡᠷᠡᠴᠢᠯᠡᠯᠲᠡ ᠶᠢ ᠠᠳᠬᠤᠵᠤ᠂ ᠡᠩᠨᠡᠭᠡ ᠪᠠᠨ ᠴᠢᠩᠭᠠᠳᠬᠠᠨ᠂ ᠦᠨᠳᠦᠰᠦᠨ ᠱᠠᠳᠤ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ ᠬᠡᠷᠡᠭᠳᠡᠢ︔ ᠡᠷᠭᠡᠪᠰᠢ ᠵᠣᠷᠢᠭᠲᠠᠢ ᠮᠡᠳᠭᠡᠯᠴᠡᠵᠤ᠂ ᠵᠣᠷᠢᠭᠲᠠᠢ ᠲᠣᠯᠣᠯᠴᠠᠵᠤ᠂ ᠵᠣᠷᠢᠭᠲᠠᠢ ᠲᠡᠮᠡᠴᠡᠬᠦ ᠬᠡᠷᠡᠭᠳᠡᠢ︔ ᠡᠷᠭᠡᠪᠰᠢ ᠰᠢᠨ᠎ᠡ ᠶᠢ ᠡᠭᠦᠳᠬᠦ ᠰᠡᠳᠬᠢᠴᠡ᠂ ᠡᠷᠡᠮᠡᠭᠡᠢ ᠴᠢᠩᠭ᠎ᠠ ᠰᠦᠰᠦ ᠵᠣᠷᠢᠭ᠂ ᠡᠷᠡᠰ ᠪᠠᠲᠤ ᠢᠲᠡᠭᠡᠯ᠂ ᠭᠤᠴᠤ ᠰᠠᠶᠢᠨ ᠡᠷᠳᠡᠮ ᠴᠢᠳᠠᠪᠤᠷᠢ᠂ ᠴᠢᠩᠭ᠎ᠠ ᠨᠢᠮᠪᠠᠢ ᠬᠡᠪ ᠰᠤᠷᠳᠠᠯ ᠢᠶᠠᠷ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠬᠦᠰᠡᠯ ᠡᠷᠡᠮᠡᠯᠵᠡᠯ ᠢ ᠬᠠᠷᠢᠭᠤᠯᠤᠨ᠂ ᠰᠢᠨ᠎ᠡ ᠲᠣᠬᠢᠶᠠᠯ ᠢ ᠤᠭᠳᠤᠵᠤ᠂ ᠰᠢᠨ᠎ᠡ ᠦᠷᠢᠰᠦᠯᠳᠦᠭᠡᠨ ᠢ ᠲᠣᠯᠣᠨ᠂ ᠰᠢᠨ᠎ᠡ ᠬᠠᠭᠤᠴᠢᠨ ᠠᠰᠠᠭᠤᠳᠠᠯ ᠪᠠ ᠵᠦᠷᠢᠴᠡᠯ ᠢ ᠰᠢᠢᠳᠪᠤᠷᠢᠯᠡᠬᠦ ᠬᠡᠷᠡᠭᠳᠡᠢ᠃
ᠲᠤᠯᠤᠭᠠᠨ ᠲᠦᠪᠯᠡᠷᠡᠯ ᠪᠣᠯ ᠬᠠᠷᠠᠯᠲᠠ ᠡᠭᠦᠷᠭᠡ ᠪᠣᠯᠣᠨ᠎ᠠ᠂ ᠲᠠᠷᠣᠢ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠳᠤ ᠲᠦᠪᠯᠡᠷᠡᠬᠦᠯᠦᠨ᠂ ᠪᠠᠶᠢᠴᠠᠭᠠᠬᠤ ᠵᠠᠮ ᠤᠨ ᠦᠪᠡᠷ ᠤᠨ ᠢᠲᠡᠭᠡᠯ ᠢᠶᠠᠨ ᠦᠨᠡᠨ ᠬᠦ ᠨᠡᠮᠡᠭᠳᠡᠬᠦᠯᠦᠨ᠎ᠡ︔ ᠪᠦᠬᠦ ᠲᠠᠯ᠎ᠠ ᠳᠤ ᠦᠢᠯᠡᠴᠢᠯᠡᠬᠦ ᠳᠤ ᠲᠦᠪᠯᠡᠷᠡᠬᠦᠯᠦᠨ᠂ ᠬᠠᠤᠯᠢ ᠪᠠᠷᠢᠯᠲᠠ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠪᠠᠨ ᠦᠨᠡᠨ ᠬᠦ ᠲᠡᠭᠡᠭᠰᠢᠯᠡᠬᠦᠯᠦᠨ᠎ᠡ︔ ᠭᠤᠣᠯ ᠬᠠᠷᠢᠭᠤᠴᠠᠯᠭ᠎ᠠ ᠭᠤᠣᠯ ᠠᠵᠢᠯ ᠳᠤ ᠲᠦᠪᠯᠡᠷᠡᠬᠦᠯᠦᠨ᠂ ᠲᠥᠪ ᠭᠤᠣᠯᠴᠢ ᠰᠢᠳᠤᠷᠭᠤ ᠶᠤᠰᠤ ᠶᠢ ᠦᠨᠡᠨ ᠬᠦ ᠬᠠᠮᠠᠭᠠᠯᠠᠨ᠎ᠠ︔ ᠬᠠᠤᠯᠢ ᠪᠠᠷᠢᠬᠤ ᠦᠭᠡᠷᠡᠴᠢᠯᠡᠯᠲᠡ ᠳᠤ ᠲᠦᠪᠯᠡᠷᠡᠬᠦᠯᠦᠨ᠂ ᠬᠠᠤᠯᠢ ᠪᠠᠷᠢᠯᠲᠠ ᠶᠢᠨ ᠣᠯᠠᠨ ᠨᠡᠶᠢᠲᠡ ᠶᠢᠨ ᠢᠲᠡᠭᠡᠮᠵᠢ ᠶᠢ ᠦᠨᠡᠨ ᠬᠦ ᠲᠡᠭᠡᠭᠰᠢᠯᠡᠬᠦᠯᠦᠨ᠎ᠡ︔ ᠤᠶᠤᠨᠴᠢ ᠪᠠᠶᠢᠴᠠᠭᠠᠬᠤ ᠶᠠᠪᠤᠳᠠᠯ ᠤᠨ ᠪᠠᠶᠢᠭᠤᠯᠤᠯᠲᠠ ᠳᠤ ᠲᠦᠪᠯᠡᠷᠡᠬᠦᠯᠦᠨ᠂ ᠬᠠᠤᠯᠢ ᠪᠠᠷᠢᠯᠲᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ︔ ᠴᠢᠳᠠᠪᠤᠷᠢ ᠶᠢᠨ ᠪᠠᠶᠢᠭᠤᠯᠤᠯᠲᠠ ᠳᠤ ᠲᠦᠪᠯᠡᠷᠡᠬᠦᠯᠦᠨ᠂ ᠴᠠᠭᠠᠷᠠᠵᠤ ᠬᠠᠳᠠᠭᠤᠵᠢᠭᠰᠠᠠ ᠡᠩᠨᠡᠭᠡ ᠶᠢ ᠦᠨᠡᠨ ᠬᠦ ᠪᠠᠶᠢᠭᠤᠯᠤᠨ᠎ᠠ︔ ᠦᠨᠳᠦᠰᠦᠨ ᠱᠠᠲᠤᠨ ᠤ ᠰᠠᠭᠤᠷᠢ ᠳᠤ ᠲᠥᠪᠯᠡᠷᠡᠬᠦᠯᠦᠨ᠂ ᠪᠠᠶᠢᠴᠠᠭᠠᠬᠤ ᠦᠢᠯᠡᠰ ᠤᠨ ᠬᠦᠭᠵᠢᠯᠲᠡ ᠶᠢᠨ ᠰᠠᠭᠤᠷᠢ ᠶᠢ ᠦᠨᠡᠨ ᠬᠦ ᠪᠠᠬᠢᠵᠢᠬᠦᠯᠦᠨ᠎ᠡ᠃
ᠲᠠᠪᠤᠨ ᠨᠠᠶᠢᠳᠠᠪᠤᠷᠢᠵᠢᠭᠤᠯᠤᠯᠲᠠ ᠪᠣᠯ ᠵᠤᠭᠰᠤᠴᠠ ᠪᠠᠶᠢᠷᠢᠰᠢᠯ ᠢᠶᠠᠨ ᠲᠡᠭᠡᠭᠰᠢᠯᠡᠬᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠡᠳᠬᠢᠯ ᠢᠶᠠᠨ ᠨᠢᠭᠲᠠᠷᠠᠭᠤᠯᠤᠨ ᠬᠦᠴᠦ ᠪᠠᠨ ᠨᠢᠭᠡᠳᠭᠡᠵᠤ ᠨᠠᠶᠢᠳᠠᠪᠤᠷᠢᠵᠢᠭᠤᠯᠤᠯᠲᠠ ᠶᠢ ᠠᠳᠬᠤᠨ᠂ ᠪᠣᠳᠠᠳᠠᠢ ᠶᠢ ᠡᠷᠬᠢᠮᠯᠡᠵᠤ ᠦᠨᠡᠨ ᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠬᠦᠷᠭᠡᠯᠡᠯ ᠢᠶᠠᠨ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠨ᠂ ᠤᠳᠠᠭᠠᠨ ᠳᠠᠭᠠᠭᠠᠮᠠᠭᠠᠢ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦ ᠣᠷᠤᠨ ᠤ ᠪᠠᠶᠢᠴᠠᠭᠠᠬᠤ ᠠᠵᠢᠯ ᠤᠨ ᠰᠢᠨ᠎ᠡ ᠬᠦᠭᠵᠢᠯᠲᠡ᠂ ᠰᠢᠨ᠎ᠡ ᠦᠰᠦᠷᠤᠯᠲᠡ ᠶᠢᠨ ᠪᠡᠶᠡᠯᠡᠭᠳᠡᠯ ᠢ ᠲᠦᠯᠭᠢᠨ ᠠᠬᠢᠭᠤᠯᠤᠨ᠎ᠠ᠃
3.ᠪᠠᠷᠢᠪᠴᠢᠯᠠᠬᠤ ᠶᠢ ᠵᠥᠪᠰᠢᠶᠡᠷᠡᠬᠦ ᠪᠠ ᠵᠠᠭᠠᠯᠳᠤᠬᠤ ᠶᠢ ᠨᠢᠭᠡ ᠴᠣᠭᠴᠠᠵᠢᠭᠤᠯᠬᠤ᠄ ᠵᠠᠷᠭᠤ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠠᠶᠢᠴᠠᠭᠠᠬᠤ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠬᠡᠷᠡᠭ ᠣᠯᠠᠨ ᠬᠡᠷᠡᠭ ᠰᠢᠢᠳᠪᠦᠷᠢᠯᠡᠭᠴᠢ ᠴᠦᠭᠡᠨ ᠪᠠᠶᠢᠬᠤ ᠵᠦᠷᠢᠴᠡᠯ ᠢ ᠨᠠᠮᠳᠠᠭᠤᠯᠬᠤ ᠶᠢᠨ ᠲᠤᠰᠠᠲᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠨᠢᠭᠡ ᠬᠡᠷᠡᠭ ᠤᠨ ᠪᠠᠷᠢᠪᠴᠢᠯᠠᠬᠤ ᠶᠢ ᠬᠢᠨᠠᠨ ᠪᠠᠶᠢᠴᠠᠭᠠᠬᠤ ᠪᠠ ᠬᠢᠨᠠᠨ ᠪᠠᠶᠢᠴᠠᠭᠠᠵᠥ ᠵᠠᠭᠠᠯᠳᠤᠬᠤ ᠠᠵᠢᠯ ᠢ ᠨᠢᠭᠡ ᠪᠠᠶᠢᠴᠠᠭᠠᠬᠤ ᠲᠤᠰᠢᠶᠠᠯᠲᠠ ᠪᠣᠶᠣ ᠬᠡᠷᠡᠭ ᠰᠢᠳᠬᠡᠬᠦ ᠳᠤᠭᠤᠶᠢᠯᠠᠩ ᠬᠢᠨᠠᠨ ᠪᠠᠶᠢᠴᠠᠭᠠᠵᠤ ᠰᠢᠢᠳᠪᠦᠷᠢᠯᠡᠬᠦ ᠲᠣᠭᠲᠠᠴᠠ ᠶᠢ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠳᠤ ᠬᠡᠷᠡᠭᠵᠢᠭᠦᠯᠦᠭᠰᠡᠨ ᠦᠭᠡᠷᠡᠴᠢᠯᠡᠯᠲᠡ ᠪᠣᠯᠤᠨ᠎ᠠ᠂ ᠡᠨᠡᠬᠦ ᠲᠣᠭᠲᠠᠴᠠ ᠪᠣᠯ ᠪᠠᠶᠢᠴᠠᠭᠠᠬᠤ ᠡᠷᠬᠡ ᠶᠢᠨ ᠠᠵᠢᠯᠯᠠᠭᠠᠨ ᠤ ᠲᠣᠭᠲᠠᠴᠠ ᠶᠢᠨ ᠦᠭᠡᠷᠡᠴᠢᠯᠡᠯᠲᠡ ᠶᠢᠨ ᠴᠢᠬᠤᠯᠠ ᠨᠢᠭᠡᠨ ᠠᠭᠤᠯᠭ᠎ᠠ ᠪᠣᠯᠬᠤ ᠪᠠᠷ ᠪᠠᠷᠠᠬᠤ ᠦᠭᠡᠢ ᠰᠢᠭᠦᠨ ᠲᠠᠰᠤᠯᠤᠯᠲᠠ ᠪᠠᠷ ᠲᠦᠪ ᠪᠣᠯᠭᠠᠭᠰᠠᠨ ᠡᠷᠡᠭᠦᠦ ᠶᠢᠨ ᠵᠠᠷᠭᠤ ᠶᠢᠨ ᠳᠦᠷᠢᠮ ᠤᠨ ᠦᠭᠡᠷᠡᠴᠢᠯᠡᠯᠲᠡ ᠶᠢᠨ ᠪᠤᠰᠤᠳᠴᠢ ᠱᠠᠭᠠᠷᠳᠠᠯᠭ᠎ᠠ ᠪᠣᠯᠬᠤ ᠶᠤᠮ᠃
4. ︽15 ᠵᠤᠷᠪᠤᠰ ᠠᠷᠭ᠎ᠠ ᠬᠡᠮᠵᠢᠶ᠎ᠡ︾᠄ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢᠨ ᠬᠠᠤᠯᠢ ᠪᠠᠷ ᠵᠠᠰᠠᠬᠤ ᠱᠠᠭᠠᠷᠳᠠᠯᠭ᠎ᠠ ᠯᠤᠭ᠎ᠠ ᠣᠨᠣᠴᠠᠲᠠᠢ ᠲᠣᠬᠢᠷᠠᠯᠴᠠᠬᠤ ᠶᠢᠨ ᠲᠤᠰᠠᠲᠠ᠂ ᠦᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠰᠠᠭᠤᠳᠠᠯ ᠤᠨ ᠬᠤᠷᠠᠯ ᠢ ᠬᠤᠷᠠᠯᠳᠤᠭᠤᠯᠤᠨ ᠰᠠᠨᠠᠯ ᠰᠠᠨᠠᠭᠤᠯᠭ᠎ᠠ ᠶᠢ ᠨᠢ ᠰᠣᠨᠣᠰᠤᠭᠰᠠᠨ ᠤ ᠰᠠᠭᠤᠷᠢᠨ ᠳᠡᠭᠡᠷ᠎ᠡ᠂ ᠪᠠᠶᠢᠴᠠᠭᠠᠬᠤ ᠠᠵᠢᠯ ᠤᠨ ᠲᠤᠰᠢᠶᠠᠯ ᠴᠢᠳᠠᠪᠬᠢ ᠯᠤᠭ᠎ᠠ ᠤᠶᠠᠯᠳᠤᠭᠤᠯᠵᠤ᠂ ︽ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠰᠠᠶᠢᠨ ᠬᠦᠭᠵᠢᠯᠲᠡ ᠳᠤ ᠬᠠᠤᠯᠢ ᠶᠣᠰᠣᠭᠠᠷ ᠪᠠᠲᠤᠯᠠᠭ᠎ᠠ ᠬᠠᠩᠭᠠᠬᠤ ᠪᠠ ᠦᠢᠯᠡᠴᠢᠯᠡᠬᠦ ᠲᠤᠬᠠᠢ ᠠᠷᠪᠠᠨ ᠲᠠᠪᠤᠨ ᠵᠤᠷᠪᠤᠰ ᠠᠷᠭ᠎ᠠ ᠬᠡᠮᠵᠢᠶ᠎ᠡ︾ ᠰᠣᠳᠤᠯᠤᠨ ᠲᠣᠭᠲᠠᠭᠠᠵᠤ ᠲᠠᠷᠬᠠᠭᠠᠵᠠᠢ᠃ ᠬᠡᠷᠡᠭ ᠰᠢᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠨᠢ ᠪᠠᠲᠤᠯᠠᠬᠤ᠂ ᠠᠵᠤ ᠠᠬᠤᠶᠢᠯᠠᠯ ᠳᠤ ᠦᠢᠯᠡᠴᠢᠯᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠠᠷᠠᠯᠵᠢᠶ᠎ᠠ ᠡᠷᠬᠢᠯᠡᠬᠦ ᠰᠠᠶᠢᠨ ᠰᠠᠶᠢᠬᠠᠨ ᠣᠷᠴᠢᠨ ᠠᠬᠤᠢ ᠶᠢ ᠪᠦᠷᠢᠯᠳᠦᠭᠦᠯᠬᠦ ᠵᠡᠷᠭᠡ ᠲᠠᠯ᠎ᠠ ᠠᠴᠠ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠬᠤ ᠳᠤ ᠬᠢᠨᠠᠯᠲᠠ ᠲᠠᠯᠪᠢᠬᠤ ᠵᠡᠷᠭᠡ ᠠᠵᠢᠯ ᠢᠶᠠᠨ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ ᠳᠤ ᠨᠢ ᠲᠦᠰᠢᠭ ᠪᠣᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠰᠠᠶᠢᠨ ᠬᠦᠭᠵᠢᠯᠲᠡ ᠶᠢ ᠬᠠᠮᠠᠭᠠᠯᠠᠨ᠎ᠠ᠃
5.ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠨᠡᠶᠢᠲᠡ ᠶᠢᠨ ᠠᠰᠢᠭᠲᠤ ᠵᠠᠷᠭᠤ᠄ ᠪᠠᠶᠢᠴᠠᠭᠠᠬᠤ ᠪᠠᠶᠢᠭᠤᠯᠭ᠎ᠠ ᠠᠮᠢ ᠠᠬᠤᠢ ᠣᠷᠴᠢᠨ ᠲᠤᠭᠤᠷᠢᠨ᠂ ᠡᠬᠢ ᠪᠠᠶᠠᠯᠢᠭ ᠤᠨ ᠬᠠᠮᠠᠭᠠᠯᠠᠯᠲᠠ᠂ ᠢᠳᠡᠭᠡᠨ ᠤ ᠪᠠ ᠡᠮ ᠤᠨ ᠵᠦᠢᠯ ᠤᠨ ᠠᠶᠤᠯᠭᠦᠢ ᠪᠠᠶᠢᠬᠤ ᠶᠢ ᠡᠪᠳᠡᠭᠰᠡᠨ ᠬᠥᠷᠢᠶ᠎ᠡ ᠴᠠᠷ᠎ᠠ ᠪᠣᠯᠣᠨ ᠦᠢ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠬᠥᠷᠢᠶ᠎ᠡ ᠴᠠᠷ᠎ᠠ ᠳᠠᠬᠢ ᠶᠠᠯᠠᠲᠤ ᠬᠡᠷᠡᠭ ᠲᠤ ᠡᠷᠡᠭᠦᠦ ᠶᠢᠨ ᠵᠠᠭᠠᠯᠳᠤᠯᠭ᠎ᠠ ᠭᠠᠷᠭᠠᠬᠤ ᠶᠢᠨ ᠬᠠᠮᠲᠤ᠂ ᠤᠯᠤᠰ ᠤᠨ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠢᠷᠭᠡᠨ ᠤ ᠡᠷᠬᠡᠨ ᠳᠤ ᠬᠠᠯᠳᠠᠭᠰᠠᠨ ᠦᠢᠯᠡ ᠠᠵᠢᠯᠯᠠᠭ᠎ᠠ ᠳᠤ ᠢᠷᠭᠡᠨ ᠤ ᠨᠡᠶᠢᠲᠡ ᠶᠢᠨ ᠠᠰᠢᠭᠲᠤ ᠵᠠᠷᠭᠤ ᠶᠢ ᠴᠤᠭ ᠲᠤ ᠨᠢ ᠳᠤᠷᠠᠳᠴᠤ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠬᠠᠷᠠᠭᠠᠯᠵᠠᠭᠰᠠᠨ ᠢᠷᠭᠡᠨ ᠤ ᠬᠠᠷᠢᠭᠤᠴᠠᠯᠭ᠎ᠠ ᠡᠬᠦᠷᠭᠡᠯᠡᠬᠦᠯᠬᠦ ᠪᠠᠷ ᠱᠠᠭᠠᠷᠳᠠᠳᠠᠭ᠃
6. ᠬᠠᠭᠤᠷᠮᠠᠭ ᠵᠠᠷᠭᠤ᠄ ᠲᠤᠬᠠᠢ ᠶᠢᠨ ᠬᠦᠮᠦᠨ ᠬᠠᠤᠯᠢ ᠪᠤᠰᠤ ᠰᠠᠨᠠᠭᠠᠨ ᠤ ᠡᠭᠦᠰᠪᠦᠷᠢ ᠪᠠ ᠬᠠᠷᠠᠯᠲᠠ ᠠᠴᠠ ᠡᠭᠦᠰᠴᠤ᠂ ᠬᠠᠤᠯᠢ ᠴᠠᠭᠠᠵᠠ ᠶᠢᠨ ᠣᠯᠭᠤᠭᠰᠠᠨ ᠵᠠᠷᠭᠤᠯᠠᠬᠤ ᠡᠷᠬᠡ ᠪᠠᠨ ᠠᠰᠢᠭᠯᠠᠨ᠂ ᠵᠠᠷᠭᠤ ᠶᠢᠨ ᠪᠡᠶᠡᠴᠢ ᠴᠣᠭᠴᠠ᠂ ᠪᠣᠲᠠᠲᠤ ᠶᠠᠪᠤᠳᠠᠯ ᠵᠢᠴᠢ ᠭᠡᠷᠡᠴᠢ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠠᠷᠭ᠎ᠠ ᠪᠠᠷ ᠢᠷᠭᠡᠨ ᠤ ᠵᠠᠷᠭᠤ ᠵᠠᠭᠠᠯᠳᠤᠯᠭ᠎ᠠ ᠭᠠᠷᠭᠠᠵᠤ᠂ ᠰᠢᠭᠦᠬᠦ ᠬᠤᠷᠢᠶ᠎ᠠ ᠪᠠᠷ ᠪᠤᠷᠤᠭᠤ ᠰᠢᠭᠦᠨ ᠲᠠᠰᠤᠯᠤᠯᠲᠠ᠂ ᠬᠢᠨᠠᠨ ᠲᠠᠰᠤᠯᠤᠯᠲᠠ᠂ ᠡᠶᠡᠳᠡᠭᠦᠯᠦᠯᠲᠡ ᠬᠢᠯᠭᠡᠬᠦ ᠦᠢᠯᠡ ᠠᠵᠢᠯᠯᠠᠭ᠎ᠠ ᠶᠢ ᠵᠢᠭᠠᠵᠤ ᠪᠣᠢ᠃
7. ᠲᠠᠪᠤᠨ ᠲᠠᠯ᠎ᠠ ᠪᠠᠷ ᠴᠠᠭᠠᠷᠠᠵᠤ ᠬᠠᠲᠠᠭᠤᠵᠢᠭᠰᠠᠨ᠄ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠲᠤᠬᠠᠢ ᠶᠡᠷᠦᠩᠬᠡᠢ ᠱᠠᠭᠠᠷᠳᠠᠯᠭ᠎ᠠ ᠪᠤᠯᠤᠨ᠎ᠠ᠂ ᠳᠠᠷᠣᠢ ᠤᠯᠤᠰ ᠲᠦᠷᠦ ᠶᠢᠨ ᠲᠠᠯ᠎ᠠ ᠪᠠᠷ ᠴᠠᠭᠠᠷᠠᠵᠤ ᠬᠠᠲᠠᠭᠤᠵᠢᠭᠰᠠᠨ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠴᠠᠭᠠᠷᠠᠵᠤ ᠬᠠᠲᠠᠭᠤᠵᠢᠭᠰᠠᠨ᠂ ᠬᠡᠪ ᠴᠢᠨᠠᠷ ᠤᠨ ᠲᠠᠯ᠎ᠠ ᠪᠠᠷ ᠴᠠᠭᠠᠷᠠᠵᠤ ᠬᠠᠲᠠᠭᠤᠵᠢᠭᠰᠠᠨ᠂ ᠰᠠᠬᠢᠯᠭ᠎ᠠ ᠪᠠᠲᠤ ᠶᠢᠨ ᠲᠠᠯ᠎ᠠ ᠪᠠᠷ ᠴᠠᠭᠠᠷᠠᠵᠤ ᠬᠠᠲᠠᠭᠤᠵᠢᠭᠰᠠᠨ᠂ ᠣᠪᠣᠷ ᠰᠤᠷᠲᠠᠯ ᠤᠨ ᠲᠠᠯ᠎ᠠ ᠪᠠᠷ ᠴᠠᠭᠠᠷᠠᠵᠤ ᠬᠠᠲᠠᠭᠤᠵᠢᠭᠰᠠᠨ ᠢ ᠵᠢᠭᠠᠵᠤ ᠪᠣᠢ᠃
ᠬᠣᠶᠠᠷ ᠂ ᠬᠡᠷᠡᠭ ᠤᠨ ᠵᠢᠱᠢᠶᠡᠨ ᠤ ᠲᠣᠪᠴᠢ ᠲᠠᠨᠢᠯᠴᠠᠭᠤᠯᠭ᠎ᠠ
1.ᠹᠧᠩ ᠴᠢᠶᠠᠩ ᠤᠨ ᠬᠡᠷᠡᠭ᠄ ᠲᠤᠰ ᠬᠡᠷᠡᠭ ᠪᠣᠯ ᠦᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠡᠷ᠎ᠡ ᠳᠤᠷᠠᠳᠤᠨ ᠱᠠᠭᠠᠷᠳᠠᠨ ᠰᠢᠳᠬᠡᠭᠦᠯᠦᠭᠰᠡᠨ ᠬᠡᠷᠡᠭ ᠶᠤᠮ᠃ 2005 ᠣᠨ ᠠᠴᠠ ᠨᠠᠰᠢ᠂ ᠹᠧᠩ ᠴᠢᠶᠠᠩ ︽ᠭᠢᠨᠳᠠᠨ ᠤ ᠨᠡᠶᠢᠵᠠ︾ ᠪᠠᠨ ᠴᠤᠭᠯᠠᠭᠤᠯᠵᠥ ᠲᠣᠭᠲᠠᠪᠤᠷᠢᠲᠠᠢ ᠶᠠᠯ᠎ᠠ ᠬᠢᠬᠦ ᠵᠣᠬᠢᠶᠠᠨ ᠪᠠᠶᠢᠭᠤᠯᠤᠯᠲᠠ ᠶᠢ ᠠᠭᠠᠵᠢᠮ ᠢᠶᠠᠷ ᠪᠦᠷᠢᠯᠳᠦᠭᠦᠯᠵᠦ᠂ ᠬᠠᠶᠢᠷ ᠴᠢᠯᠠᠭᠤ ᠡᠯᠡᠰᠦ ᠰᠢᠷᠣᠢ ᠶᠢᠨ ᠮᠠᠲ᠋ᠧᠷᠢᠶᠠᠯ ᠬᠠᠩᠭᠠᠬᠤ ᠠᠵᠢᠯ ᠲᠦᠷᠦᠯ ᠢ ᠬᠠᠤᠯᠢ ᠪᠤᠰᠤ ᠪᠠᠷ ᠡᠵᠡᠮᠰᠢᠬᠦ ᠪᠠᠷ ᠳᠠᠮᠵᠢᠨ ᠯᠣᠲᠣ ᠶᠡᠭᠡ ᠲᠣᠭᠠᠨ ᠤ ᠬᠠᠤᠯᠢ ᠪᠤᠰᠤ ᠠᠰᠢᠭ ᠣᠯᠵᠣ᠂ ᠵᠣᠷᠢᠭᠤᠳᠠ ᠭᠡᠮᠲᠦᠭᠡᠭᠰᠡᠨ ᠵᠡᠷᠭᠡ ᠬᠠᠤᠯᠢ ᠵᠥᠷᠢᠴᠡᠭᠰᠡᠨ ᠶᠠᠯᠠᠲᠤ ᠥᠢᠯᠡ ᠠᠵᠢᠯᠯᠠᠭ᠎ᠠ ᠶᠢ ᠣᠯᠠᠨ ᠤᠳᠠᠭ᠎ᠠ ᠵᠣᠬᠢᠶᠠᠨ ᠪᠠᠶᠢᠭᠤᠯᠤᠨ ᠦᠢᠯᠡᠳᠴᠡᠢ᠃ ᠬᠠᠤᠯᠢ ᠪᠤᠰᠤ ᠠᠰᠢᠭ ᠲᠤᠰᠠ ᠤᠯᠬᠤ ᠶᠢᠨ ᠲᠥᠯᠥᠭᠡ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠵᠠᠬᠢᠷᠤᠨ ᠡᠷᠬᠡᠰᠢᠶᠡᠵᠦ᠂ ᠲᠦᠢᠯ ᠤᠨ ᠬᠠᠷ᠎ᠠ ᠬᠤᠣᠷᠲᠠᠢ ᠨᠡᠶᠢᠭᠡᠮ ᠤᠨ ᠨᠥᠯᠥᠭᠡ ᠥᠵᠡᠬᠦᠯᠵᠠᠢ᠃ 2018 ᠣᠨ ᠤ 9 ᠰᠠᠷ᠎ᠠ ᠶᠢᠨ 21 ᠤ ᠡᠳᠦᠷ᠂ ᠬᠦᠬᠡᠬᠤᠲᠠ ᠶᠢᠨ ᠪᠠᠶᠢᠴᠠᠭᠠᠬᠤ ᠬᠤᠷᠢᠶ᠎ᠠ ᠹᠧᠩ ᠴᠢᠶᠠᠩ ᠵᠡᠷᠭᠡ 24 ᠬᠥᠮᠥᠨ ᠤ ᠬᠠᠷ᠎ᠠ ᠪᠦᠯᠦᠭᠲᠡᠨ ᠤ ᠴᠢᠨᠠᠷᠲᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ᠂ ᠤᠳᠤᠷᠢᠳᠤᠭᠰᠠᠨ᠂ ᠲᠡᠭᠦᠨ ᠳᠤ ᠣᠷᠣᠯᠴᠠᠭᠰᠠᠨ ᠵᠠᠷᠭᠡ ᠶᠠᠯ᠎ᠠ ᠪᠠᠷ ᠰᠡᠵᠢᠭᠯᠡᠭᠳᠡᠭᠰᠡᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠪᠡ᠃ ᠣᠳᠣᠬᠠᠨ ᠳᠤ᠂ ᠲᠤᠰ ᠬᠡᠷᠡᠭ ᠨᠢ ᠬᠢᠨᠠᠨ ᠪᠠᠶᠢᠴᠠᠭᠠᠵᠤ ᠵᠠᠭᠠᠯᠳᠤᠬᠤ ᠱᠠᠲᠤᠨ ᠳᠤ ᠪᠣᠢ᠃
2. ︽ᠵᠠᠯᠢᠲᠤ ᠵᠢᠭᠡᠯᠡᠯᠭᠡ︾ ᠶᠢᠨ ᠬᠡᠷᠡᠭ᠄ ᠶᠠᠯ᠎ᠠ ᠬᠢᠭᠰᠡᠨᠰᠡᠵᠢᠭᠲᠡᠨ ᠯᠤ᠋ ᠱᠠᠨ ᠴᠢᠩ᠂ ᠠᠨ ᠽᠧ ᠨᠠᠨ ᠵᠡᠷᠭᠡ ᠬᠦᠮᠦᠰ ᠭᠠᠳᠠᠭᠰᠢ ᠪᠠᠨ ᠺᠤᠮᠫᠠᠨᠢ ᠶᠢᠨ ᠨᠡᠷ᠎ᠡ ᠪᠠᠷ ᠳᠠᠭᠠᠭᠠᠯᠲᠠ ᠦᠭᠡᠢ ᠪᠦᠭᠡᠳ ᠵᠢᠭᠡᠯᠡᠯᠭᠡ ᠲᠦᠷᠭᠡᠨ ᠣᠯᠭᠤᠬᠤ ᠪᠠᠷ ᠦᠭᠶᠦᠭᠡᠳᠡᠨ᠂ ᠰᠦᠯᠵᠢᠶᠡᠨ ᠳᠡᠭᠡᠷ᠎ᠡ ᠬᠦᠮᠦᠨ ᠮᠡᠬᠡᠯᠡᠨ ᠵᠢᠩᠬᠢᠨᠢ ᠬᠦᠦ ᠨᠣᠷᠮ᠎ᠠ ᠨᠢ ᠨᠢᠭᠤᠭᠳᠠᠭᠰᠠᠨ ᠦᠨᠳᠦᠷ ᠬᠦᠦ ᠲᠠᠢ ᠵᠢᠭᠡᠯᠡᠯᠭᠡ ᠶᠢᠨ ᠬᠡᠷ᠎ᠡ ᠲᠣᠭᠲᠠᠵᠤ᠂ ᠡᠯᠳᠡᠪ ᠵᠥᠢᠯ ᠤᠨ ᠠᠷᠭ᠎ᠠ ᠪᠠᠷᠢᠯ ᠢᠶᠠᠷ ᠵᠢᠭᠡᠯᠡᠭᠰᠡᠨ ᠵᠣᠭᠤᠰᠣᠨ ᠤ ᠲᠤᠭ᠎ᠠ ᠨᠣᠷᠮ᠎ᠠ ᠶᠢ ᠶᠡᠬᠡᠰᠭᠡᠭᠡᠳ ᠤᠲᠠᠰᠤ ᠪᠠᠷ ᠠᠶᠤᠯᠭᠠᠨ ᠰᠦᠷᠳᠡᠭᠦᠯᠬᠦ ᠵᠡᠷᠭᠡ ᠠᠷᠭ᠎ᠠ ᠬᠡᠯᠪᠡᠷᠢ ᠪᠠᠷ ᠬᠠᠷ᠎ᠠ ᠬᠤᠣᠷ ᠲᠠᠢ ᠥᠷᠢ ᠨᠡᠬᠡᠵᠦ᠂ ᠬᠠᠤᠯᠢ ᠪᠤᠰᠤ ᠪᠠᠷ ᠡᠳ᠋ ᠮᠦᠩᠭᠦ ᠶᠢ ᠦᠮᠴᠢᠷᠬᠡᠬᠦ ᠵᠣᠷᠢᠯᠭ᠎ᠠ ᠳᠤ ᠪᠠᠨ ᠬᠦᠷᠳᠡᠭ᠃ 2018 ᠣᠨ ᠤ 5 ᠰᠠᠷ᠎ᠠ ᠶᠢᠨ 9 ᠤ ᠡᠳᠦᠷ᠂ ᠪᠤᠭᠤᠲᠤ ᠬᠤᠲᠠ ᠶᠢᠨ ᠪᠠᠶᠢᠴᠠᠭᠠᠬᠤ ᠬᠤᠷᠢᠶ᠎ᠠ ᠬᠢᠬᠠᠨ ᠮᠡᠬᠡᠯᠡᠭᠰᠡᠨ ᠶᠠᠯ᠎ᠠ᠂ ᠬᠡᠷᠡᠭ ᠡᠲᠦᠵᠦ ᠤᠷᠰᠢᠭ ᠲᠠᠳᠠᠭᠰᠠᠨ ᠶᠠᠯ᠎ᠠ ᠪᠠᠷ ᠰᠡᠵᠢᠭᠯᠡᠭᠳᠡᠭᠰᠡᠨ ᠲᠦᠷᠦᠭᠦᠦ ᠬᠡᠷᠡᠭᠲᠡᠨ᠂ ᠭᠤᠣᠯ ᠬᠡᠷᠡᠭᠲᠡᠨ᠂ ᠭᠤᠣᠯᠯᠠᠭᠴᠢ ᠬᠦᠴᠦᠨ ᠵᠢᠴᠢ ᠢᠳᠡᠪᠬᠢᠲᠡᠢ ᠤᠷᠤᠯᠴᠠᠭᠰᠠᠨ ᠵᠡᠷᠭᠡ 40 ᠭᠠᠷᠤᠢ ᠰᠡᠵᠢᠭᠲᠡᠨ ᠢ ᠬᠠᠤᠯᠢ ᠶᠣᠰᠣᠭᠠᠷ ᠪᠠᠷᠢᠪᠴᠢᠯᠠᠵᠤ᠂ ᠠᠩᠬ᠎ᠠ ᠶᠠᠯ᠎ᠠ ᠬᠢᠭᠰᠡᠨ ᠬᠡᠷᠡᠭᠲᠡᠨ᠂ ᠭᠡᠨᠡᠳᠲᠡ ᠶᠢᠨ ᠬᠡᠷᠡᠭᠲᠡᠨ13 ᠬᠦᠮᠦᠨ ᠳᠤ ᠪᠠᠷᠢᠪᠴᠢᠯᠠᠬᠤ ᠶᠢ ᠥᠯᠥ ᠵᠥᠪᠰᠢᠶᠡᠷᠡᠪᠡ᠃
3.ᠼᠦᠢ ᠬᠠᠢ ᠲᠢᠶᠠᠨ ᠤ ᠬᠡᠷᠡᠭ᠄ ᠲᠤᠰ ᠬᠡᠷᠡᠭ ᠪᠣᠯ ᠦᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠡᠷ᠎ᠡ ᠳᠤᠷᠠᠳᠤᠨ ᠱᠠᠭᠠᠷᠳᠠᠨ ᠰᠢᠳᠬᠡᠭᠦᠯᠦᠭᠰᠡᠨ ᠬᠡᠷᠡᠭ ᠶᠤᠮ᠃ ᠼᠦᠢ ᠬᠠᠢ ᠲᠢᠶᠠᠨ 2010 ᠣᠨ ᠳᠤ ᠡᠷᠡᠭᠦᠦ ᠶᠢᠨ ᠬᠤᠭᠤᠴᠠᠭ᠎ᠠ ᠳᠦᠭᠦᠷᠴᠦ ᠰᠤᠯᠠᠯᠠᠭᠳᠠᠭᠰᠠᠨ ᠤ ᠳᠠᠷᠠᠭ᠎ᠠ᠂ ᠽᠠᠢ ᠴᠦᠨ ᠱᠧᠩ᠂ ᠵᠠᠩ ᠫᠢᠩ ᠵᠡᠷᠭᠡ ᠬᠦᠮᠦᠰ ᠢ ᠴᠤᠭᠯᠠᠭᠤᠯᠤᠨ ᠬᠡᠷᠡᠭ ᠡᠲᠦᠵᠦ ᠤᠷᠰᠢᠭ ᠲᠠᠲᠠᠭᠰᠠᠨ᠂ ᠠᠯᠪᠠᠳᠠᠨ ᠠᠷᠠᠯᠵᠢᠶᠠᠯᠠᠭᠤᠯᠤᠭᠰᠠᠨ᠂ ᠬᠢᠬᠠᠨ ᠱᠤᠯᠤᠭᠰᠠᠨ᠂ ᠵᠣᠭᠤᠰ ᠮᠦᠷᠦᠶᠢᠴᠡᠭᠰᠡᠨ ᠵᠠᠷᠭᠡ ᠶᠠᠯᠠᠲᠤ ᠥᠢᠯᠡ ᠠᠵᠢᠯᠯᠠᠭ᠎ᠠ ᠤᠯᠠᠨ ᠤᠳᠠᠭ᠎ᠠ ᠦᠢᠯᠡᠳᠴᠦ᠂ ᠲᠤᠬᠠᠢ ᠶᠢᠨ ᠭᠠᠵᠠᠷ ᠣᠷᠣᠨ ᠤ ᠣᠯᠠᠨ ᠲᠦᠮᠡᠨ ᠢ ᠳᠠᠷᠤᠯᠠᠨ ᠬᠤᠬᠢᠷᠠᠭᠤᠯᠵᠤ᠂ ᠬᠠᠤᠯᠢ ᠪᠤᠰᠤ ᠠᠵᠤ ᠠᠬᠤᠢ ᠶᠢᠨ ᠠᠰᠢᠭ ᠢ ᠴᠦᠯᠪᠡᠨ ᠣᠯᠵᠠᠢ᠃ 2018 ᠣᠨ ᠤ 1 ᠰᠠᠷ᠎ᠠ ᠶᠢᠨ 5 ᠤ ᠡᠳᠦᠷ᠂ ᠤᠯᠠᠭᠠᠨᠬᠤᠲᠠ ᠶᠢᠨ ᠪᠠᠶᠢᠴᠠᠭᠠᠬᠤ ᠬᠤᠷᠢᠶ᠎ᠠ ᠬᠠᠷ᠎ᠠ ᠪᠦᠯᠦᠭᠲᠡᠨ ᠤ ᠴᠢᠨᠠᠷᠲᠤ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ᠂ ᠤᠳᠤᠷᠢᠳᠤᠭᠰᠠᠨ᠂ ᠲᠡᠭᠦᠨ ᠳᠤ ᠣᠷᠣᠯᠴᠠᠭᠰᠠᠨ ᠶᠠᠯ᠎ᠠ ᠂ ᠬᠢᠬᠠᠨ ᠱᠤᠯᠤᠭᠰᠠᠨ ᠶᠠᠯ᠎ᠠ᠂ ᠬᠦᠴᠦᠷᠬᠡᠭᠯᠡᠨ ᠨᠦᠵᠢᠳᠯᠡᠭᠰᠡᠨ ᠶᠠᠯ᠎ᠠ᠂ ᠠᠯᠪᠠᠳᠠᠨ ᠠᠷᠠᠯᠵᠢᠶᠠᠯᠠᠭᠤᠯᠤᠭᠰᠠᠨ ᠶᠠᠯ᠎ᠠ ᠵᠡᠷᠭᠡ 12 ᠶᠠᠯ᠎ᠠ ᠶᠢᠨ ᠨᠡᠷ᠎ᠡ ᠪᠠᠷ ᠰᠡᠵᠢᠭᠯᠡᠭᠳᠡᠭᠰᠡᠨ ᠼᠦᠢ ᠬᠠᠢ ᠲᠢᠶᠠᠨ ᠵᠡᠷᠭᠡ 17 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠪᠠ᠃ 12 ᠰᠠᠷ᠎ᠠ ᠶᠢᠨ 14 ᠤ ᠡᠳᠦᠷ᠂ ᠰᠢᠭᠦᠬᠦ ᠬᠤᠷᠢᠶ᠎ᠠ 17 ᠵᠠᠭᠠᠯᠳᠤᠭᠳᠠᠭᠴᠢ ᠳᠤ ᠲᠤᠰ ᠲᠤᠰ 19 ᠵᠢᠯ ᠠᠴᠠ 6 ᠰᠠᠷ᠎ᠠ ᠶᠢᠨ ᠬᠤᠭᠤᠴᠠᠭ᠎ᠠ ᠲᠠᠢ ᠬᠤᠷᠢᠬᠤ ᠠᠳᠠᠯᠢ ᠪᠤᠰᠤ ᠡᠷᠡᠬᠦᠤ ᠰᠢᠳᠭᠡᠯ ᠣᠯᠭᠤᠭᠰᠠᠨ ᠰᠢᠭᠦᠨ ᠲᠠᠰᠤᠯᠤᠯᠲᠠ ᠬᠢᠪᠡ᠃
4. ᠴᠧᠨ ᠳ᠋ᠢᠩ ᠱᠠᠨ ᠤ ᠬᠡᠷᠡᠭ᠄ ᠲᠤᠰ ᠬᠡᠷᠡᠭ ᠪᠣᠯ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠨᠡᠷ᠎ᠡ ᠳᠤᠷᠠᠳᠤᠨ ᠱᠠᠭᠠᠷᠳᠠᠨ ᠰᠢᠳᠭᠡᠭᠦᠯᠦᠭᠰᠡᠨ ᠬᠡᠷᠡᠭ ᠪᠣᠯᠤᠨ᠎ᠠ᠃ 2012 ᠣᠨ ᠠᠴᠠ ᠨᠠᠰᠢ᠂ ᠴᠧᠨ ᠳ᠋ᠢᠩ ᠱᠠᠨ᠂ ᠴᠧᠨ ᠸᠧᠨ ᠬᠠᠢ᠂ ᠶᠠᠨ ᠱᠠᠨ ᠵᠡᠷᠭᠡ ᠬᠦᠮᠦᠰ ᠤᠷᠢᠳ ᠬᠤᠵᠢᠳ ᠨᠡᠶᠢᠭᠡᠮ ᠤᠨ ᠰᠤᠯᠠ ᠰᠡᠯᠡᠭᠦᠦ ᠠᠵᠢᠯ ᠦᠭᠡᠢ ᠬᠦᠮᠦᠰ ᠢ ᠡᠯᠰᠡᠨ ᠴᠤᠭᠯᠠᠭᠤᠯᠵᠤ᠂ ᠵᠣᠭᠤᠰ ᠮᠦᠷᠦᠶᠢᠴᠡᠬᠦ ᠭᠠᠵᠠᠷ ᠨᠡᠭᠡᠭᠡᠬᠦ ᠪᠠᠷ ᠭᠤᠣᠯ ᠠᠵᠢᠯ ᠪᠣᠯᠭᠠᠨ᠂ ᠯᠣᠲᠤ ᠶᠡᠭᠡ ᠬᠠᠤᠯᠢ ᠪᠣᠰᠤ ᠠᠰᠢᠭ ᠲᠤᠰᠠ ᠣᠯᠤᠭᠰᠠᠨ ᠪᠦᠭᠡᠳ ᠬᠡᠷᠡᠭ ᠡᠳᠦᠵᠦ ᠤᠷᠰᠢᠭ ᠲᠠᠲᠠᠭᠰᠠᠨ ᠵᠡᠷᠭᠡ ᠬᠠᠤᠯᠢ ᠵᠦᠷᠢᠴᠡᠭᠰᠡᠨ ᠶᠠᠯᠠᠲᠤ ᠦᠢᠯᠡ ᠠᠵᠢᠯᠯᠠᠭ᠎ᠠ ᠶᠢ ᠣᠯᠠᠨᠲᠠ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠨᠡᠶᠢᠭᠡᠮ ᠳᠤ ᠬᠦᠨᠳᠦ ᠶᠡᠭᠡ ᠨᠦᠯᠦᠭᠡ ᠭᠠᠷᠭᠠᠵᠠᠢ᠃ 2018 ᠣᠨ ᠤ 3 ᠰᠠᠷ᠎ᠠ ᠶᠢᠨ 26 ᠤ ᠡᠳᠦᠷ᠂ ᠡᠷᠢᠶᠡᠨ ᠬᠤᠲᠠ ᠶᠢᠨ ᠪᠠᠶᠢᠴᠠᠭᠠᠬᠤ ᠬᠤᠷᠢᠶ᠎ᠠ ᠬᠠᠷ᠎ᠠ ᠪᠦᠯᠦᠭᠲᠡᠨ ᠤ ᠴᠢᠨᠠᠷᠲᠠᠢ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ ᠤᠳᠤᠷᠢᠳᠤᠭᠰᠠᠨ ᠶᠠᠯ᠎ᠠ ᠂ ᠵᠣᠭᠤᠰ ᠮᠦᠷᠦᠶᠢᠴᠡᠬᠦ ᠭᠠᠵᠠᠷ ᠨᠡᠭᠡᠭᠡᠭᠰᠡᠨ ᠶᠠᠯ᠎ᠠ᠂ ᠬᠡᠷᠡᠭ ᠡᠳᠦᠵᠦ ᠤᠷᠰᠢᠭ ᠲᠠᠲᠠᠭᠰᠠᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠴᠧᠨ ᠳ᠋ᠢᠩ ᠱᠠᠨ ᠵᠡᠷᠭᠡ 13 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠪᠠ᠃ 12 ᠰᠠᠷ᠎ᠠ ᠶᠢᠨ 28 ᠤ ᠡᠳᠦᠷ᠂ ᠰᠢᠭᠦᠬᠦ ᠬᠤᠷᠢᠶ᠎ᠠ 13 ᠵᠠᠭᠠᠯᠳᠤᠭᠳᠠᠭᠴᠢ ᠶᠢ 15 ᠵᠢᠯ ᠠᠴᠠ 1 ᠵᠢᠯ ᠤᠨ ᠭᠠᠳᠠᠨ᠎ᠠ 10 ᠰᠠᠷ᠎ᠠ ᠠᠳᠠᠯᠢ ᠪᠣᠰᠤ ᠬᠤᠭᠤᠴᠠᠭ᠎ᠠ ᠲᠠᠢ ᠬᠤᠷᠢᠬᠤ ᠡᠷᠡᠭᠦᠦ ᠰᠢᠳᠭᠡᠯ ᠢᠶᠠᠷ ᠰᠢᠳᠭᠡᠪᠡ᠃
5. ᠰᠦᠨ ᠬᠤᠸᠠᠢ ᠱᠠᠨ ᠤ ᠬᠡᠷᠡᠭ᠄ ᠵᠠᠭᠠᠯᠳᠤᠭᠳᠠᠭᠴᠢ ᠰᠦᠨ ᠬᠤᠸᠠᠢ ᠱᠠᠨ 1994 ᠣᠨ ᠠᠴᠠ 2016 ᠣᠨ ᠤ ᠬᠤᠭᠤᠷᠤᠨᠳᠤ᠂ ᠲᠤᠰᠢᠶᠠᠯ ᠤᠨ ᠳᠦᠭᠦᠮ ᠢᠶᠠᠨ ᠠᠰᠢᠭᠯᠠᠨ ᠪᠣᠰᠤᠳ ᠤᠨ ᠡᠳ᠋ ᠮᠦᠩᠭᠦ ᠶᠢ 3975 ᠲᠦᠮᠨ ᠭᠠᠷᠤᠢ ᠲᠦᠭᠦᠷᠢᠭ ᠬᠠᠤᠯᠢ ᠪᠣᠰᠤ ᠪᠠᠷ ᠠᠪᠤᠪᠠ᠃ ᠲᠤᠰ ᠬᠡᠷᠡᠭ ᠢ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠴᠠ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢ ᠬᠡᠷᠡᠭ ᠪᠣᠯᠭᠠᠨ ᠲᠤᠷᠰᠢᠨ ᠪᠠᠶᠢᠴᠠᠭᠠᠯᠭᠠᠠᠬᠤ ᠪᠠᠷ ᠵᠢᠭᠠᠨ ᠲᠤᠭᠲᠠᠭᠠᠪᠠ᠃ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠠᠴᠠ ᠬᠦᠯᠦᠨ ᠪᠤᠶᠢᠷ ᠬᠤᠲᠠ ᠶᠢᠨ ᠪᠠᠶᠢᠴᠠᠭᠠᠬᠤ ᠬᠤᠷᠢᠶ᠎ᠠ ᠶᠢ ᠬᠢᠨᠠᠨ ᠪᠠᠶᠢᠴᠠᠭᠠᠵᠥ ᠵᠠᠭᠠᠯᠳᠤᠭᠤᠯᠬᠤ ᠪᠠᠷ ᠵᠢᠭᠠᠨ ᠲᠤᠭᠳᠠᠠᠭᠠᠭᠰᠠᠨ ᠪᠦᠭᠡᠳ 2018 ᠣᠨ ᠤ 2 ᠰᠠᠷ᠎ᠠ ᠶᠢᠨ 9 ᠤ ᠡᠳᠦᠷ ᠠᠯᠪᠠᠨ ᠵᠠᠭᠠᠯᠳᠤᠯᠭ᠎ᠠ ᠭᠠᠷᠭᠠᠵᠤ᠂ ᠰᠢᠭᠦᠬᠦ ᠬᠤᠷᠢᠶ᠎ᠠ ᠰᠦᠨ ᠬᠤᠸᠠᠢ ᠱᠠᠨ ᠢ ᠬᠠᠭ᠋ᠤᠤᠯᠢ ᠢᠳᠡᠭᠰᠡᠨ ᠶᠠᠯ᠎ᠠ ᠪᠠᠷ ᠮᠠᠭᠠᠳᠯᠠᠨ ᠲᠤᠭᠲᠠᠭᠠᠵᠥ᠂ 14 ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠪᠠᠷ ᠰᠢᠳᠭᠡᠬᠦ ᠶᠢᠨ ᠬᠠᠮᠲᠤ᠂ 300 ᠲᠦᠮᠡᠨ ᠲᠦᠭᠦᠷᠢᠭ ᠢᠶᠠᠷ ᠶᠠᠯᠠᠳᠠᠬᠤ ᠪᠠᠷ ᠰᠢᠬᠦᠨ ᠲᠠᠰᠤᠯᠪᠠ᠃ ᠰᠦᠨ ᠬᠤᠸᠠᠢ ᠱᠠᠨ ᠲᠤᠬᠠᠢ ᠶᠢᠨ ᠲᠢᠩᠬᠢᠮ ᠳᠤ ᠰᠢᠭᠦᠨ ᠲᠠᠰᠤᠯᠤᠯᠲᠠ ᠶᠢ ᠬᠦᠯᠢᠶᠡᠬᠦ ᠪᠠᠨ ᠢᠯᠡᠷᠬᠡᠶᠢᠯᠡᠪᠡ᠂ ᠰᠢᠭᠦᠨ ᠲᠠᠰᠤᠯᠤᠯᠲᠠ ᠨᠢᠭᠡᠨᠲᠡ ᠬᠦᠴᠦᠨ ᠲᠠᠢ ᠪᠣᠯᠵᠠᠢ᠃
6. ᠯᠢᠨ ᠰᠢᠶᠣᠣ ᠰᠢᠤᠸᠠᠨ ᠤ ᠬᠡᠷᠡᠭ᠄ ᠵᠠᠭᠠᠯᠳᠤᠭᠳᠠᠭᠴᠢ ᠯᠢᠨ ᠰᠢᠶᠣᠣ ᠰᠢᠤᠸᠠᠨ ᠤᠷᠢᠳ ᠬᠤᠵᠢᠳ ᠳᠤᠮᠳᠠᠳᠦ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠮᠡᠳᠡᠭᠡ ᠵᠠᠩᠭᠢ ᠶᠢᠨ ᠰᠢᠨᠵᠢᠯᠡᠭᠡ ᠮᠡᠷᠭᠡᠵᠢᠯ ᠤᠨ ᠶᠡᠷᠦᠩᠬᠡᠢ ᠳᠠᠭᠠᠭᠠᠮᠠᠯ᠂ ᠲᠦᠷᠦᠭᠦᠦ ᠮᠡᠳᠡᠭᠡ ᠵᠠᠩᠬᠢ ᠶᠢᠨ ᠲᠤᠰᠢᠶᠠᠯᠲᠠᠨ᠂ ᠳᠤᠮᠳᠠᠳᠦ ᠤᠯᠤᠰ ᠤᠨ ᠲᠠᠷᠢᠶᠠᠯᠠᠩ ᠤᠨ ᠪᠠᠩᠬᠢ ᠶᠢᠨ ᠳᠡᠳ᠋ ᠳᠠᠷᠤᠭ᠎ᠠ᠂ ᠳᠤᠮᠳᠠᠳᠦ ᠤᠯᠤᠰ ᠤᠨ ᠮᠢᠨ ᠱᠧᠩ ᠪᠠᠩᠬᠢ ᠶᠢᠨ ᠲᠦᠷᠦᠭᠦᠦ ᠮᠡᠳᠡᠭᠡ ᠵᠠᠩᠬᠢ ᠶᠢᠨ ᠲᠤᠰᠢᠶᠠᠯᠲᠠᠨ ᠵᠡᠷᠭᠡ ᠲᠤᠰᠢᠶᠠᠯ ᠢ ᠡᠭᠦᠷᠭᠡᠯᠡᠵᠦ ᠦᠩᠭᠡᠷᠡᠵᠡᠢ᠃ ᠲᠡᠷᠡ 2004 ᠣᠨ ᠠᠴᠠ 2014 ᠣᠨ ᠤ ᠬᠤᠭᠤᠷᠤᠨᠳᠦ᠂ ᠲᠤᠰᠢᠶᠠᠯ ᠤᠨ ᠳᠦᠭᠦᠮ ᠢᠶᠠᠨ ᠠᠰᠢᠭᠯᠠᠨ ᠪᠣᠰᠤᠳ ᠤᠨ ᠡᠳ᠋ ᠮᠦᠩᠭᠦ ᠶᠢ 2619 ᠲᠦᠮᠡ ᠭᠠᠷᠤᠢ ᠲᠦᠭᠦᠷᠢᠭ ᠬᠠᠤᠯᠢ ᠪᠣᠰᠤ ᠪᠠᠷ ᠠᠪᠤᠪᠠ᠃ ᠲᠤᠰ ᠬᠡᠷᠡᠭ ᠢ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠴᠠ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢ ᠬᠡᠷᠡᠭ ᠪᠣᠯᠭᠠᠨ ᠲᠤᠷᠰᠢᠨ ᠪᠠᠶᠢᠴᠠᠭᠠᠯᠭᠠᠬᠤ ᠪᠠᠷ ᠵᠢᠭᠠᠨ ᠲᠤᠭᠲᠠᠭᠠᠵᠥ᠂ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠠᠴᠠ ᠲᠦᠩᠯᠢᠶᠣᠣ ᠬᠤᠲᠠ ᠶᠢᠨ ᠪᠠᠶᠢᠴᠠᠭᠠᠬᠤ ᠬᠤᠷᠢᠶ᠎ᠠ ᠶᠢ ᠬᠢᠨᠠᠨ ᠪᠠᠶᠢᠴᠠᠭᠠᠵᠥ ᠵᠠᠭᠠᠯᠳᠤᠭᠤᠯᠬᠤ ᠪᠠᠷ ᠵᠢᠭᠠᠨ ᠲᠤᠭᠲᠠᠭᠠᠭᠰᠠᠨ ᠪᠦᠭᠡᠳ 2018 ᠣᠨ ᠤ 4 ᠰᠠᠷ᠎ᠠ ᠶᠢᠨ 20 ᠤ ᠡᠳᠦᠷ ᠠᠯᠪᠠᠨ ᠵᠠᠭᠠᠯᠳᠤᠯᠭ᠎ᠠ ᠭᠠᠷᠭᠠᠵᠤ᠂ ᠰᠢᠭᠦᠬᠦ ᠬᠤᠷᠢᠶ᠎ᠠ ᠯᠢᠨ ᠰᠢᠶᠣᠣ ᠰᠢᠤᠸᠠᠨ ᠢ ᠬᠠᠭ᠋ᠤᠤᠯᠢ ᠢᠳᠡᠭᠰᠡᠨ ᠶᠠᠯ᠎ᠠ ᠪᠠᠷ ᠮᠠᠭᠠᠳᠯᠠᠨ ᠲᠤᠭᠲᠠᠭᠠᠵᠥ᠂ 11 ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠪᠠᠷ ᠰᠢᠳᠭᠡᠬᠦ ᠶᠢᠨ ᠬᠠᠮᠲᠤ᠂ 300 ᠲᠦᠮᠡᠨ ᠲᠦᠭᠦᠷᠢᠭ ᠢᠶᠠᠷ ᠶᠠᠯᠠᠳᠠᠬᠤ ᠪᠠᠷ ᠰᠢᠬᠦᠨ ᠲᠠᠰᠤᠯᠪᠠ᠃ ᠵᠠᠭᠠᠯᠳᠤᠭᠳᠠᠭᠴᠢ ᠯᠢᠨ ᠰᠢᠶᠣᠣ ᠰᠢᠤᠸᠠᠨ ᠨᠢᠭᠡᠨᠲᠡ ᠳᠡᠭᠡᠭᠰᠢ ᠵᠠᠭᠠᠯᠳᠤᠪᠠ᠃
7. ᠸᠠᠩ ᠬᠤᠸᠠᠨ ᠬᠤᠸᠠᠨ ᠤ ᠬᠡᠷᠡᠭ᠄ 2018 ᠣᠨ ᠤ 2 ᠰᠠᠷ᠎ᠠ ᠶᠢᠨ21 ᠤ ᠡᠳᠦᠷ᠂ ᠵᠠᠭᠠᠯᠳᠤᠭᠳᠠᠭᠴᠢ ᠸᠠᠩ ᠬᠤᠸᠠᠨ ᠬᠤᠸᠠᠨ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠲᠤ ᠲᠡᠭᠦᠨ ᠤ ᠭᠤᠷᠪᠠᠨ ᠬᠦᠷᠳᠦᠲᠦ ᠳᠦᠷᠢᠶᠡᠰᠦᠨ ᠮᠠᠰᠢᠨ ᠳᠤ ᠰᠠᠭᠤᠭᠰᠠᠨ ᠠᠶᠠᠨᠴᠢᠨ ᠰᠢᠶᠧ ᠣᠪᠤᠭᠲᠤ ᠶᠢ ᠲᠦᠷᠢᠶᠡᠰᠦᠨ ᠭᠡᠷ ᠲᠡᠭᠡᠨ ᠲᠡᠭᠡᠭᠡᠵᠦ ᠬᠦᠷᠦᠭᠡᠳ᠂ ᠲᠡᠬᠦᠨ ᠢ ᠳᠡᠭᠡᠰᠦ ᠪᠠᠷ ᠬᠦᠯᠢᠵᠦ᠂ ᠣᠯᠠᠨᠲᠠ ᠬᠦᠴᠦᠷᠬᠡᠭᠯᠡᠨ ᠨᠦᠵᠢᠳᠯᠡᠭᠰᠡᠨ ᠪᠦᠭᠡᠳ ᠲᠡᠷᠡ ᠣᠷᠤᠢ ᠳᠤᠨᠢ ᠠᠯᠠᠪᠠ᠃ 2 ᠰᠠᠷ᠎ᠠ ᠶᠢᠨ 24 ᠤ ᠡᠳᠦᠷ ᠳᠣᠲᠤᠭᠠᠳᠦ ᠶᠢ ᠬᠠᠮᠠᠭᠠᠯᠠᠬᠤ ᠪᠠᠶᠢᠭᠤᠯᠭ᠎ᠠ ᠬᠡᠷᠡᠭ ᠪᠣᠯᠭᠠᠨ ᠲᠤᠷᠰᠢᠨ ᠪᠠᠶᠢᠴᠠᠭᠠᠵᠤ᠂ ᠪᠠᠶᠠᠨᠨᠠᠭᠤᠷ ᠬᠤᠲᠠ ᠶᠢᠨ ᠪᠠᠶᠢᠴᠠᠭᠠᠬᠤ ᠬᠤᠷᠢᠶ᠎ᠠ ᠂ ᠯᠢᠨ ᠾᠧ ᠲᠣᠭᠤᠷᠢᠭ ᠤᠨ ᠪᠠᠶᠢᠴᠠᠭᠠᠬᠤ ᠬᠤᠷᠢᠶ᠎ᠠ ᠲᠤᠬᠠᠢ ᠶᠢᠨ ᠡᠳᠦᠷ ᠲᠤᠨᠢ ᠬᠦᠮᠦᠨ ᠲᠣᠮᠢᠯᠠᠨ ᠲᠤᠷᠰᠢᠨ ᠪᠠᠶᠢᠴᠠᠭᠠᠯᠲᠠ ᠳᠤ ᠣᠷᠤᠯᠴᠠᠭᠤᠯᠵᠤ᠂ ᠭᠡᠷᠡᠴᠢ ᠠᠪᠬᠤ ᠶᠢ ᠬᠦᠲᠦᠯᠦᠨ ᠵᠢᠯᠤᠭᠤᠳᠪᠠ᠃ 3 ᠰᠠᠷ᠎ᠠ ᠶᠢᠨ 9 ᠤ ᠡᠳᠦᠷ ᠯᠢᠨ ᠾᠧ ᠲᠣᠭᠤᠷᠢᠭ ᠤᠨ ᠪᠠᠶᠢᠴᠠᠭᠠᠬᠤ ᠬᠤᠷᠢᠶ᠎ᠠ ᠪᠠᠷᠢᠪᠴᠢᠯᠠᠬᠤ ᠶᠢ ᠵᠦᠪᠰᠢᠶᠡᠷᠡᠵᠦ᠂ 6 ᠰᠠᠷ᠎ᠠ ᠶᠢᠨ 29 ᠤ ᠡᠳᠦᠷ ᠪᠠᠶᠠᠨᠨᠠᠭᠤᠷ ᠬᠤᠲᠠ ᠶᠢᠨ ᠪᠠᠶᠢᠴᠠᠭᠠᠬᠤ ᠬᠤᠷᠢᠶ᠎ᠠ ᠠᠯᠪᠠᠨ ᠵᠠᠭᠠᠯᠳᠤᠯᠭ᠎ᠠ ᠭᠠᠷᠭᠠᠪᠠ᠃ 7 ᠰᠠᠷ᠎ᠠ ᠶᠢᠨ 31 ᠤ ᠡᠳᠦᠷ ᠰᠢᠭᠦᠬᠦ ᠬᠤᠷᠢᠶ᠎ᠠ ᠲᠡᠭᠦᠨ ᠢ ᠵᠣᠷᠢᠭᠤᠳᠠ ᠬᠦᠮᠦᠨ ᠠᠯᠠᠭᠰᠠᠨ ᠶᠠᠯ᠎ᠠ᠂ ᠬᠦᠴᠦᠷᠬᠡᠭᠯᠡᠨ ᠨᠦᠵᠢᠳᠯᠡᠭᠰᠡᠨ ᠶᠠᠯ᠎ᠠ ᠪᠠᠷ ᠠᠯᠠᠬᠤ ᠡᠷᠡᠭᠦᠦ ᠪᠠᠷ ᠰᠢᠳᠭᠡᠨ᠂ ᠤᠯᠤᠰ ᠲᠦᠷᠦ ᠶᠢᠨ ᠡᠷᠬᠡ ᠶᠢ ᠨᠢ ᠨᠠᠰᠤᠨ ᠲᠤᠷᠰᠢᠳᠠ ᠬᠠᠰᠤᠬᠤ ᠪᠠᠷ ᠰᠢᠳᠭᠡᠪᠡ᠃ ᠸᠠᠩ ᠬᠤᠸᠠᠨ ᠬᠤᠸᠠᠨ ᠳᠡᠭᠡᠭᠰᠢ ᠵᠠᠭᠠᠯᠳᠤᠯᠭ᠎ᠠ ᠭᠠᠷᠭᠠᠭᠰᠠᠨ ᠦᠭᠡᠢ᠂ ᠬᠡᠷᠡᠭ ᠨᠢ ᠣᠳᠤ ᠠᠯᠠᠬᠤ ᠡᠷᠡᠭᠦᠦ ᠶᠢ ᠳᠠᠬᠢᠨ ᠬᠢᠨᠠᠬᠤ ᠵᠢᠷᠤᠮ ᠳᠤ ᠪᠣᠢ᠃
8. ᠯᠢ ᠫᠧᠩ ᠹᠧᠢ ᠤᠨ ᠬᠡᠷᠡᠭ᠄ ᠶᠠᠯ᠎ᠠ ᠬᠢᠭᠰᠡᠨ ᠰᠡᠵᠢᠭᠲᠡᠨ ᠯᠢ ᠫᠧᠩ ᠹᠧᠢ ᠬᠤᠣᠷᠯᠠᠭᠳᠠᠭᠴᠢ ᠯᠢᠤ ᠣᠪᠤᠭᠲᠤ ᠪᠠ ᠫᠠᠨ ᠣᠪᠤᠭᠲᠤ ᠲᠠᠢ ᠤᠰᠤᠨ ᠤ ᠦᠢᠯᠡᠪᠦᠷᠢ ᠬᠤᠷᠰᠢᠨ ᠨᠡᠭᠡᠭᠡᠵᠦ᠂ ᠠᠵᠤ ᠠᠬᠤᠢ ᠶᠢᠨ ᠵᠢᠭᠤᠷᠠᠭᠠᠨ ᠠᠴᠠ ᠪᠣᠯᠵᠤ ᠳᠤᠷ᠎ᠠ ᠦᠭᠡᠢ ᠨᠢ ᠬᠦᠷᠪᠡ᠃ 2018 ᠣᠨ ᠤ 12 ᠰᠠᠷ᠎ᠠ ᠶᠢᠨ16 ᠤ ᠡᠳᠦᠷ᠂ ᠯᠢ ᠫᠧᠩ ᠹᠧᠢ ᠤᠰᠤᠨ ᠤ ᠦᠢᠯᠡᠳᠪᠦᠷᠢ ᠳᠤ ᠯᠢᠤ ᠣᠪᠤᠭᠲᠤ ᠶᠢ ᠬᠢᠲᠤᠭᠠᠯᠠᠨ ᠠᠯᠠᠭᠰᠠᠨ ᠤ ᠳᠠᠷᠠᠭ᠎ᠠ᠂ ᠲᠡᠭᠦᠨ ᠤ ᠭᠡᠷ ᠲᠤᠨᠢ ᠬᠦᠷᠴᠦ ᠡᠬᠡᠨᠡᠷ ᠢ ᠨᠢ ᠠᠯᠠᠪᠠ᠃ 17 ᠤ ᠡᠳᠦᠷ᠂ ᠰᠠᠭᠤᠭᠠᠯᠢ ᠲᠣᠭᠤᠷᠢᠭ ᠤᠨ ᠴᠠᠬᠢᠯᠭᠠᠨ ᠱᠠᠲᠤᠨ ᠳᠤ ᠫᠠᠨ ᠣᠪᠤᠭᠲᠤ ᠶᠢᠨ ᠡᠬᠡᠨᠡᠷ ᠪᠠ ᠬᠡᠤᠬᠡᠨ ᠢ ᠨᠢ ᠬᠢᠲᠤᠭᠠᠯᠠᠨ ᠠᠯᠠᠭᠰᠠᠨ ᠤ ᠳᠠᠷᠠᠭ᠎ᠠ ᠭᠡᠷ ᠲᠤᠨᠢ ᠣᠷᠤᠵᠤ ᠤᠨᠲᠠᠵᠤ ᠪᠠᠶᠢᠭᠰᠠᠨ ᠫᠠᠨ ᠣᠪᠤᠭᠲᠤ ᠶᠢ ᠠᠯᠠᠪᠠ᠃ ᠲᠡᠷᠡ ᠡᠳᠦᠷ ᠲᠤᠨᠢ ᠢᠦᠢ ᠴᠢᠤᠸᠠᠨ ᠲᠣᠭᠤᠷᠢᠭ ᠤᠨ ᠳᠣᠲᠤᠭᠠᠲᠦ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠡᠷᠡᠭ ᠪᠣᠯᠭᠠᠨ ᠲᠤᠷᠰᠢᠨ ᠪᠠᠶᠢᠴᠠᠭᠠᠵᠤ᠂ ᠬᠦᠬᠡᠬᠤᠲᠠ ᠶᠢᠨ ᠪᠠᠶᠢᠴᠠᠭᠠᠬᠤ ᠬᠤᠷᠢᠶ᠎ᠠ ᠂ ᠢᠦᠢ ᠴᠢᠤᠸᠠᠨ ᠲᠣᠭᠤᠷᠢᠭ ᠤᠨ ᠪᠠᠶᠢᠴᠠᠭᠠᠬᠤ ᠬᠤᠷᠢᠶ᠎ᠠ ᠬᠦᠮᠦᠨ ᠲᠣᠮᠢᠯᠠᠨ ᠲᠤᠷᠰᠢᠨ ᠪᠠᠶᠢᠴᠠᠭᠠᠯᠲᠠ ᠳᠤ ᠣᠷᠤᠯᠴᠠᠭᠤᠯᠵᠤ᠂ ᠭᠡᠷᠡᠴᠢ ᠠᠪᠬᠤ ᠶᠢ ᠬᠦᠲᠦᠯᠦᠨ ᠵᠢᠯᠤᠭᠤᠳᠪᠠ᠃ 23 ᠤ ᠡᠳᠦᠷ ᠢᠦᠢ ᠴᠢᠤᠸᠠᠨᠲ᠋ᠣᠭᠤᠷᠢᠭ ᠤᠨ ᠪᠠᠶᠢᠴᠠᠭᠠᠬᠤ ᠬᠤᠷᠢᠶ᠎ᠠ ᠪᠠᠷᠢᠪᠴᠢᠯᠠᠬᠤ ᠶᠢ ᠵᠦᠪᠰᠢᠶᠡᠷᠡᠪᠡ᠃ ᠲᠤᠰ ᠬᠡᠷᠡᠭ ᠢ ᠣᠳᠣ ᠶᠠᠭ ᠰᠢᠢᠳᠪᠦᠷᠢᠯᠡᠵᠦ ᠪᠣᠢ᠃
9.ᠬᠤ᠋ ᠴᠧᠩ ᠵᠢᠶᠦ᠋ᠨ ᠤ ᠬᠡᠷᠡᠭ᠄ ᠨᠡᠶᠢᠲᠡ ᠶᠢᠨ ᠮᠠᠰᠢᠨ ᠲᠡᠷᠭᠡ ᠵᠣᠭᠰᠤᠭᠠᠯ ᠳᠠᠭᠠᠨ ᠵᠣᠭᠰᠤᠭᠰᠠᠨ ᠡᠰᠡᠬᠦ ᠠᠰᠠᠭᠤᠳᠠᠯ ᠢᠶᠠᠷ ᠵᠠᠭᠠᠯᠳᠤᠭᠳᠠᠭᠴᠢ ᠬᠤ᠋ ᠴᠧᠩ ᠵᠢᠶᠦ᠋ᠨ ᠵᠢᠯᠤᠭᠤᠴᠢ ᠲᠠᠢ ᠬᠡᠯᠡ ᠠᠮᠠ ᠪᠣᠯᠵᠤ ᠵᠢᠯᠣᠭᠤᠴᠢ ᠶᠢ ᠵᠣᠳᠤᠭᠰᠠᠨ ᠠᠴᠠ ᠨᠡᠶᠢᠲᠡ ᠶᠢᠨ ᠮᠠᠰᠢᠨ ᠲᠡᠷᠭᠡ ᠴᠢᠭᠯᠡᠯ ᠡᠵᠡᠮᠳᠡᠯ ᠢᠶᠠᠨ ᠠᠯᠳᠠᠵᠤ᠂ ᠤᠷᠢᠳ ᠬᠤᠵᠢᠳ ᠣᠶᠢᠷ᠎ᠠ ᠬᠠᠪᠢ ᠳᠤ ᠵᠣᠭᠰᠤᠵᠤ ᠪᠠᠶᠢᠭᠰᠠᠨ ᠴᠠᠬᠢᠯᠭᠠᠨ ᠲᠡᠷᠭᠡ ᠪᠠ ᠵᠠᠮ ᠤᠨ ᠳ᠋ᠧᠩ ᠢ ᠮᠦᠷᠭᠦᠪᠡ᠂ ᠵᠠᠮ ᠤᠨ ᠳ᠋ᠧᠩ ᠭᠠᠵᠠᠷ ᠤᠨᠠᠬᠤ ᠳᠠᠭᠠᠨ ᠨᠢᠭᠡ ᠳᠦᠷᠢᠶᠡᠰᠦᠨ ᠮᠠᠰᠢᠨ ᠲᠡᠷᠭᠡ ᠶᠢ ᠪᠠᠯᠪᠠᠨ ᠡᠪᠳᠡᠵᠦ᠂ ᠨᠡᠶᠢᠲᠡ 12000 ᠭᠠᠷᠤᠢ ᠲᠦᠭᠦᠷᠢᠭ ᠤᠨ ᠠᠵᠤ ᠠᠬᠤᠢ ᠶᠢᠨ ᠬᠤᠬᠢᠷᠠᠯ ᠭᠠᠷᠭᠠᠵᠠᠢ︔ ᠨᠡᠶᠢᠲᠡ ᠶᠢᠨ ᠮᠠᠰᠢᠨ ᠲᠡᠷᠭᠡᠨ ᠳᠡᠭᠡᠷᠡᠬᠢ ᠨᠢᠭᠡ ᠠᠶᠠᠨᠴᠢᠨ ᠰᠢᠷᠬᠠᠲᠤᠵᠤ᠂ ᠰᠢᠷᠬᠠᠲᠤᠯ ᠤᠨ ᠠᠷᠪᠠᠳᠤᠭᠠᠷ ᠳᠡᠰ ᠤᠨ ᠰᠢᠯᠭᠠᠨ ᠲᠣᠭᠲᠠᠭᠠᠯᠲᠠ ᠭᠠᠷᠭᠠᠪᠠ᠃ ᠬᠤᠷᠴᠢᠨ ᠲᠣᠭᠤᠷᠢᠭ ᠤᠨ ᠪᠠᠶᠢᠴᠠᠭᠠᠬᠤ ᠬᠤᠷᠢᠶ᠎ᠠ ᠵᠠᠭᠠᠯᠳᠤᠭᠳᠠᠭᠴᠢ ᠶᠢ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠤᠭᠰᠠᠨ ᠶᠠᠯ᠎ᠠ ᠪᠠᠷ ᠰᠡᠵᠢᠭᠯᠡᠨ ᠠᠯᠪᠠᠨ ᠵᠠᠭᠠᠯᠳᠤᠯᠭ᠎ᠠ ᠭᠠᠷᠭᠠᠭᠰᠠᠨ ᠤ ᠬᠠᠮᠲᠦ᠂ ᠠᠮᠤᠷ ᠲᠥᠪᠰᠢᠨ ᠵᠢᠯᠤᠭᠤᠳᠬᠤ ᠣᠷᠴᠢᠨ ᠲᠣᠭᠤᠷᠢᠨ ᠢ ᠪᠠᠲᠤᠯᠠᠬᠤ᠂ ᠭᠡᠨᠡᠳᠲᠡ ᠶᠢᠨ ᠪᠠᠶᠢᠳᠠᠯ ᠢ ᠳᠣᠬᠢᠲᠠᠢ ᠰᠢᠢᠳᠪᠦᠷᠢᠯᠡᠬᠦ ᠵᠡᠷᠭᠡ ᠳᠤ ᠴᠢᠭᠯᠡᠭᠦᠯᠦᠨ᠂ ᠲᠦᠩᠯᠢᠶᠣᠣ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠯᠦᠭᠯᠡᠯ ᠤᠨ ᠬᠢᠵᠠᠭᠠᠷᠲᠦ ᠺᠤᠮᠫᠠᠨᠢ ᠳᠤ ᠪᠠᠶᠢᠴᠠᠭᠠᠬᠤ ᠰᠠᠨᠠᠭᠤᠯᠭ᠎ᠠ ᠭᠠᠷᠭᠠᠵᠠᠢ᠃
10.ᠱᠠᠨᠳᠦ᠋ᠩ ᠤᠨ ᠿᠢ ᠱᠧᠩ ᠺᠣᠮᠫᠠᠨᠢ ᠶᠢᠨ ᠬᠡᠷᠡᠭ᠄ ᠱᠠᠨᠳᠦ᠋ᠩ ᠤᠨ ᠿᠢ ᠱᠧᠩ ᠲᠦᠯᠡᠰᠢᠨ ᠤ ᠬᠢᠵᠠᠭᠠᠷᠲᠤ ᠺᠣᠮᠫᠠᠨᠢ ᠨᠢ ᠪᠥᠳᠥᠬᠦᠯᠢᠭ ᠨᠡᠭᠦᠷᠡᠰᠦ ᠬᠤᠳᠠᠯᠳᠤᠨ ᠠᠪᠬᠤ ᠭᠡᠷ᠎ᠡ ᠶᠢ ᠬᠦᠢᠴᠡᠳᠭᠡᠬᠦ ᠶᠠᠪᠤᠴᠠ ᠳᠤ᠂ ᠴᠢᠨᠠᠷ ᠤᠨ ᠠᠰᠠᠭᠤᠳᠠᠯ ᠲᠠᠢ ᠵᠡᠷᠭᠡ ᠠᠴᠠ ᠪᠣᠯᠵᠤ᠂ ᠪᠠᠷᠠᠭ᠎ᠠ ᠶᠢ ᠣᠯᠵᠥ ᠠᠪᠤᠭᠰᠠᠨ ᠥᠭᠡᠢ ᠭᠡᠰᠡᠨ ᠰᠢᠯᠲᠠᠭᠠᠨ ᠢᠶᠠᠷ ᠬᠤᠳᠠᠯᠳᠤᠭᠴᠢ ᠳᠤ ᠪᠠᠷᠠᠭᠠᠨ ᠤ ᠳ᠋ᠦᠩᠨᠡᠨ ᠪᠣᠲᠤᠯᠲᠠ ᠶᠢ ᠨᠣᠲᠠᠯᠠᠨ ᠵᠥᠪᠰᠢᠶᠡᠷᠡᠭᠰᠡᠨ ᠪᠢᠴᠢᠭ ᠭᠠᠷᠭᠠᠬᠤ ᠶᠢ ᠲᠡᠪᠴᠢᠭᠰᠡᠨ ᠠᠴᠠ᠂ ᠢᠲᠡᠭᠡᠮᠵᠢ ᠶᠢᠨ ᠲᠡᠮᠳᠡᠭ ᠨᠢ ᠬᠤᠭᠤᠴᠠᠭ᠎ᠠ ᠲᠤᠯᠵᠤ ᠬᠥᠴᠥᠨ ᠥᠭᠡᠢ ᠪᠣᠯᠵᠠᠢ᠃ ᠪᠠᠶᠠᠨᠨᠠᠭᠤᠷ ᠬᠤᠲᠠ ᠶᠢᠨ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠭᠠᠳ ᠶᠠᠯ᠎ᠠ ᠬᠢᠭᠰᠡᠨ ᠪᠤᠳᠠᠳᠤ ᠣᠴᠢᠷ ᠥᠭᠡᠢ ᠭᠡᠮᠡᠨ ᠲᠤᠰ ᠺᠣᠮᠫᠠᠨᠢ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠬᠠᠤᠯᠢ ᠪᠠᠷ ᠲᠣᠭᠲᠠᠭᠠᠭᠰᠠᠨ ᠥᠯᠥ ᠵᠠᠭᠠᠯᠳᠤᠯᠭ᠎ᠠ ᠭᠠᠷᠭᠠᠵᠠᠢ᠃ ᠲᠤᠷᠰᠢᠨ ᠪᠠᠶᠢᠴᠠᠭᠠᠬᠤ ᠪᠠᠶᠢᠭᠤᠯᠭ᠎ᠠ ᠨᠢ ᠤᠷᠢᠳ ᠬᠤᠵᠢᠳ ᠳᠠᠬᠢᠨ ᠵᠥᠪᠯᠡᠬᠦ᠂ ᠳᠠᠬᠢᠨ ᠬᠢᠨᠠᠬᠤ ᠪᠠᠷ ᠲᠤᠷᠠᠳᠴᠠᠢ᠃ ᠥᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠭᠠᠳ ᠤᠳᠤ ᠪᠠᠶᠢᠭ᠎ᠠ ᠭᠡᠷᠡᠴᠢ ᠪᠠᠷᠢᠮᠲᠠ ᠨᠢ ᠥᠯᠥ ᠵᠠᠭᠠᠯᠳᠤᠭᠳᠠᠭᠰᠠᠨ ᠨᠢᠭᠡᠴᠢ ᠵᠢᠴᠢ ᠬᠤᠪᠢ ᠬᠦᠮᠦᠨ ᠬᠠᠤᠯᠢ ᠪᠣᠰᠤ ᠪᠠᠷ ᠪᠤᠰᠤᠳ ᠺᠣᠮᠫᠠᠨᠢ ᠶᠢᠨ ᠨᠡᠭᠦᠷᠡᠰᠦ ᠶᠢ ᠡᠵᠡᠯᠡᠭᠰᠡᠨ ᠥᠭᠡᠢ ᠪᠦᠭᠡᠳ ᠪᠠᠰᠠ ᠪᠤᠰᠤᠳ ᠬᠥᠮᠥᠨ ᠳᠤ ᠠᠵᠥ ᠠᠬᠤᠢ ᠶᠢᠨ ᠬᠤᠬᠢᠷᠠᠯ ᠤᠴᠠᠷᠠᠭᠤᠯᠤᠭᠰᠠᠨ ᠥᠭᠡᠢ᠂ ᠢᠲᠡᠭᠡᠮᠵᠢ ᠶᠢᠨ ᠲᠡᠮᠳᠡᠭ ᠤᠨ ᠮᠡᠬᠡᠯᠡᠭᠰᠡᠨ ᠶᠠᠯ᠎ᠠ ᠶᠢᠨ ᠪᠦᠷᠢᠯᠳᠤᠯ ᠤᠨ ᠴᠢᠬᠤᠯᠠ ᠨᠥᠬᠦᠴᠡᠯ ᠳᠤ ᠨᠡᠶᠢᠴᠡᠬᠦ ᠥᠭᠡᠢ ᠬᠡᠮᠡᠨ ᠦᠵᠡᠵᠦ᠂ ᠪᠠᠶᠠᠨᠨᠠᠭᠤᠷ ᠬᠤᠲᠠ ᠶᠢᠨ ᠪᠠᠶᠢᠴᠠᠭᠠᠬᠤ ᠬᠤᠷᠢᠶᠠᠨ ᠤ ᠬᠠᠤᠯᠢ ᠪᠠᠷ ᠲᠣᠭᠲᠠᠭᠠᠭᠰᠠᠨ ᠥᠯᠥ ᠵᠠᠭᠠᠯᠳᠤᠬᠤ ᠲᠤᠭᠲᠠᠭᠠᠯ ᠢ ᠪᠠᠷᠢᠮᠲᠠᠯᠠᠵᠠᠢ᠃
11.ᠯᠢᠦ ᠫᠢᠩ ᠤᠨ ᠬᠡᠷᠡᠭ᠄ ᠵᠠᠭᠠᠯᠳᠤᠭᠳᠠᠭᠴᠢ ᠯᠢᠦ ᠫᠢᠩ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢ ᠥᠨᠡᠯᠡᠨ ᠲᠤᠭᠲᠠᠭᠠᠬᠤ᠂ ᠲᠥᠪ ᠤᠨ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠢᠭᠲᠤ ᠮᠥᠩᠭᠦ ᠶᠢᠨ ᠮᠡᠳᠡᠬᠦᠯᠥᠯᠲᠡ ᠵᠢᠴᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠴᠡᠭᠴᠡᠯᠡᠯᠲᠡ ᠶᠢ ᠠᠬᠢᠭᠤᠯᠬᠤ ᠶᠢ ᠵᠦᠪᠰᠢᠶᠡᠷᠡᠭᠦᠯᠬᠦ ᠵᠠᠷᠭᠡ ᠲᠥᠷᠥᠯ ᠵᠥᠢᠯ ᠤᠨ ᠬᠢᠨᠠᠨ ᠵᠦᠪᠰᠢᠶᠡᠷᠡᠯᠲᠡ ᠳᠤ᠂ ᠣᠯᠠᠨ ᠤᠳᠠᠭ᠎ᠠ ᠲᠤᠬᠠᠢ ᠶᠢᠨ ᠭᠠᠵᠠᠷ ᠤᠨ ᠶᠠᠳᠠᠭᠤ ᠶᠢ ᠳᠡᠳᠬᠦᠬᠦ ᠨᠡᠭᠡᠭᠡᠯᠲᠡ ᠶᠢᠨ ᠠᠵᠢᠯᠲᠠᠨ ᠵᠢᠴᠢ ᠲᠥᠷᠥᠯ ᠵᠥᠢᠯ ᠤᠨ ᠬᠡᠷᠡᠭᠵᠢᠬᠦᠯᠥᠭᠴᠢ ᠠᠴᠠ 259.5 ᠲᠥᠮᠡᠨ ᠲᠦᠬᠦᠷᠢᠭ ᠤᠨ ᠬᠡᠬᠡᠯᠢ ᠬᠠᠭ᠋ᠤᠤᠯᠢ ᠬᠢᠬᠠᠨ ᠠᠪᠤᠭᠰᠠᠨ ᠪᠣᠶᠣ ᠬᠦᠯᠢᠶᠡᠨ ᠠᠪᠴᠠᠢ᠃ ᠠᠯᠠᠱᠠᠨ ᠵᠡᠬᠦᠨ ᠬᠤᠰᠢᠭᠤᠨ ᠤ ᠪᠠᠶᠢᠴᠠᠭᠠᠬᠤ ᠬᠤᠷᠢᠶᠠᠨ ᠠᠴᠠ ᠬᠠᠤᠯᠢ ᠶᠤᠰᠤᠭᠠᠷ ᠠᠯᠪᠠᠨ ᠵᠠᠭᠠᠯᠳᠤᠯᠭ᠎ᠠ ᠭᠠᠷᠭᠠᠵᠤ᠂ 2018 ᠣᠨ ᠤ 7 ᠰᠠᠷ᠎ᠠ ᠶᠢᠨ13 ᠤ ᠡᠳᠤᠷ ᠰᠢᠬᠦᠬᠦ ᠬᠤᠷᠢᠶᠠᠨ ᠠᠴᠠ ᠯᠢᠦ ᠫᠢᠩ ᠢ ᠬᠠᠭ᠋ᠤᠤᠯᠢ ᠢᠳᠡᠭᠰᠡᠨ ᠶᠠᠯ᠎ᠠ ᠪᠠᠷ ᠮᠠᠭᠠᠳᠯᠠᠨ ᠲᠠᠰᠤᠯᠤᠯᠲᠠ ᠬᠢᠵᠥ᠂ 10 ᠵᠢᠯ ᠤᠨ ᠬᠤᠭᠤᠴᠠᠭ᠎ᠠ ᠲᠠᠢ ᠬᠤᠷᠢᠬᠤ ᠡᠷᠡᠭᠦᠦ ᠪᠠᠷ ᠰᠢᠳᠭᠡᠵᠦ᠂ 50 ᠲᠦᠮᠡᠨ ᠲᠥᠬᠦᠷᠢᠭ ᠤᠨ ᠵᠣᠭᠤᠰ ᠢᠶᠠᠷ ᠶᠠᠯᠠᠳᠠᠬᠤ ᠪᠠᠷ ᠨᠡᠶᠢᠯᠡᠭᠦᠯᠦᠨ ᠰᠢᠳᠭᠡᠵᠡᠢ᠃
12. ᠯᠢ ᠮᠧᠢ ᠰᠢᠶᠠ᠂ ᠵᠠᠩ ᠯᠢᠦ ᠵᠦ ᠶᠢᠨ ᠬᠡᠷᠡᠭ᠄ ᠪᠤᠭᠤᠲᠤ ᠬᠤᠲᠠ ᠶᠢᠨ ᠳ᠋ᠦᠩ ᠾᠧ ᠲᠤᠭᠤᠷᠢᠭ ᠤᠨ ᠪᠠᠶᠢᠴᠠᠭᠠᠬᠤ ᠬᠤᠷᠢᠶ᠎ᠠ ᠵᠠᠭᠠᠯᠳᠤᠭᠳᠠᠭᠴᠢ ᠯᠢ ᠮᠸᠢ ᠰᠢᠶᠠ᠂ ᠵᠠᠩ ᠯᠢᠦ ᠵᠦ 20 ᠬᠠᠶᠢᠷᠴᠠᠭ480 ᠺᠢᠯᠦᠭᠷᠠᠮ ᠴᠠᠶᠢᠳᠠᠮ ᠳᠠᠷᠢ ᠶᠢ ᠬᠠᠤᠯᠢ ᠪᠤᠰᠤ ᠪᠠᠷ ᠠᠷᠠᠯᠵᠢᠶᠠᠯᠠᠭᠰᠠᠨ ᠦᠢᠯᠡ ᠠᠵᠢᠯᠯᠠᠭ᠎ᠠ ᠶᠢ ᠬᠠᠤᠯᠢ ᠪᠤᠰᠤ ᠪᠠᠷ ᠳᠡᠯᠪᠡᠷᠡᠬᠦ ᠪᠤᠳᠠᠰ ᠢ ᠠᠷᠠᠯᠵᠢᠶᠠᠯᠠᠭᠰᠠᠨ ᠶᠠᠯ᠎ᠠ ᠬᠢᠭᠰᠡᠨ ᠢᠶᠠᠷ ᠰᠡᠵᠢᠭᠯᠡᠵᠦ ᠠᠯᠪᠠᠨ ᠵᠠᠭᠠᠯᠳᠤᠯᠭ᠎ᠠ ᠭᠠᠷᠭᠠᠪᠠ᠃ ᠳ᠋ᠦᠩ ᠾᠧ ᠲᠤᠭᠤᠷᠢᠭ ᠤᠨ ᠰᠢᠬᠦᠬᠦ ᠬᠤᠷᠢᠶ᠎ᠠ ᠬᠠᠷᠠᠬᠠᠨ ᠬᠤᠣᠷ ᠬᠦᠨᠦᠭᠡᠯᠲᠦ ᠥᠷ᠎ᠠ ᠳ᠋ᠦᠩ ᠥᠭᠡᠢ ᠂ ᠪᠡᠶᠡᠴᠢ ᠬᠤᠣᠷᠠᠲᠤ ᠴᠢᠨᠠᠷ ᠨᠢ ᠶᠡᠭᠡ ᠥᠭᠡᠢ ᠵᠡᠷᠭᠡ ᠰᠢᠯᠲᠠᠭ ᠢᠶᠠᠷ ᠬᠤᠶᠠᠷ ᠵᠠᠭᠠᠯᠳᠤᠭᠳᠠᠭᠴᠢ ᠳᠤ ᠲᠤᠰ ᠲᠤᠰ 3 ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠣᠨᠣᠭᠳᠠᠭᠤᠯᠵᠤ 5 ᠵᠢᠯ ᠠᠯᠭᠤᠷᠯᠠᠨ ᠬᠥᠢᠴᠡᠳᠬᠡᠬᠦ ᠪᠠᠷ ᠰᠢᠭᠦᠨ ᠲᠠᠰᠤᠯᠵᠠᠢ᠃ ᠪᠤᠭᠤᠲᠤ ᠬᠤᠲᠠ ᠶᠢᠨ ᠪᠠᠶᠢᠴᠠᠭᠠᠬᠤ ᠪᠠᠶᠢᠭᠤᠯᠭ᠎ᠠ ᠵᠠᠭᠠᠯᠳᠤᠭᠳᠠᠭᠴᠢ ᠶᠢ ᠬᠠᠤᠯᠢ ᠪᠤᠰᠤ ᠪᠠᠷ ᠳᠠᠷᠢ ᠬᠤᠳᠠᠯᠳᠤᠭᠠᠯᠠᠭᠰᠠᠨ ᠲᠤᠭ᠎ᠠ ᠨᠢ ᠯᠤᠳᠤ ᠶᠡᠭᠡ᠂ ᠠᠮᠤᠷ ᠲᠦᠪᠰᠢᠨ ᠤ ᠠᠳᠡᠯ ᠬᠡᠷᠡᠭ ᠤᠨ ᠳᠠᠯᠳᠠ ᠬᠡᠮ ᠶᠡᠭᠡ᠂ ᠣᠯᠠᠨ ᠨᠡᠶᠢᠲᠡ ᠶᠢᠨ ᠠᠮᠤᠷ ᠲᠥᠪᠰᠢᠨ ᠳᠤ ᠬᠥᠨᠳᠤ ᠨᠣᠴᠢᠲᠠᠢ ᠬᠤᠣᠷ ᠬᠥᠨᠥᠭᠡᠯ ᠤᠴᠠᠷᠠᠭᠤᠯᠵᠤ᠂ ᠬᠤᠶᠠᠷ ᠵᠠᠭᠠᠯᠳᠤᠭᠳᠠᠭᠴᠢ ᠶᠢ ᠬᠥᠩᠭᠡᠷᠡᠬᠦᠯᠥᠨ ᠰᠢᠳᠭᠡᠬᠦ ᠨᠢ ᠠᠳᠠᠯᠢ ᠲᠥᠷᠥᠯ ᠤᠨ ᠶᠠᠯᠠᠳᠤ ᠬᠡᠷᠡᠭ ᠲᠤ ᠴᠤᠬᠢᠯᠲᠠ ᠥᠭᠬᠦ ᠳᠤ ᠠᠰᠢᠭ ᠥᠭᠡᠢ ᠭᠡᠵᠦ ᠦᠵᠡᠨ᠂ ᠳᠠᠷᠤᠶᠢᠬᠠᠨ ᠡᠰᠡᠷᠬᠦᠴᠡᠨ ᠵᠠᠭᠠᠯᠳᠤᠯᠭ᠎ᠠ ᠭᠠᠷᠭᠠᠭᠰᠠᠨ ᠪᠦᠭᠡᠳ ᠲᠤᠷᠰᠢᠨ ᠪᠠᠶᠢᠴᠠᠭᠠᠬᠤ ᠪᠠᠶᠢᠭᠤᠯᠭ᠎ᠠ ᠶᠢ ᠵᠣᠬᠢᠴᠠᠭᠤᠯᠵᠤ ᠭᠡᠷᠡᠴᠢ ᠪᠠᠷᠢᠮᠲᠠ ᠨᠦᠬᠦᠪᠦᠷᠢᠯᠡᠭᠦᠯᠦᠭᠡᠳ᠂ ᠰᠢᠬᠦᠬᠦ ᠬᠤᠷᠢᠶᠠᠨ ᠠᠴᠠ ᠡᠰᠡᠷᠬᠦᠴᠡᠨ ᠵᠠᠭᠠᠯᠳᠤᠬᠤ ᠰᠠᠨᠠᠯ ᠢ ᠬᠥᠯᠢᠶᠡᠨ ᠠᠪᠴᠤ᠂ ᠬᠤᠶᠠᠷ ᠵᠠᠭᠠᠯᠳᠤᠭᠳᠠᠭᠴᠢ ᠳᠤ ᠲᠤᠰ ᠲᠤᠰ 11 ᠵᠢᠯ ᠤᠨ ᠬᠤᠭᠤᠴᠠᠭ᠎ᠠ ᠲᠠᠢ ᠬᠤᠷᠢᠬᠤ ᠪᠠ 7 ᠵᠢᠯ ᠤᠨ ᠬᠤᠭᠤᠴᠠᠭ᠎ᠠ ᠲᠠᠢ ᠬᠤᠷᠢᠬᠤ ᠡᠷᠡᠭᠦᠦ ᠣᠨᠣᠭᠠᠨ ᠥᠭᠡᠷᠡᠴᠢᠯᠡᠨ ᠲᠠᠰᠤᠯᠪᠠ᠃
13. ᠴᠧᠨ ᡁᠢ ᠹᠧᠩ᠂ ᠯᠢᠦ ᠬᠤᠩ ᠤᠨ ᠬᠡᠷᠡᠭ᠄ ᠴᠧᠨ ᡁᠢ ᠹᠧᠩ 300 ᠲᠦᠬᠦᠷᠢᠭ ᠲᠤᠰᠢᠶᠠᠨ ︽97 ᠳ᠋ᠦᠩ ᠹᠠᠩ ᠬᠤᠳᠠᠯᠳᠤᠭᠠᠨ ᠤ ᠬᠤᠲᠠ︾ ᠶᠢᠨ ᠰᠥᠯᠵᠢᠶᠡᠨ ᠥᠷᠳᠡᠭᠡᠨ ︵ᠳᠠᠮᠵᠢᠭᠤᠯᠤᠨ ᠪᠤᠷᠤᠯᠠᠭᠤᠯᠬᠤ ᠵᠣᠬᠢᠶᠠᠨ ᠪᠠᠶᠢᠭᠤᠯᠤᠯᠲᠠ︶ ᠭᠡᠰᠢᠬᠦᠨ ᠪᠤᠯᠵᠥ᠂ ᠪᠤᠰᠤᠳ ᠢ ᠲᠠᠨᠢᠯᠴᠠᠭᠤᠯᠤᠨ ᠤᠷᠤᠭᠤᠯᠬᠤ ᠪᠠᠷ ᠳᠠᠮᠵᠢᠨ 1000 ᠭᠠᠷᠤᠢ ᠲᠦᠬᠦᠷᠢᠭ ᠤᠨ ᠠᠰᠢᠭ ᠣᠯᠪᠠ᠃ ᠰᠡᠬᠦᠯᠡᠷ ᠨᠢ ᠪᠠᠰᠠ ᠯᠢᠦ ᠬᠤᠩ ᠢ ᠲᠠᠨᠢᠯᠴᠠᠭᠤᠯᠤᠨ ᠤᠷᠤᠭᠤᠯᠵᠤ᠂ ᠯᠢᠦ ᠬᠤᠩ ᠵᠠᠯᠭᠠᠭᠠᠳ ᠪᠤᠰᠤᠳ ᠢ ᠲᠠᠨᠢᠯᠴᠠᠭᠤᠯᠤᠨ ᠤᠷᠤᠭᠤᠯᠵᠦ 7000 ᠣᠷᠴᠢᠮ ᠲᠦᠬᠦᠷᠢᠭ ᠤᠨ ᠠᠰᠢᠭ ᠤᠯᠵᠠᠢ᠃ ᠨᠢᠭᠡᠳᠤᠭᠡᠷ ᠰᠢᠬᠦᠯᠲᠡ ᠶᠢᠨ ᠰᠢᠬᠦᠬᠦ ᠬᠤᠷᠢᠶᠠᠨ ᠠᠴᠠ ᠬᠤᠶᠠᠷ ᠬᠥᠮᠥᠨ ᠢ 6 ᠰᠠᠷ᠎ᠠ ᠶᠢᠨ ᠬᠤᠭᠤᠴᠠᠭ᠎ᠠ ᠲᠠᠢ ᠬᠤᠷᠢᠬᠤ ᠣᠨᠣᠭᠠᠨ ᠵᠣᠭᠤᠰ ᠢᠶᠠᠷ ᠶᠠᠯᠠᠳᠠᠬᠤ ᠪᠠᠷ ᠨᠡᠶᠢᠯᠡᠭᠦᠯᠦᠨ ᠰᠢᠳᠬᠡᠵᠦ᠂ ᠬᠤᠶᠠᠳᠤᠭᠠᠷ ᠰᠢᠬᠦᠯᠲᠡ ᠶᠢᠨ ᠰᠢᠬᠦᠬᠦ ᠬᠤᠷᠢᠶᠠᠨ ᠠᠴᠠ 6 ᠰᠠᠷ᠎ᠠ ᠶᠢᠨ ᠬᠤᠭᠤᠴᠠᠭ᠎ᠠ ᠲᠠᠢ ᠬᠤᠷᠢᠬᠤ ᠣᠨᠣᠭᠠᠨ 1 ᠵᠢᠯ ᠠᠯᠭᠤᠷᠯᠠᠨ ᠬᠥᠢᠴᠡᠳᠬᠡᠬᠦ ᠪᠠᠷ ᠰᠢᠳᠬᠡᠭᠰᠡᠨ ᠤ ᠬᠠᠮᠲᠤ ᠵᠣᠭᠤᠰ ᠢᠶᠠᠷ ᠶᠠᠯᠠᠳᠠᠬᠤ ᠪᠠᠷ ᠨᠡᠶᠢᠯᠡᠭᠦᠯᠦᠨ ᠰᠢᠳᠬᠡᠵᠡᠢ᠃ ᠴᠧᠨ ᡁᠢ ᠹᠧᠩ᠂ ᠯᠢᠦ ᠬᠤᠩ ᠭᠤᠮᠤᠳᠠᠯ ᠲᠣᠭᠠᠴᠢᠭᠰᠠᠨ ᠤ ᠳᠠᠷᠠᠭ᠎ᠠ᠂ ᠬᠢᠩᠭᠠᠨ ᠠᠶᠢᠮᠠᠭ ᠤᠨ ᠬᠤᠪᠢᠶᠠᠷᠢ ᠪᠠᠶᠢᠴᠠᠭᠠᠬᠤ ᠬᠤᠷᠢᠶ᠎ᠠ᠂ ᠥᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠠᠴᠠ ᠬᠠᠤᠯᠢ ᠶᠤᠰᠤᠭᠠᠷ ᠬᠢᠨᠠᠨ ᠪᠠᠶᠢᠴᠠᠭᠠᠵᠤ᠂ ᠤᠤᠯ ᠰᠢᠬᠦᠯᠲᠡ ᠶᠢᠨ ᠵᠠᠭᠠᠯᠳᠤᠭᠳᠠᠭᠴᠢ ᠳᠠᠮᠵᠢᠭᠤᠯᠥᠨ ᠪᠤᠷᠤᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠤᠭᠰᠠᠨ ᠶᠠᠯ᠎ᠠ ᠶᠢᠨ ᠭᠡᠷᠡᠴᠢ ᠪᠠᠷᠢᠮᠲᠠ ᠨᠢ ᠬᠦᠢᠴᠡᠳ ᠪᠤᠰᠤ ᠭᠡᠵᠥ ᠥᠵᠡᠨ᠂ ᠥᠪᠡᠷᠳᠡᠭᠡᠨ ᠵᠠᠰᠠᠬᠤ ᠤᠷᠤᠨ ᠤ ᠦᠨᠳᠦᠷ ᠵᠡᠷᠭᠡ ᠶᠢᠨ ᠰᠢᠬᠦᠬᠦ ᠬᠤᠷᠢᠶᠠᠨ ᠳᠤ ᠡᠰᠡᠷᠬᠦᠴᠡᠨ ᠵᠠᠭᠠᠯᠳᠤᠪᠠ᠃ 2018 ᠣᠨ ᠤ 8 ᠰᠠᠷ᠎ᠠ ᠶᠢᠨ 20 ᠤ ᠡᠳᠤᠷ᠂ ᠥᠪᠡᠷᠳᠡᠭᠡᠨ ᠵᠠᠰᠠᠬᠤ ᠤᠷᠤᠨ ᠤ ᠦᠨᠳᠦᠷ ᠵᠡᠷᠭᠡ ᠶᠢᠨ ᠰᠢᠬᠦᠬᠦ ᠬᠤᠷᠢᠶᠠᠨ ᠠᠴᠠ ᠡᠰᠡᠷᠬᠦᠴᠡᠨ ᠵᠠᠭᠠᠯᠳᠤᠬᠤ ᠰᠠᠨᠠᠯ ᠢ ᠬᠥᠯᠢᠶᠡᠨ ᠠᠪᠴᠤ᠂ ᠤᠤᠯ ᠲᠠᠰᠤᠯᠤᠯᠲᠠ ᠶᠢ ᠬᠥᠴᠥᠨ ᠥᠭᠡᠢ ᠪᠤᠯᠭᠠᠵᠦ᠂ ᠴᠧᠨ ᡁᠢ ᠹᠧᠩ᠂ ᠯᠢᠦ ᠬᠤᠩ ᠢ ᠶᠠᠯ᠎ᠠ ᠥᠭᠡᠢ ᠪᠠᠷ ᠥᠵᠡᠪᠡ᠃